ᠲᠠᠯ᠎ᠠ ᠨᠤᠲᠤᠭ ᠤᠨ ᠰᠣᠳᠤᠨ ᠡᠷᠳᠡᠮᠳᠡᠨ— ᠪᠣᠷᠵᠢᠬᠢᠨ ᠬᠡᠷᠡᠯᠳᠤ
ᠨᠡᠶᠢᠲᠡᠯᠡᠭᠰᠡᠨ ᠴᠠᠭ᠄
2019/11/28
      ᠬᠢᠮᠢ ᠶᠢᠨ ᠤᠬᠠᠭᠠᠨ ᠤ ᠳ᠋ᠣᠺᠲ᠋ᠣᠷ ᠪᠣᠷᠵᠢᠬᠢᠨ ᠭᠡᠷᠡᠯᠲᠦ ᠦᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠲᠥᠪ ᠰᠢᠨᠡᠪᠤᠯᠠᠭ ᠪᠠᠯᠭᠠᠰᠤᠨ ᠳᠤ᠂ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠠᠵᠢᠯᠯᠠᠵᠤ ᠠᠭᠰᠠᠨ ᠲᠡᠮᠦᠷᠪᠠᠷᠰ ᠤᠨ ᠭᠤᠷᠪᠠᠳᠤᠭᠠᠷ ᠬᠦᠪᠡᠭᠦᠨ ᠪᠣᠯᠣᠨ ᠵᠠᠶᠠᠭᠠᠵᠠᠢ᠃ ᠪᠠᠭ᠎ᠠ᠂ ᠲᠤᠮᠳᠠᠳᠤ ᠰᠤᠷᠭᠠᠭᠤᠯᠢ ᠪᠠᠨ ᠬᠦᠪᠡᠭᠡᠲᠦ ᠰᠢᠷ᠎ᠠ ᠬᠤᠰᠢᠭᠤᠨ ᠤ ᠮᠤᠩᠭᠤᠯ ᠰᠤᠷᠭᠠᠭᠤᠯᠢ ᠳᠤ ᠪᠠᠨ ᠰᠤᠷᠤᠯᠴᠠᠵᠤ᠂1975 ᠣᠨ ᠳᠤ ᠤᠤᠯ ᠤᠨ ᠬᠤᠩᠭᠤᠷ ᠠᠭᠤᠯᠠ ᠰᠤᠮᠤᠨ ᠤ ᠰᠠᠭᠦᠵᠢ ᠶᠢᠨ ᠭᠤᠣᠯ ᠪᠠᠷᠢᠭᠠᠳᠠ ᠳᠤ ᠰᠡᠭᠡᠭᠡᠳᠡᠨ ᠢᠶᠠᠷ ᠪᠠᠭᠤᠵᠤ ᠪᠠᠷᠢᠭᠠᠳᠠ ᠶᠢᠨ ᠪᠠᠭ᠎ᠠ ᠰᠤᠷᠭᠠᠭᠤᠯᠢ ᠳᠤ ᠭᠤᠷᠪᠠᠨ ᠵᠢᠯ ᠪᠠᠭᠰᠢᠯᠠᠨ᠂ 1977 ᠣᠨ ᠳᠤ ᠦᠪᠦᠷ ᠮᠤᠩᠭᠤᠯ ᠤᠨ ᠪᠠᠭᠰᠢ ᠶᠢᠨ ᠲᠡᠭᠡᠳᠦ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠰᠢᠯᠭᠠᠭᠳᠠᠨ ᠤᠷᠤᠯᠴᠠᠵᠤ ᠰᠤᠷᠤᠯᠴᠠᠭᠠᠳ1982 ᠣᠨ ᠳᠤ ᠰᠤᠷᠤᠯᠭ᠎ᠠ ᠪᠠᠨ ᠲᠡᠭᠦᠰᠬᠡᠪᠡ᠃ 1987 ᠣᠨ ᠠᠴᠠ1999 ᠣᠨ ᠭᠦᠷᠳᠡᠯ᠎ᠡ ᠪᠡᠭᠡᠵᠢᠩ ᠶᠡᠭᠡ ᠰᠤᠷᠭᠠᠭᠤᠯᠢ᠂ ᠠᠩᠭ᠍ᠯᠢ ᠤᠯᠤᠰ ᠤᠨ lancster ᠶᠡᠭᠡ ᠰᠤᠷᠭᠠᠭᠤᠯᠢ ᠪᠣᠯᠣᠨ ᠶᠠᠫᠤᠨ ᠤᠯᠤᠰ ᠤᠨ ᠶᠡᠭᠡ ᠰᠤᠷᠭᠠᠭᠤᠯᠢ ᠳᠤ ᠲᠤᠰ ᠲᠤᠰ ᠰᠤᠷᠤᠯᠴᠠᠵᠤ᠂ ᠲᠡᠭᠡᠳᠦ ᠮᠤᠯᠧᠺᠦ᠋ᠯ ᠤᠨ ᠬᠢᠮᠢ ᠪᠠ ᠠᠮᠢᠳᠤ ᠪᠤᠳᠠᠰ ᠢ ᠭᠤᠣᠯᠴᠢᠯᠠᠨ ᠰᠤᠳᠤᠯᠤᠭᠠᠳ ᠬᠢᠮᠢ ᠶᠢᠨ ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠪᠠ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠶᠢᠨ ᠵᠢᠯᠤᠭᠤᠳᠤᠭᠴᠢ ᠪᠠᠭᠰᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠡᠮ ᠬᠢᠮᠢ ᠰᠤᠳᠤᠯᠬᠤ ᠭᠠᠵᠠᠷ ᠪᠠ ᠦᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠥᠪ ᠤᠨ ᠡᠭᠦᠰᠬᠡᠨ ᠪᠠᠶᠢᠭᠤᠯᠤᠭᠴᠢ᠂ ︽ᠮᠤᠩᠭᠤᠯ ᠲᠤᠯᠭᠠᠳᠠᠨ ᠤ ᠵᠠᠭᠤᠨ ᠡᠷᠬᠢᠮ︾᠎ ᠎ ᠤᠨ ᠨᠢᠭᠡᠨ ᠶᠤᠮ᠃ ᠦᠪᠦᠷ ᠮᠤᠩᠭᠤᠯ ᠤᠨ ᠠᠩᠬᠠᠳᠤᠭᠴᠢ ︽ᠲᠠᠯ᠎ᠠ ᠨᠤᠲᠤᠭ ᠤᠨ ᠴᠢᠳᠠᠪᠦᠷᠢᠳᠠᠨ︾᠎ ᠤ ᠬᠤᠰᠢᠭᠤᠴᠢᠯᠠᠭᠴᠢ᠂ ᠲᠥᠪ ᠤᠨ ᠵᠤᠬᠢᠶᠠᠨ ᠪᠠᠶᠢᠭᠤᠯᠬᠤ ᠬᠡᠯᠲᠡᠰ ᠤᠨ ᠬᠠᠷᠢᠯᠴᠠᠬᠤ ᠡᠷᠳᠡᠮᠳᠡᠨ᠂ ᠦᠪᠦᠷ ᠮᠤᠩᠭᠤᠯ ᠤᠨ ᠮᠤᠩᠭᠤᠯ ᠡᠮ ᠬᠢᠮᠢ ᠰᠤᠳᠤᠯᠬᠤ ᠲᠡᠷᠢᠭᠦᠨ ᠮᠡᠷᠭᠡᠵᠢᠯᠳᠡᠨ ᠪᠤᠯᠤᠨ᠎ᠠ᠃       2001ᠣᠨ ᠠᠴᠠ 2008 ᠣᠨ ᠪᠣᠯᠳᠠᠯ᠎ᠠ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠪᠠᠷ ᠬᠠᠪᠰᠤᠷᠭᠠᠨ ᠠᠵᠢᠯᠯᠠᠵᠤ᠂ 2003 ᠣᠨ ᠠᠴᠠ 2012 ᠣᠨ ᠬᠦᠷᠳᠡᠯ᠎ᠡ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠠᠮᠢ ᠶᠢᠨ ᠰᠢᠨᠵᠢᠯᠡᠬᠦ ᠤᠬᠠᠭᠠᠨ ᠤ ᠲᠡᠭᠡᠳᠦ ᠰᠤᠷᠭᠠᠭᠤᠯᠢ ᠶᠢᠨ ᠤᠷᠭᠤᠮᠠᠯ ᠤᠨ ᠤᠬᠠᠭᠠᠨ ᠤ ᠳ᠋ᠣᠺᠲ᠋ᠣᠷᠠᠨᠲ ᠶᠢᠨ ᠵᠢᠯᠤᠭᠤᠳᠤᠭᠴᠢ ᠪᠠᠭᠰᠢ᠂ 2012 ᠣᠨ ᠠᠴᠠ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠡᠮ ᠬᠢᠮᠢ ᠶᠢᠨ ᠤᠬᠠᠭᠠᠨ ᠤ ᠳ᠋ᠣᠺᠲ᠋ᠣᠷᠠᠨᠲ ᠶᠢᠨ ᠵᠢᠯᠤᠭᠤᠳᠤᠭᠴᠢ ᠪᠠᠭᠰᠢ ᠪᠠᠷ ᠠᠵᠢᠯᠯᠠᠪᠠ᠃ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠲᠡᠭᠡᠳᠦ ᠰᠤᠷᠭᠠᠭᠤᠯᠢ᠂ MONES ᠡᠮᠨᠡᠯᠭᠡ ᠶᠢᠨ ᠶᠡᠭᠡ ᠰᠤᠷᠭᠠᠭᠤᠯᠢ ᠶᠢᠨ ᠨᠡᠷ᠎ᠡ ᠬᠦᠨᠳᠦᠳᠦ ᠫᠷᠤᠹᠧᠰᠰᠤᠷ᠂ ᠲᠤᠮᠳᠠᠳᠤ᠂ ᠮᠤᠩᠭᠤᠯ᠂ ᠤᠷᠤᠰ ᠤᠨ ᠦᠷᠦᠨ᠎ᠡ ᠲᠤᠷᠤᠨ᠎ᠠ ᠶᠢᠨ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠪᠠ᠃       ᠦᠪᠦᠷ ᠮᠤᠩᠭᠤᠯ ᠤᠨ ᠪᠤᠷᠵᠢᠬᠢᠨ ᠰᠢᠨ᠎ᠡ ᠮᠡᠷᠭᠡᠵᠢᠯ ᠨᠡᠭᠡᠭᠡᠯᠳᠡ ᠶᠢᠨ ᠬᠢᠵᠠᠭᠠᠷᠲᠤ ᠺᠤᠮᠫᠠᠨᠢ᠂ ᠦᠬᠠᠨ ᠬᠤᠳᠠ ᠶᠢᠨ ᠪᠤᠷᠵᠢᠬᠢᠨ ᠡᠮ ᠡᠮᠨᠡᠯᠭᠡ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠬᠦᠪᠡᠭᠡᠲᠦ ᠰᠢᠷ᠎ᠠ ᠬᠤᠰᠢᠭᠤᠨ ᠤ ᠮᠡᠨᠳᠦ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ  ᠬᠡᠷᠡᠭ ᠮᠡᠳᠡᠭᠴᠢᠳ ᠤᠨ ᠲᠠᠷᠤᠭ᠎ᠠ ᠪᠦᠭᠡᠳ ᠡᠳᠡᠭᠡᠷ ᠺᠤᠮᠫᠠᠨᠢ ᠨᠢ ᠴᠢᠨᠠᠷ ᠰᠠᠶᠢᠳᠡᠢ ᠡᠷᠡᠭᠦᠯᠵᠢᠯ ᠤᠨ ᠪᠦᠳᠦᠭᠡᠭᠳᠡᠬᠦᠨ ᠢ ᠨᠡᠭᠡᠭᠡᠨ ᠠᠰᠢᠭᠯᠠᠬᠤ ᠪᠠ ᠦᠢᠯᠡᠳᠦᠨ ᠪᠤᠷᠤᠯᠠᠭᠤᠯᠵᠤ ᠪᠤᠢ᠃       2000ᠣᠨ ᠠᠴᠠ ᠡᠬᠢᠯᠡᠨ ᠮᠤᠩᠭᠤᠯ ᠡᠮ ᠰᠤᠳᠤᠯᠬᠤ ᠪᠠᠷ ᠲᠠᠮᠵᠢᠨ ᠮᠣᠩᠭᠤᠯ ᠡᠮ ᠤᠨ ᠪᠦᠳᠦᠴᠡ ᠳᠤᠲᠤᠷᠠᠬᠢ ᠴᠢᠰᠤᠨ ᠤ ᠥᠭᠡᠬᠦ ᠶᠢ ᠪᠠᠭᠠᠰᠬᠠᠨ ᠡᠯᠢᠭᠡ ᠶᠢ ᠬᠠᠮᠠᠭᠠᠯᠠᠬᠤ ᠮᠠᠰᠢ ᠰᠠᠶᠢᠨ ᠦᠢᠯᠡᠳᠦᠯ ᠲᠠᠢ ᠪᠦᠭᠡᠳ ᠢᠯᠡᠷᠬᠡᠢ ᠮᠠᠭᠤ ᠦᠷ᠎ᠡ ᠲᠠᠭᠠᠪᠦᠷᠢ ᠦᠭᠡᠢ  ᠰᠢᠨ᠎ᠡ ᠪᠤᠳᠠᠰ GBN᠎ ᠢ ᠢᠯᠡᠷᠡᠬᠦᠯᠵᠤ ᠮᠡᠳᠡᠭᠰᠡᠨ ᠨᠢ ᠲᠠᠯᠠᠬᠡᠢ ᠳ᠋ᠡᠬᠢᠨ ᠳᠤ ᠠᠩᠬᠠᠳᠠᠭᠴᠢ ᠪᠤᠯᠤᠭᠰᠠᠨ ᠶᠤᠮ᠃ ᠰᠤᠳᠤᠯᠭᠠᠨ ᠤ ᠪᠦᠳᠦᠭᠡᠯ ᠨᠢ 2006 ᠣᠨ ᠠᠴᠠ ᠠᠪᠤᠭᠠᠳ ᠤᠯᠤᠰ ᠤᠨ ᠲᠠᠰ ᠤᠨ ᠡᠭᠦᠳᠡᠨ ᠪᠦᠳᠦᠭᠡᠯᠳᠡ ᠶᠢᠨ10 ᠵᠦᠢᠯ ᠤᠨ ᠲᠤᠰᠬᠠᠢ ᠠᠰᠢᠭ ᠢ ᠣᠯᠵᠤ᠂ 2009 ᠣᠨ ᠳᠤ ᠲᠤᠰ ᠰᠤᠳᠤᠯᠭᠠᠨ ᠤ ᠪᠦᠳᠦᠭᠡᠯ ᠨᠢ ᠤᠯᠤᠰ ᠤᠨ ᠲᠡᠰ ᠤᠨ ᠴᠢᠬᠤᠯᠠ ᠪᠦᠳᠦᠭᠡᠯ ᠳᠤ ᠰᠤᠩᠭᠤᠭᠳᠠᠨ ᠤᠷᠤᠪᠠ᠃ ᠡᠨᠡ ᠬᠦ ᠡᠭᠦᠳᠦᠯᠳᠡ ᠶᠢᠨ ᠴᠢᠬᠤᠯᠠ ᠦᠨ᠎ᠡ ᠦᠷᠲᠡᠭ ᠪᠣᠯ ᠮᠠᠨ ᠤ ᠤᠯᠤᠰ ᠤᠨ ᠰᠢᠨ᠎ᠡ ᠡᠮ ᠢ ᠰᠤᠳᠤᠯᠤᠨ ᠭᠠᠷᠭᠠᠬᠤ ᠳᠤ ᠰᠢᠨ᠎ᠡ ᠪᠤᠳᠠᠰ ᠢ ᠡᠬᠦᠳᠦᠨ ᠭᠠᠷᠭᠠᠵᠤ ᠰᠢᠨ᠎ᠡ ᠰᠤᠳᠤᠯᠤᠯ ᠤᠨ ᠵᠠᠮ ᠢ ᠨᠡᠭᠡᠭᠡᠭᠰᠡᠨ ᠶᠤᠮ᠃ ᠲᠤᠰ ᠡᠭᠦᠳᠦᠯᠳᠡ ᠨᠢ ᠪᠠᠰᠠ ᠮᠤᠩᠭᠤᠯ ᠡᠮᠨᠡᠯᠭᠡ ᠶᠢᠨ ᠲᠡᠦᠬᠡᠨ ᠳᠤ ᠠᠩᠬᠠᠨ ᠤᠳᠠᠭ᠎ᠠ ᠣᠷᠴᠢᠨ ᠦᠭᠡ ᠶᠢᠨ ᠡᠷᠭᠦᠯᠲᠡ ᠶᠢᠨ ᠰᠢᠨᠵᠢᠯᠡᠭᠡ ᠮᠡᠷᠭᠡᠵᠢᠯ ᠢ ᠠᠰᠢᠭᠯᠠᠵᠤ᠂ ᠡᠮ ᠢ ᠮᠣᠯᠧᠺᠦ᠋ᠯ ᠤᠨ ᠪᠦᠳᠦᠴᠡ  ᠬᠦᠷᠳᠡᠯ᠎ᠡ᠂ ᠡᠮ ᠤᠨ ᠴᠢᠳᠠᠯ ᠢ ᠭᠧᠨ ᠤ ᠲᠦᠪᠰᠢᠨ ᠳᠤ ᠬᠦᠷᠲᠡᠯ᠎ᠡ ᠰᠤᠳᠤᠯᠤᠨ᠂ ᠤᠯᠠᠮᠵᠢᠯᠠᠯᠳᠤ ᠮᠤᠩᠭᠤᠯ ᠡᠮᠨᠡᠯᠭᠡ ᠶᠢᠨ ᠪᠤᠳᠠᠰ ᠤᠨ ᠰᠠᠭᠤᠷᠢ ᠪᠤᠯᠤᠨ ᠰᠢᠨᠵᠢᠯᠡᠬᠦ ᠤᠬᠠᠭᠠᠨ ᠤ ᠤᠭ ᠶᠣᠰᠤ ᠶᠢ ᠰᠢᠰᠲ᠋ᠧᠮ ᠲᠠᠢ ᠲᠤᠳᠤᠷᠬᠠᠶᠢᠯᠠᠵᠤ᠂ ᠮᠤᠩᠭᠤᠯ ᠡᠮᠨᠡᠯᠭᠡ ᠶᠢᠨ ᠭᠠᠶᠢᠬᠠᠮᠰᠢᠭᠳᠤ ᠡᠮᠴᠢᠯᠡᠭᠡ ᠪᠠ ᠭᠦᠭᠵᠢᠯᠳᠡ ᠶᠢᠨ ᠠᠴᠢ ᠬᠤᠯᠪᠤᠭᠳᠠᠯ ᠢ ᠲᠡᠯᠡᠭᠡᠢ ᠳ᠋ᠡᠬᠢᠨ ᠳᠤ ᠪᠠᠳᠤᠯᠠᠨ ᠲᠠᠨᠢᠯᠴᠠᠭᠤᠯᠵᠠᠢ᠃        ᠪᠤᠷᠵᠢᠬᠢᠨ ᠭᠡᠷᠡᠯᠲᠦ ᠮᠠᠨ ᠤ ᠤᠯᠤᠰ ᠤᠨ ᠮᠤᠩᠭᠤᠯ ᠡᠮ ᠰᠤᠳᠤᠯᠤᠭᠰᠠᠨ ᠠᠩᠬᠠᠳᠤᠭᠠᠷ ᠳ᠋ᠣᠺᠲ᠋ᠣᠷ᠂ ᠳ᠋ᠣᠺᠲ᠋ᠣᠷᠠᠨᠲ ᠶᠢᠨ ᠵᠢᠯᠤᠭᠤᠳᠤᠭᠴᠢ ᠪᠠᠭᠰᠢ ᠪᠤᠯᠤᠭᠰᠠᠨ ᠤ ᠬᠤᠪᠢ ᠳᠤ᠂ 2002 ᠣᠨ ᠠᠴᠠ ᠡᠬᠢᠯᠡᠨ ᠮᠣᠩᠭᠤᠯ ᠡᠮ ᠰᠤᠳᠤᠯᠳᠠᠭ ᠳ᠋ᠣᠺᠲ᠋ᠣᠷ ᠢ ᠬᠦᠮᠦᠵᠢᠬᠦᠯᠦᠨ ᠥᠨᠥ ᠪᠣᠯᠬᠤ ᠳᠤ ᠤᠯᠤᠰ ᠤᠨ ᠲᠤᠳᠤᠭᠠᠳᠤ ᠭᠠᠳᠠᠭᠠᠳᠤ ᠶᠢᠨ80 ᠭᠠᠷᠤᠢ ᠳ᠋ᠣᠺᠲ᠋ᠣᠷᠠᠨᠲ᠂ ᠠᠰᠫᠢᠷᠠᠨᠲ ᠢ ᠬᠦᠮᠦᠵᠢᠭᠦᠯᠦᠨ ᠭᠠᠷᠭᠠᠭᠰᠠᠨ ᠪᠠᠶᠢᠨ᠎ᠠ᠃ 2013 ᠣᠨ ᠳᠤ ᠡᠮ ᠡᠮᠨᠡᠯᠭᠡ ᠎ ᠶᠢᠨ ᠠᠵᠤ ᠠᠬᠤᠶᠢᠯᠠᠯ ᠲᠠᠢ ᠬᠠᠮᠳᠤᠷᠠᠯᠴᠠᠨ ᠥᠭᠡᠬᠦ ᠪᠠᠭᠤᠷᠠᠭᠤᠯᠤᠨ ᠡᠯᠢᠭᠡ ᠬᠠᠮᠠᠭᠠᠯᠠᠬᠤ ᠰᠢᠨ᠎ᠡ ᠡᠮ ︽ᠴᠢᠰᠤᠨ ᠮᠤᠯᠤᠷ ᠬᠤᠮᠵᠢᠶ᠎ᠡ︾᠎ ᠶᠢ ᠡᠭᠦᠳᠡᠨ ᠪᠦᠳᠦᠭᠡᠪᠡ᠃ ᠤᠳᠤᠬᠠᠨ ᠳᠤ ᠦᠪᠦᠷ᠂ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠡᠮ ᠤᠨ ᠬᠢᠮᠢ ᠰᠤᠳᠤᠯᠬᠤ ᠭᠠᠵᠠᠷ ᠨᠢ ᠮᠤᠩᠭᠤᠯ ᠡᠮ ᠢ ᠰᠤᠳᠤᠯᠬᠤ᠂ ᠡᠷᠳᠡᠮᠳᠡᠨ ᠢ ᠬᠦᠮᠦᠵᠢᠭᠦᠯᠬᠦ᠂ ᠡᠷᠳᠡᠮ ᠰᠢᠨᠵᠢᠯᠡᠭᠡᠨ ᠤ ᠰᠤᠯᠢᠯᠴᠠᠭ᠎ᠠ ᠬᠢᠬᠦ ᠪᠠᠷ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷᠰᠢᠭᠰᠠᠨ ᠭᠤᠣᠯ ᠲᠠᠪᠴᠠᠩ ᠤᠨ ᠨᠢᠭᠡᠨ ᠪᠣᠯᠪᠠ᠃ ︽ᠴᠢᠰᠤᠨ ᠮᠣᠯᠣᠷ ᠬᠤᠮᠵᠢᠶ᠎ᠡ︾ ᠡᠮ ᠢ ᠰᠤᠳᠤᠯᠤᠭᠰᠠᠨ ᠰᠠᠭᠤᠷᠢᠨ ᠳᠡᠭᠡᠷ᠎ᠡ ︽ᠮᠡᠨᠳᠦ ᠴᠠᠢ︾᠎ ᠶᠢ ᠦᠢᠯᠡᠳᠪᠦᠷᠢᠯᠡᠨ ᠭᠠᠷᠭᠠᠵᠤ᠂ ᠵᠠᠬ᠎ᠠ ᠳᠡᠯᠭᠡᠭᠦᠷ ᠤᠨ ᠬᠠᠯᠠᠭᠤᠨ ᠬᠦᠷᠢᠶᠡᠯᠡᠯ ᠢ ᠤᠯᠪᠠ᠃2008 ᠣᠨ ᠳᠤ ᠮᠤᠩᠭᠤᠯ ᠤᠯᠤᠰ ᠤᠨ ᠵᠠᠰᠠᠭ ᠤᠨ ᠭᠠᠵᠠᠷ ᠤᠨ ᠰᠢᠨᠵᠢᠯᠡᠬᠦ ᠤᠬᠠᠭᠠᠨ ᠤ ᠬᠠᠮᠤᠭ ᠲᠡᠭᠡᠳᠦ ᠱᠠᠩᠨᠠᠯ— ︽ᠰᠢᠨᠵᠢᠯᠡᠬᠦ ᠤᠬᠠᠭᠠᠨ ᠤ ᠲᠡᠷᠢᠬᠦᠨ ᠤ ᠠᠵᠢᠯᠲᠠᠨ︾᠎ ᠤ ᠲᠡᠮᠳᠡᠭ ᠢ ᠭᠠᠷᠳᠠᠵᠤ᠂2010 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮ ᠤᠨ ᠬᠢᠮᠢ ᠶᠢᠨ ᠲᠡᠷᠢᠬᠦᠨ ᠤ ᠰᠢᠨᠵᠢᠯᠡᠬᠦ ᠤᠬᠠᠭᠠᠨᠳᠠᠨ ᠪᠠ ︽ᠲᠠᠯ᠎ᠠ ᠨᠤᠲᠤᠭ ᠤᠨ ᠰᠤᠳᠤᠷ ᠨᠣᠮ ᠡᠷᠳᠡᠮᠳᠡᠨ︾᠎ ᠢᠶᠠᠷ ᠰᠤᠩᠭᠤᠭᠳᠠᠵᠤ᠂ 2012 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠲᠠᠪᠤᠨ ᠰᠠᠷ᠎ᠠ ᠶᠢᠨ ᠨᠢᠭᠡᠨ ᠤ ᠬᠦᠳᠡᠯᠮᠦᠷᠢ ᠶᠢᠨ ᠱᠠᠩᠨᠠᠯ︾᠎ ᠢ ᠬᠦᠷᠳᠡᠵᠤ᠂ 2014 ᠣᠨ ᠳᠤ ᠦᠪᠡᠷᠳᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ ᠴᠢᠳᠠᠪᠦᠷᠢᠳᠠᠨ︾ ᠎ ᠤ ᠬᠤᠰᠢᠭᠤᠴᠢᠯᠠᠭᠴᠢ᠂  2015 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠠᠬᠭᠠᠨ ᠤ ᠨᠢᠭᠡᠳᠦᠭᠡᠷ ᠲᠡᠰ ᠤᠨ ᠱᠠᠩᠨᠠᠯ᠂ 2017 ᠣᠨ ᠳᠤ ᠮᠤᠩᠭᠤᠯ ᠤᠯᠤᠰ ᠤᠨ ᠰᠢᠨᠵᠢᠯᠺᠡᠬᠦ ᠤᠬᠠᠭᠠᠨ ᠤ ︽ᠬᠤᠪᠢᠯᠠᠢ ᠶᠢᠨ ᠠᠯᠳᠠᠨ ᠣᠷᠳᠤᠨ︾ ᠱᠠᠩᠨᠠᠯ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ︽ᠭᠠᠷᠮᠠᠭᠠᠢ ᠪᠦᠳᠦᠭᠡᠯᠴᠢ︾᠎ ᠶᠢᠨ ᠱᠠᠩᠨᠠᠯ ᠵᠡᠷᠭᠡ ᠶᠢ ᠲᠤᠰᠴᠠᠢ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号