ᠠᠺᠠᠳᠧᠮᠢᠴᠢ ᠭᠤᠸᠠᠨ ᠴᠦᠨ ᠶᠦᠨ
ᠨᠡᠶᠢᠲᠡᠯᠡᠭᠰᠡᠨ ᠴᠠᠭ᠄
2019/11/28
      ᠠᠺᠠᠳᠧᠮᠢᠴᠢ ᠭᠤᠸᠠᠨ ᠴᠦᠨ ᠶᠦᠨ ᠬᠦᠪᠡᠭᠡᠲᠦ ᠰᠢᠷ᠎ᠠ ᠬᠤᠰᠢᠭᠤ ᠪᠠᠷ ᠤᠤᠭᠠᠯ ᠨᠤᠲᠤᠭ ᠲᠠᠢ᠃1938 ᠣᠨ ᠳᠤ ᠬᠤᠪᠸᠢ ᠮᠤᠵᠢ ᠶᠢᠨ ᠵᠢᠩᠵᠸᠦ  ᠬᠤᠳᠠᠨ ᠳᠤ ᠲᠦᠷᠦᠪᠡ᠃ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠬᠤᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠶᠢᠨ ᠵᠢᠯᠤᠭᠤᠳᠤᠭᠴᠢ᠂ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠵᠦᠪᠯᠡᠯ ᠤᠨ ᠡᠷᠬᠢᠯᠡᠭᠴᠢ᠃ ᠬᠤᠨᠠᠨ ᠮᠤᠵᠢ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠵᠤ ᠪᠠᠶᠢᠪᠠ᠃ ᠤᠯᠤᠰ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠨᠡᠷᠡᠲᠦ ᠪᠠᠭᠰᠢ᠂ ᠪᠦᠬᠦ ᠤᠯᠤᠰ ᠤᠨ ᠰᠢᠯᠭᠠᠷᠠᠭᠰᠠᠨ ᠲᠤᠰᠬᠠᠢ ᠮᠡᠷᠭᠡᠵᠢᠯ ᠤᠨ ᠴᠢᠳᠠᠪᠦᠷᠢᠳᠠᠨ᠂ ᠤᠯᠤᠰ ᠤᠨ ᠳᠤᠪᠤᠶᠢᠮ᠎ᠠ ᠵᠢᠳᠬᠦᠯ ᠲᠠᠢ ᠵᠠᠯᠠᠭᠤ ᠲᠤᠰᠬᠠᠢ ᠮᠡᠷᠭᠡᠵᠢᠯᠳᠡᠨ᠂ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠤᠨ ᠬᠦᠳᠡᠯᠮᠦᠷᠢ ᠶᠢᠨ ᠵᠢᠱᠢᠶᠡᠴᠢ᠂ ᠤᠯᠤᠰ ᠤᠨ ᠰᠢᠯᠢᠮᠳᠡᠭ ᠤᠨ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠪᠣᠶᠢᠵᠢᠭᠤᠯᠬᠤ ᠪᠠ ᠰᠢᠮ᠎ᠡ ᠲᠡᠵᠢᠭᠡᠯ ᠤᠨ ᠲᠠᠰᠤᠭ ᠤᠨ ᠡᠷᠬᠢᠯᠡᠭᠴᠢ᠂ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠳᠠᠨ᠂ ᠲᠠᠷᠢᠶᠠᠯᠠᠩ ᠤᠨ ᠶᠠᠮᠤᠨ ᠤ ᠰᠢᠯᠢᠮᠳᠡᠭ ᠤᠨ ᠲᠤᠰᠬᠠᠢ ᠮᠡᠷᠭᠡᠵᠢᠯᠳᠡᠨ ᠢ ᠵᠢᠯᠤᠭᠤᠳᠬᠤ ᠲᠤᠭᠤᠶᠢᠯᠠᠩ ᠤᠨ ᠵᠦᠪᠯᠡᠭᠴᠢ᠂ ᠣᠯᠠᠨ ᠤᠯᠤᠰ ᠤᠨ ᠰᠢᠯᠢᠮᠳᠡᠭ ᠤᠨ ᠯᠠᠪᠯᠠᠯᠳᠠ ᠶᠢᠨ ᠵᠦᠪᠯᠡᠯ ᠤᠨ ᠭᠡᠰᠢᠬᠦᠨ᠂ ᠠᠷᠪᠠᠨ ᠬᠤᠶᠠᠳᠤᠭᠠᠷ ᠤᠳᠠᠭᠠᠨ ᠤ ᠤᠯᠠᠨ ᠤᠯᠤᠰ ᠤᠨ ᠰᠢᠯᠢᠮᠳᠡᠭ ᠤᠨ ᠶᠡᠭᠡ ᠬᠤᠷᠠᠯ ᠤᠨ ᠰᠢᠨᠵᠢᠯᠡᠬᠦ ᠤᠬᠠᠭᠠᠨ ᠤ ᠵᠦᠪᠯᠡᠯ ᠤᠨ ᠲᠡᠷᠢᠬᠦᠯᠦᠭᠴᠢ᠂ ᠤᠯᠤᠰ ᠤᠨ ᠲᠤᠰᠤᠨ ᠲᠠᠷᠢᠮᠠᠯ ᠤᠨ ᠰᠠᠶᠢᠵᠢᠷᠠᠭᠤᠯᠤᠯᠳᠠ ᠶᠢᠨ ᠲᠥᠪ ᠤᠨ ᠬᠤᠨᠠᠨ ᠮᠤᠵᠢ ᠶᠢᠨ ᠬᠤᠪᠢᠶᠠᠷᠢ ᠲᠥᠪ ᠤᠨ ᠡᠷᠬᠢᠯᠡᠭᠴᠢ᠂ ᠤᠯᠤᠰ ᠤᠨ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠰᠢᠯᠭᠠᠷᠠᠭᠤᠯᠤᠨ ᠬᠢᠨᠠᠬᠤ ᠲᠤᠰᠬᠠᠢ ᠮᠡᠷᠭᠡᠵᠢᠯᠳᠡᠨ᠂ ᠲᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠪᠠᠶᠢᠩᠭᠤ ᠶᠢᠨ ᠭᠡᠶᠢᠷᠡᠭ ᠡᠷᠬᠢᠯᠡᠭᠴᠢ᠂ ᠲᠤᠮᠳᠠᠳᠤ ᠤᠯᠤᠰ ᠤᠨ ᠲᠠᠷᠢᠮᠠᠯ ᠤᠨ ᠨᠠᠶᠢᠭᠡᠮᠯᠢᠭ ᠤᠨ ᠲᠤᠰᠤᠨ ᠮᠠᠲ᠋ᠧᠷᠢᠶᠠᠯ ᠤᠨ ᠲᠤᠰᠬᠠᠢ ᠺᠤᠮᠢᠰ ᠤᠨ ᠳᠡᠳ᠋ ᠬᠡᠷᠡᠭ ᠮᠡᠳᠡᠭᠴᠢᠳ ᠤᠨ ᠲᠠᠷᠤᠭ᠎ᠠ᠂ ᠤᠯᠤᠰ ᠤᠨ ᠲᠥᠷᠦ ᠶᠢᠨ ᠶᠠᠪᠤᠳᠠᠯ ᠤᠨ ᠬᠤᠷᠢᠶᠠᠨ ᠤ ᠰᠤᠷᠤᠯᠭ᠎ᠠ ᠶᠢᠨ ᠬᠢᠷᠢ ᠬᠡᠮ ᠤᠨ ᠺᠤᠮᠢᠰ ᠤᠨ ᠰᠢᠨᠵᠢᠯᠡᠭᠡᠨ ᠤ ᠰᠢᠯᠭᠠᠷᠠᠭᠤᠯᠤᠯᠳᠠ ᠶᠢᠨ ᠲᠤᠭᠤᠶᠢᠯᠠᠩ ᠤᠨ ᠬᠡᠰᠢᠭᠦᠨ  ᠂ ᠬᠤᠨᠠᠨ ᠮᠤᠵᠢ ᠶᠢᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠬᠦᠯᠦᠭᠴᠢ᠂ ᠬᠤᠨᠠᠨ ᠮᠤᠵᠢ ᠶᠢᠨ ᠲᠠᠷᠢᠮᠠᠯ ᠤᠨ ᠭᠧᠨ ᠤ ᠢᠨᠵᠧᠨᠧᠷᠢᠩ ᠤᠨ ᠭᠤᠤᠯᠳᠠᠯᠭᠠᠳᠤ ᠲᠤᠷᠰᠢᠯᠳᠠ ᠶᠢᠨ ᠲᠠᠰᠤᠭ ᠤᠨ ᠡᠷᠬᠢᠯᠡᠭᠴᠢ᠃2009 ᠣᠨ ᠳᠤ ᠮᠣᠩᠭᠤᠯ ᠦᠨᠳᠦᠰᠦᠳᠡᠨ ᠤ ᠠᠷᠪᠠᠨ ᠰᠣᠳᠤᠨ ᠰᠢᠨᠵᠢᠯᠡᠬᠦ ᠤᠬᠠᠭᠠᠨᠳᠠᠨ ᠢᠶᠠᠷ ᠰᠤᠩᠭᠤᠭᠳᠠᠵᠤ᠂ ᠤᠷᠢᠳ ᠬᠤᠵᠢᠳ ᠤᠯᠤᠰ ᠤᠨ 973 ᠫᠷᠦᠵᠧᠺᠲ ︵2 ᠵᠦᠢᠯ︶᠂ ᠤᠯᠤᠰ ᠤᠨ 868 ᠫᠷᠦᠵᠧᠺᠲ ︵3 ᠵᠦᠢᠯ︶᠂ ᠤᠯᠤᠰ ᠤᠨ ᠰᠢᠨᠵᠢᠯᠡᠭᠡ ᠮᠡᠷᠭᠡᠵᠢᠯ ᠤᠨ ᠰᠢᠪᠳᠤᠯᠤᠯᠳᠠ ᠶᠢᠨ ᠫᠷᠦᠵᠧᠺᠲ ᠵᠡᠷᠭᠡ ᠶᠢ ᠤᠯᠠᠨᠳᠠ ᠭᠠᠷᠳᠠᠨ ᠬᠢᠵᠠᠢ᠃ ᠲᠤᠰᠬᠠᠢ ᠲᠤᠭᠤᠷᠪᠢᠯ ᠤᠨ15 ᠨᠣᠮ ᠬᠡᠪᠯᠡᠬᠦᠯᠵᠤ᠂ ᠦᠭᠦᠯᠡᠯ 180 ᠭᠠᠷᠤᠢ ᠶᠢ ᠨᠡᠶᠢᠳᠡᠯᠡᠬᠦᠯᠪᠡ᠃ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠲᠠᠯ᠎ᠠ ᠪᠠᠷ36 ᠳ᠋ᠣᠺᠲ᠋ᠣᠷᠠᠨᠲ᠂76 ᠠᠰᠫᠢᠷᠠᠨᠲ ᠬᠦᠮᠦᠵᠢᠭᠦᠯᠵᠤ ᠤᠯᠤᠰ ᠤᠨ ᠰᠤᠷᠭᠠᠨ ᠬᠦᠮᠦᠵᠢᠯ ᠤᠨ ᠱᠠᠩᠨᠠᠯ ᠢ ᠣᠯᠠᠨᠳᠠ ᠬᠦᠷᠳᠡᠵᠠᠢ᠃        ᠲᠡᠷᠡ ᠪᠠᠷ ᠰᠢᠯᠢᠮᠳᠡᠭ ᠢ ᠦᠨᠳᠦᠷ ᠤᠨᠠᠯᠳᠠ ᠣᠬᠢ ᠰᠢᠯᠢᠳᠡᠭ ᠦᠷ᠎ᠡ ᠠᠰᠢᠭ ᠢᠶᠠᠷ ᠲᠠᠷᠢᠬᠤ ᠤᠨᠤᠯ ᠤᠨ ᠰᠤᠳᠤᠯᠤᠯ ᠤᠨ ᠲᠠᠯ᠎ᠠ ᠪᠡᠷ᠎ᠡ ᠴᠢᠬᠤᠯᠠ ᠡᠭᠦᠳᠦᠯᠳᠡ ᠭᠠᠷᠭᠠᠭᠰᠠᠨ ᠶᠤᠮ᠃ ᠰᠢᠯᠢᠮᠳᠡᠭ ᠤᠨ ᠰᠢᠯᠢᠳᠡᠭ ᠴᠢᠨᠠᠷ ᠤᠨ ᠦᠨᠳᠦᠷ ᠤᠨᠠᠯᠳᠠᠳᠤ ᠡᠭᠦᠯᠳᠡᠷ ᠢ ᠪᠣᠶᠢᠵᠢᠭᠤᠯᠬᠤ᠂ ᠣᠨᠴᠠᠭᠠᠶᠢᠯᠠᠨ ᠬᠤᠣᠰ ᠲᠣᠣᠷᠠᠳᠤ ᠡᠭᠦᠯᠳᠡᠷ ᠢ ᠰᠣᠩᠭᠤᠨ ᠪᠣᠶᠢᠵᠢᠭᠤᠯᠬᠤ ᠲᠠᠯ᠎ᠠ ᠪᠠᠷ ᠲᠤᠪᠤᠶᠢᠭᠰᠠᠨ ᠠᠮᠵᠢᠯᠳᠠ ᠤᠯᠪᠠ᠃ ᠡᠭᠦᠯᠳᠡᠷ ᠤᠨ ᠪᠤᠶᠢᠵᠢᠭᠤᠯᠤᠯᠳᠠ ᠶᠢ ᠬᠤᠪᠢᠷᠠᠭᠤᠯᠬᠤ ᠪᠠᠷ ᠲᠠᠮᠵᠢᠨ᠂ ᠦᠨᠳᠦᠷ ᠲᠣᠰᠤᠨ ᠬᠦᠴᠢᠯ ᠲᠠᠢ ᠰᠢᠯᠢᠮᠳᠡᠭ ᠤᠨ ᠡᠭᠦᠯᠳᠡᠷ ᠤᠨ ᠰᠢᠰᠲ᠋ᠧᠮ ᠢ ᠪᠣᠶᠢᠵᠢᠭᠤᠯᠵᠤ᠂ ᠰᠢᠯᠢᠮᠳᠡᠭ ᠤᠨ ᠤᠷᠭᠤᠮᠠᠯ ᠤᠨ ᠮᠡᠷᠭᠡᠵᠢᠯ ᠤᠨ ᠬᠦᠷᠢᠶᠡᠨ ᠳᠤ ᠴᠢᠬᠤᠯᠠ ᠬᠤᠪᠢ ᠨᠡᠮᠡᠷᠢ ᠦᠵᠡᠭᠦᠯᠵᠠᠢ᠃ ᠡᠬᠦᠨ ᠠᠴᠠ ᠭᠠᠳᠠᠨ᠎ᠠ ᠭᠤᠸᠠᠨ ᠴᠦᠨ ᠶᠦᠨ ᠰᠢᠨᠵᠢᠯᠡᠬᠦ ᠤᠬᠠᠭᠠᠨ ᠤ ᠰᠤᠳᠤᠯᠭᠠᠨ ᠳᠤ ᠰᠢᠮᠳᠠᠬᠤ ᠶᠢᠨ ᠬᠠᠮᠳᠤ ᠰᠤᠷᠭᠠᠨ ᠬᠦᠮᠦᠵᠢᠯ ᠤᠨ ᠦᠭᠡᠷᠡᠴᠢᠯᠡᠯᠳᠡ᠂ ᠴᠢᠳᠠᠪᠦᠷᠢᠳᠠᠨ ᠢ ᠬᠦᠮᠦᠵᠢᠬᠦᠯᠬᠦ ᠲᠠᠯ᠎ᠠ ᠪᠠᠷ ᠲᠤᠪᠣᠶᠢᠮ᠎ᠠ ᠠᠮᠵᠢᠯᠳᠠ ᠭᠠᠷᠭᠠᠪᠠ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号