ᠬᠦᠳᠡᠭᠡ ᠠᠵᠤ ᠠᠬᠤᠢ᠂ ᠮᠠᠯ ᠡᠮᠨᠡᠯᠭᠡ ᠶᠢᠨ ᠤᠬᠠᠭᠠᠨ ᠤ ᠬᠤᠣᠰ ᠳ᠋ᠣᠺᠲ᠋ᠣᠷ ᠲᠤ᠋᠂ ᠮᠠᠩᠯᠠᠢ
ᠨᠡᠶᠢᠲᠡᠯᠡᠭᠰᠡᠨ ᠴᠠᠭ᠄
2019/11/29
     ᠲᠤ᠋᠂ ᠮᠠᠩᠯᠠᠢ ᠦᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠬᠤᠩᠭᠤᠷ ᠠᠭᠤᠯᠠ ᠨᠢᠭᠡᠳᠦᠯ ᠤᠨ ᠬᠦᠷᠳᠦᠨ ᠭᠤᠤᠯ ᠪᠠᠷᠢᠭᠠᠳᠠ ᠶᠢᠨ ᠲᠤᠮᠳᠠ ᠬᠦᠷᠳᠦᠨ ᠭᠤᠤᠯ ᠬᠡᠮᠡᠬᠦ ᠨᠤᠲᠤᠭ ᠲᠤ᠂ ᠤᠤᠯ ᠤᠨ ᠴᠠᠬᠠᠷ ᠶᠢᠨ ᠴᠢᠭᠤᠯᠭᠠᠨ ᠤ ᠬᠦᠪᠡᠭᠡᠲᠦ ᠰᠢᠷ᠎ᠠ ᠠᠷᠪᠠᠨ ᠬᠤᠶᠠᠳᠤᠭᠠᠷ ᠰᠣᠮᠤ ᠶᠢᠨ ᠬᠠᠷᠢᠶᠠᠳᠤ ᠤᠯᠬᠤᠨᠤᠳ ᠤᠪᠤᠭᠳᠤ ᠲᠤᠭᠠᠷᠵᠠᠪ ᠤᠨ ᠤᠤᠭᠠᠨ ᠬᠦᠪᠡᠭᠦᠨ ᠪᠤᠯᠤᠨ ᠵᠠᠶᠠᠭᠠᠪᠠ᠃ 1981 ᠤᠨ ᠤ 9 ᠰᠠᠷ᠎ᠠ ᠶᠢᠨ 17᠎ ᠤ ᠡᠳᠦᠷ᠂ ᠨᠤᠲᠤᠭ ᠤᠰᠤᠨ ᠤ ᠠᠬᠠᠰ ᠵᠠᠬᠠᠰ᠂ ᠠᠬ᠎ᠠ ᠲᠡᠭᠦᠦ ᠰᠠᠳᠤᠨ ᠤ ᠪᠠᠨ ᠬᠦᠰᠡᠯ ᠵᠦᠩᠨᠡᠯ ᠢ ᠡᠪᠦᠷᠯᠡᠨ᠂ ᠦᠪᠦᠷ ᠮᠤᠩᠭᠤᠯ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠯᠳᠠᠨ ᠪᠤᠱᠤᠭ᠎ᠠ ᠶᠢ ᠠᠯᠬᠤᠨ᠂ ᠰᠤᠳᠤᠯᠬᠤ ᠰᠤᠷᠤᠭᠴᠢ ᠶᠢᠨ ᠲᠡᠷᠳᠡᠩ ᠵᠠᠮ ᠢ ᠡᠯᠬᠦᠵᠠᠢ᠃      2001 — 2004 ᠤᠨ ᠬᠦᠷᠳᠡᠯ᠎ᠡ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠤ ᠪᠤᠳᠠᠰ ᠤᠨ ᠢᠨᠵᠧᠨᠧᠷᠢᠩ ᠤᠨ ᠲᠡᠭᠡᠳᠦ ᠰᠤᠷᠭᠠᠭᠤᠯᠢ ᠶᠢᠨ ᠳᠡᠳ᠋ ᠲᠠᠷᠤᠭ᠎ᠠ᠂ ᠦᠪᠦᠷ  ᠮᠤᠩᠭᠤᠯ ᠤᠨ ᠣᠳᠤᠮᠰᠢᠯ ᠤᠨ ᠤᠬᠠᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ᠂ ︽ᠲᠤᠮᠳᠠᠳᠤ ᠤᠯᠤᠰ ᠎ ᠤᠨ ᠮᠤᠷᠢᠨ ᠤ ᠦᠢᠯᠡᠰ︾ ᠰᠡᠳᠭᠦᠯ ᠤᠨ ᠭᠤᠤᠯ ᠨᠠᠶᠢᠷᠠᠭᠤᠯᠤᠭᠴᠢ᠂ ᠤᠷᠳᠤᠰ ᠤᠨ ᠤᠳᠤᠭ ᠤᠨ ᠡᠮᠦᠨᠡᠳᠦ ᠬᠤᠰᠢᠭᠤᠨ ᠤ ᠵᠠᠰᠠᠭ ᠤᠨ ᠤᠷᠳᠤᠨ ᠳᠤ ᠲᠤᠰᠢᠶᠠᠯ ᠬᠠᠪᠰᠤᠷᠭᠠᠭᠰᠠᠨ ᠳᠡᠳ᠋ ᠬᠤᠰᠢᠭᠤᠨ ᠲᠠᠷᠤᠭ᠎ᠠ ᠵᠡᠷᠭᠡ ᠲᠤᠰᠢᠶᠠᠯ ᠎ ᠢ ᠬᠠᠷᠢᠭᠤᠴᠠᠵᠤ ᠪᠠᠶᠢᠪᠠ᠃ 2004 ᠣᠨ ᠠᠴᠠ2007 ᠤᠨ ᠬᠦᠷᠳᠡᠯ᠎ᠡ ᠲᠠᠷᠢᠶᠠᠯᠠᠩ ᠤᠨ ᠶᠡᠭᠡ ᠰᠤᠷᠭᠠᠭᠤᠯᠢ ᠎ ᠶᠢᠨ ᠠᠮᠢᠳᠠᠨ ᠰᠢᠨᠵᠢᠯᠡᠭᠡ ᠪᠠ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ ᠡᠬᠦᠷ ᠤᠨ ᠱᠦᠵᠢ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠮᠤᠷᠢ ᠰᠤᠳᠤᠯᠬᠤ ᠲᠦᠪ ᠤᠨ ᠤᠨᠴᠠ ᠤᠷᠢᠭᠰᠠᠨ ᠫᠷᠤᠹᠧᠰᠰᠤᠷ᠂ ᠶᠠᠫᠤᠨ ᠤ ᠲᠤᠤᠺᠢᠤ᠋ ᠶᠡᠭᠡ ᠰᠤᠷᠭᠠᠭᠤᠯᠢ ᠶᠢᠨ ᠭᠠᠳᠠᠭᠠᠳᠤ ᠤᠯᠤᠰ ᠤᠨ ᠤᠨᠴᠠᠭᠠᠢ ᠰᠤᠳᠤᠯᠤᠭᠠᠴᠢ᠂ ᠲᠤᠮᠳᠠᠳᠤ ᠤᠯᠤᠰ ᠤᠨ ᠮᠤᠷᠢᠨ ᠤ ᠦᠢᠯᠡᠰ ᠤᠨ ᠨᠡᠶᠢᠭᠡᠮᠯᠢᠭ ᠎ ᠤᠨ ᠨᠠᠷᠢᠨ ᠪᠢᠴᠢᠭ ᠤᠨ  ᠲᠠᠷᠤᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠᠭᠠᠢ ᠬᠠᠷᠠᠭᠠᠯᠵᠠᠯ ᠢ ᠬᠦᠷᠳᠡᠭᠰᠡᠨ ᠲᠤᠰᠬᠠᠢ ᠮᠡᠷᠭᠡᠵᠢᠯᠳᠡᠨ ᠵᠡᠷᠭᠡ ᠡᠭᠦᠷᠭᠡ ᠲᠤᠰᠢᠶᠠᠯ ᠢ ᠬᠠᠷᠢᠭᠤᠴᠠᠵᠤ ᠪᠠᠶᠢᠪᠠ᠃ 2007 ᠤᠨ —2010 ᠤᠨ ᠬᠦᠷᠳᠡᠯ᠎ᠡ ᠦᠪᠦᠷ  ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠤ ᠪᠤᠳᠠᠰ ᠤᠨ ᠢᠨᠵᠧᠨᠧᠷᠢᠩ ᠤᠨ ᠲᠡᠭᠡᠳᠦ ᠰᠤᠷᠭᠠᠭᠤᠯᠢ ᠶᠢᠨ ᠲᠠᠷᠤᠭ᠎ᠠ᠂ ᠦᠪᠦᠷ ᠮᠤᠩᠭᠤᠯ ᠤᠨ ᠮᠤᠷᠢᠨ ᠤ ᠦᠢᠯᠡᠰ ᠤᠨ ᠨᠡᠶᠢᠭᠡᠮᠯᠢᠭ ᠤᠨ ᠨᠠᠷᠢᠨ ᠪᠢᠴᠢᠭ ᠤᠨ ᠲᠠᠷᠤᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠷᠢᠨ ᠤ ᠲᠦᠷᠦᠯ ᠤᠨ ᠠᠮᠢᠳᠠᠳ ᠤᠨ ᠦᠷ᠎ᠡ ᠤᠳᠤᠮ ᠢ ᠰᠢᠯᠢᠳᠡᠭᠵᠢᠬᠦᠯᠬᠦ ᠪᠦᠯᠬᠦᠮ ᠤᠨ ᠠᠬᠠᠯᠠᠬᠤ ᠲᠤᠰᠬᠠᠢ ᠮᠡᠷᠭᠡᠵᠢᠯᠳᠡᠨ᠂ ᠮᠤᠷᠢᠨ ᠤᠨ ᠲᠦᠷᠦᠯ ᠤᠨ ᠠᠮᠢᠳᠠᠳ ᠢ ᠰᠤᠳᠤᠯᠬᠤ ᠲᠦᠪ ᠤᠨ ᠠᠬᠠᠯᠠᠬᠤ ᠲᠤᠰᠬᠠᠢ ᠮᠡᠷᠭᠡᠵᠢᠯᠳᠡᠨ ᠵᠡᠷᠭᠡ ᠲᠤᠰᠢᠶᠠᠯ ᠎ ᠢ ᠬᠠᠷᠢᠭᠤᠴᠠᠵᠤ ᠪᠠᠶᠢᠪᠠ᠃ 2010 ᠤᠨ ᠠᠴᠠ ᠤᠳᠤ ᠪᠤᠯᠳᠠᠯ᠎ᠠ ᠦᠪᠦᠷ ᠮᠤᠩᠭᠤᠯ ᠤᠨ ᠲᠡᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠲᠠᠷᠤᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠪᠤᠳᠤᠭᠠᠷ ᠤᠳᠠᠭᠠᠨ ᠤ ᠮᠠᠯ ᠠᠵᠤ ᠠᠬᠤᠢ ᠶᠢᠨ ᠨᠡᠶᠢᠭᠡᠮᠯᠢᠭ ᠤᠨ ᠳᠡᠳ᠋ ᠭᠡᠷᠡᠭ ᠮᠡᠳᠡᠭᠴᠢᠳ ᠤᠨ ᠲᠠᠷᠤᠭ᠎ᠠ᠂ ᠪᠦᠬᠦ ᠤᠯᠤᠰ ᠤᠨ ᠬᠤᠶᠠᠳᠤᠭᠠᠷ ᠤᠳᠠᠭᠠᠨ ᠤ ᠲᠠᠵᠢᠭᠡᠪᠦᠷᠢ ᠶᠢᠨ ᠤᠳᠤᠮᠰᠢᠯ ᠤᠨ ᠨᠦᠭᠡᠴᠡ ᠪᠠᠶᠠᠯᠢᠭ ᠤᠨ ᠵᠦᠪᠯᠡᠯ ᠤᠨ ᠬᠡᠰᠢᠬᠦᠨ ᠪᠦᠭᠡᠳ ᠦᠬᠡᠷ ᠠᠳᠤᠭᠤ ᠲᠡᠮᠡᠭᠡᠨ ᠤ ᠲᠤᠰᠬᠠᠢ ᠮᠡᠷᠭᠡᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠤᠯᠤᠰ ᠤᠨ ᠰᠢᠨᠵᠢᠯᠡᠭᠡ ᠮᠡᠷᠭᠡᠵᠢᠯ ᠤᠨ ᠶᠠᠮᠤᠨ ᠤ ᠮᠤᠷᠢᠨ ᠤ ᠠᠵᠤ ᠦᠢᠯᠡᠰ ᠰᠢᠨᠵᠢᠯᠡᠭᠡ ᠮᠡᠷᠭᠡᠵᠢᠯ ᠤᠨ ᠲᠦᠰᠦᠪ ᠤᠨ ᠲᠤᠰᠬᠠᠢ ᠮᠡᠷᠭᠡᠵᠢᠯᠳᠡᠨ ᠤ ᠵᠦᠪᠯᠡᠯ ᠤᠨ ᠬᠡᠰᠢᠬᠦᠨ᠂ ᠲᠤᠮᠳᠠᠳᠤ ᠤᠯᠤᠰ ᠤᠨ ᠮᠤᠷᠢᠨ ᠤ ᠦᠢᠯᠡᠰ ᠤᠨ ᠨᠡᠶᠢᠭᠡᠮᠯᠢᠭ ᠤᠨ ᠭᠤᠷᠪᠠᠳᠤᠭᠠᠷ ᠬᠤᠭᠤᠴᠠᠭᠠᠨ ᠤ ᠳᠡᠳ᠋ ᠬᠡᠷᠡᠭ ᠮᠡᠳᠡᠭᠴᠢᠳ ᠤᠨ ᠲᠠᠷᠤᠭ᠎ᠠ᠂ ᠲᠤᠮᠳᠠᠳᠤ ᠤᠯᠤᠰ ᠤᠨ ᠮᠤᠷᠢᠨ ᠤ ᠠᠵᠤ ᠦᠢᠯᠡᠰ ᠤᠨ ᠨᠡᠶᠢᠭᠡᠮᠯᠢᠭ ᠤᠨ ᠲᠦᠷᠦ ᠶᠢᠨ ᠪᠤᠳᠤᠯᠭ᠎ᠠ ᠰᠤᠳᠤᠯᠬᠤ ᠲᠦᠪ ᠤᠨ ᠲᠤᠰᠬᠠᠢ ᠮᠡᠷᠭᠡᠵᠢᠯᠳᠡᠨ᠂ ᠲᠤᠮᠳᠠᠳᠤ ᠤᠯᠤᠰ ᠤᠨ ᠮᠠᠯ ᠠᠵᠤ ᠠᠬᠤᠢ ᠮᠠᠯ ᠡᠮᠨᠡᠯᠭᠡ ᠶᠢᠨ ᠨᠡᠶᠢᠭᠡᠮᠯᠢᠭ ᠤᠨ ᠮᠤᠷᠢᠨ ᠤ ᠦᠢᠯᠡᠰ ᠤᠨ ᠰᠠᠯᠪᠦᠷᠢ ᠨᠡᠶᠢᠭᠡᠮᠯᠢᠭ ᠤᠨ ᠬᠡᠷᠡᠭ ᠮᠡᠳᠡᠭᠴᠢᠳ ᠤᠨ ᠲᠠᠷᠤᠭ᠎ᠠ᠂ ᠲᠤᠮᠳᠠᠳᠤ ᠤᠯᠤᠰ ᠶᠢ ᠠᠩᠬᠠᠳᠤᠭᠠᠷ ᠬᠤᠭᠤᠴᠠᠬᠠᠨ ᠤ ᠮᠠᠯ ᠠᠵᠤ ᠠᠬᠤᠢ ᠶᠢᠨ ᠨᠡᠶᠢᠭᠡᠮᠯᠢᠭ ᠤᠨ ᠡᠯᠵᠢᠭᠡᠨ ᠤ ᠦᠢᠯᠡᠰ ᠤᠨ ᠰᠡᠯᠪᠤᠷᠢ ᠨᠡᠶᠢᠭᠡᠮᠯᠢᠭ ᠤᠨ ᠳᠡᠳ᠋ ᠲᠠᠷᠤᠭ᠎ᠠ᠂ ᠲᠤᠮᠳᠠᠳᠤ ᠤᠯᠤᠰ ᠤᠨ ᠲᠡᠵᠢᠭᠡᠪᠦᠷᠢ ᠶᠢᠨ ᠤᠳᠤᠮᠰᠢᠯ ᠤᠨ ᠨᠦᠭᠡᠴᠡ ᠪᠠᠶᠠᠯᠢᠭ ᠤᠨ ᠭᠤᠷᠪᠠᠳᠤᠭᠠᠷ ᠬᠤᠭᠤᠴᠠᠭᠠᠨ ᠤ ᠵᠦᠪᠯᠡᠯ ᠤᠨ ᠬᠡᠰᠢᠬᠦᠨ ᠵᠡᠷᠭᠡ ᠲᠤᠰᠢᠶᠠᠯ ᠢ ᠡᠭᠦᠷᠬᠡᠯᠡᠵᠤ ᠪᠠᠶᠢᠨ᠎ᠠ᠃      1988 ᠤᠨ ᠳᠤ  ᠲᠡᠷᠡ ᠵᠡᠭᠦᠨ ᠬᠤᠶᠢᠳᠦ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠳᠠᠨ ᠤ ᠤᠳᠤᠮᠰᠢᠯ ᠪᠠ ᠡᠭᠦᠯᠳᠡᠷ ᠪᠤᠶᠢᠵᠢᠭᠤᠯᠬᠤ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠡᠯᠰᠡᠭᠳᠡᠨ᠂ ᠠᠤᠭ᠎ᠠ ᠬᠦᠰᠡᠯᠡᠩ ᠢᠶᠠᠨ ᠪᠡᠶᠡᠯᠡᠬᠦᠯᠬᠦ ᠶᠢᠨ ᠰᠢᠨ᠎ᠡ ᠠᠯᠬᠤᠮ ᠢᠶᠠᠨ ᠠᠯᠬᠤᠵᠠᠢ᠃ 2000 ᠤᠨ ᠳᠤ ᠶᠠᠫᠤᠨ ᠤ ᠲᠤᠤᠺᠢᠤ᠋ ᠶᠡᠭᠡ ᠰᠤᠷᠭᠠᠭᠤᠯᠢ ᠠᠴᠠ ᠳ᠋ᠣᠺᠲ᠋ᠤᠷ ᠴᠣᠯᠠ ᠪᠠᠨ ᠠᠮᠵᠢᠯᠳᠠ ᠲᠠᠢ ᠬᠠᠮᠠᠭᠠᠯᠠᠪᠠ᠃ ᠠᠵᠢᠯ ᠤᠨ ᠭᠠᠷᠤᠭ᠎ᠠ ᠳᠤ ᠭᠠᠷᠤᠭᠰᠠᠨ ᠤ ᠲᠠᠷᠠᠭ᠎ᠠ ᠤᠷᠢᠳ ᠬᠤᠵᠢᠳ ︽ᠦᠪᠦᠷ ᠮᠤᠩᠭᠤᠯ ᠤᠨ  ᠦᠪᠡᠷᠳᠡᠭᠡᠨ ᠵᠠᠰᠠᠬᠤ ᠤᠷᠤᠨ ᠤ ᠰᠢᠨ᠎ᠡ ᠡᠷᠡᠨ ᠵᠠᠭᠤᠨ ᠤ 321 ᠴᠢᠳᠠᠪᠦᠷᠢᠳᠠᠨ ᠤ ᠢᠨᠵᠧᠨᠧᠷᠢᠩ ᠤᠨ ᠰᠤᠳᠤᠨ ᠬᠤᠪᠢ ᠬᠦᠮᠦᠨ︾᠂ ︽ᠦᠪᠦᠷ ᠮᠤᠩᠭᠤᠯ ᠤᠷᠤᠨ ᠤ ᠰᠢᠯᠢᠳᠡᠭ ᠬᠠᠷᠢ ᠳᠤ ᠰᠤᠷᠤᠯᠴᠠᠨ ᠤᠯᠤᠰ ᠲᠤ ᠪᠠᠨ ᠪᠤᠴᠠᠭᠰᠠᠳ︾᠂ ︽ᠦᠪᠦᠷ ᠮᠤᠩᠭᠤᠯ ᠤᠨ ᠠᠷᠪᠠᠨ ᠰᠤᠳᠤᠨ ᠵᠠᠯᠠᠭᠤᠰ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠤᠯᠭᠤᠷᠠᠭᠰᠠᠨ ᠴᠢᠳᠠᠪᠦᠷᠢᠳᠠᠨ ︾᠂ ︽ᠲᠠᠯ᠎ᠠ ᠨᠤᠳᠤᠭ ᠤᠨ ᠰᠤᠳᠤ ᠪᠢᠯᠢᠭᠳᠡᠨ︾ ᠵᠡᠷᠭᠡ ᠢᠷᠠᠭᠤ ᠠᠯᠳᠠᠷ ᠢᠶᠠᠷ ᠮᠢᠯᠢᠶᠠᠯᠭᠠᠵᠠᠢ᠃       ᠬᠦᠪᠡᠭᠡᠲᠦ ᠰᠢᠷ᠎ᠠ ᠬᠤᠰᠢᠭᠤᠨ ᠤ ᠠᠳᠣᠭᠤᠨ ᠰᠤᠶᠤᠯ ᠤᠨ ᠮᠦᠽᠸᠢ ᠶᠢ ᠪᠠᠶᠢᠭᠤᠯᠤᠨ᠂ ᠮᠤᠷᠢᠳᠠᠨ ᠦᠨᠳᠦᠰᠦᠳᠡᠨ ᠤ ᠵᠠᠩ ᠦᠢᠯᠡ ᠶᠢ ᠨᠡᠶᠢᠭᠡᠮ ᠲᠠᠶᠠᠭᠠᠷ ᠲᠤ  ᠲᠠᠨᠢᠭᠤᠯᠤᠨ᠂ ᠤᠯᠠᠮᠵᠢᠯᠠᠯᠳᠤ ᠵᠠᠩ ᠦᠢᠯᠡ ᠶᠢᠨ ᠰᠤᠶᠤᠯ ᠢᠶᠠᠨ ᠤᠯᠠᠮ ᠨᠢᠭᠡ ᠠᠯᠬᠤᠮ ᠪᠠᠶᠠᠯᠢᠭᠵᠢᠭᠤᠯᠤᠨ ᠠᠮᠢᠯᠠᠭᠤᠯᠬᠤ ᠶᠢ ᠬᠢᠴᠢᠶᠡᠪᠡ᠃ ᠦᠪᠦᠷ ᠮᠤᠩᠭᠤᠯ ᠤᠨ ᠮᠤᠩᠭᠤᠯ ᠮᠤᠷᠢᠨ ᠤ ᠡᠬᠦᠯᠳᠡᠷ ᠬᠠᠮᠠᠭᠠᠯᠠᠬᠤ ᠰᠠᠭᠤᠷᠢᠨ ᠭᠠᠵᠠᠷ ᠲᠤ ᠤᠳᠤᠬᠠᠨ ᠳᠤ ᠲᠤᠰ ᠪᠦᠷᠢ ᠦᠵᠦᠮᠦᠴᠢᠨ ᠴᠠᠭᠠᠨ ᠠᠳᠤᠭᠤ᠂ ᠠᠪᠠᠭ᠎ᠠ ᠬᠠᠷ᠎ᠠ ᠠᠳᠤᠭᠤ᠂ ᠦᠦᠰᠢᠨ ᠠᠳᠤᠭᠤ ᠵᠡᠷᠭᠡ ᠭᠤᠷᠪᠠᠨ ᠠᠳᠤᠭᠤᠨ ᠤ ᠬᠠᠮᠠᠭᠠᠯᠠᠯᠳᠠ ᠎ ᠶᠢᠨ ᠰᠠᠭᠤᠷᠢᠨ ᠪᠤᠢ᠃ ᠪᠠᠶᠠᠨ ᠰᠢᠯᠢ ᠶᠢᠨ ᠲᠠᠯ᠎ᠠ ᠨᠤᠲᠤᠭ ᠤᠨ ᠤᠷᠤᠯᠳᠤᠭᠠᠨ ᠤ ᠮᠤᠷᠢᠨ ᠤ ᠰᠢᠨ᠎ᠡ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ᠂ ᠤᠷᠳᠤᠰ ᠬᠤᠳᠠ ᠶᠢᠨ ᠤᠯᠠᠭᠠᠨ ᠬᠤᠵᠢᠷᠳᠤ ᠨᠠᠭᠤᠷ ᠤᠨ ᠴᠠᠪᠠᠤ ᠴᠢᠰᠤᠨ ᠤ ᠠᠳᠤᠭᠤᠨ ᠤ ᠦᠷᠡᠵᠢᠭᠦᠯᠦᠯᠳᠡ ᠶᠢᠨ ᠰᠠᠭᠤᠷᠢᠨ ᠵᠡᠷᠭᠡ ᠶᠢ ᠪᠠᠶᠢᠭᠤᠯᠵᠠᠢ᠃ ᠰᠠᠭᠤᠷᠢᠨ ᠭᠠᠵᠠᠷ ᠨᠢ ᠠᠮᠧᠷᠢᠺᠠ᠂ ᠭᠧᠷᠮᠠᠨ ᠬᠢᠭᠡᠳ ᠠᠶᠢᠷᠯᠠᠨᠳ᠋ ᠠᠴᠠ 5 ᠲᠦᠷᠦᠯ ᠤᠨ ᠡᠭᠦᠯᠳᠡᠷ ᠤᠨ ᠴᠠᠪᠠᠤ ᠡᠭᠦᠯᠳᠡᠷ ᠤᠨ ᠠᠳᠤᠭᠤ ᠶᠢ ᠤᠷᠤᠭᠤᠯᠵᠠᠢ ᠃ ᠦᠪᠦᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠪᠠᠨ ︽ᠤᠷᠤᠯᠳᠤᠭᠠᠨ ᠤ ᠮᠤᠷᠢ ᠶᠢ ᠲᠠᠵᠢᠭᠡᠵᠤ ᠰᠤᠷᠭᠠᠬᠤ ᠬᠢᠭᠡᠳ ᠠᠷᠠᠴᠢᠯᠠᠬᠤ︾ ᠲᠤᠰᠬᠠᠢ ᠮᠡᠷᠭᠡᠵᠢᠯ ᠤᠨ ᠰᠠᠯᠪᠤᠷᠢ ᠶᠢ ᠪᠠᠶᠢᠭᠤᠯᠪᠠ᠃ 2011 ᠤᠨ ᠳᠤ ᠪᠦᠬᠦ ᠤᠯᠤᠰ ᠲᠤ ᠴᠤᠷ ᠤᠨ ᠭᠠᠭᠴᠠ ᠲᠠᠷᠢᠶᠠᠯᠠᠩ ᠤᠨ ᠶᠠᠮᠤᠨ ᠤ ᠮᠤᠷᠢᠨ ᠤ ᠲᠦᠷᠦᠯ ᠤᠨ ᠤᠳᠤᠮᠰᠢᠯ ᠡᠭᠦᠯᠳᠡᠷ ᠪᠤᠶᠢᠵᠢᠭᠤᠯᠬᠤ ᠪᠠ ᠦᠷᠡᠵᠢᠬᠦᠯᠬᠦ ᠰᠢᠨᠵᠢᠯᠡᠬᠦ ᠤᠬᠠᠭᠠᠨᠴᠢ ᠠᠵᠢᠭᠯᠠᠯᠳᠠ ᠲᠤᠷᠰᠢᠯᠳᠠ ᠶᠢᠨ ᠦᠷᠳᠡᠭᠡ ᠶᠢ ᠪᠠᠶᠢᠭᠤᠯᠪᠠ ᠃ ᠡᠬᠦᠨ ᠤ ᠬᠠᠮᠳᠤ ᠤᠯᠤᠰ ᠤᠨ ᠲᠤᠳᠤᠭᠠᠳᠤ ᠳᠤ ᠠᠩᠬᠠᠳᠠᠭᠴᠢ ᠤᠳᠠᠭ᠎ᠠ ᠠᠳᠤᠭᠤᠨ ᠤ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠵᠤ᠂ ᠲᠡᠯᠡᠭᠡᠢ ᠶᠢᠨ ᠠᠳᠤᠭᠤᠨ ᠤ ᠭᠧᠨ ᠤ ᠪᠠᠩᠬᠢ ᠳᠤ ᠵᠠᠭᠤ ᠭᠠᠷᠤᠢ ᠭᠧᠨ ᠤ ᠵᠢᠭᠰᠠᠯ ᠢ ᠲᠡᠮᠳᠡᠭᠯᠡᠵᠤ᠂ ᠪᠦᠬᠦ ᠲᠡᠯᠡᠬᠡᠢ ᠶᠢᠨ ᠠᠳᠣᠭᠤ ᠰᠤᠳᠤᠯᠭᠠᠳᠠᠳ ᠲᠤ ᠴᠢᠬᠤᠯᠠ ᠯᠠᠪᠯᠠᠯᠳᠠ ᠶᠢᠨ ᠮᠠᠸ᠋ᠲᠷᠢᠶᠠᠯ ᠢ ᠬᠠᠩᠭᠠᠵᠠᠢ᠃      ᠲᠤ᠋᠂ ᠮᠠᠩᠯᠠᠢ ᠪᠤᠯ ᠤᠯᠤᠰ ᠤᠨ ᠠᠳᠤᠭᠤᠨ ᠤ ᠰᠢᠨᠵᠢᠯᠡᠬᠦ ᠤᠬᠠᠭᠠᠨ ᠤ ᠰᠤᠳᠤᠨ ᠭᠠᠷᠮᠠᠭᠠᠠᠶᠢᠯᠠᠭᠴᠢ᠂ ᠠᠳᠤᠭᠤ ᠠᠷᠠᠴᠢᠯᠠᠬᠤ ᠵᠢᠭᠠᠨ ᠰᠤᠷᠭᠠᠯᠳᠠ ᠪᠠ ᠰᠤᠳᠤᠯᠭᠠᠨ ᠤ ᠰᠠᠭᠤᠷᠢᠯᠠᠭᠴᠢ  ᠶᠤᠮ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号