ᠬᠡᠯᠡ ᠪᠢᠴᠢᠭ ᠤᠨ ᠤᠬᠠᠭᠠᠨ ᠤ ᠡᠷᠳᠡᠮᠳᠡᠨ ᠰᠡᠴᠡᠨᠪᠠᠭᠠᠲᠤᠷ
ᠨᠡᠶᠢᠲᠡᠯᠡᠭᠰᠡᠨ ᠴᠠᠭ᠄
2019/11/29
     ᠰᠡᠴᠡᠨᠪᠠᠭᠠᠳᠤᠷ ᠬᠦᠪᠡᠭᠡᠳᠦ ᠰᠢᠷ᠎ᠠ ᠬᠤᠰᠢᠭᠤᠨ ᠤ ᠤᠤᠯ ᠤᠨ ᠰᠢᠨᠡᠪᠤᠯᠠᠭ ᠰᠤᠮᠤᠨ ᠤ ᠬᠦᠮᠦᠨ᠃ ᠪᠠᠭ᠎ᠠ ᠳᠤ ᠎ ᠪᠠᠨ ᠬᠡᠷ ᠪᠦᠯᠢ ᠪᠠᠷ ᠢᠶᠠᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ ᠨᠡᠭᠦᠨ ᠰᠠᠭᠤᠷᠢᠰᠢᠪᠠ᠃      1978 ᠤᠨ ᠳᠤ ᠦᠪᠦᠷ ᠮᠤᠩᠭᠤᠯ ᠤ ᠮᠤᠩᠭᠤᠯ ᠬᠡᠯ᠎ᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠎ ᠶᠢᠨ ᠤᠷᠴᠢᠭᠤᠯᠭ᠎ᠠ ᠶᠢᠨ ᠠᠩᠬᠢ ᠳᠤ ᠰᠢᠯᠭᠠᠭᠳᠠᠨ ᠤᠷᠤᠵᠤ ᠰᠤᠷᠤᠯᠴᠠᠭᠰᠠᠨ ᠪᠦᠭᠡᠳ1980 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠶᠢᠨ ᠠᠷᠠᠳ ᠤᠨ ᠵᠠᠰᠠᠭ ᠤᠨ ᠣᠷᠳᠤᠨ ᠤ ᠣᠷᠴᠢᠭᠤᠯᠬᠤ ᠭᠠᠵᠠᠷ ᠲᠤ ᠠᠵᠢᠯ ᠤᠨ ᠬᠤᠪᠢᠶᠠᠷᠢ ᠠᠪᠴᠠᠢ᠃1982 ᠤᠨ ᠳᠤ ᠰᠢᠨᠵᠢᠶᠠᠩ ᠤᠨ ᠠᠯᠳᠠᠢ ᠤᠷᠤᠨ ᠳᠤ ᠲᠤᠮᠢᠯᠠᠭᠳᠠᠨ᠂ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠰᠤᠭᠤᠮ ᠢ ᠰᠢᠯᠭᠠᠨ ᠪᠠᠶᠢᠴᠠᠭᠠᠬᠤ ᠠᠩᠬᠢ ᠳᠤ ᠣᠷᠴᠢᠭᠤᠯᠤᠭᠴᠢ ᠪᠠᠷ ᠠᠵᠢᠯᠯᠠᠪᠠ᠃ 1991 ᠣᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ  ᠮᠠᠰᠲ᠋ᠧᠷ ᠴᠤᠯᠠ ᠬᠠᠮᠠᠭᠠᠯᠠᠵᠤ᠂ 2003 ᠤᠨ ᠳᠤ ᠹᠢᠨᠯᠠᠨᠳ᠋ ᠤᠯᠤᠰ ᠤᠨ ᠬᠡᠸ᠋ᠯᠰᠢᠨᠺᠢ ᠶᠡᠭᠡ ᠰᠤᠷᠭᠠᠭᠤᠯᠢ ᠶᠢᠨ ᠠᠽᠢᠶ᠎ᠠ ᠠᠹᠷᠢᠺᠠ ᠶᠢᠨ ᠰᠤᠳᠤᠯᠭᠠᠨ ᠤ ᠬᠦᠷᠢᠶᠡᠯᠡᠩ ᠳᠤ ᠰᠤᠷᠪᠤᠯᠵᠢᠯᠠᠭᠴᠢ ᠡᠷᠳᠡᠮᠳᠡᠨ ᠤ ᠠᠵᠢᠯᠯᠠᠭᠰᠠᠨ ᠢᠶᠠᠷ ᠪᠠᠷᠠᠬᠤ ᠦᠭᠡᠢ ᠲᠤᠰ ᠰᠤᠷᠭᠠᠭᠤᠯᠢ ᠶᠢᠨ ᠬᠦᠮᠦᠡᠯᠢᠭ ᠤᠨ ᠤᠬᠠᠭᠠᠨ ᠤ ᠲᠡᠭᠡᠳᠦ ᠰᠤᠷᠭᠠᠭᠤᠯᠢ ᠳᠤ ᠬᠡᠯᠡ ᠰᠢᠨᠵᠢᠯᠡᠯ ᠤᠨ ᠳ᠋ᠣᠺᠲ᠋ᠣᠷ ᠴᠤᠯᠠ ᠬᠠᠮᠠᠭᠠᠯᠠᠪᠠ᠃       ᠤᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠎ ᠳᠤ ᠳ᠋ᠣᠺᠲ᠋ᠣᠷ᠂ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠦᠭᠡᠳ ᠤᠷᠴᠢᠨ ᠴᠠᠭ ᠤᠨ ᠮᠤᠩᠭᠤᠯ ᠬᠡᠯᠡ ᠬᠢᠭᠡᠳ ᠨᠤᠲᠤᠭ ᠤᠨ ᠠᠶᠠᠯᠭᠤᠨ ᠤ ᠰᠤᠳᠤᠯᠤᠯ ᠬᠡᠮᠡᠬᠦ ᠰᠤᠳᠤᠯᠭᠠᠨ ᠤ ᠴᠢᠭᠯᠡᠯ ᠤᠨ ᠬᠠᠷᠢᠭᠤᠴᠠᠯᠭᠠᠳᠠᠨ ᠪᠠ ᠡᠷᠳᠡᠮ ᠰᠢᠨᠵᠢᠯᠡᠭᠡᠨ ᠤ ᠲᠠᠭᠠᠭᠤᠯᠤᠭᠴᠢ ᠪᠠᠷ ᠠᠵᠢᠯᠯᠠᠵᠤ᠃ ᠲᠡᠷᠡ ᠪᠠᠷ ᠤᠯᠠᠨ ᠤᠯᠤᠰ ᠤᠨ ᠮᠤᠩᠭᠤᠯ ᠰᠤᠳᠤᠯᠤᠯ ᠤᠨ ᠬᠤᠯᠪᠤᠭᠠᠨ ᠤ ᠬᠡᠰᠢᠬᠦᠨ᠂ ᠶᠠᠫᠤᠨ ᠤ ᠵᠡᠬᠦᠨ ᠬᠤᠶᠢᠳᠤ ᠶᠢᠨ ᠶᠡᠭᠡ ᠰᠤᠷᠭᠠᠭᠤᠯᠢ ᠶᠢᠨ ᠵᠤᠴᠢᠮᠠᠳ ᠫᠷᠤᠹᠰᠰᠤᠷ᠂ ᠲᠤᠮᠳᠠᠳᠤ ᠤᠯᠤᠰ ᠤᠨ ᠬᠡᠯᠡ ᠰᠢᠨᠵᠢᠯᠡᠯ ᠤᠨ ᠨᠡᠶᠢᠭᠡᠮᠯᠢᠭ ᠤᠨ ᠭᠡᠰᠢᠬᠦᠨ᠂ ᠲᠤᠮᠳᠠᠳᠤ ᠤᠯᠤᠰ ᠤᠨ ᠮᠤᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠭᠡᠷᠡᠭ ᠡᠷᠬᠢᠯᠡᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠺᠤᠮᠢᠰ ᠤᠨ ᠪᠠᠶᠢᠩᠭᠤ ᠶᠢᠨ ᠬᠡᠰᠢᠭᠦᠨ ᠵᠡᠷᠭᠡ ᠤᠯᠠᠨ ᠡᠭᠦᠷᠭᠡ ᠲᠤᠰᠢᠶᠠᠯ ᠢ ᠬᠠᠷᠢᠭᠤᠴᠠᠵᠤ ᠪᠤᠢ᠃ ᠤᠷᠴᠢᠨ ᠴᠠᠭ ᠤᠨ ᠮᠤᠩᠭᠤᠯ  ᠬᠡᠯᠡ ᠬᠢᠬᠡᠳ ᠨᠤᠲᠤᠭ ᠤᠨ ᠠᠶᠠᠯᠭᠤᠨ ᠤ ᠰᠤᠳᠤᠯᠤᠯ ᠤᠨ ᠲᠠᠯ᠎ᠠ ᠪᠠᠷ ︽ᠪᠤᠷᠤᠲᠠᠯ᠎ᠠ ᠶᠢᠨ ᠴᠠᠬᠠᠷ ᠠᠮᠠᠨ ᠠᠶᠠᠯᠭᠤᠨ ᠤ ᠪᠠᠶᠢᠴᠠᠭᠠᠨ ᠰᠤᠳᠤᠯᠤᠯᠳᠠ︾᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠲᠦᠰᠦᠯ ︽ᠪᠠᠷᠠᠭᠤᠨ ᠤᠷᠤᠨ ᠤ ᠮᠤᠩᠭᠤᠯ ᠬᠡᠯᠡᠨ ᠤ ᠨᠤᠲᠤᠭ ᠤᠨ ᠠᠶᠠᠯᠭᠤᠨ ᠤ ᠭᠠᠵᠠᠷ ᠤᠨ ᠵᠢᠷᠤᠭ ᠤᠨ ᠰᠤᠳᠤᠯᠭ᠎ᠠ︾ ᠵᠡᠷᠭᠡ ᠰᠢᠨᠵᠢᠯᠡᠭᠡᠨ ᠤ ᠰᠡᠳᠦᠪ ᠤᠳ ᠢ ᠡᠷᠬᠢᠯᠡᠨ ᠬᠦᠢᠴᠡᠳᠭᠡᠭᠰᠡᠨ ᠪᠦᠭᠡᠳ ︽ᠮᠤᠩᠭᠤᠯ ᠬᠡᠯᠡᠨ ᠤ ᠴᠠᠬᠠᠷ ᠠᠮᠠᠨ ᠠᠶᠠᠯᠭᠤ  ᠄ ᠦᠭᠡ ᠵᠦᠢ ᠎ ᠶᠢᠨ ᠲᠤᠳᠤᠷᠬᠠᠶᠢᠯᠠᠯᠳᠠ︾ ︵ᠠᠩᠭ᠍ᠯᠢ ᠬᠡᠯᠡ ᠪᠠᠷ︶᠂ ︽ᠮᠤᠩᠭᠤᠯ ᠬᠡᠯᠡᠨ ᠤ ᠨᠤᠲᠤᠭ ᠤᠨ ᠠᠶᠠᠯᠭᠤᠨ ᠤ ᠰᠢᠨᠵᠢᠯᠡᠯ ᠤᠨ ᠤᠳᠤᠷᠢᠳᠬᠠᠯ︾  ᠂ ︽ᠮᠤᠩᠭᠤᠯ ᠬᠡᠯᠨ ᠤ ᠨᠤᠲᠤᠭ ᠤᠨ ᠠᠶᠠᠯᠭᠤᠨ ᠤ ᠲᠦᠯᠦᠭᠡᠨ ᠤ ᠨᠡᠷ᠎ᠡ ᠶᠢᠨ ᠬᠠᠷᠢᠴᠠᠭᠤᠯᠤᠭᠰᠠᠨ ᠰᠤᠳᠤᠯᠤᠯ︾᠂ ︽ᠰᠢᠨᠵᠢᠶᠠᠩ ᠤᠨ ᠴᠠᠬᠠᠷ ᠠᠮᠠᠨ ᠠᠶᠠᠯᠭᠤᠨ ᠤ ᠰᠣᠳᠣᠯᠣᠯ︾ ᠵᠡᠷᠭᠡ ᠡᠷᠳᠡᠮ ᠰᠢᠨᠵᠢᠯᠡᠭᠡᠨ ᠤ ᠨᠤᠮ ᠪᠤᠯᠤᠨ ᠵᠢᠭᠠᠬᠤ ᠮᠠᠲ᠋ᠧᠷᠢᠶᠠᠯ ᠢ ᠭᠡᠪᠯᠡᠬᠦᠯᠵᠠᠢ᠃        ᠲᠤᠯᠢ ᠪᠢᠴᠢᠭ ᠨᠠᠶᠢᠷᠠᠭᠤᠯᠬᠤ ᠪᠠ ᠰᠤᠳᠤᠯᠬᠤ ᠲᠠᠯ᠎ᠠ ᠪᠠᠷ᠂ ︽ᠮᠤᠩᠭᠤᠯ ᠬᠢᠳᠠᠳ ᠲᠤᠯᠢ︾᠂ ︽ᠮᠤᠩᠭᠤᠯ ᠰᠤᠳᠤᠯᠤᠯ ᠤᠨ ᠨᠡᠪᠳᠡᠷᠭᠡᠢ ᠲᠤᠯᠢ᠂ ᠦᠭᠡ ᠬᠡᠯᠡ ᠦᠰᠦᠭ ᠪᠢᠴᠢᠭ︾᠂ ︽ᠰᠤᠷᠤᠭᠴᠢ ᠶᠢᠨ  ᠮᠤᠩᠭᠤᠯ ᠬᠡᠯᠡᠨ ᠤ ᠤᠯᠠᠨ ᠬᠡᠷᠡᠭᠴᠡᠭᠡᠳᠦ ᠲᠤᠯᠢ︾ ᠵᠡᠷᠭᠡ ᠲᠤᠯᠢ ᠪᠢᠴᠢᠭ ᠨᠠᠶᠢᠷᠠᠭᠤᠯᠬᠤ ᠠᠵᠢᠯ ᠳᠤ ᠪᠡᠶᠡᠴᠢᠯᠡᠨ ᠤᠷᠤᠯᠴᠠᠪᠠ᠃        ᠮᠤᠩᠭᠤᠯ ᠬᠡᠯᠡᠨ ᠤ ᠲᠦᠷᠢᠮᠵᠢᠯ ᠪᠠᠷᠢᠮᠵᠢᠶᠡᠯᠡᠯ ᠤᠨ ᠲᠠᠯ᠎ᠠ ᠪᠠᠷ ᠶᠡᠬᠡᠭᠡᠨ ᠬᠤᠪᠢ ᠨᠡᠮᠡᠷᠢ ᠦᠵᠡᠭᠦᠯᠵᠤ᠂ ︽ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠤᠨ ᠲᠡᠷᠢᠬᠦᠨ ᠤ ᠬᠤᠪᠢ ᠬᠦᠮᠦᠨ︾᠎ ᠢᠶᠠᠷ ᠴᠤᠯᠠᠯᠠᠭᠳᠠᠨ ᠰᠠᠶᠢᠰᠢᠶᠠᠭᠳᠠᠵᠠᠢ᠃        ᠤᠷᠴᠢᠮ ᠤᠨ ᠵᠢᠯ ᠤᠳ ᠲᠤ ᠰᠡᠴᠡᠨᠪᠠᠭᠠᠳᠤᠷ ᠴᠠᠬᠠᠷ ᠤ ᠲᠡᠦᠬᠡ ᠰᠤᠶᠤᠯ ᠤᠨ ᠰᠤᠳᠤᠯᠭᠠᠨ ᠤ ᠠᠵᠢᠯ ᠳᠤ ᠢᠳᠡᠪᠬᠢᠯᠡᠨ ᠤᠷᠤᠯᠴᠠᠨ᠂ ︽ᠲᠤᠷᠭᠠᠨ ᠴᠠᠬᠠᠷ ᠰᠤᠶᠤᠯ ᠤᠨ ᠦᠯᠦᠭᠡᠢ︾᠂ ︽ᠴᠠᠬᠠᠷ ᠤᠨ ᠲᠡᠦᠬᠡ︾ ᠵᠡᠷᠭᠡ ᠲᠤᠮᠤᠬᠠᠨ ᠪᠦᠳᠦᠭᠡᠯ ᠳᠤ ᠤᠷᠤᠯᠴᠠᠨ ᠠᠵᠢᠯᠠᠯᠵᠤ᠂ ︽ᠬᠦᠭᠵᠢᠮ ᠤᠨ ᠮᠠᠯᠮᠡᠢ ᠬᠡᠶᠢᠭᠰᠡᠨ ᠬᠦᠮᠦᠨ — ᠭᠤ᠂ ᠴᠡᠩᠭᠡᠯᠳᠤ︾ ᠭᠡᠳᠡᠭ ᠨᠤᠮ ᠢ ᠡᠮᠬᠢᠳᠭᠡᠨ ᠨᠠᠶᠢᠷᠠᠭᠤᠯᠪᠠ᠃        ᠮᠤᠩᠭᠤᠯ ᠰᠤᠳᠤᠯᠤᠯ ᠳᠤ ᠮᠠᠬᠠᠷᠠᠨ ᠵᠢᠳᠬᠦᠭᠰᠡᠨ ᠭᠤᠴᠢᠭᠠᠳ ᠵᠢᠯ ᠤᠨ ᠲᠤᠷᠰᠢ ᠡᠷᠳᠡᠮ ᠰᠢᠨᠵᠢᠯᠡᠭᠡᠨ ᠤ ᠨᠤᠮ ᠨᠤᠯᠤᠨ ᠵᠢᠭᠠᠬᠤ ᠮᠠᠲ᠋ᠧᠷᠢᠶᠠᠯ ᠨᠡᠶᠢᠳᠡ6 ᠪᠤᠳᠢ᠂ 50 ᠭᠠᠷᠦᠢ ᠦᠭᠦᠯᠡᠯ ᠨᠡᠶᠢᠳᠡᠯᠡᠭᠦᠯᠦᠭᠰᠡᠨ ᠪᠠᠶᠢᠨ᠎ᠠ᠃20 ᠰᠢᠬᠠᠮ ᠳ᠋ᠣᠺᠲ᠋ᠣᠷᠠᠨᠲ᠂30 ᠭᠠᠷᠤᠢ ᠠᠰᠫᠢᠷᠠᠨᠲ ᠬᠦᠮᠦᠵᠢᠭᠦᠯᠦᠨ᠂ ᠰᠤᠷᠭᠠᠨ ᠬᠦᠮᠦᠵᠢᠯ ᠤᠨ ᠦᠢᠯᠡᠰ ᠲᠤ ᠮᠠᠰᠢ ᠴᠢᠬᠤᠯᠠ ᠬᠤᠪᠢ ᠨᠡᠮᠡᠷᠢ ᠦᠵᠡᠭᠦᠯᠪᠡ᠃    
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号