ᠴᠦᠮ᠎ᠡ ᠶᠢᠨ ᠡᠷᠳᠡᠮᠳᠡᠨ — ᠬᠠᠷᠠᠨᠤᠳ ᠰᠦᠬᠡ
ᠨᠡᠶᠢᠲᠡᠯᠡᠭᠰᠡᠨ ᠴᠠᠭ᠄
2019/11/29
      ᠴᠦᠮ᠎ᠡ ᠶᠢᠨ ᠢᠨᠵᠧᠨ᠋ᠷᠢᠩ ᠤᠨ ᠤᠬᠠᠭᠠᠨ ᠤ ᠳ᠋ᠣᠺᠲ᠋ᠤᠷ ᠬᠠᠷᠠᠨᠤᠳ ᠰᠦᠬᠡ ᠬᠦᠪᠡᠭᠡᠳᠦ ᠰᠢᠷ᠎ᠠ ᠬᠤᠰᠢᠭᠤᠨ ᠎ ᠤ ᠵᠢᠷᠭᠤᠳᠤᠭᠠᠷ ᠰᠤᠮᠤ ᠶᠢᠨ ᠤᠤᠭᠠᠯ ᠬᠠᠷᠢᠶᠠᠳᠤ᠃ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠬᠤᠰᠢᠭᠤ ᠠᠮᠪᠠᠨ ᠬᠠᠷᠠᠨᠤᠳ ᠤᠪᠤᠭᠳᠤ ᠮᠦᠭᠳᠡᠨᠪᠤᠤ ᠪᠠᠯ ᠲᠡᠬᠦᠨ ᠤ ᠡᠪᠦᠭᠡ ᠪᠤᠯᠤᠨ᠎ᠠ᠃ ᠰᠦᠬᠡ ᠲᠦᠪ ᠤᠨ ᠦᠨᠳᠦᠰᠦᠳᠡᠨ ᠎ ᠤ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠰᠤᠷᠭᠠᠭᠤᠯᠢ ᠳᠤ ᠪᠠᠨ ᠦᠯᠡᠳᠡᠨ ᠪᠠᠭᠰᠢᠯᠠᠪᠠ᠃ 2000 ᠤᠨ ᠳᠤ ᠶᠠᠫᠤᠨ ᠤ ᠲᠤᠤᠺᠢᠤ᠋ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠴᠦᠮ᠎ᠡ ᠶᠢᠨ ᠢᠨᠵᠧᠨ᠋ᠷᠢᠩ ᠎ ᠤᠨ ᠤᠬᠠᠭᠠᠨ ᠤ ᠳ᠋ᠣᠺᠲ᠋ᠤᠷ ᠴᠤᠯᠠ ᠬᠠᠮᠠᠭᠠᠯᠠᠪᠠ᠃ ᠶᠠᠫᠤᠨ ᠤ ᠠᠯᠳᠠᠷᠳᠤ ᠴᠦᠮ᠎ᠡ ᠶᠢᠨ ᠤᠬᠠᠭᠠᠨ ᠤ ᠡᠷᠳᠡᠮᠳᠡᠨ ᠢᠭᠠᠰᠢᠷᠠ ᠮᠠᠰᠠᠶᠦᠺᠢ ᠫᠷᠤᠹᠧᠰᠰᠤᠷ ᠢ ᠲᠠᠭᠠᠨ ᠬᠦᠨᠳᠤ ᠡᠯᠧᠮᠧᠨ᠋ᠲ ᠵᠢᠴᠢ ᠨᠧᠲᠷᠦᠨ ᠤ ᠬᠠᠭᠠᠷᠠᠯᠳᠠ ᠠᠴᠠ ᠡᠬᠦᠰᠦᠭᠰᠡᠨ ᠪᠤᠳᠠᠰ ᠤᠨ ᠤᠯᠠᠷᠢᠯᠳᠠ ᠶᠢᠨ ᠰᠤᠳᠤᠯᠭᠠᠨ ᠵᠢᠴᠢ ᠠᠩᠬᠠᠨ ᠤ ᠤᠷᠴᠢᠯᠠᠩ ᠤᠨ ᠬᠦᠨᠳᠦ ᠡᠯᠧᠮᠧᠨ᠋ᠲ ᠤ ᠰᠤᠳᠤᠯᠭᠠᠨ ᠢ ᠬᠢᠵᠠᠢ᠃ ᠳ᠋ᠣᠺᠲ᠋ᠣᠷ ᠴᠣᠯᠠ ᠬᠠᠮᠠᠭᠠᠯᠠᠭᠰᠠᠨ ᠤ ᠳᠠᠷᠠᠭ᠎ᠠ ᠠᠮᠧᠷᠢᠺᠠ ᠳᠤ ᠬᠦᠷᠴᠤ ᠰᠤᠳᠤᠯᠭᠠᠨ ᠤ ᠠᠵᠢᠯ ᠢᠶᠠᠨ ᠤᠯᠠᠮ ᠬᠦᠨᠵᠡᠭᠡᠶᠢᠷᠡᠬᠦᠯᠪᠡ᠃ ᠰᠦᠬᠡ ᠭᠡᠷᠭᠡᠢ  ᠎ ᠲᠠᠢ ᠪᠠᠨ‌ᠭᠤᠷᠪᠠᠨ ᠦᠬᠢᠨ ᠲᠠᠢ᠃ ᠤᠳᠤ ᠠᠮᠧᠷᠢᠺᠠ ᠎ ᠶᠢᠨ ᠨᠠᠶᠢᠰᠯᠡᠯ ᠸᠠᠰᠢᠩᠲ᠋ᠣᠨ ᠬᠤᠳᠠᠨ ᠳᠤ ᠠᠮᠢᠳᠤᠷᠠᠵᠤ ᠪᠤᠢ᠃ ᠲᠡᠨᠳᠡ ᠳᠤ ᠮᠤᠩᠭᠤᠯ ᠰᠤᠷᠭᠠᠭᠤᠯᠢ ᠡᠭᠦᠰᠭᠡᠨ ᠪᠠᠶᠢᠭᠤᠯᠵᠤ᠂ ᠬᠠᠷᠢ ᠬᠦᠷᠦᠨ ᠳᠤ ᠮᠤᠩᠭᠤᠯ ᠰᠤᠶᠤᠯ ᠲᠡᠦᠬᠡ ᠪᠠᠨ ᠤᠯᠠᠮᠵᠢᠯᠠᠨ ᠲᠡᠯᠭᠡᠷᠡᠬᠦᠯᠵᠤ ᠶᠠᠪᠤᠭ᠎ᠠ ᠶᠢᠨ ᠨᠢᠭᠡ ᠪᠤᠯᠤᠨ᠎ᠠ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号