ᠬᠡᠯᠡ ᠪᠢᠴᠢᠭ ᠤᠨ ᠤᠬᠠᠭᠠᠨ ᠤ ᠡᠷᠳᠡᠮᠳᠡᠨ ᠰᠡᠴᠡᠨᠪᠠᠭᠠᠲᠤᠷ
ᠨᠡᠶᠢᠲᠡᠯᠡᠭᠰᠡᠨ ᠴᠠᠭ᠄
2019/11/29
     ᠰᠡᠴᠡᠨᠪᠠᠭᠠᠳᠤᠷ ᠬᠦᠪᠡᠭᠡᠳᠦ ᠰᠢᠷ᠎ᠠ ᠬᠤᠰᠢᠭᠤᠨ ᠤ ᠤᠤᠯ ᠤᠨ ᠰᠢᠨᠡᠪᠤᠯᠠᠭ ᠰᠤᠮᠤᠨ ᠤ ᠬᠦᠮᠦᠨ᠃ ᠪᠠᠭ᠎ᠠ ᠳᠤ  ᠪᠠᠨ ᠬᠡᠷ ᠪᠦᠯᠢ ᠪᠠᠷ ᠢᠶᠠᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ ᠨᠡᠭᠦᠨ ᠰᠠᠭᠤᠷᠢᠰᠢᠪᠠ᠃      1978 ᠤᠨ ᠳᠤ ᠦᠪᠦᠷ ᠮᠤᠩᠭᠤᠯ ᠤ ᠮᠤᠩᠭᠤᠯ ᠬᠡᠯ᠎ᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ  ᠶᠢᠨ ᠤᠷᠴᠢᠭᠤᠯᠭ᠎ᠠ ᠶᠢᠨ ᠠᠩᠬᠢ ᠳᠤ ᠰᠢᠯᠭᠠᠭᠳᠠᠨ ᠤᠷᠤᠵᠤ ᠰᠤᠷᠤᠯᠴᠠᠭᠰᠠᠨ ᠪᠦᠭᠡᠳ1980 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠶᠢᠨ ᠠᠷᠠᠳ ᠤᠨ ᠵᠠᠰᠠᠭ ᠤᠨ ᠣᠷᠳᠤᠨ ᠤ ᠣᠷᠴᠢᠭᠤᠯᠬᠤ ᠭᠠᠵᠠᠷ ᠲᠤ ᠠᠵᠢᠯ ᠤᠨ ᠬᠤᠪᠢᠶᠠᠷᠢ ᠠᠪᠴᠠᠢ᠃1982 ᠤᠨ ᠳᠤ ᠰᠢᠨᠵᠢᠶᠠᠩ ᠤᠨ ᠠᠯᠳᠠᠢ ᠤᠷᠤᠨ ᠳᠤ ᠲᠤᠮᠢᠯᠠᠭᠳᠠᠨ᠂ ᠲᠤᠮᠳᠠᠳᠤ ᠮᠤᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠰᠤᠭᠤᠮ ᠢ ᠰᠢᠯᠭᠠᠨ ᠪᠠᠶᠢᠴᠠᠭᠠᠬᠤ ᠠᠩᠬᠢ ᠳᠤ ᠣᠷᠴᠢᠭᠤᠯᠤᠭᠴᠢ ᠪᠠᠷ ᠠᠵᠢᠯᠯᠠᠪᠠ᠃ 1991 ᠣᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ  ᠮᠠᠰᠲ᠋ᠧᠷ ᠴᠤᠯᠠ ᠬᠠᠮᠠᠭᠠᠯᠠᠵᠤ᠂ 2003 ᠤᠨ ᠳᠤ ᠹᠢᠨᠯᠠᠨᠳ᠋ ᠤᠯᠤᠰ ᠤᠨ ᠬᠡᠸ᠋ᠯᠰᠢᠨᠺᠢ ᠶᠡᠭᠡ ᠰᠤᠷᠭᠠᠭᠤᠯᠢ ᠶᠢᠨ ᠠᠽᠢᠶ᠎ᠠ ᠠᠹᠷᠢᠺᠠ ᠶᠢᠨ ᠰᠤᠳᠤᠯᠭᠠᠨ ᠤ ᠬᠦᠷᠢᠶᠡᠯᠡᠩ ᠳᠤ ᠰᠤᠷᠪᠤᠯᠵᠢᠯᠠᠭᠴᠢ ᠡᠷᠳᠡᠮᠳᠡᠨ ᠤ ᠠᠵᠢᠯᠯᠠᠭᠰᠠᠨ ᠢᠶᠠᠷ ᠪᠠᠷᠠᠬᠤ ᠦᠭᠡᠢ ᠲᠤᠰ ᠰᠤᠷᠭᠠᠭᠤᠯᠢ ᠶᠢᠨ ᠬᠦᠮᠦᠡᠯᠢᠭ ᠤᠨ ᠤᠬᠠᠭᠠᠨ ᠤ ᠲᠡᠭᠡᠳᠦ ᠰᠤᠷᠭᠠᠭᠤᠯᠢ ᠳᠤ ᠬᠡᠯᠡ ᠰᠢᠨᠵᠢᠯᠡᠯ ᠤᠨ ᠳ᠋ᠣᠺᠲ᠋ᠣᠷ ᠴᠤᠯᠠ ᠬᠠᠮᠠᠭᠠᠯᠠᠪᠠ᠃       ᠤᠳᠤ ᠦᠪᠦᠷ ᠮᠣᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ  ᠳᠤ ᠳ᠋ᠣᠺᠲ᠋ᠣᠷ᠂ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠦᠭᠡᠳ ᠤᠷᠴᠢᠨ ᠴᠠᠭ ᠤᠨ ᠮᠤᠩᠭᠤᠯ ᠬᠡᠯᠡ ᠬᠢᠭᠡᠳ ᠨᠤᠲᠤᠭ ᠤᠨ ᠠᠶᠠᠯᠭᠤᠨ ᠤ ᠰᠤᠳᠤᠯᠤᠯ ᠬᠡᠮᠡᠬᠦ ᠰᠤᠳᠤᠯᠭᠠᠨ ᠤ ᠴᠢᠭᠯᠡᠯ ᠤᠨ ᠬᠠᠷᠢᠭᠤᠴᠠᠯᠭᠠᠳᠠᠨ ᠪᠠ ᠡᠷᠳᠡᠮ ᠰᠢᠨᠵᠢᠯᠡᠭᠡᠨ ᠤ ᠲᠠᠭᠠᠭᠤᠯᠤᠭᠴᠢ ᠪᠠᠷ ᠠᠵᠢᠯᠯᠠᠵᠤ᠃ ᠲᠡᠷᠡ ᠪᠠᠷ ᠤᠯᠠᠨ ᠤᠯᠤᠰ ᠤᠨ ᠮᠤᠩᠭᠤᠯ ᠰᠤᠳᠤᠯᠤᠯ ᠤᠨ ᠬᠤᠯᠪᠤᠭᠠᠨ ᠤ ᠬᠡᠰᠢᠬᠦᠨ᠂ ᠶᠠᠫᠤᠨ ᠤ ᠵᠡᠬᠦᠨ ᠬᠤᠶᠢᠳᠤ ᠶᠢᠨ ᠶᠡᠭᠡ ᠰᠤᠷᠭᠠᠭᠤᠯᠢ ᠶᠢᠨ ᠵᠤᠴᠢᠮᠠᠳ ᠫᠷᠤᠹᠰᠰᠤᠷ᠂ ᠲᠤᠮᠳᠠᠳᠤ ᠤᠯᠤᠰ ᠤᠨ ᠬᠡᠯᠡ ᠰᠢᠨᠵᠢᠯᠡᠯ ᠤᠨ ᠨᠡᠶᠢᠭᠡᠮᠯᠢᠭ ᠤᠨ ᠭᠡᠰᠢᠬᠦᠨ᠂ ᠲᠤᠮᠳᠠᠳᠤ ᠤᠯᠤᠰ ᠤᠨ ᠮᠤᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠭᠡᠷᠡᠭ ᠡᠷᠬᠢᠯᠡᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠺᠤᠮᠢᠰ ᠤᠨ ᠪᠠᠶᠢᠩᠭᠤ ᠶᠢᠨ ᠬᠡᠰᠢᠭᠦᠨ ᠵᠡᠷᠭᠡ ᠤᠯᠠᠨ ᠡᠭᠦᠷᠭᠡ ᠲᠤᠰᠢᠶᠠᠯ ᠢ ᠬᠠᠷᠢᠭᠤᠴᠠᠵᠤ ᠪᠤᠢ᠃ ᠤᠷᠴᠢᠨ ᠴᠠᠭ ᠤᠨ ᠮᠤᠩᠭᠤᠯ  ᠬᠡᠯᠡ ᠬᠢᠬᠡᠳ ᠨᠤᠲᠤᠭ ᠤᠨ ᠠᠶᠠᠯᠭᠤᠨ ᠤ ᠰᠤᠳᠤᠯᠤᠯ ᠤᠨ ᠲᠠᠯ᠎ᠠ ᠪᠠᠷ ︽ᠪᠤᠷᠤᠲᠠᠯ᠎ᠠ ᠶᠢᠨ ᠴᠠᠬᠠᠷ ᠠᠮᠠᠨ ᠠᠶᠠᠯᠭᠤᠨ ᠤ ᠪᠠᠶᠢᠴᠠᠭᠠᠨ ᠰᠤᠳᠤᠯᠤᠯᠳᠠ︾᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠲᠦᠰᠦᠯ ︽ᠪᠠᠷᠠᠭᠤᠨ ᠤᠷᠤᠨ ᠤ ᠮᠤᠩᠭᠤᠯ ᠬᠡᠯᠡᠨ ᠤ ᠨᠤᠲᠤᠭ ᠤᠨ ᠠᠶᠠᠯᠭᠤᠨ ᠤ ᠭᠠᠵᠠᠷ ᠤᠨ ᠵᠢᠷᠤᠭ ᠤᠨ ᠰᠤᠳᠤᠯᠭ᠎ᠠ︾ ᠵᠡᠷᠭᠡ ᠰᠢᠨᠵᠢᠯᠡᠭᠡᠨ ᠤ ᠰᠡᠳᠦᠪ ᠤᠳ ᠢ ᠡᠷᠬᠢᠯᠡᠨ ᠬᠦᠢᠴᠡᠳᠭᠡᠭᠰᠡᠨ ᠪᠦᠭᠡᠳ ︽ᠮᠤᠩᠭᠤᠯ ᠬᠡᠯᠡᠨ ᠤ ᠴᠠᠬᠠᠷ ᠠᠮᠠᠨ ᠠᠶᠠᠯᠭᠤ  ᠄ ᠦᠭᠡ ᠵᠦᠢ  ᠶᠢᠨ ᠲᠤᠳᠤᠷᠬᠠᠶᠢᠯᠠᠯᠳᠠ︾ ︵ᠠᠩᠭ᠍ᠯᠢ ᠬᠡᠯᠡ ᠪᠠᠷ︶᠂ ︽ᠮᠤᠩᠭᠤᠯ ᠬᠡᠯᠡᠨ ᠤ ᠨᠤᠲᠤᠭ ᠤᠨ ᠠᠶᠠᠯᠭᠤᠨ ᠤ ᠰᠢᠨᠵᠢᠯᠡᠯ ᠤᠨ ᠤᠳᠤᠷᠢᠳᠬᠠᠯ︾  ᠂ ︽ᠮᠤᠩᠭᠤᠯ ᠬᠡᠯᠨ ᠤ ᠨᠤᠲᠤᠭ ᠤᠨ ᠠᠶᠠᠯᠭᠤᠨ ᠤ ᠲᠦᠯᠦᠭᠡᠨ ᠤ ᠨᠡᠷ᠎ᠡ ᠶᠢᠨ ᠬᠠᠷᠢᠴᠠᠭᠤᠯᠤᠭᠰᠠᠨ ᠰᠤᠳᠤᠯᠤᠯ︾᠂ ︽ᠰᠢᠨᠵᠢᠶᠠᠩ ᠤᠨ ᠴᠠᠬᠠᠷ ᠠᠮᠠᠨ ᠠᠶᠠᠯᠭᠤᠨ ᠤ ᠰᠣᠳᠣᠯᠣᠯ︾ ᠵᠡᠷᠭᠡ ᠡᠷᠳᠡᠮ ᠰᠢᠨᠵᠢᠯᠡᠭᠡᠨ ᠤ ᠨᠤᠮ ᠪᠤᠯᠤᠨ ᠵᠢᠭᠠᠬᠤ ᠮᠠᠲ᠋ᠧᠷᠢᠶᠠᠯ ᠢ ᠭᠡᠪᠯᠡᠬᠦᠯᠵᠠᠢ᠃        ᠲᠤᠯᠢ ᠪᠢᠴᠢᠭ ᠨᠠᠶᠢᠷᠠᠭᠤᠯᠬᠤ ᠪᠠ ᠰᠤᠳᠤᠯᠬᠤ ᠲᠠᠯ᠎ᠠ ᠪᠠᠷ᠂ ︽ᠮᠤᠩᠭᠤᠯ ᠬᠢᠳᠠᠳ ᠲᠤᠯᠢ︾᠂ ︽ᠮᠤᠩᠭᠤᠯ ᠰᠤᠳᠤᠯᠤᠯ ᠤᠨ ᠨᠡᠪᠳᠡᠷᠭᠡᠢ ᠲᠤᠯᠢ᠂ ᠦᠭᠡ ᠬᠡᠯᠡ ᠦᠰᠦᠭ ᠪᠢᠴᠢᠭ︾᠂ ︽ᠰᠤᠷᠤᠭᠴᠢ ᠶᠢᠨ  ᠮᠤᠩᠭᠤᠯ ᠬᠡᠯᠡᠨ ᠤ ᠤᠯᠠᠨ ᠬᠡᠷᠡᠭᠴᠡᠭᠡᠳᠦ ᠲᠤᠯᠢ︾ ᠵᠡᠷᠭᠡ ᠲᠤᠯᠢ ᠪᠢᠴᠢᠭ ᠨᠠᠶᠢᠷᠠᠭᠤᠯᠬᠤ ᠠᠵᠢᠯ ᠳᠤ ᠪᠡᠶᠡᠴᠢᠯᠡᠨ ᠤᠷᠤᠯᠴᠠᠪᠠ᠃        ᠮᠤᠩᠭᠤᠯ ᠬᠡᠯᠡᠨ ᠤ ᠲᠦᠷᠢᠮᠵᠢᠯ ᠪᠠᠷᠢᠮᠵᠢᠶᠡᠯᠡᠯ ᠤᠨ ᠲᠠᠯ᠎ᠠ ᠪᠠᠷ ᠶᠡᠬᠡᠭᠡᠨ ᠬᠤᠪᠢ ᠨᠡᠮᠡᠷᠢ ᠦᠵᠡᠭᠦᠯᠵᠤ᠂ ︽ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠠᠵᠢᠯ ᠤᠨ ᠲᠡᠷᠢᠬᠦᠨ ᠤ ᠬᠤᠪᠢ ᠬᠦᠮᠦᠨ︾ ᠢᠶᠠᠷ ᠴᠤᠯᠠᠯᠠᠭᠳᠠᠨ ᠰᠠᠶᠢᠰᠢᠶᠠᠭᠳᠠᠵᠠᠢ᠃        ᠤᠷᠴᠢᠮ ᠤᠨ ᠵᠢᠯ ᠤᠳ ᠲᠤ ᠰᠡᠴᠡᠨᠪᠠᠭᠠᠳᠤᠷ ᠴᠠᠬᠠᠷ ᠤ ᠲᠡᠦᠬᠡ ᠰᠤᠶᠤᠯ ᠤᠨ ᠰᠤᠳᠤᠯᠭᠠᠨ ᠤ ᠠᠵᠢᠯ ᠳᠤ ᠢᠳᠡᠪᠬᠢᠯᠡᠨ ᠤᠷᠤᠯᠴᠠᠨ᠂ ︽ᠲᠤᠷᠭᠠᠨ ᠴᠠᠬᠠᠷ ᠰᠤᠶᠤᠯ ᠤᠨ ᠦᠯᠦᠭᠡᠢ︾᠂ ︽ᠴᠠᠬᠠᠷ ᠤᠨ ᠲᠡᠦᠬᠡ︾ ᠵᠡᠷᠭᠡ ᠲᠤᠮᠤᠬᠠᠨ ᠪᠦᠳᠦᠭᠡᠯ ᠳᠤ ᠤᠷᠤᠯᠴᠠᠨ ᠠᠵᠢᠯᠠᠯᠵᠤ᠂ ︽ᠬᠦᠭᠵᠢᠮ ᠤᠨ ᠮᠠᠯᠮᠡᠢ ᠬᠡᠶᠢᠭᠰᠡᠨ ᠬᠦᠮᠦᠨ — ᠭᠤ᠂ ᠴᠡᠩᠭᠡᠯᠳᠤ︾ ᠭᠡᠳᠡᠭ ᠨᠤᠮ ᠢ ᠡᠮᠬᠢᠳᠭᠡᠨ ᠨᠠᠶᠢᠷᠠᠭᠤᠯᠪᠠ᠃        ᠮᠤᠩᠭᠤᠯ ᠰᠤᠳᠤᠯᠤᠯ ᠳᠤ ᠮᠠᠬᠠᠷᠠᠨ ᠵᠢᠳᠬᠦᠭᠰᠡᠨ ᠭᠤᠴᠢᠭᠠᠳ ᠵᠢᠯ ᠤᠨ ᠲᠤᠷᠰᠢ ᠡᠷᠳᠡᠮ ᠰᠢᠨᠵᠢᠯᠡᠭᠡᠨ ᠤ ᠨᠤᠮ ᠨᠤᠯᠤᠨ ᠵᠢᠭᠠᠬᠤ ᠮᠠᠲ᠋ᠧᠷᠢᠶᠠᠯ ᠨᠡᠶᠢᠳᠡ6 ᠪᠤᠳᠢ᠂ 50 ᠭᠠᠷᠦᠢ ᠦᠭᠦᠯᠡᠯ ᠨᠡᠶᠢᠳᠡᠯᠡᠭᠦᠯᠦᠭᠰᠡᠨ ᠪᠠᠶᠢᠨ᠎ᠠ᠃20 ᠰᠢᠬᠠᠮ ᠳ᠋ᠣᠺᠲ᠋ᠣᠷᠠᠨᠲ᠂30 ᠭᠠᠷᠤᠢ ᠠᠰᠫᠢᠷᠠᠨᠲ ᠬᠦᠮᠦᠵᠢᠭᠦᠯᠦᠨ᠂ ᠰᠤᠷᠭᠠᠨ ᠬᠦᠮᠦᠵᠢᠯ ᠤᠨ ᠦᠢᠯᠡᠰ ᠲᠤ ᠮᠠᠰᠢ ᠴᠢᠬᠤᠯᠠ ᠬᠤᠪᠢ ᠨᠡᠮᠡᠷᠢ ᠦᠵᠡᠭᠦᠯᠪᠡ᠃    
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号