ᠴᠦᠮ᠎ᠡ ᠶᠢᠨ ᠡᠷᠳᠡᠮᠳᠡᠨ — ᠬᠠᠷᠠᠨᠤᠳ ᠰᠦᠬᠡ
ᠨᠡᠶᠢᠲᠡᠯᠡᠭᠰᠡᠨ ᠴᠠᠭ᠄
2019/11/29
      ᠴᠦᠮ᠎ᠡ ᠶᠢᠨ ᠢᠨᠵᠧᠨ᠋ᠷᠢᠩ ᠤᠨ ᠤᠬᠠᠭᠠᠨ ᠤ ᠳ᠋ᠣᠺᠲ᠋ᠤᠷ ᠬᠠᠷᠠᠨᠤᠳ ᠰᠦᠬᠡ ᠬᠦᠪᠡᠭᠡᠳᠦ ᠰᠢᠷ᠎ᠠ ᠬᠤᠰᠢᠭᠤᠨ  ᠤ ᠵᠢᠷᠭᠤᠳᠤᠭᠠᠷ ᠰᠤᠮᠤ ᠶᠢᠨ ᠤᠤᠭᠠᠯ ᠬᠠᠷᠢᠶᠠᠳᠤ᠃ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠬᠤᠰᠢᠭᠤ ᠠᠮᠪᠠᠨ ᠬᠠᠷᠠᠨᠤᠳ ᠤᠪᠤᠭᠳᠤ ᠮᠦᠭᠳᠡᠨᠪᠤᠤ ᠪᠠᠯ ᠲᠡᠬᠦᠨ ᠤ ᠡᠪᠦᠭᠡ ᠪᠤᠯᠤᠨ᠎ᠠ᠃ ᠰᠦᠬᠡ ᠲᠦᠪ ᠤᠨ ᠦᠨᠳᠦᠰᠦᠳᠡᠨ  ᠤ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ ᠰᠤᠷᠭᠠᠭᠤᠯᠢ ᠳᠤ ᠪᠠᠨ ᠦᠯᠡᠳᠡᠨ ᠪᠠᠭᠰᠢᠯᠠᠪᠠ᠃ 2000 ᠤᠨ ᠳᠤ ᠶᠠᠫᠤᠨ ᠤ ᠲᠤᠤᠺᠢᠤ᠋ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠴᠦᠮ᠎ᠡ ᠶᠢᠨ ᠢᠨᠵᠧᠨ᠋ᠷᠢᠩ  ᠤᠨ ᠤᠬᠠᠭᠠᠨ ᠤ ᠳ᠋ᠣᠺᠲ᠋ᠤᠷ ᠴᠤᠯᠠ ᠬᠠᠮᠠᠭᠠᠯᠠᠪᠠ᠃ ᠶᠠᠫᠤᠨ ᠤ ᠠᠯᠳᠠᠷᠳᠤ ᠴᠦᠮ᠎ᠡ ᠶᠢᠨ ᠤᠬᠠᠭᠠᠨ ᠤ ᠡᠷᠳᠡᠮᠳᠡᠨ ᠢᠭᠠᠰᠢᠷᠠ ᠮᠠᠰᠠᠶᠦᠺᠢ ᠫᠷᠤᠹᠧᠰᠰᠤᠷ ᠢ ᠲᠠᠭᠠᠨ ᠬᠦᠨᠳᠤ ᠡᠯᠧᠮᠧᠨ᠋ᠲ ᠵᠢᠴᠢ ᠨᠧᠲᠷᠦᠨ ᠤ ᠬᠠᠭᠠᠷᠠᠯᠳᠠ ᠠᠴᠠ ᠡᠬᠦᠰᠦᠭᠰᠡᠨ ᠪᠤᠳᠠᠰ ᠤᠨ ᠤᠯᠠᠷᠢᠯᠳᠠ ᠶᠢᠨ ᠰᠤᠳᠤᠯᠭᠠᠨ ᠵᠢᠴᠢ ᠠᠩᠬᠠᠨ ᠤ ᠤᠷᠴᠢᠯᠠᠩ ᠤᠨ ᠬᠦᠨᠳᠦ ᠡᠯᠧᠮᠧᠨ᠋ᠲ ᠤ ᠰᠤᠳᠤᠯᠭᠠᠨ ᠢ ᠬᠢᠵᠠᠢ᠃ ᠳ᠋ᠣᠺᠲ᠋ᠣᠷ ᠴᠣᠯᠠ ᠬᠠᠮᠠᠭᠠᠯᠠᠭᠰᠠᠨ ᠤ ᠳᠠᠷᠠᠭ᠎ᠠ ᠠᠮᠧᠷᠢᠺᠠ ᠳᠤ ᠬᠦᠷᠴᠤ ᠰᠤᠳᠤᠯᠭᠠᠨ ᠤ ᠠᠵᠢᠯ ᠢᠶᠠᠨ ᠤᠯᠠᠮ ᠬᠦᠨᠵᠡᠭᠡᠶᠢᠷᠡᠬᠦᠯᠪᠡ᠃ ᠰᠦᠬᠡ ᠭᠡᠷᠭᠡᠢ   ᠲᠠᠢ ᠪᠠᠨ‌ᠭᠤᠷᠪᠠᠨ ᠦᠬᠢᠨ ᠲᠠᠢ᠃ ᠤᠳᠤ ᠠᠮᠧᠷᠢᠺᠠ  ᠶᠢᠨ ᠨᠠᠶᠢᠰᠯᠡᠯ ᠸᠠᠰᠢᠩᠲ᠋ᠣᠨ ᠬᠤᠳᠠᠨ ᠳᠤ ᠠᠮᠢᠳᠤᠷᠠᠵᠤ ᠪᠤᠢ᠃ ᠲᠡᠨᠳᠡ ᠳᠤ ᠮᠤᠩᠭᠤᠯ ᠰᠤᠷᠭᠠᠭᠤᠯᠢ ᠡᠭᠦᠰᠭᠡᠨ ᠪᠠᠶᠢᠭᠤᠯᠵᠤ᠂ ᠬᠠᠷᠢ ᠬᠦᠷᠦᠨ ᠳᠤ ᠮᠤᠩᠭᠤᠯ ᠰᠤᠶᠤᠯ ᠲᠡᠦᠬᠡ ᠪᠠᠨ ᠤᠯᠠᠮᠵᠢᠯᠠᠨ ᠲᠡᠯᠭᠡᠷᠡᠬᠦᠯᠵᠤ ᠶᠠᠪᠤᠭ᠎ᠠ ᠶᠢᠨ ᠨᠢᠭᠡ ᠪᠤᠯᠤᠨ᠎ᠠ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号