ᠨᠣᠷᠵᠢᠮ᠎ᠠ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠨᠠᠷᠠᠨ᠋ᠠ᠋ᠭᠤᠯᠠ ᠰᠣᠮᠣᠨ ᠤ ᠭᠤᠷᠪᠠᠨ ᠬᠤᠳᠳᠤᠭ | ᠪᠠᠭ ᠤᠨ ᠮᠠᠯᠴᠢᠨ ᠰᠧᠭᠮᠢᠳ ᠤᠨ ᠤᠤᠭᠠᠨ ᠦᠬᠢᠨ ᠪᠤᠯᠤᠨ ᠵᠠᠶᠠᠭᠠᠵᠠᠢ᠃1955 ᠣᠨ ᠠᠴᠠ ᠪᠠᠶᠠᠨᠲᠠᠯ᠎ᠠ ᠪᠠᠭ᠎ᠠ | ᠰᠤᠷᠭᠠᠭᠤᠯᠢ ᠳᠤ ᠰᠤᠷᠤᠯᠴᠠᠵᠣ᠂1960 ᠣᠨ ᠳᠤ ᠬᠤᠰᠢᠭᠤ ᠤᠯᠠᠭᠠᠨᠮᠦ᠋ᠴᠢᠷ ᠲᠤ ᠡᠯᠰᠡᠭᠳᠡᠪᠡ᠃1963 | ᠣᠨ ᠠᠴᠠ ᠪᠠᠶᠠᠨᠳᠠᠯ᠎ᠠ ᠪᠠᠭ᠎ᠠ ᠰᠤᠷᠭᠠᠭᠤᠯᠢ ᠳᠤ ᠪᠠᠭᠰᠢᠯᠠᠵᠤ᠂1971 ᠣᠨ ᠠᠴᠠ ᠨᠠᠷᠠᠨ᠋ᠠ᠋ᠭᠤᠯᠠ ᠶᠢᠨ ᠭᠤᠷᠪᠠᠨ | ᠬᠤᠳᠳᠤᠭ ᠪᠠᠭ᠎ᠠ ᠰᠤᠷᠭᠠᠭᠤᠯᠢ ᠳᠤ ᠪᠠᠭᠰᠢᠯᠠᠵᠤ᠂1973 ᠣᠨ ᠠᠴᠠ ᠪᠠᠶᠠᠨᠲᠠᠯ᠎ᠠ ᠶᠢᠨ ᠪᠠᠭ᠎ᠠ ᠲᠠᠪᠤᠰᠤ | ᠪᠠᠷᠢᠭᠠᠳᠠ ᠶᠢᠨ ᠪᠠᠭ᠎ᠠ ᠰᠤᠷᠭᠠᠭᠤᠯᠢ ᠳᠤ ᠪᠠᠭᠰᠢᠠᠯᠵᠤ᠂1975 ᠣᠨ ᠳᠤ ᠪᠠᠶᠠᠨᠳᠠᠯ᠎ᠠ ᠪᠠᠭ᠎ᠠ ᠰᠤᠷᠭᠠᠭᠤᠯᠢ ᠳᠤ | ᠰᠢᠯᠵᠢᠨ ᠪᠠᠭᠰᠢᠯᠠᠪᠠ᠃1993 ᠣᠨ ᠤ4 ᠰᠠᠷ᠎ᠠ ᠳᠤ ᠨᠠᠰᠤᠨ ᠤ ᠠᠮᠠᠷᠠᠯᠲᠠ ᠪᠠᠨ ᠠᠪᠴᠠᠢ᠃ ᠪᠠᠶᠠᠨᠲᠠᠯ᠎ᠠ | ᠰᠤᠮᠤᠨ ᠤ ᠡᠯ᠎ᠡ ᠭᠠᠴᠠᠭᠠᠨ ᠤ ᠤᠳᠬ᠎ᠠ ᠤᠷᠠᠯᠢᠭ ᠲᠤ ᠠᠪᠢᠶᠠᠰ ᠲᠠᠢ ᠵᠠᠯᠠᠭᠤᠴᠤᠳ ᠪᠠᠭᠠᠴᠤᠳ ᠢ ᠵᠤᠬᠢᠶᠠᠨ | ᠪᠠᠶᠢᠭᠤᠯᠵᠤ᠂ ᠠᠵᠢᠯ ᠤᠨ ᠴᠢᠯᠦᠭᠡᠨ ᠤ ᠤᠷᠠᠯᠢᠭ ᠤᠨ ᠲᠤᠭᠯᠠᠯᠳᠠ ᠨᠤᠭᠤᠳ ᠢ ᠡᠷᠬᠢᠯᠡᠵᠤ᠂ ᠨᠠᠶᠢᠷ ᠨᠠᠭᠠᠳᠤᠮ᠂ | ᠪᠠᠶᠠᠷ ᠳᠤᠷᠠᠰᠬᠠᠯ ᠤᠨ ᠡᠳᠦᠷ ᠲᠤ ᠲᠤᠭᠯᠠᠯᠳᠠ ᠭᠠᠷᠭᠠᠵᠤ᠂ ᠮᠠᠯᠴᠢᠳ ᠤᠨ ᠬᠠᠯᠠᠭᠤᠨ ᠬᠦᠷᠢᠶᠡᠯᠡᠯ ᠢ ᠣᠯᠵᠤ | ᠪᠠᠶᠢᠭᠰᠠᠨ ᠪᠠ ᠠᠶᠢᠮᠠᠭ ᠬᠤᠰᠢᠭᠤᠨ ᠳᠤ ᠶᠠᠪᠤᠭᠳᠠᠭᠰᠠᠨ ᠤᠷᠤᠯᠳᠤᠭᠠᠨ ᠲᠡᠮᠡᠴᠡᠭᠡᠨ ᠳᠤ ᠤᠷᠤᠯᠴᠠᠵᠤ ᠱᠠᠩᠨᠠᠯ | ᠰᠠᠶᠢᠰᠢᠶᠡᠯ ᠢ ᠬᠦᠷᠳᠡᠵᠤ ᠪᠠᠶᠢᠪᠠ᠃ ᠨᠣᠷᠵᠢᠮ᠎ᠠ ᠨᠦᠭᠦᠷ ᠰᠤᠮᠤ ᠱᠠᠳᠤᠨ ᠤ ᠲᠡᠷᠢᠬᠦᠨ ᠤ ᠪᠠᠭᠰᠢ᠂ ᠬᠤᠰᠢᠭᠤ | ᠱᠠᠳᠤᠨ ᠤ ᠲᠡᠷᠢᠬᠦᠨ ᠤ ᠪᠠᠭᠰᠢ ᠪᠠᠷ ᠤᠯᠠᠨ ᠤᠳᠠᠭ᠎ᠠ ᠬᠦᠬᠢᠭᠦᠯᠦᠭᠳᠡᠵᠦ᠂1985 ᠣᠨ ᠤ9 ᠰᠠᠷ᠎ᠠ ᠳᠤ | ᠠᠶᠢᠮᠠᠭ ᠤᠨ ᠲᠡᠰ ᠤᠨ ︽ᠢᠷᠠᠭᠤ ᠠᠯᠳᠠᠷᠳᠤ ᠪᠠᠭᠰᠢ︾ ᠪᠠᠷ ᠴᠤᠯᠠᠯᠠᠭᠳᠠᠵᠤ᠂1988 ᠣᠨ ᠳᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ︽ᠪᠠᠭ᠎ᠠ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠭᠰᠢ︾ ᠶᠢᠨ ᠢᠷᠠᠭᠤ ᠠᠯᠳᠠᠷ ᠤᠨ ᠦᠨᠡᠮᠯᠡᠯ ᠢ ᠣᠯᠭᠤᠭᠰᠠᠨ ᠪᠠᠶᠢᠨ᠎ᠠ᠃ | ᠤᠯᠠᠭᠠᠨᠮᠦ᠋ᠴᠢᠷ ᠤᠨ ᠠᠬᠠᠮᠠᠳ ᠲᠣᠭᠯᠠᠭᠴᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠲᠡᠰ ᠤᠨ ᠪᠠᠭᠰᠢ ᠨᠣᠷᠵᠢᠮ᠎ᠠ | ᠨᠦᠬᠦᠷ ︽ᠠᠯᠳᠠᠨ ᠲᠦᠯᠬᠢᠭᠦᠷ︾᠂ ︽ᠮᠤᠭᠠᠢ ᠬᠡᠭᠡᠷ︾᠂ ︽ᠦᠯᠡᠮᠵᠢ ᠶᠢᠨ ᠴᠢᠨᠠᠷ︾ ᠵᠡᠷᠭᠡ ᠲᠠᠭᠤᠤ ᠨᠤᠭᠤᠳ ᠢ | ᠭᠤᠶᠣ ᠰᠠᠶᠢᠬᠠᠨ ᠲᠠᠭᠤᠯᠠᠵᠤ᠂ ᠠᠷᠠᠳ ᠲᠦᠮᠡᠨ ᠤ ᠮᠠᠭᠳᠠᠭᠠᠯ ᠪᠤᠶᠤ ᠤᠷᠤᠨ᠂ ᠠᠶᠢᠮᠠᠭ᠂ ᠬᠤᠰᠢᠭᠤᠨ ᠤ ᠱᠠᠩᠨᠠᠯ | ᠬᠦᠬᠢᠭᠦᠯᠦᠯ ᠢᠶᠠᠷ ᠤᠯᠠᠨ ᠤᠳᠠᠭ᠎ᠠ ᠡᠩᠭᠡᠷ ᠢᠶᠠᠨ ᠮᠢᠯᠢᠶᠠᠯᠭᠠᠵᠤ ᠪᠠᠶᠢᠭᠰᠠᠨ ᠶᠤᠮ᠃ |