ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠠᠬᠠᠮᠠᠳ ᠤᠷᠠᠯᠢᠭᠴᠢᠨ— ᠨᠣᠷᠵᠢᠮ᠎ᠠ
ᠨᠡᠶᠢᠲᠡᠯᠡᠭᠰᠡᠨ ᠴᠠᠭ᠄
2019/12/11
      ᠨᠣᠷᠵᠢᠮ᠎ᠠ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠨᠠᠷᠠᠨ᠋ᠠ᠋ᠭᠤᠯᠠ ᠰᠣᠮᠣᠨ ᠤ ᠭᠤᠷᠪᠠᠨ ᠬᠤᠳᠳᠤᠭ ᠪᠠᠭ ᠤᠨ ᠮᠠᠯᠴᠢᠨ ᠰᠧᠭᠮᠢᠳ ᠤᠨ ᠤᠤᠭᠠᠨ ᠦᠬᠢᠨ ᠪᠤᠯᠤᠨ ᠵᠠᠶᠠᠭᠠᠵᠠᠢ᠃1955 ᠣᠨ ᠠᠴᠠ ᠪᠠᠶᠠᠨᠲᠠᠯ᠎ᠠ ᠪᠠᠭ᠎ᠠ ᠰᠤᠷᠭᠠᠭᠤᠯᠢ ᠳᠤ ᠰᠤᠷᠤᠯᠴᠠᠵᠣ᠂1960 ᠣᠨ ᠳᠤ ᠬᠤᠰᠢᠭᠤ ᠤᠯᠠᠭᠠᠨᠮᠦ᠋ᠴᠢᠷ ᠲᠤ ᠡᠯᠰᠡᠭᠳᠡᠪᠡ᠃1963 ᠣᠨ ᠠᠴᠠ ᠪᠠᠶᠠᠨᠳᠠᠯ᠎ᠠ ᠪᠠᠭ᠎ᠠ ᠰᠤᠷᠭᠠᠭᠤᠯᠢ ᠳᠤ ᠪᠠᠭᠰᠢᠯᠠᠵᠤ᠂1971 ᠣᠨ ᠠᠴᠠ ᠨᠠᠷᠠᠨ᠋ᠠ᠋ᠭᠤᠯᠠ ᠶᠢᠨ ᠭᠤᠷᠪᠠᠨ ᠬᠤᠳᠳᠤᠭ ᠪᠠᠭ᠎ᠠ ᠰᠤᠷᠭᠠᠭᠤᠯᠢ ᠳᠤ ᠪᠠᠭᠰᠢᠯᠠᠵᠤ᠂1973 ᠣᠨ ᠠᠴᠠ ᠪᠠᠶᠠᠨᠲᠠᠯ᠎ᠠ ᠶᠢᠨ ᠪᠠᠭ᠎ᠠ ᠲᠠᠪᠤᠰᠤ ᠪᠠᠷᠢᠭᠠᠳᠠ ᠶᠢᠨ ᠪᠠᠭ᠎ᠠ ᠰᠤᠷᠭᠠᠭᠤᠯᠢ ᠳᠤ ᠪᠠᠭᠰᠢᠠᠯᠵᠤ᠂1975 ᠣᠨ ᠳᠤ ᠪᠠᠶᠠᠨᠳᠠᠯ᠎ᠠ ᠪᠠᠭ᠎ᠠ ᠰᠤᠷᠭᠠᠭᠤᠯᠢ ᠳᠤ ᠰᠢᠯᠵᠢᠨ ᠪᠠᠭᠰᠢᠯᠠᠪᠠ᠃1993 ᠣᠨ ᠤ4 ᠰᠠᠷ᠎ᠠ ᠳᠤ ᠨᠠᠰᠤᠨ ᠤ ᠠᠮᠠᠷᠠᠯᠲᠠ ᠪᠠᠨ ᠠᠪᠴᠠᠢ᠃ ᠪᠠᠶᠠᠨᠲᠠᠯ᠎ᠠ ᠰᠤᠮᠤᠨ ᠤ ᠡᠯ᠎ᠡ ᠭᠠᠴᠠᠭᠠᠨ ᠤ ᠤᠳᠬ᠎ᠠ ᠤᠷᠠᠯᠢᠭ ᠲᠤ ᠠᠪᠢᠶᠠᠰ ᠲᠠᠢ ᠵᠠᠯᠠᠭᠤᠴᠤᠳ ᠪᠠᠭᠠᠴᠤᠳ ᠢ ᠵᠤᠬᠢᠶᠠᠨ ᠪᠠᠶᠢᠭᠤᠯᠵᠤ᠂ ᠠᠵᠢᠯ ᠤᠨ ᠴᠢᠯᠦᠭᠡᠨ ᠤ ᠤᠷᠠᠯᠢᠭ ᠤᠨ ᠲᠤᠭᠯᠠᠯᠳᠠ ᠨᠤᠭᠤᠳ ᠢ ᠡᠷᠬᠢᠯᠡᠵᠤ᠂ ᠨᠠᠶᠢᠷ ᠨᠠᠭᠠᠳᠤᠮ᠂ ᠪᠠᠶᠠᠷ ᠳᠤᠷᠠᠰᠬᠠᠯ ᠤᠨ ᠡᠳᠦᠷ ᠲᠤ ᠲᠤᠭᠯᠠᠯᠳᠠ ᠭᠠᠷᠭᠠᠵᠤ᠂ ᠮᠠᠯᠴᠢᠳ ᠤᠨ ᠬᠠᠯᠠᠭᠤᠨ ᠬᠦᠷᠢᠶᠡᠯᠡᠯ ᠢ ᠣᠯᠵᠤ ᠪᠠᠶᠢᠭᠰᠠᠨ ᠪᠠ ᠠᠶᠢᠮᠠᠭ ᠬᠤᠰᠢᠭᠤᠨ ᠳᠤ ᠶᠠᠪᠤᠭᠳᠠᠭᠰᠠᠨ ᠤᠷᠤᠯᠳᠤᠭᠠᠨ ᠲᠡᠮᠡᠴᠡᠭᠡᠨ ᠳᠤ ᠤᠷᠤᠯᠴᠠᠵᠤ ᠱᠠᠩᠨᠠᠯ ᠰᠠᠶᠢᠰᠢᠶᠡᠯ ᠢ ᠬᠦᠷᠳᠡᠵᠤ ᠪᠠᠶᠢᠪᠠ᠃ ᠨᠣᠷᠵᠢᠮ᠎ᠠ ᠨᠦᠭᠦᠷ ᠰᠤᠮᠤ ᠱᠠᠳᠤᠨ ᠤ ᠲᠡᠷᠢᠬᠦᠨ ᠤ ᠪᠠᠭᠰᠢ᠂ ᠬᠤᠰᠢᠭᠤ ᠱᠠᠳᠤᠨ ᠤ ᠲᠡᠷᠢᠬᠦᠨ ᠤ ᠪᠠᠭᠰᠢ ᠪᠠᠷ ᠤᠯᠠᠨ ᠤᠳᠠᠭ᠎ᠠ ᠬᠦᠬᠢᠭᠦᠯᠦᠭᠳᠡᠵᠦ᠂1985 ᠣᠨ ᠤ9 ᠰᠠᠷ᠎ᠠ ᠳᠤ ᠠᠶᠢᠮᠠᠭ ᠤᠨ ᠲᠡᠰ ᠤᠨ ︽ᠢᠷᠠᠭᠤ ᠠᠯᠳᠠᠷᠳᠤ ᠪᠠᠭᠰᠢ︾᠎ ᠪᠠᠷ ᠴᠤᠯᠠᠯᠠᠭᠳᠠᠵᠤ᠂1988 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ︽ᠪᠠᠭ᠎ᠠ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠭᠰᠢ︾᠎ ᠶᠢᠨ ᠢᠷᠠᠭᠤ ᠠᠯᠳᠠᠷ ᠤᠨ ᠦᠨᠡᠮᠯᠡᠯ ᠢ ᠣᠯᠭᠤᠭᠰᠠᠨ ᠪᠠᠶᠢᠨ᠎ᠠ᠃ ᠤᠯᠠᠭᠠᠨᠮᠦ᠋ᠴᠢᠷ ᠤᠨ ᠠᠬᠠᠮᠠᠳ ᠲᠣᠭᠯᠠᠭᠴᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠲᠡᠰ ᠤᠨ ᠪᠠᠭᠰᠢ ᠨᠣᠷᠵᠢᠮ᠎ᠠ ᠨᠦᠬᠦᠷ ︽ᠠᠯᠳᠠᠨ ᠲᠦᠯᠬᠢᠭᠦᠷ︾᠂ ︽ᠮᠤᠭᠠᠢ ᠬᠡᠭᠡᠷ︾᠂ ︽ᠦᠯᠡᠮᠵᠢ ᠶᠢᠨ ᠴᠢᠨᠠᠷ︾ ᠵᠡᠷᠭᠡ ᠲᠠᠭᠤᠤ ᠨᠤᠭᠤᠳ ᠢ ᠭᠤᠶᠣ  ᠰᠠᠶᠢᠬᠠᠨ  ᠲᠠᠭᠤᠯᠠᠵᠤ᠂ ᠠᠷᠠᠳ ᠲᠦᠮᠡᠨ ᠤ ᠮᠠᠭᠳᠠᠭᠠᠯ ᠪᠤᠶᠤ ᠤᠷᠤᠨ᠂ ᠠᠶᠢᠮᠠᠭ᠂ ᠬᠤᠰᠢᠭᠤᠨ ᠤ ᠱᠠᠩᠨᠠᠯ ᠬᠦᠬᠢᠭᠦᠯᠦᠯ ᠢᠶᠠᠷ ᠤᠯᠠᠨ ᠤᠳᠠᠭ᠎ᠠ ᠡᠩᠭᠡᠷ ᠢᠶᠠᠨ ᠮᠢᠯᠢᠶᠠᠯᠭᠠᠵᠤ ᠪᠠᠶᠢᠭᠰᠠᠨ ᠶᠤᠮ᠃
 
ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ ᠦᠨ ᠸᠢᠴᠧᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号