ᠵᠠᠰᠠᠭ  ᠎ ᠤᠨ    ᠤᠷᠳᠤᠨ   ᠎ ᠤ    ᠠᠵᠢᠯ  ᠎ ᠤᠨ    ᠢᠯᠡᠳᠭᠡᠯ
ᠨᠡᠶᠢᠲᠡᠯᠡᠭᠰᠡᠨ ᠴᠠᠭ᠄
2019/12/3
              ᠵᠠᠰᠠᠭ   ᠎ ᠤᠨ    ᠤᠷᠳᠤᠨ    ᠎ ᠤ    ᠠᠵᠢᠯ   ᠎ ᠤᠨ    ᠢᠯᠡᠳᠭᠡᠯ                     —— 2018 ᠤᠨ ᠤ 1 ᠰᠠᠷᠠᠶᠢᠨ8᠎ ᠤ ᠡᠳᠤᠷ ᠬᠦᠪᠡᠭᠡᠲᠤ ᠰᠢᠷ᠎ᠠ ᠬᠤᠰᠢᠭᠤᠨ ᠎ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ  ᠎ ᠤᠨ  ᠲᠦᠯᠦᠭᠡᠯᠡᠭᠴᠢᠳ  ᠎ ᠤᠨ  ᠶᠡᠭᠡ  ᠬᠤᠷᠠᠯ  ᠎ ᠤᠨ ᠠᠩᠬᠠᠳᠤᠭᠠᠷ ᠤᠳᠠᠭᠠᠨ  ᠎ ᠤ  ᠬᠤᠷᠠᠯᠳᠤᠭᠠᠨ  ᠳᠡᠭᠡᠷ᠎ᠡ                       ᠬᠦᠪᠡᠭᠡᠳᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ        ᠬᠤᠪᠢᠰᠬᠠᠯᠲᠦ                     ᠲᠦᠯᠦᠭᠡᠯᠡᠭᠴᠢᠳ ᠡ᠄          ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕          ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ          ᠦᠩᠭᠡᠷᠡᠭᠰᠡᠨ ᠲᠠᠪᠤᠨ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠢᠯᠡᠳᠲᠡ ᠦᠷ᠎ᠡ ᠪᠦᠳᠦᠮᠵᠢ ᠤᠯᠪᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠣᠯᠭ᠎ᠠ ᠲᠣᠣᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠣᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠣᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠣᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠪᠦᠬᠦ ᠬᠤᠰᠢᠭᠤᠨ ᠤ ᠡᠯ᠎ᠡ ᠦᠨᠳᠣᠰᠣᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠦᠪ᠂ ᠦᠪᠡᠷᠳᠡᠭᠡᠨ ᠵᠠᠰᠠᠬᠤ ᠤᠷᠤᠨ ᠤ ᠴᠢᠭᠯᠡᠯᠲᠡ ᠲᠦᠷᠦ ᠶᠢᠨ ᠪᠤᠳᠤᠯᠭ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠣ ᠪᠤᠳᠤᠯᠭ᠎ᠠ ᠎ ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠣᠬᠤ ᠪᠣᠳᠣᠯᠭ᠎ᠠ ᠎ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ︽ᠠᠷᠪᠠᠨ ᠬᠤᠶᠠᠳᠣᠭᠠᠷ ᠲᠠᠪᠤᠨ ᠵᠢᠯ ᠤᠨ ᠲᠥᠯᠥᠪᠵᠢᠬᠦᠯᠬᠡ︾᠎ ᠳᠤ ᠲᠤᠭᠳᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠪᠠᠨ ᠠᠮᠵᠢᠯᠳᠠᠳᠠᠢ ᠪᠡᠶᠡᠯᠡᠬᠦᠯᠦᠭᠡᠳ ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ︾᠎ ᠶᠢᠨ ᠣᠬᠢ ᠰᠠᠶᠢᠨ ᠡᠬᠢᠯᠡᠯᠲᠠ ᠶᠢ ᠪᠤᠢ ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠲᠡᠮᠡᠴᠡᠨ ᠤᠯᠬᠤ ᠳᠤ ᠪᠠᠳᠣ ᠰᠠᠶᠢᠨ ᠰᠠᠭᠤᠷᠢ ᠶᠢ ᠲᠠᠯᠪᠢᠪᠠ᠃          —— ᠠᠵᠤ ᠠᠬᠤᠢ ᠶᠢᠨ ᠶᠡᠷᠤᠩᠬᠡᠶᠢᠯᠡᠭᠰᠡᠨ ᠪᠤᠳᠠᠳᠤ ᠬᠦᠴᠦᠨ ᠢᠯᠡᠳᠳᠡ ᠴᠢᠩᠭᠠᠷᠠᠪᠠ᠃ 2017 ᠤᠨ ᠳᠤ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 23.7 ᠳ᠋ᠦᠩᠰᠢᠭᠤᠷ ᠲᠦᠭᠦᠷᠢᠭ ᠪᠡᠶᠡᠯᠡᠭᠦᠯᠦᠨ᠂ 2012 ᠤᠨ ᠠᠴᠠ 48.1%᠎ ᠪᠠᠷ ᠨᠡᠮᠡᠭᠳᠡᠵᠦ᠂ ᠵᠢᠯ ᠪᠦᠷᠢ ᠲᠣᠮᠳᠠᠴᠢ ᠪᠠᠷ 8.3%᠎ ᠪᠠᠷ ᠨᠡᠮᠡᠭᠳᠡᠪᠡ᠃ ᠬᠡᠷᠡᠭᠯᠡᠵᠦ ᠪᠤᠯᠬᠤᠶᠢᠴᠠ ᠡᠳ᠋ ᠤᠨ ᠵᠠᠰᠠᠭ ᠤᠨ ᠵᠠᠷᠤᠯᠭ᠎ᠠ 8.7 ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠠᠴᠠ58%᠎ ᠪᠠᠷ ᠨᠡᠮᠡᠭᠳᠡᠵᠦ᠂ ᠵᠢᠯ ᠪᠦᠷᠢ ᠲᠤᠮᠳᠠᠴᠢ ᠪᠠᠷ 9.6%᠎ ᠪᠠᠷ ᠨᠡᠮᠡᠭᠳᠡᠪᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠭᠰᠠᠨ ᠶᠡᠷᠤᠩᠬᠡᠢ ᠬᠡᠮᠵᠢᠶ᠎ᠡ 6 ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠠᠴᠠ 45.2%᠎ ᠪᠠᠷ ᠨᠡᠮᠡᠭᠳᠡᠵᠦ᠂ ᠵᠢᠯ ᠪᠦᠷᠢ ᠲᠤᠮᠳᠠᠴᠢ ᠪᠠᠷ 7.1%᠎ ᠪᠠᠷ ᠨᠡᠮᠡᠭᠳᠡᠪᠡ᠃ ᠬᠤᠳᠠ ᠪᠠᠯᠭᠠᠰᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠎ ᠤᠨ ᠬᠦᠮᠦᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 35840 ᠲᠦᠭᠦᠷᠢᠭ ᠲᠤ ᠬᠦᠷᠴᠤ᠂ 2012 ᠤᠨ ᠠᠴᠠ 74.9%᠎ ᠪᠠᠷ ᠨᠡᠮᠡᠭᠳᠠᠵᠦ᠂ ᠵᠢᠯ ᠪᠦᠷᠢ ᠲᠤᠮᠳᠠᠴᠢ ᠪᠠᠷ 11.2%᠎ ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 13200 ᠲᠦᠭᠦᠷᠢᠭ ᠲᠤ ᠬᠦᠷᠴᠤ᠂ 2012 ᠤᠨ ᠠᠴᠠ 60.9%᠎ ᠪᠠᠷ ᠨᠡᠮᠡᠭᠳᠠᠵᠦ᠂ ᠵᠢᠯ ᠪᠦᠷᠢ ᠲᠤᠮᠳᠠᠴᠢ ᠪᠠᠷ 9.7% ᠎ ᠪᠠᠷ ᠨᠡᠮᠡᠭᠳᠡᠪᠡ᠃ ᠲᠠᠪᠤᠨ ᠵᠢᠯ ᠳᠤ ᠨᠡᠶᠢᠳᠡ 185 ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠤᠨ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 86.8  ᠳ᠋ᠦᠩᠰᠢᠭᠤᠷ ᠲᠦᠭᠦᠷᠢᠭ ᠪᠡᠶᠡᠯᠡᠬᠦᠯᠪᠠ᠃          —— ᠮᠠᠯ ᠠᠵᠤ ᠠᠬᠤᠢ ᠶᠢᠨ ᠬᠦᠭᠵᠢᠯᠲᠡ ᠶᠢᠨ ᠬᠦᠷᠢᠶ᠎ᠡ ᠬᠡᠪᠴᠢᠶ᠎ᠡ ᠪᠤᠯᠤᠨ ᠦᠷ᠎ᠡ ᠠᠰᠢᠭ ᠵᠡᠷᠭᠡᠪᠡᠷ ᠨᠡᠮᠡᠭᠳᠡᠪᠡ᠃ ︽ᠬᠤᠨᠢ ᠶᠢ ᠴᠦᠭᠡᠴᠢᠯᠡᠨ᠂ ᠦᠭᠡᠷ ᠢ ᠨᠡᠮᠡᠭᠳᠡᠭᠦᠯᠵᠦ᠂ ᠴᠢᠨᠠᠷ ᠢ ᠳᠡᠭᠡᠭᠰᠢᠯᠡᠭᠦᠯᠦᠨ᠂ ᠤᠷᠤᠯᠭ᠎ᠠ ᠶᠢ ᠨᠡᠮᠡᠭᠳᠡᠭᠦᠯᠬᠦ︾ ᠪᠠᠶᠢᠯᠳᠣᠬᠤ ᠪᠣᠳᠤᠯᠭ᠎ᠠ ᠶᠢᠨ ᠲᠤᠭᠤᠷᠢᠨ ᠳᠤ᠂ ᠮᠠᠯ ᠠᠵᠤ ᠠᠬᠤᠢ ᠶᠢᠨ ᠬᠠᠩᠭᠠᠯᠭ᠎ᠠ ᠎ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠪᠦᠬᠦ ᠲᠠᠯ᠎ᠠ ᠪᠠᠷ ᠠᠬᠢᠭᠤᠯᠣᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ᠂ ᠴᠠᠬᠠᠷ ᠬᠤᠨᠢ ᠪᠠ ᠰᠠᠭᠠᠯᠢ ᠶᠢᠨ ᠦᠨᠢᠶ᠎ᠡ ᠶᠢ ᠮᠠᠯᠵᠢᠬᠤ ᠲᠤᠭᠤᠷᠢᠭ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠬᠡᠪᠴᠢᠶᠡᠵᠢᠭᠦᠯᠦᠨ ᠮᠠᠯᠵᠢᠬᠤ᠂ ᠡᠷᠴᠢᠮᠵᠢᠭᠦᠯᠦᠨ ᠡᠵᠡᠩᠨᠡᠬᠦ ᠶᠢ ᠲᠦᠯᠬᠢᠨ ᠠᠬᠢᠭᠤᠯᠵᠤ᠂ ᠤᠳᠤᠭᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠪᠠ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠬᠦᠭᠵᠢᠯᠲᠡ ᠶᠢᠨ ᠲᠦᠯᠦᠪᠵᠢᠭᠦᠯᠭᠡ ᠪᠠ ᠲᠡᠳᠭᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠳᠠᠭᠠᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠢᠳᠡᠪᠬᠢᠲᠠᠢ ᠤᠷᠤᠭᠤᠯᠵᠤ᠂ ᠡᠭᠦᠯᠳᠡᠷ ᠰᠠᠶᠢᠵᠢᠷᠠᠭᠰᠠᠨ ᠬᠠᠷᠢᠴᠠᠯ ᠵᠢᠯ ᠳᠠᠷᠠᠭᠠᠯᠠᠨ ᠨᠡᠮᠡᠭᠳᠡᠪᠡ᠃ ᠴᠠᠬᠠᠷ ᠬᠤᠨᠢ ᠶᠢ ᠤᠯᠣᠰ ᠤᠨ ᠲᠠᠷᠢᠶᠠᠯᠠᠩ ᠤᠨ ᠶᠠᠮᠤᠨ ᠠᠴᠠ ᠨᠠᠷᠡᠶᠢᠳᠴᠦ᠂ ᠴᠠᠬᠠᠷ ᠬᠤᠨᠢᠨ ᠮᠢᠬ᠎ᠠ ᠶᠢ ᠤᠯᠤᠰ ᠤᠨ ᠭᠠᠵᠠᠷ ᠣᠷᠣᠨ ᠎ ᠤ ᠪᠡᠯᠭᠡ ᠳᠡᠮᠳᠡᠭᠳᠦ ᠬᠠᠮᠠᠭᠠᠯᠠᠯᠲᠠ ᠶᠢᠨ ᠪᠦᠳᠦᠭᠡᠭᠳᠡᠭᠦᠨ ᠢᠶᠠᠷ ᠬᠢᠨᠠᠨ ᠨᠣᠳᠠᠯᠠᠵᠤ᠂ ᠦᠪᠡᠷᠳᠡᠭᠡᠨ ᠵᠠᠰᠠᠬᠤ ᠣᠷᠣᠨ ᠤ ᠳᠡᠰ ᠤᠨ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠪᠠ᠃ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ ᠬᠡᠪᠴᠢᠶ᠎ᠡ ᠲᠤᠭᠳᠠᠪᠦᠷᠢᠲᠠᠢ ᠪᠠᠶᠢᠬᠤ ᠶᠢ ᠪᠠᠳᠣᠯᠠᠪᠠ᠃ ᠮᠠᠯ ᠠᠵᠤ ᠠᠬᠤᠢ ᠶᠢᠨ ᠲᠦᠬᠦᠭᠡᠷᠦᠮᠵᠢ ᠡᠳᠦᠷ ᠢᠷᠡᠭᠦᠶ᠎ᠡ ᠲᠡᠭᠦᠯᠳᠡᠷᠵᠢᠨ᠂ ᠨᠡᠶᠢᠳᠡ 38.4 ᠲᠦᠮᠡᠨ ᠳᠡᠭᠰᠢ ᠳᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠫᠧᠩ ᠬᠤᠷᠤᠭ᠎ᠠ᠂ 3.5 ᠲᠦᠮᠡᠨ ᠲᠡᠭᠰᠢ ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠫᠧᠩ ᠢ ᠪᠦᠳᠦᠭᠡᠨ ᠪᠠᠶᠢᠭᠤᠯᠵᠤ ᠂ ᠡᠪᠡᠰᠣ ᠪᠣᠷᠳᠣᠭᠠᠨ ᠤ ᠰᠣᠯᠢᠯᠴᠠᠭᠠᠨ ᠤ ᠵᠠᠬ᠎ᠠ ᠠᠰᠢᠭᠯᠠᠯᠲᠠ ᠳᠤ ᠤᠷᠤᠵᠤ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠴᠢᠳᠠᠪᠦᠷᠢ ᠤᠯᠠᠮ ᠴᠢᠩᠭᠠᠷᠠᠪᠠ᠃ ᠮᠠᠯᠵᠢᠬᠤ ᠤᠷᠤᠨ ᠤ ᠶᠡᠷᠤᠩᠬᠡᠶᠢᠯᠡᠭᠰᠡᠨ ᠦᠭᠡᠷᠡᠴᠢᠯᠡᠯᠲᠡ ᠶᠢ ᠲᠤᠭᠳᠠᠭᠤᠨ ᠢᠶᠠᠷ ᠠᠬᠢᠭᠤᠯᠵᠤ᠂ ᠦᠪᠡᠷᠳᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ ᠡᠷᠬᠡ ᠶᠢ ᠲᠣᠳᠣᠷᠬᠠᠶᠢᠯᠠᠬᠤ ᠲᠣᠷᠰᠢᠯᠲᠠ ᠶᠢᠨ ᠴᠡᠭ ᠤᠨ ᠲᠠᠩᠰᠠᠯᠠᠨ ᠳᠡᠮᠳᠡᠭᠯᠡᠬᠦ ᠠᠵᠢᠯ ᠢ ᠠᠮᠵᠢᠯᠲᠠ ᠲᠠᠢ ᠪᠡᠶᠡᠯᠡᠭᠦᠯᠦᠨ᠂ ᠨᠤᠳᠤᠭ ᠪᠡᠯᠴᠢᠭᠡᠷ ᠤᠨ ᠦᠮᠴᠢᠯᠡᠬᠦ ᠡᠷᠬᠡ᠂ ᠲᠠᠭᠠᠭᠠᠴᠢᠯᠠᠬᠤ ᠡᠷᠬᠡ᠂ ᠡᠵᠡᠩᠨᠡᠭᠦ ᠡᠷᠬᠡ ᠶᠢ ᠰᠠᠯᠭᠠᠬᠤ ᠦᠭᠡᠷᠡᠴᠢᠯᠠᠯᠲᠡ ᠳᠣᠷᠰᠢᠯᠳᠠ ᠤᠨ ᠴᠡᠭ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠤᠰᠢᠭᠤ᠂ ᠰᠣᠮᠣ ᠪᠠᠯᠭᠠᠰᠤ᠂ ᠭᠠᠴᠠᠭ᠎ᠠ ᠭᠤᠷᠪᠠᠨ ᠱᠠᠳᠣᠨ ᠤ ᠨᠤᠳᠤᠭ ᠪᠡᠯᠴᠢᠭᠡᠷ ᠢ ᠰᠢᠯᠵᠢᠭᠦᠯᠭᠦ ᠳᠡᠪᠴᠠᠩ ᠢ ᠪᠠᠶᠢᠭᠤᠯᠤᠨ᠂ ᠪᠦᠬᠦ ᠤᠯᠤᠰ ᠤᠨ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ ᠎ ᠶᠢᠨ ᠴᠡᠭ ᠤᠨ ᠠᠵᠢᠯ ᠢ ᠡᠷᠴᠢᠮ ᠲᠠᠢ ᠶᠠᠪᠤᠭᠳᠠᠭᠤᠯᠪᠠ᠃          —— ᠠᠵᠤ ᠦᠢᠯᠡᠳᠪᠦᠷᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠵᠡᠷᠭᠡᠪᠡᠷ ᠲᠡᠭᠡᠭᠰᠢᠯᠡᠪᠠ᠃ ᠠᠵᠤ ᠦᠢᠯᠡᠰ ᠤᠨ ᠰᠢᠯᠢᠳᠡᠭᠵᠢᠨ ᠳᠡᠰ ᠲᠡᠪᠰᠢᠬᠦ ᠶᠢ ᠪᠦᠬᠦ ᠲᠠᠯ᠎ᠠ ᠪᠠᠷ ᠲᠦᠷᠭᠡᠳᠬᠡᠨ᠂ ᠴᠡᠪᠡᠷ ᠡᠨᠧᠷᠭᠢ᠂ ᠨᠡᠭᠦᠷᠡᠰᠦ᠂ ᠴᠢᠯᠠᠭᠤᠨ ᠳᠣᠰᠣ᠂ ᠴᠢᠯᠠᠭᠤᠨ ᠮᠡᠲ᠋ᠧᠷᠢᠶᠠᠯ᠂ ᠲᠡᠮᠦᠷᠯᠢᠭ ᠢ ᠬᠠᠶᠢᠨ ᠰᠣᠩᠭᠤᠬᠤ ᠪᠠᠷ ᠲᠤᠯᠭᠠᠭᠤᠷᠢᠯᠠᠭᠤᠯᠣᠯ ᠪᠤᠯᠭᠠᠭᠰᠠᠨ ᠠᠵᠤ ᠦᠢᠯᠡᠳᠪᠦᠷᠢ ᠶᠢᠨ ᠲᠦᠯᠦᠪ ᠢ ᠪᠦᠷᠢᠯᠳᠦᠭᠦᠯᠪᠡ᠃ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠲᠤᠭ᠎ᠠ 84 ᠡᠷᠦᠬᠡ ᠳᠤ ᠬᠦᠷᠪᠠ᠃ ᠨᠠᠷᠠ ᠰᠠᠯᠬᠢᠨ ᠤ ᠰᠢᠨ᠎ᠡ ᠡᠨᠧᠷᠬᠢ ᠶᠢᠨ ᠠᠵᠤ ᠦᠢᠯᠡᠰ ᠲᠤᠭᠳᠠᠭᠤᠨ ᠢᠶᠠᠷ ᠬᠦᠭᠵᠢᠨ᠂ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠡᠷᠦᠩᠬᠡᠢ ᠪᠠᠭᠳᠠᠭᠠᠮᠵᠢ 13.9 ᠲᠦᠮᠡᠨ ᠺᠢᠯᠤᠸᠠᠲ ᠴᠠᠭ ᠲᠤ ᠬᠦᠷᠴᠦ᠂ 98 ᠲᠦᠮᠡᠨ ᠺᠢᠯᠤᠸᠠᠲ ᠤᠨ ᠨᠡᠭᠡᠭᠡᠨ ᠠᠰᠢᠭᠯᠠᠬᠤ ᠵᠥᠪᠳᠡᠯᠴᠡᠭᠡᠷ ᠢ ᠰᠢᠨ᠎ᠡ ᠪᠠᠷ ᠲᠤᠭᠳᠠᠨ᠂ ᠡᠭᠦᠨ ᠳᠤ 27.5 ᠲᠦᠮᠡᠨ ᠺᠢᠯᠤᠸᠠᠲ ᠨᠢ ᠨᠢᠭᠡᠨᠳᠡ ᠠᠵᠢᠯ ᠡᠬᠢᠯᠡᠪᠡ᠃ ᠳ᠋ᠦᠩ ᠯᠢᠨ ᠨᠡᠭᠦᠷᠡᠰᠤᠨ ᠤ ᠺᠤᠮᠫᠠᠨᠢ ᠶᠢᠨ ᠵᠢᠯ ᠤᠨ ᠭᠠᠷᠣᠯᠳᠠ ᠨᠢ 60 ᠲᠦᠮᠡᠨ ᠲᠤᠨ ᠪᠤᠯᠬᠤ ᠲᠦᠭᠦᠬᠡᠢ ᠨᠡᠭᠦᠷᠡᠰᠦᠨ ᠤ ᠠᠵᠤ ᠦᠢᠯᠡᠰ ᠶᠢ ᠳᠡᠰ ᠳᠡᠪᠰᠢᠭᠦᠯᠬᠦ ᠲᠦᠷᠦᠯ ᠵᠦᠢᠯ ᠠᠰᠢᠭᠯᠠᠯᠲᠠ ᠳᠤ ᠤᠷᠤᠪᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠲᠤᠭᠳᠠᠭᠤᠨ ᠢᠶᠠᠷ ᠬᠦᠭᠵᠢᠨ᠂ ᠬᠤᠸᠠᠨ ᠴᠢᠦ᠂ ᠲᠧᠩ ᠶᠣᠸᠠᠢ ᠺᠤᠮᠫᠠᠨᠢ ᠎ ᠶᠢᠨ ᠨᠠᠶᠢᠯᠠᠮᠠᠯ ᠳᠣᠯᠠᠭᠠᠯᠭ᠎ᠠ ᠶᠢᠨ ᠬᠠᠪᠳᠠᠰᠣ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ ᠵᠦᠢᠯ ᠠᠰᠢᠭᠯᠠᠯᠠᠲᠠ ᠳᠤ ᠤᠷᠤᠵᠦ᠂ ︽ᠲᠣᠮᠳᠠᠳᠣ ᠣᠯᠣᠰ ᠤᠨ ᠤᠮᠠᠷᠠᠳᠣ ᠶᠢᠨ ᠴᠢᠯᠠᠭᠤᠨ ᠮᠠᠲ᠋ᠧᠷᠢᠶᠠᠯ ᠤᠨ ᠦᠯᠦᠭᠡᠢ︾ ᠎ ᠶᠢᠨ ᠨᠦᠯᠦᠭᠡᠯᠡᠬᠦ ᠬᠦᠴᠦᠨ ᠣᠯᠠᠮ ᠳᠡᠭᠡᠭᠰᠢᠯᠡᠪᠡ᠃ ᠪᠠᠶᠠᠨᠲᠠᠯ᠎ᠠ ᠶᠢᠨ 74 ᠳᠡᠭᠰᠢ ᠲᠦᠷᠪᠡᠯᠵᠢᠨ ᠺᠢᠯᠤᠮᠧᠲᠷ ᠤᠨ ᠴᠢᠯᠠᠭᠤᠨ ᠲᠣᠰᠣᠨ ᠤ ᠲᠤᠭᠤᠷᠢᠭ ᠤᠨ ︽ᠬᠠᠶᠢᠬᠤ ᠡᠷᠬᠡ ᠶᠢ ᠮᠠᠯᠳᠠᠬᠤ ᠡᠷᠬᠡ ᠪᠤᠯᠭᠠᠨ ᠬᠤᠪᠢᠷᠠᠭᠤᠯᠬᠤ︾ ᠭᠠᠷᠳᠠᠮ ᠢ ᠭᠦᠢᠴᠡᠳᠬᠡᠨ᠂ ᠴᠢᠯᠠᠭᠤᠨ ᠲᠤᠰᠤ ᠬᠠᠶᠢᠨ ᠰᠢᠨᠵᠢᠬᠦ ᠪᠠ ᠦᠢᠯᠡᠳᠪᠦᠷᠢᠯᠡᠬᠦ ᠠᠵᠤ ᠠᠬᠤᠶᠢᠯᠠᠯ ᠨᠢ ᠭᠤᠷᠪᠠᠨ ᠬᠡᠮᠵᠢᠯᠲᠤ ᠭᠠᠵᠠᠷ ᠳᠤᠷᠭᠢᠯᠲᠠ᠂ ᠤᠰᠤ ᠤᠷᠤᠭᠤᠯᠬᠤ ᠵᠡᠷᠭᠡ ᠰᠢᠨ᠎ᠡ ᠮᠡᠷᠭᠡᠵᠢᠯ ᠢ ᠠᠰᠢᠭᠯᠠᠨ ᠭᠠᠷᠣᠯᠲᠠ ᠎ ᠪᠠᠨ ᠲᠤᠭᠳᠠᠪᠣᠷᠢᠵᠢᠭᠤᠯᠪᠠ᠃ ᠤᠮᠠᠷᠠᠲᠦ ᠶᠢᠨ ᠲᠡᠮᠦᠷᠯᠢᠭ ᠬᠠᠶᠢᠯᠤᠭᠤᠯᠬᠤ ᠶᠢ ᠲᠡᠰ ᠳᠡᠪᠰᠢᠭᠦᠯᠦᠨ ᠦᠭᠡᠷᠡᠴᠢᠯᠡᠬᠦ ᠪᠠ ᠵᠦᠩ ᠰᠢᠨ ᠲᠡᠮᠦᠷ ᠬᠠᠶᠢᠯᠤᠭᠤᠯᠬᠤ ᠦᠨᠳᠦᠷ ᠲᠢᠲ᠋ᠠᠨ ᠤ ᠰᠢᠭᠠᠷᠣ ᠦᠢᠯᠡᠳᠪᠦᠷᠢᠯᠡᠨ ᠪᠤᠯᠪᠠᠰᠤᠷᠠᠭᠤᠯᠬᠤ ᠲᠦᠷᠦᠯ ᠵᠦᠢᠯ ᠢ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠸᠤᠯᠹᠷᠠᠮ ᠪᠢᠰᠮᠦ᠋ᠲ ᠮᠦᠩᠭᠦᠨ ᠤ ᠤᠯᠠᠨ ᠲᠡᠮᠦᠷᠯᠢᠭ ᠤᠨ ᠠᠭᠤᠷᠬᠠᠢ᠂ ᠨᠢᠤᠪᠢ ᠲᠠᠨᠲ᠋ᠠᠯ ᠤᠨ ᠠᠭᠤᠷᠬᠠᠢ ᠪᠠ ᠠᠯᠲᠠ ᠵᠢᠴᠢ ᠤᠯᠠᠨ ᠲᠡᠮᠦᠷᠯᠢᠭ ᠤᠨ ᠠᠭᠤᠷᠬᠠᠢ ᠬᠠᠶᠢᠨ ᠮᠠᠯᠳᠠᠵᠤ ᠰᠣᠩᠭᠤᠬᠤ ᠲᠦᠷᠦᠯ ᠵᠦᠢᠯ ᠪᠤᠳᠠᠳᠤ ᠠᠬᠢᠴᠨ ᠲᠠᠢ ᠪᠤᠯᠪᠠ᠃ ᠭᠤᠸᠠᠩ ᠯᠦᠩ ᠮᠠᠯ ᠎ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠭᠦᠯᠭᠦ ᠪᠠ ᠵᠢᠦ ᠵᠸᠦ ᠳ᠋ᠠ ᠳ᠋ᠢ ᠮᠡᠷᠭᠡᠵᠢᠯ ᠤᠨ ᠦᠭᠡᠷᠡᠴᠢᠯᠡᠯᠲᠠ ᠎ ᠶᠢᠨ ᠲᠦᠷᠦᠯ ᠵᠦᠢᠯ ᠠᠰᠢᠭᠯᠠᠯᠲᠠ ᠳᠤ ᠤᠷᠤᠪᠠ᠃ ᠠᠵᠤ ᠦᠢᠯᠡᠳᠪᠦᠷᠢ ᠶᠢᠨ ᠲᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠤᠷᠴᠢᠯᠲᠤ ᠠᠵᠤ ᠠᠬᠤᠢ ᠶᠢᠨ ᠲᠣᠷᠰᠢᠯᠲᠠ ᠶᠢᠨ ᠴᠡᠭ ᠤᠨ ᠵᠢᠱᠢᠶ᠎ᠠ ᠦᠵᠡᠭᠦᠯᠬᠦ ᠲᠤᠭᠤᠷᠢᠭ ᠤᠨ ᠡᠩᠨᠡᠭᠡᠨ ᠳᠤ ᠤᠷᠤᠪᠠ᠃          —— ᠦᠢᠯᠡᠴᠢᠯᠡᠭᠡᠨ ᠤ ᠦᠢᠯᠡᠰ ᠤᠨ ᠬᠦᠭᠵᠢᠯᠲᠠ ᠶᠢᠨ ᠦᠷ᠎ᠡ ᠠᠰᠢᠭ ᠪᠤᠯᠤᠨ ᠬᠠᠷᠢᠴᠠᠯ ᠵᠡᠷᠭᠡᠪᠡᠷ ᠳᠡᠭᠡᠭᠰᠢᠯᠡᠪᠡ᠃ ᠡᠯ᠎ᠡ ᠲᠦᠷᠦᠯ ᠤᠨ ᠦᠢᠯᠡᠴᠢᠯᠡᠭᠡᠨ ᠤ ᠦᠢᠯᠡᠰ ᠲᠤᠭᠳᠠᠭᠤᠨ ᠢᠶᠠᠷ ᠭᠦᠭᠵᠢᠪᠠ᠃ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠳᠭᠦᠨ ᠳᠡᠮᠵᠢᠬᠦ ᠲᠦᠷᠦ ᠶᠢᠨ ᠪᠤᠳᠤᠯᠭ᠎ᠠ ᠶᠢ ᠢᠳᠡᠪᠬᠢᠲᠠᠢ ᠲᠤᠤᠱᠯᠠᠭᠤᠯᠵᠤ᠂ ︽ᠤᠯᠠᠨ ᠦᠨᠡᠮᠯᠡᠯ ᠢ ᠨᠢᠭᠡᠳᠬᠡᠬᠦ︾ ᠬᠤᠳᠠᠯᠳᠣᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠠᠬᠢᠭᠤᠯᠤᠨ᠂ ᠠᠷᠠᠯᠵᠢᠶ᠎ᠠ ᠬᠤᠳᠠᠯᠳᠤᠭ᠎ᠠ᠂ ᠬᠤᠭᠤᠯᠠ ᠤᠮᠳᠠᠭᠠᠨ᠂ ᠬᠤᠨᠤᠭ ᠪᠠᠭᠤᠳᠠᠯ᠂ ᠲᠦᠷᠭᠡᠨ ᠭᠤᠪᠢᠭᠤᠯᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠦᠷᠦᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠵᠤ᠂ 271 ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠪᠠ 1068 ᠬᠤᠪᠢ ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠰᠢᠨ᠎ᠡ ᠪᠠᠷ ᠨᠡᠮᠡᠭᠳᠡᠪᠡ᠃ ᠦᠢᠯᠡᠳᠪᠦᠷᠢ ᠬᠤᠳᠠᠯᠳᠣᠭᠠᠨ ᠤ ᠪᠠᠩᠭᠢ ᠠᠵᠢᠯ ᠢᠶᠠᠨ ᠰᠡᠷᠭᠦᠭᠡᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠪᠠ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠢ ᠤᠷᠤᠯᠭ᠎ᠠ ᠵᠢᠯ ᠳᠠᠷᠠᠭᠠᠯᠠᠨ ᠨᠡᠮᠡᠭᠳᠡᠨ᠂ ᠹᠠᠩ ᠶᠤᠸᠠᠨ ᠪᠤᠳᠠᠰ ᠤᠨ ᠭᠦᠢᠯᠭᠡᠭᠡᠨ ᠤ ᠲᠤᠭᠤᠷᠢᠭ ᠠᠰᠢᠭᠯᠠᠯᠲᠠ ᠳᠤ ᠤᠷᠤᠵᠦ᠂ ᠪᠠᠷᠠᠭᠠᠨ ᠤ ᠵᠥᠬᠡᠬᠡᠪᠦᠷᠢ ᠶᠢᠨ ᠲᠤᠬᠠᠶᠢᠯᠠᠭᠰᠠᠨ ᠠᠵᠢᠯ ᠲᠤᠭᠳᠠᠭᠤᠨ ᠢᠶᠠᠷ ᠨᠡᠮᠡᠭᠳᠡᠪᠡ᠃ ᠰᠤᠶᠤᠯ ᠵᠢᠭᠤᠯᠴᠢᠯᠠᠯ ᠤᠨ ᠦᠢᠯᠡᠰ ᠳᠤᠪᠤᠶᠢᠮ᠎ᠠ ᠬᠦᠭᠵᠢᠪᠠ᠃ ᠵᠢᠭᠤᠯᠴᠢᠯᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠬᠤ᠂ ᠰᠢᠯᠢᠳᠡᠭ ᠦᠵᠡᠮᠵᠢ ᠶᠢᠨ ᠤᠷᠤᠨ ᠢ ᠪᠠᠶᠢᠭᠤᠯᠬᠤ᠂ ︽ᠵᠢᠭᠤᠯᠴᠢᠯᠠᠯ +︾ ᠭᠦᠭᠵᠢᠯᠲᠡ ᠶᠢᠨ ᠵᠠᠭᠪᠣᠷ ᠢ ᠲᠦᠯᠬᠢᠨ ᠠᠬᠢᠭᠤᠯᠬᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠬᠦ᠂ ︽ᠮᠠᠯᠴᠢᠨ ᠠᠶᠢᠯ︾ ᠵᠢᠭᠤᠯᠴᠢᠯᠠᠯ ᠤᠨ ᠦᠢᠯᠡᠰ ᠢ ᠲᠡᠳᠭᠦᠨ ᠭᠦᠭᠵᠢᠭᠦᠯᠬᠦ᠂ ᠤᠬᠠᠭᠤᠯᠤᠨ ᠲᠡᠯᠭᠡᠷᠡᠭᠦᠯᠬᠦ ᠬᠦᠴᠦᠯᠡᠴᠡ ᠪᠠᠨ ᠴᠢᠩᠭᠠᠳᠬᠠᠬᠤ ᠵᠡᠷᠭᠡ ᠵᠢᠷᠭᠤᠭᠠᠨ ᠲᠦᠷᠦᠯ ᠤᠨ ᠠᠷᠭ᠎ᠠ ᠪᠠᠷᠢᠯ ᠢᠶᠠᠷ ᠲᠠᠮᠵᠢᠨ᠂ ᠶᠠᠪᠠᠭᠠᠨ ᠠᠭᠤᠯᠠ ᠠᠪᠠᠷᠢᠬᠤ᠂ ᠱᠠᠰᠢᠨ ᠰᠣᠷᠳᠠᠬᠤᠨ ᠲᠡᠣᠬᠡ ᠰᠣᠶᠣᠯ᠂ ᠦᠨᠳᠦᠰᠦᠳᠡᠨ ᠤ ᠵᠠᠩ ᠦᠢᠯᠡ ᠎ ᠶᠢ ᠪᠡᠶᠡᠴᠢᠯᠡᠨ ᠤᠶᠢᠯᠠᠭᠠᠬᠤ᠂ ᠰᠣᠶᠣᠯ ᠤᠨ ᠬᠤᠳᠠ ᠪᠠᠯᠭᠠᠰᠣ᠂ ᠠᠮᠠᠷᠠᠨ ᠰᠡᠯᠡᠭᠦᠴᠡᠵᠦ ᠪᠡᠶ᠎ᠡ ᠰᠤᠪᠢᠯᠠᠬᠤ᠂ ᠡᠯᠡᠰᠣ ᠮᠠᠩᠬᠠᠨ ᠳᠤ ᠵᠤᠭᠠᠴᠠᠨ ᠨᠠᠭᠠᠳᠬᠤ ᠵᠡᠷᠭᠡ ᠵᠢᠷᠭᠤᠭᠠᠨ ᠲᠤᠮᠤ ᠵᠢᠭᠤᠯᠴᠢᠯᠠᠯ ᠤᠨ ᠤᠷᠤᠨ ᠪᠠ ᠵᠢᠷᠭᠤᠭᠠᠨ ᠵᠤᠷᠪᠤᠰ ᠣᠬᠢ ᠰᠢᠯᠢᠳᠡᠭ ᠵᠢᠭᠤᠯᠴᠢᠯᠠᠯ ᠤᠨ ᠵᠠᠮ ᠱᠣᠭᠤᠮ ᠢ ᠪᠦᠬᠦ ᠬᠦᠴᠦᠨ ᠢᠶᠠᠷ ᠪᠠᠶᠢᠭᠤᠯᠵᠤ᠂ ︽ᠵᠢᠷᠭᠤᠭᠠᠨ ᠨᠢᠭᠡ︾  ᠎ ᠶᠢᠨ ᠢᠨᠵᠧᠨᠧᠷᠢᠩ ︵ᠨᠢᠭᠡ ᠨᠠᠶᠢᠷ — ᠠᠰᠣᠷᠣ ᠲᠠᠯ᠎ᠠ ᠨᠤᠳᠤᠭ ᠤᠨ ᠳᠠᠭᠤᠣ ᠬᠦᠭᠵᠢᠮ ᠤᠨ ᠨᠠᠶᠢᠷ᠂ ᠨᠢᠭᠡ ᠬᠦᠷᠢᠶᠡᠯᠡᠩ — ᠠᠰᠣᠷᠣ ᠠᠮᠢ ᠠᠬᠤᠢ ᠵᠠᠩ ᠦᠢᠯᠡ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ ᠳᠠᠭᠤᠰᠬᠠᠪᠠ᠂ ᠨᠢᠭᠡ ᠵᠡᠭᠡᠯᠢ — ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ ᠲᠠᠸᠠᠷ ᠤᠨ ᠵᠠᠭᠡᠯᠢ ᠶᠢ ᠤᠳᠤᠬᠠᠨ ᠳᠤ ᠶᠠᠭ ᠰᠠᠶᠢᠬᠠᠨ ᠵᠠᠰᠠᠨ ᠴᠢᠮᠡᠭᠯᠡᠵᠦ ᠪᠤᠢ᠂ ᠨᠢᠭᠡ ᠤᠷᠤᠯᠳᠣᠭᠠᠨ —  ᠠᠰᠣᠷᠣ ᠬᠤᠨᠳᠠᠭᠠᠳᠣ ᠳᠠᠭᠤᠣ ᠬᠦᠭᠵᠢᠮ ᠤᠨ ᠤᠷᠤᠯᠳᠤᠭᠠᠨ᠂ ᠨᠢᠭᠡ ᠮᠥᠽᠸᠢ — ᠬᠦᠪᠡᠭᠡᠲᠦ ᠰᠢᠷ᠎ᠠ ᠬᠤᠰᠢᠭᠤᠨ ᠤ ᠮᠦᠽᠸᠢ ᠶᠢᠨ ᠲᠦᠯᠦᠪᠯᠡᠭᠡ ᠪᠠ ᠳᠡᠯᠭᠡᠨ ᠦᠵᠡᠭᠦᠯᠦᠯᠭᠡ ᠶᠢᠨ ᠪᠤᠳᠠᠰ ᠢ ᠴᠣᠭᠯᠠᠭᠤᠯᠬᠤ ᠠᠵᠢᠯ ᠢ ᠦᠷᠨᠢᠭᠦᠯᠵᠦ ᠪᠤᠢ ᠂ ᠨᠢᠭᠡ ᠳᠡᠮᠳᠡᠭ — ᠳᠣᠮᠣ ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ ᠰᠣᠶᠣᠯ ᠤᠨ ᠨᠡᠷᠡᠳᠦ ᠳᠡᠮᠳᠡᠭ︶᠎ ᠢ ᠪᠦᠬᠦ ᠲᠠᠯ᠎ᠠ ᠪᠠᠷ ᠬᠡᠷᠡᠭᠵᠢᠭᠦᠯᠦᠨ᠂ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠢ ᠢᠳᠡᠪᠬᠢᠲᠠᠢ ᠭᠦᠭᠵᠢᠭᠦᠯᠵᠦ᠂ ︽ᠲᠤᠷᠭᠠᠨ ᠨᠤᠳᠤᠭ ᠬᠦᠪᠡᠭᠡᠳᠦ ᠰᠢᠷ᠎ᠠ· ᠠᠰᠣᠷᠣ ᠠᠶᠠᠯᠭᠤ ᠶᠢᠨ ᠦᠯᠦᠭᠡᠢ︾ ᠰᠣᠶᠣᠯ ᠵᠢᠭᠤᠯᠴᠢᠯᠠᠯ ᠤᠨ ᠨᠡᠷ᠎ᠡ ᠳᠡᠮᠳᠡᠭ ᠢ ᠪᠦᠬᠦ ᠬᠦᠴᠦᠨ ᠢᠶᠠᠷ ᠡᠭᠦᠳᠪᠡ᠃          —— ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠡ ᠳᠡᠭᠦᠯᠳᠡᠷᠵᠢᠪᠠ᠃ ᠬᠤᠳᠠ ᠪᠠᠯᠭᠠᠰᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠢᠯᠡᠷᠬᠡᠢ ᠳᠡᠭᠡᠭᠰᠢᠯᠡᠪᠠ᠃ ᠰᠢᠨᠡᠪᠤᠯᠠᠭ ᠪᠠᠯᠭᠠᠰᠣᠨ ᠤ ᠬᠤᠳᠠ ᠪᠠᠯᠭᠠᠰᠤᠨ ᠤ ᠬᠦᠭᠵᠢᠯᠳᠡ ᠶᠢᠨ ᠶᠡᠷᠦᠩᠭᠡᠢ ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠳᠠᠢ ᠨᠠᠷᠢᠨ ᠲᠦᠯᠦᠪᠵᠢᠭᠦᠯᠭᠡ ᠳᠤ ᠵᠠᠰᠠᠪᠣᠷᠢ ᠣᠷᠣᠭᠤᠯᠤᠨ᠂ ᠤᠶᠢᠵᠢᠭᠤᠯᠤᠯᠳᠠ᠂ ᠨᠤᠭᠤᠭᠠᠷᠠᠭᠤᠯᠤᠯᠲᠠ᠂ ᠦᠵᠡᠮᠵᠢ ᠶᠢ ᠰᠠᠶᠢᠵᠢᠷᠠᠭᠤᠯᠬᠤ ᠵᠡᠷᠭᠡ ᠲᠤᠰᠬᠠᠢ ᠲᠦᠯᠦᠪᠵᠢᠭᠦᠯᠭᠡ ᠶᠢ ᠪᠡᠶᠡᠯᠡᠭᠦᠯᠪᠡ᠃ ︽ᠠᠷᠠᠳ ᠤᠨ ᠠᠮᠢᠳᠣᠷᠠᠯ ᠳᠤ ᠬᠤᠯᠪᠤᠭᠳᠠᠭᠰᠠᠨ‌ᠬᠤᠳᠠ ᠶᠢᠨ ᠪᠦᠳᠦᠭᠡᠨ ᠪᠠᠶᠢᠭᠤᠯᠤᠯᠳᠠ︾᠎ ᠶᠢᠨ ᠤᠶᠢᠯᠠᠭᠠᠭᠳᠠᠬᠤᠨ ᠢ ᠲᠤᠪᠤᠶᠢᠯᠭᠠᠨ᠂ 12.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠪᠠᠳᠣᠯᠠᠭ᠎ᠠ ᠶᠢᠨ ᠴᠢᠨᠠᠷᠲᠠᠢ ᠤᠷᠤᠨ ᠰᠠᠭᠤᠴᠠ᠂ ᠳᠦᠭᠦᠮ ᠪᠦᠳᠦᠴᠡᠳᠦ ᠳᠤᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ᠂ ᠠᠯᠪᠠᠨ ᠠᠴᠠ ᠪᠠᠶᠢᠭᠤᠯᠬᠤ ᠲᠦᠷᠦᠯ ᠵᠦᠢᠯ ᠪᠠ ᠬᠤᠳᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ︽ᠴᠡᠪᠡᠷᠵᠢᠭᠦᠯᠦᠯᠳᠡ ᠪᠠ ᠨᠤᠭᠤᠭᠠᠷᠠᠭᠤᠯᠤᠯᠲᠠ︾᠎ ᠶᠢᠨ ᠠᠵᠢᠯᠯᠠᠭ᠎ᠠ ᠶᠢ ᠦᠷᠨᠢᠭᠦᠯᠦᠨ᠂ ᠬᠤᠳᠠ ᠎ ᠶᠢᠨ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠦᠳᠦᠴᠡ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠨᠤᠭᠤᠭᠠᠷᠠᠭᠤᠯᠤᠯᠲᠠ᠂ ᠭᠡᠭᠡᠷᠡᠭᠦᠯᠦᠯᠳᠡ᠂ ᠭᠤᠸᠠᠵᠢᠭᠤᠯᠤᠯᠳᠠ᠂ ᠴᠡᠪᠡᠷᠵᠢᠭᠦᠯᠦᠯᠳᠡ ᠶᠢᠨ ᠲᠦᠪᠰᠢᠨ ᠵᠢᠯ ᠳᠠᠷᠠᠭᠠᠯᠠᠨ ᠳᠡᠭᠡᠭᠰᠢᠯᠡᠨ᠂ ︽ᠣᠷᠣᠨ ᠤ ᠳᠡᠰ ᠤᠨ ᠠᠷᠢᠭᠤᠨ ᠴᠡᠪᠡᠷ ᠬᠤᠳᠠ ᠪᠠᠯᠭᠠᠰᠣ︾᠎ ᠶᠢ ᠪᠠᠶᠢᠭᠤᠯᠬᠤ ᠬᠢᠨᠡᠨ ᠪᠠᠶᠢᠴᠠᠭᠠᠯᠲᠠ ᠳᠤ ᠳᠠᠬᠢᠨᠳᠠ ᠬᠢᠷᠢ ᠲᠡᠩᠴᠡᠪᠡ᠃ ᠮᠠᠯᠵᠢᠬᠤ ᠤᠷᠤᠨ ᠤ ᠳᠦᠷᠢ ᠳᠦᠷᠬᠦ᠂ ᠰᠠᠭᠤᠭᠠᠯᠢ ᠠᠷᠠᠳ ᠤᠨ ᠣᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠠᠷᠪᠡᠨ ᠲᠦᠷᠦᠯ ᠤᠨ ᠢᠨᠵᠧᠨᠧᠷᠢᠩ ᠎ ᠢᠶᠠᠷ ᠭᠤᠤᠯ ᠠᠭᠤᠯᠭ᠎ᠠ ᠪᠤᠯᠭᠠᠭᠰᠠᠨ ᠰᠢᠨ᠎ᠠ ᠮᠠᠯᠵᠢᠬᠤ ᠣᠷᠣᠨ ᠤ ᠪᠦᠳᠣᠭᠡᠨ ᠪᠠᠶᠢᠭᠤᠯᠤᠯᠲᠠ ᠶᠢ ᠲᠤᠭᠳᠠᠭᠤᠨ ᠢᠶᠠᠷ ᠠᠬᠢᠭᠤᠯᠤᠨ᠂ ᠨᠡᠶᠢᠳᠡ 5.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠣᠰᠣ᠂ ᠴᠠᠬᠢᠯᠭᠠᠨ᠂ ᠵᠠᠮ᠂ ᠴᠢᠮᠡᠭᠡ ᠨᠡᠪᠳᠡᠷᠡᠭᠦᠯᠭᠡ᠂ ᠤᠷᠤᠨ ᠰᠠᠭᠤᠴᠠ ᠪᠤᠯᠤᠨ ᠦᠨᠳᠦᠰᠦᠨ ᠱᠠᠳᠣᠨ ᠤ ᠰᠣᠶᠣᠯ ᠤᠨ ᠥᠷᠥᠬᠡ᠂ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠲᠤ ᠲᠦᠭᠦᠮ ᠦᠵᠡᠭᠦᠯᠬᠦ ᠬᠤᠯᠪᠤᠭᠠᠳᠤ ᠳᠡᠯᠭᠡᠭᠦᠷ ᠵᠡᠷᠭᠡ ᠰᠠᠭᠤᠷᠢ ᠲᠦᠬᠦᠭᠡᠷᠦᠮᠵᠢ ᠪᠠ ᠦᠢᠯᠡᠴᠢᠯᠡᠭᠡᠨ ᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠭᠡᠷᠡᠭᠵᠢᠭᠦᠯᠦᠨ᠂ ᠮᠠᠯᠵᠢᠬᠤ ᠤᠷᠤᠨ ᠤ ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠤᠷᠤᠨ ᠤ ᠣᠷᠴᠢᠨ ᠲᠤᠭᠤᠷᠢᠨ ᠠᠷᠢᠭᠤᠨ ᠴᠡᠪᠡᠷ ᠢ ᠵᠠᠰᠠᠨ ᠴᠡᠭᠴᠡᠯᠡᠬᠦ ᠠᠵᠢᠯ ᠢ ᠬᠦᠴᠦᠨ ᠢᠶᠠᠨ ᠲᠦᠪᠯᠡᠷᠡᠭᠦᠯᠦᠨ ᠦᠷᠨᠢᠭᠦᠯᠪᠡ᠃ ︵ᠮᠠᠯᠴᠢᠳ ᠤᠨ ᠰᠢᠨ᠎ᠠ ᠣᠷᠣᠨ ᠰᠠᠭᠤᠴᠠ ᠶᠢ 191 ᠪᠠᠶᠢᠭᠤᠯᠤᠨ᠂ ᠮᠠᠯᠵᠢᠬᠤ ᠤᠷᠤᠨ ᠤ 3242 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠠᠯᠪᠢᠨ ᠵᠠᠰᠠᠵᠤ᠂ 4886 ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ ᠳᠡᠰ ᠳᠡᠪᠰᠢᠭᠦᠯᠵᠦ᠂ 384 ᠣᠰᠣᠨ ᠤ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠳᠠᠨ᠂ 4934 ᠬᠦᠮᠦᠨ ᠎ ᠤ ᠤᠤᠭᠤᠬᠤ ᠤᠰᠤᠨ ᠤ ᠠᠮᠦᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ 428.2 ᠺᠢᠯᠤᠮᠧᠲᠷ ᠤᠨ ᠱᠤᠶᠢᠨᠢ ᠵᠠᠮ ᠢ ᠰᠢᠨ᠎ᠡ ᠪᠠᠷ ᠵᠠᠰᠠᠵᠤ᠂ 256.2 ᠺᠢᠯᠤᠮᠧᠲᠷ ᠤᠨ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ 216.5 ᠺᠢᠯᠤᠮᠧᠲᠷ ᠤᠨ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠨ᠂ ᠭᠠᠴᠠᠭᠠᠨ ᠳᠤ ᠵᠠᠰᠠᠮᠠᠯ ᠵᠠᠮ ᠨᠡᠪᠳᠡᠷᠡᠭᠰᠡᠨ ᠨᠤᠷᠮ᠎ᠠ 100%᠎ ᠳᠤ ᠬᠦᠷᠴᠦ᠂ 35 ᠺᠢᠯᠤᠸᠤᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ 4᠂ 110 ᠺᠢᠯᠤᠸᠤᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ 1᠎ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠤᠷᠤᠨ ᠳᠤ ᠲᠤᠤᠷᠴᠢᠯᠠᠭᠰᠠᠨ ᠴᠠᠬᠢᠯᠭᠠᠨ ᠨᠡᠪᠳᠡᠷᠡᠭᠰᠡᠨ ᠨᠣᠷᠮ᠎ᠠ 98%᠎ ᠳᠤ ᠬᠦᠷᠪᠡ᠂ ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ 25᠂ ᠰᠣᠶᠣᠯ ᠤᠨ ᠥᠷᠥᠬᠡ 26᠂ ᠠᠷᠠᠳ ᠲᠤ ᠲᠦᠭᠦᠮ ᠦᠵᠡᠭᠦᠯᠬᠦ ᠬᠤᠯᠪᠤᠭᠠᠳᠤ ᠳᠡᠯᠭᠡᠭᠦᠷ 17᠎ ᠶᠢ ᠰᠢᠨ᠎ᠡ ᠪᠠᠷ ᠪᠠᠶᠢᠭᠤᠯᠪᠠ᠃ 1700 ᠨᠤᠷᠠᠬᠤ ᠠᠶᠣᠯᠲᠠᠢ ᠬᠠᠭᠤᠴᠢᠨ ᠰᠢᠪᠡᠷ ᠪᠠᠶᠢᠰᠢᠩ ᠢ ᠨᠣᠷᠠᠭᠠᠨ᠂ 4796 ᠭᠡᠷ ᠪᠠᠶᠢᠰᠢᠩ ᠢ ᠰᠡᠯᠪᠢᠨ ᠵᠠᠰᠠᠵᠤ᠂ 10.8 ᠲᠦᠮᠡᠨ  ᠮᠧᠲᠷ ᠬᠡᠷᠡᠮ ᠬᠠᠨ᠎ᠠ᠂ 5 ᠪᠠᠭ᠎ᠠ ᠠᠭᠤᠳᠠᠮ ᠳᠠᠯᠠᠪᠠᠢ ᠶᠢ ᠰᠢᠨᠡᠳᠬᠡᠨ ᠪᠠᠶᠢᠭᠤᠯᠵᠤ᠂ 30 ᠲᠦᠮᠡᠨ ᠳᠡᠭᠰᠢ ᠲᠦᠷᠪᠡᠯᠵᠢᠨ ᠮᠧᠲᠷ ᠵᠠᠮ ᠤᠨ ᠬᠦᠪᠡᠭᠡ ᠶᠢ ᠬᠠᠳᠠᠭᠤᠷᠠᠭᠤᠯᠵᠤ᠂ 30 ᠲᠦᠮᠡᠨ ᠪᠤᠰᠤᠭ᠎ᠠ ᠳᠦᠷᠪᠡᠯᠵᠢᠨ ᠮᠧᠲᠷ ᠬᠤᠭ ᠨᠤᠪᠰᠢ ᠶᠢ ᠴᠡᠪᠡᠷᠯᠡᠨ᠂ 360 ᠬᠤᠭ ᠨᠣᠪᠰᠢ ᠶᠢᠨ ᠴᠢᠭ ᠭᠠᠷᠭᠠᠵᠤ᠂ 311 ᠰᠠᠭᠤᠷᠢ ᠨᠡᠶᠢᠳᠡ ᠶᠢᠨ ᠵᠤᠷᠯᠤᠩ ᠢ ᠰᠢᠨ᠎ᠡ ᠪᠠᠷ ᠪᠠᠷᠢᠪᠠ᠃︶ ᠬᠦᠭᠵᠢᠯᠲᠡ ᠶᠢ ᠳᠤᠯᠭᠠᠭᠤᠷᠢᠯᠠᠭᠤᠯᠬᠤ ᠬᠦᠴᠦᠨ ᠢ ᠣᠯᠠᠮ ᠨᠡᠮᠡᠭᠳᠡᠭᠦᠯᠪᠡ᠃ ᠰᠢᠨᠡᠪᠤᠯᠠᠭ ᠪᠠᠯᠭᠠᠰᠣᠨ ᠎ ᠤ ᠤᠰᠤᠨ ᠬᠠᠩᠭᠠᠯᠭ᠎ᠠ ᠶᠢᠨ ᠢᠨᠵᠧᠨᠧᠷᠢᠩ ᠪᠠ ᠱᠧᠨ ᠨᠧᠩ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠦᠷᠦᠯ ᠵᠦᠢᠯ ᠠᠰᠢᠭᠯᠠᠯᠲᠠ ᠳᠤ ᠤᠷᠤᠪᠠ᠃ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠣᠭᠠᠷ ᠤᠳᠠᠭᠠᠨ ᠤ ᠬᠤᠷᠠᠯ ᠠᠴᠠ ᠬᠢᠨᠠᠵᠤ ᠪᠠᠳᠣᠯᠠᠭᠰᠠᠨ ︽ᠪᠦᠬᠦ ᠬᠤᠰᠢᠭᠤᠨ ᠤ ᠴᠢᠬᠤᠯᠡ ᠶᠡᠭᠡ ᠨᠡᠶᠢᠳᠡ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠳᠡᠮᠵᠢᠬᠦ ᠰᠢᠢᠳᠪᠦᠷᠢ︾᠎ ᠶᠢ ᠴᠢᠩᠭ᠎ᠠ ᠭᠡᠷᠡᠭᠵᠢᠭᠦᠯᠤᠨ᠂ ᠨᠤᠳᠤᠭ ᠪᠡᠯᠴᠢᠭᠡᠷ ᠢ ᠲᠠᠳᠠᠪᠤᠷᠢᠯᠠᠵᠤ ᠭᠡᠷᠡᠭᠯᠡᠬᠦ᠂ ᠭᠠᠵᠠᠷ ᠳᠠᠳᠠᠪᠤᠷᠢᠯᠠᠨ ᠨᠤᠷᠠᠭᠠᠵᠤ ᠨᠡᠭᠦᠯᠭᠡᠬᠦ ᠡᠯ᠎ᠡ ᠲᠦᠷᠦᠯ ᠤᠨ ᠠᠵᠢᠯ ᠨᠢ ᠡᠯ᠎ᠠ ᠰᠤᠮᠤ ᠪᠠᠯᠭᠠᠰᠤ᠂ ᠭᠠᠴᠠᠭ᠎ᠠ ᠪᠤᠯᠤᠨ ᠮᠠᠯᠴᠢᠨ ᠲᠦᠮᠡᠨ ᠤ ᠬᠦᠴᠦᠳᠡᠢ ᠳᠡᠮᠵᠢᠯᠬᠡ ᠶᠢ ᠤᠯᠵᠤ᠂ ᠰᠦᠨᠢᠳ ᠪᠠᠷᠠᠭᠤᠨ ᠬᠤᠰᠢᠭᠤ ᠠᠴᠠ ᠴᠢᠭᠤᠯᠤᠯᠲᠣ ᠬᠠᠭᠠᠯᠭ᠎ᠠ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ᠂ ᠮᠤᠵᠢ ᠶᠢᠨ ᠳᠡᠰ ᠤᠨ 313 ᠱᠤᠭᠤᠮ ᠤᠨ ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ᠂ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠪᠠ ᠰᠢᠨᠡᠪᠤᠯᠠᠭ ᠪᠠᠯᠭᠠᠰᠣᠨ ᠤ 220 ᠺᠢᠯᠤᠸᠣᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠵᠡᠷᠭᠡ ᠴᠢᠬᠤᠯᠠ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠵᠢᠴᠢ ᠰᠢᠨ᠎ᠡ ᠡᠨᠧᠷᠭᠢ᠂ ᠠᠭᠤᠷᠬᠠᠢ ᠎ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠤᠨ ᠡᠷᠴᠢᠮ ᠲᠠᠢ ᠶᠠᠪᠤᠭᠳᠠᠬᠤ ᠶᠢ ᠪᠠᠳᠣᠯᠠᠪᠠ᠃           —— ᠠᠮᠢ ᠠᠬᠤᠢ ᠤᠷᠴᠢᠨ ᠲᠤᠭᠤᠷᠢᠨ ᠳᠠᠰᠣᠷᠠᠯᠲᠠ ᠦᠭᠡᠢ ᠰᠠᠶᠢᠵᠢᠷᠠᠪᠠ᠃ ᠨᠢᠭᠡᠳᠦᠭᠡᠷ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠤᠷᠰᠢᠯᠭ᠎ᠠ ᠠᠷᠭ᠎ᠠ ᠠᠪᠴᠠᠯ ᠢᠶᠠᠨ ᠴᠠᠭ ᠲᠤᠬᠠᠢ ᠳᠤᠨᠢ ᠳ᠋ᠦᠩᠨᠡᠵᠦ᠂ ᠪᠡᠯᠴᠢᠭᠡᠷᠯᠡᠬᠦᠯᠬᠦ ᠎ ᠶᠢ ᠵᠤᠭᠰᠣᠭᠠᠬᠤ ᠤᠷᠤᠨ ᠬᠢᠭᠡᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠤᠷᠤᠨ ᠢ ᠵᠤᠬᠢᠰᠲᠠᠢ ᠲᠤᠭᠳᠠᠭᠠᠨ᠂ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳᠠᠭᠠᠵᠤ᠂ ︽ᠬᠦᠪᠡᠭᠡᠲᠦ ᠰᠢᠷ᠎ᠠ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠥᠰᠥᠯ︾᠂ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠣᠭᠤᠮ ᠢ ᠵᠠᠭᠠᠭᠯᠠᠨ ᠲᠤᠭᠳᠠᠭᠠᠬᠤ ᠲᠥᠰᠥᠯ︾ ᠪᠠ ︽ᠤᠯᠤᠰ ᠤᠨ ᠭᠤᠤᠯᠳᠠᠯᠭᠠᠳᠤ ᠠᠮᠢ ᠠᠬᠤᠢ ᠶᠢᠨ ᠴᠢᠳᠠᠪᠬᠢ ᠶᠢᠨ ᠤᠷᠤᠨ ᠤ ᠠᠵᠤ ᠦᠢᠯᠡᠰ ᠤᠨ ᠨᠠᠵᠠᠭᠠᠢ ᠦᠢᠯᠡᠳᠦᠯ ᠤᠨ ᠳᠤᠳᠤᠷᠬᠠᠢ ᠬᠠᠭᠤᠳᠠᠰᠣ︾᠎ ᠶᠢ ᠨᠠᠶᠢᠷᠠᠭᠤᠯᠪᠠ᠃ 48.7 ᠲᠦᠮᠡᠨ ᠮᠦ ᠡᠯᠡᠰᠦᠨ ᠤ ᠡᠬᠢ ᠶᠢ ᠵᠠᠰᠠᠬᠤ᠂ 28.6 ᠲᠦᠮᠡᠨ ᠮᠦ ᠠᠮᠢ ᠠᠬᠤᠢ ᠶᠢᠨ ᠣᠷᠭᠤᠮᠠᠯ ᠤᠨ ᠪᠦᠷᠬᠦᠴᠡ ᠎ ᠶᠢᠨ ᠪᠦᠳᠦᠭᠡᠨ ᠪᠠᠶᠢᠭᠤᠯᠤᠯᠲᠡ᠂ 5660 ᠮᠦ ᠭᠤᠤᠯᠳᠠᠯᠭᠠᠳᠤ ᠤᠷᠤᠨ ᠤ ᠤᠶᠢᠵᠢᠭᠤᠯᠤᠯᠳᠠ᠂ ᠨᠤᠭᠤᠭᠠᠷᠠᠭᠤᠯᠤᠯᠳᠠ ᠶᠢ ᠪᠡᠶᠡᠯᠡᠬᠦᠯᠦᠨ᠂ 128.9 ᠾᠧᠺᠲ᠋ᠠᠷ ᠪᠦᠬᠦᠢ ︽ᠭᠤᠷᠪᠠᠨ ᠲᠤᠭᠤᠷᠢᠭ ᠬᠤᠶᠠᠷ ᠱᠤᠭᠤᠮ︾᠎ ᠤᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠢ ᠵᠠᠰᠠᠪᠠ᠃ ᠰᠢᠨᠡᠪᠤᠯᠠᠭ ᠪᠠᠯᠭᠠᠰᠣᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠤᠯᠤᠩ ᠤᠨ ᠤᠰᠣ ᠶᠢ ᠰᠢᠢᠳᠪᠦᠷᠢᠯᠡᠬᠦ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠪᠣᠳᠠᠰ ᠤᠨ ᠲᠠᠯᠠᠪᠠᠢ ᠪᠠ ᠴᠢᠯᠠᠭᠤᠨ ᠳᠣᠰᠣ ᠶᠢ ᠨᠡᠬᠡᠬᠡᠨ ᠠᠰᠢᠭᠯᠠᠬᠤ ᠳᠤ ᠬᠡᠷᠡᠭᠯᠡᠭᠰᠡᠨ ᠬᠠᠶᠠᠭᠳᠠᠮᠠᠯ ᠣᠰᠣ ᠶᠢ ᠳᠠᠬᠢᠨ ᠴᠡᠪᠡᠷᠰᠢᠭᠦᠯᠬᠦ ᠦᠢᠯᠡᠳᠪᠦᠷᠢ ᠠᠰᠢᠭᠯᠠᠯᠲᠠ ᠳᠤ ᠤᠷᠤᠪᠠ᠃ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠎ ᠪᠠᠷ ᠪᠡᠶᠡᠯᠡᠭᠦᠯᠪᠡ᠃          —— ᠠᠷᠠᠳ ᠤᠨ ᠠᠮᠢᠳᠣᠷᠠᠯ ᠤᠨ ᠪᠠᠳᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ ᠠᠷᠠᠳ ᠤᠨ ᠠᠮᠢᠳᠣᠷᠠᠯ ᠳᠤ ᠨᠡᠶᠢᠳᠡ 44.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠳ᠋ ᠤᠨ ᠵᠠᠰᠠᠭ ᠎ ᠤᠨ ᠶᠡᠷᠦᠩᠬᠡᠢ ᠵᠠᠷᠤᠯᠭ᠎ᠠ ᠶᠢᠨ 72.5%᠎ ᠶᠢ ᠡᠵᠡᠯᠡᠨ᠂ ᠵᠢᠯ ᠪᠦᠷᠢ ᠲᠤᠮᠳᠠᠴᠢ ᠪᠠᠷ 10.1%᠎ ᠪᠠᠷ ᠨᠡᠮᠡᠭᠳᠡᠪᠡ᠃ ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠪᠠ ᠶᠠᠳᠠᠭᠤ ᠠᠴᠠ  ᠠᠩᠬᠢᠵᠢᠷᠠᠭᠤᠯᠤᠨ ᠪᠤᠭᠤᠮᠳᠠ ᠰᠢᠪᠳᠣᠯᠬᠤ ᠠᠵᠢᠯ ᠎ ᠢ ᠯᠠᠪᠳᠠᠭᠤᠨ ᠢᠶᠠᠷ ᠠᠬᠢᠭᠤᠯᠪᠠ᠃ ︽ᠵᠢᠷᠭᠤᠭᠠᠨ ᠨᠠᠷᠢᠯᠢᠭ ᠤᠨᠤᠪᠴᠢᠲᠠᠢ᠂ ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠤᠰᠤᠭᠠᠷ᠂ ︽ᠭᠤᠷᠪᠠ ᠶᠢ ᠭᠠᠴᠠᠭᠠᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠪᠠ ᠳᠤᠬᠢᠳᠠᠢ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠪᠠ᠃ ︽ᠲᠠᠪᠤ ᠶᠢ 100%᠎ ᠪᠠᠷ ᠪᠠᠲᠤᠯᠠᠬᠤ ᠪᠠ ᠨᠢᠭᠡ ᠶᠢ ᠳᠡᠳᠬᠦᠨ ᠳᠡᠮᠵᠢᠬᠦ ᠬᠦᠴᠦᠯᠡᠴᠡ ᠪᠠᠨ ᠣᠯᠠᠮ ᠨᠡᠮᠡᠭᠳᠡᠭᠦᠯᠬᠦ︾ ᠲᠤᠭᠳᠠᠴᠠ ᠶᠢ ᠪᠤᠢ ᠪᠤᠯᠭᠠᠨ᠂ ᠡᠯ᠎ᠡ ᠬᠦᠷᠢᠶ᠎ᠡ ᠴᠠᠷᠠᠭᠠᠨ ᠳᠠᠬᠢ ᠲᠥᠷᠥᠯ ᠵᠦᠢᠯ ᠶᠢ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ ᠯᠦᠭᠡ ᠨᠢᠭᠡᠳᠭᠡᠨ ᠠᠬᠢᠭᠤᠯᠵᠤ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ ᠪᠡᠯᠡ ᠮᠥᠩᠬᠦ 1.01 ᠳ᠋ᠦᠩᠰᠢᠭᠤᠷ ᠲᠦᠭᠦᠷᠢᠭ ᠵᠠᠷᠣᠴᠠᠭᠤᠯᠣᠨ᠂ 2.5 ᠳ᠋ᠦᠩᠰᠢᠭᠤᠷ ᠲᠦᠭᠦᠷᠢᠭ ᠤᠨ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠵᠢᠭᠡᠯᠡᠯᠭᠡ ᠲᠠᠯᠪᠢᠵᠤ᠂ 823 ᠡᠷᠦᠬᠡ᠂ 2243 ᠬᠦᠮᠦᠨ ᠤ ᠶᠠᠳᠠᠭᠤ ᠠᠴᠠ ᠠᠩᠭᠢᠵᠢᠷᠠᠬᠤ ᠠᠰᠠᠭᠤᠳᠠᠯ ᠢ ᠰᠢᠢᠳᠪᠦᠷᠢᠯᠡᠪᠠ᠃ ᠦᠢᠯᠡᠰ ᠴᠤᠭᠴᠠᠯᠠᠬᠤ᠂ ᠠᠵᠢᠯ ᠣᠯᠭᠤᠬᠤ ᠢᠨᠵᠧᠨᠧᠷᠢᠩ ᠤᠨ ᠦᠷ᠎ᠡ ᠪᠦᠳᠦᠮᠵᠢ ᠢᠯᠡᠷᠬᠡᠢ ᠪᠤᠯᠪᠠ᠃ ᠦᠢᠯᠡᠰ ᠪᠤᠰᠬᠠᠬᠤ ᠬᠦᠷᠢᠶᠡᠯᠡᠩ ᠠᠰᠢᠭᠯᠠᠯᠳᠠ ᠳᠤ ᠤᠷᠤᠵᠤ᠂ 5278 ᠲᠥᠮᠡᠨ ᠲᠦᠭᠦᠷᠢᠭ ᠤᠨ ᠦᠢᠯᠡᠰ ᠪᠤᠰᠬᠠᠬᠤ ᠪᠠᠷᠢᠴᠠᠭᠠᠳᠤ ᠵᠢᠭᠡᠯᠡᠯᠭᠡ ᠶᠢ ᠲᠠᠷᠬᠠᠭᠠᠨ᠂ 1100 ᠬᠦᠮᠦᠨ ᠤ ᠦᠢᠯᠡᠰ ᠪᠤᠰᠬᠠᠬᠤ ᠶᠢ ᠳᠡᠮᠵᠢᠵᠦ᠂ 2232 ᠬᠦᠮᠦᠨ ᠤ  ᠠᠵᠢᠯ ᠤᠯᠭᠤᠯᠳᠠ ᠶᠢ ᠪᠡᠶᠡᠯᠡᠬᠦᠯᠪᠡ᠃ 4357 ᠬᠦᠮᠦᠨ ᠳᠤ ᠠᠵᠢᠯ ᠤᠨ ᠪᠠᠶᠢᠷᠢ ᠬᠠᠩᠭᠠᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠳᠠᠩᠰᠠᠯᠠᠭᠰᠠᠨ ᠨᠤᠷᠮ᠎ᠠ ᠶᠢ 3%᠎ ᠶᠢᠨ ᠳᠤᠳᠤᠷ᠎ᠠ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠠ ᠲᠡᠭᠦᠯᠳᠡᠷᠵᠢᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠢ ᠨᠡᠶᠢᠳᠡᠮ ᠪᠦᠷᠬᠦᠭᠦᠯᠵᠦ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ᠂ ᠤᠨᠴᠠ ᠬᠦᠴᠢᠷᠳᠡᠯᠲᠠᠢ ᠬᠦᠮᠦᠰ ᠪᠠ ᠬᠠᠷᠠᠭᠠᠯᠵᠠᠬᠤ ᠨᠢᠭᠤᠷᠯᠠᠯ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠥᠭᠡᠷᠡᠴᠢᠯᠡᠯᠳᠡ᠂ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠳᠡ᠂ ᠠᠯᠪᠠᠳᠠᠨ ᠤ ᠳᠤᠰᠢᠶᠠᠯ ᠪᠠ ᠲᠤᠰᠢᠶᠠᠯ ᠤᠨ ᠳᠡᠰ ᠢ ᠬᠠᠮᠳᠣ ᠳᠤᠨᠢ ᠬᠡᠷᠡᠭᠵᠢᠭᠦᠯᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠰᠤᠮᠤ ᠪᠠᠯᠭᠠᠰᠤᠨ ᠤ ᠦᠨᠳᠦᠰᠦᠨ ᠱᠠᠳᠤᠨ ᠤ ᠨᠦᠬᠦᠪᠦᠷᠢ᠂ ᠤᠷᠤᠨ ᠨᠤᠳᠤᠭ ᠤᠨ ᠨᠦᠬᠦᠪᠦᠷᠢ᠂ ᠴᠠᠯᠢᠩ ᠲᠡᠰ ᠤᠨ ᠤᠯᠭᠤᠮᠵᠢ ᠪᠠ ᠴᠠᠭᠳᠠᠭᠠᠨ ᠤ ᠴᠤᠯᠠ ᠶᠢᠨ ᠨᠦᠬᠦᠪᠦᠷᠢ ᠶᠢ ᠨᠠᠶᠢᠳᠠᠪᠤᠷᠢᠵᠢᠭᠤᠯᠪᠠ᠃ ᠭᠠᠴᠠᠭ᠎ᠠ᠂ ᠨᠡᠶᠢᠭᠡᠮ ᠳᠤᠭᠤᠷᠢᠭ ᠤᠨ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠤ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠬᠦᠯᠪᠡ᠃ 7 ᠭᠠᠴᠠᠭᠠᠨ ᠳᠤ ᠨᠡᠶᠢᠭᠡᠮ ᠤᠨ ᠶᠡᠷᠥᠩᠬᠡᠶᠢᠯᠡᠭᠰᠡᠨ ᠠᠰᠠᠷᠠᠮᠵᠢ ᠶᠢᠨ ᠲᠥᠪ ᠪᠠ ᠬᠠᠷᠢᠯᠴᠠᠨ ᠳᠤᠰᠠᠯᠠᠯᠴᠠᠬᠤ ᠵᠤᠯ ᠵᠢᠷᠭᠠᠯ ᠤᠨ ᠬᠦᠷᠢᠶᠡᠯᠡᠩ ᠪᠠᠶᠢᠭᠤᠯᠵᠤ᠂ ᠬᠤᠰᠢᠭᠤᠨ ᠲᠦᠪ ᠲᠤ ︽ᠳᠤᠯᠠᠭᠠᠨ︾ ᠮᠠᠯᠵᠢᠬᠤ ᠤᠷᠤᠨ ᠤ ᠨᠠᠰᠤᠳᠠᠨ ᠤ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠤᠨ᠂ ᠵᠡᠮᠳᠡᠭᠴᠦᠳ ᠤᠨ ᠠᠰᠠᠷᠠᠮᠵᠢ ᠶᠢᠨ ᠲᠥᠪ ᠤᠨ ᠭᠡᠷ ᠳᠤᠳᠤᠷᠠᠬᠢ ᠵᠠᠰᠠᠨ ᠴᠢᠮᠡᠭᠯᠡᠬᠦ ᠠᠵᠢᠯ ᠢ ᠬᠢᠵᠦ ᠳᠠᠭᠤᠰᠬᠠᠨ᠂ 410 ᠢᠵᠢ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢ ᠪᠠᠶᠢᠭᠤᠯᠤᠨ᠂ 1260 ᠢᠵᠢ ᠳᠦᠭᠦᠮ ᠪᠦᠳᠦᠴᠡᠳᠦ ᠳᠤᠭᠤᠷᠢᠭ ᠢ ᠵᠠᠰᠠᠵᠤ ᠥᠭᠡᠷᠡᠴᠢᠯᠡᠪᠡ᠃          —— ᠨᠡᠶᠢᠭᠡᠮ ᠤᠨ ᠠᠵᠢᠯ ᠦᠢᠯᠡᠰ ᠲᠡᠩᠴᠡᠭᠦᠷᠢᠳᠡᠢ ᠬᠦᠭᠵᠢᠪᠡ᠃ ᠰᠤᠷᠭᠠᠨ ᠬᠦᠮᠦᠵᠢᠯ ᠤᠨ ᠠᠵᠢᠯ ᠢᠯᠡᠳᠳᠡ ᠠᠮᠵᠢᠯᠳᠠ ᠤᠯᠪᠠ᠃ ᠨᠡᠶᠢᠳᠡ 4.5 ᠳ᠋ᠥᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠯ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠪᠦᠬᠦᠯᠢ ᠴᠤᠭᠴᠠ ᠪᠠᠷ ᠎ ᠨᠢ ᠨᠡᠭᠦᠯᠬᠡᠨ ᠰᠢᠯᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠪᠠᠶᠢᠷᠢᠰᠢᠯᠳᠠ ᠳᠤᠬᠢᠷᠠᠮᠵᠢᠳᠠᠢ᠂ ᠴᠢᠳᠠᠪᠬᠢ ᠲᠡᠭᠦᠯᠳᠡᠷ ᠪᠦᠬᠦᠢ ᠰᠤᠷᠭᠠᠨ ᠬᠦᠮᠦᠵᠢᠯ ᠤᠨ ᠤᠷᠤᠨ ᠳᠤᠭᠤᠷᠢᠭ ᠢ ᠦᠨᠳᠦᠰᠦᠨ ᠳᠡᠭᠡᠨ ᠪᠦᠷᠢᠯᠳᠦᠬᠦᠯᠪᠡ᠃ ᠲᠠᠪᠤᠨ ᠳᠤᠮᠳᠠᠳᠤ ᠪᠠᠭ᠎ᠠ ᠰᠤᠷᠭᠠᠭᠤᠯᠢ ᠨᠢ ᠪᠦᠬᠦᠨ ᠢᠶᠠᠷ ᠢᠶᠠᠨ ᠪᠠᠷᠢᠮᠵᠢᠶᠠᠵᠢᠭᠰᠠᠨ ᠰᠤᠷᠭᠠᠭᠤᠯᠢ ᠶᠢᠨ ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠡᠢ ᠬᠦᠭᠵᠢᠬᠦᠯᠦᠯᠳᠡ ᠨᠢ ᠤᠯᠤᠰ ᠤᠨ ᠦᠨᠡᠯᠡᠯᠳᠡ ᠬᠢᠨᠠᠨ ᠳᠤᠭᠳᠠᠭᠠᠯ ᠳᠤ ᠬᠢᠷᠢ ᠲᠡᠩᠴᠡᠵᠤ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ᠂ ᠨᠠᠬᠢᠶ᠎ᠠ ᠪᠠᠭ᠎ᠠ ᠰᠤᠷᠭᠠᠭᠤᠯᠢ ᠶᠢ ︽ᠤᠯᠤᠰ ᠤᠨ ᠲᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ︾᠂ ᠬᠤᠶᠠᠳᠤᠭᠠᠷ ᠪᠠᠭ᠎ᠠ ᠰᠤᠷᠭᠠᠭᠤᠯᠢ ᠶᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠰᠤᠷᠭᠠᠭᠤᠯᠢ︾᠂ ᠦᠨᠳᠦᠰᠦᠳᠡᠨ ᠤ ᠬᠡᠦᠬᠡᠳ ᠤᠨ ᠴᠡᠴᠡᠷᠯᠢᠭ ᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ ᠬᠡᠦᠬᠡᠳ ᠤᠨ ᠴᠡᠴᠡᠷᠯᠢᠭ︾ ᠪᠤᠯᠭᠠᠨ ᠪᠦᠳᠦᠭᠡᠨ ᠪᠠᠶᠢᠭᠤᠯᠪᠠ᠃ ᠪᠠᠭᠰᠢ ᠶᠢᠨ ᠡᠩᠨᠡᠭᠡᠨ ᠤ ᠪᠦᠳᠦᠴᠡ ᠤᠯᠠᠮ ᠰᠢᠯᠢᠳᠡᠭᠵᠢᠨ᠂ ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠳᠤᠭᠳᠠᠭᠤᠨ ᠢᠶᠠᠷ ᠳᠡᠭᠡᠭᠰᠢᠯᠡᠨ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠ ᠶᠢᠨ ᠰᠢᠯᠭᠠᠯᠳᠠ ᠶᠢᠨ ᠬᠢᠷᠢ ᠪᠦᠳᠦᠮᠵᠢ ᠲᠠᠪᠤᠨ ᠵᠢᠯ ᠵᠠᠯᠭᠠᠭ᠎ᠠ ᠪᠠᠷ ᠪᠦᠬᠦ ᠠᠶᠢᠮᠠᠭ ᠲᠤ ᠲᠦᠷᠦᠭᠦᠯᠡᠵᠦ᠂ ᠵᠢᠯ ᠪᠤᠯᠭᠠᠨ ᠬᠠᠭᠠᠰ ᠳᠤᠭᠠᠨ ᠤ ᠰᠤᠷᠤᠭᠴᠢ᠂ ᠪᠠᠭᠰᠢ ᠎ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠪᠠ ᠠᠶᠢᠮᠠᠭ ᠤᠨ ᠭᠤᠤᠯᠳᠠᠯᠭ᠎ᠠ ᠲᠠᠢ ᠳᠤᠮᠳᠠᠳᠤ ᠰᠤᠷᠭᠠᠭᠤᠯᠢ ᠳᠤ ᠰᠢᠯᠭᠠᠨ ᠤᠷᠤᠳᠠᠭ ᠪᠤᠯᠪᠠ᠃ ᠨᠢᠭᠡᠳᠦᠭᠡᠷ ᠳᠤᠮᠳᠠᠳᠤ ᠰᠤᠷᠭᠠᠭᠤᠯᠢ ᠪᠠ ᠶᠡᠷᠥᠩᠬᠡᠶᠢᠯᠡᠭᠰᠡᠨ ᠥᠨᠳᠦᠷ ᠳᠤᠮᠳᠠ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠳᠠᠪᠰᠢᠬᠤ ᠨᠤᠷᠮ᠎ᠠ 50%᠎ ᠳᠤ ᠬᠦᠷᠪᠡ᠃ 2 ᠲᠥᠷᠥᠯ ᠤᠨ ᠪᠤᠳᠠᠳᠤ ᠬᠡᠷᠡᠭᠯᠡᠭᠡᠨ ᠤ ᠰᠢᠨᠵᠢᠯᠡᠬᠦ ᠤᠬᠠᠭᠠᠨ ᠤ ᠮᠡᠷᠭᠡᠵᠢᠯ ᠢ ᠤᠷᠢᠨ ᠤᠷᠤᠭᠤᠯᠵᠤ ᠲᠥᠭᠡᠮᠡᠯᠵᠢᠬᠦᠯᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠳᠤᠭᠳᠠᠭᠤᠨ ᠢᠶᠠᠷ ᠬᠦᠭᠵᠢᠪᠡ᠃ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠳᠡ ᠶᠢ ᠯᠠᠪᠳᠠᠭᠤᠨ ᠠᠬᠢᠭᠤᠯᠵᠤ᠂ ᠮᠤᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠪᠠ ᠮᠤᠩᠭᠤᠯ ᠡᠮ ᠨᠠᠶᠢᠷᠠᠭᠤᠯᠬᠤ ᠲᠠᠰᠤᠭ ᠤᠨ ᠲᠥᠷᠥᠯ ᠵᠦᠢᠯ ᠠᠰᠢᠬᠯᠠᠯᠳᠠ ᠳᠤ ᠤᠷᠤᠨ᠂ ᠰᠢᠨ᠎ᠡ ᠪᠠᠷ ᠪᠠᠶᠢᠭᠤᠯᠵᠤ ᠪᠠᠶᠢᠭ᠎ᠠ ᠡᠬᠡ ᠨᠢᠯᠬᠠᠰ ᠤᠨ ᠡᠷᠡᠬᠦᠯᠵᠢᠯ ᠢ ᠪᠠᠳᠣᠯᠠᠬᠤ ᠬᠤᠷᠢᠶ᠎ᠠ ᠶᠢᠨ ᠭᠤᠤᠯ ᠴᠤᠭᠴᠠ ᠶᠢᠨ ᠠᠵᠢᠯ ᠳᠠᠭᠤᠰᠴᠦ᠂ ᠠᠷᠠᠳ ᠤᠨ ᠡᠮᠨᠡᠯᠭᠡ ᠶᠢᠨ ᠬᠤᠷᠢᠶ᠎ᠠ ᠬᠢᠭᠡᠳ ᠮᠤᠩᠭᠤᠯ ᠡᠮᠨᠡᠯᠭᠡ ᠶᠢᠨ ᠬᠤᠷᠢᠶ᠎ᠠ ᠨᠢ ᠳᠤᠰ ᠳᠤᠰ ᠬᠤᠶᠠᠳᠤᠭᠠᠷ ᠵᠡᠷᠭᠡ ᠶᠢᠨ ᠬᠦᠬᠡᠭᠴᠢᠨ ᠲᠡᠰ ᠪᠠ ᠬᠤᠶᠠᠳᠤᠭᠠᠷ ᠵᠡᠷᠭᠡ ᠶᠢᠨ ᠬᠦᠬᠡ ᠲᠡᠰ ᠲᠤ ᠳᠡᠪᠰᠢᠨ᠂ ᠪᠠᠶᠠᠨᠳᠠᠯ᠎ᠠ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠨᠢ ᠤᠯᠤᠰ ᠤᠨ ᠲᠡᠰ ᠤᠨ ᠤᠯᠠᠨ ᠲᠥᠮᠡᠨ ᠬᠠᠨᠤᠮᠵᠢᠳᠠᠢ ᠡᠷᠡᠬᠦᠯ ᠬᠠᠮᠠᠭᠠᠯᠠᠯ ᠤᠨ ᠬᠤᠷᠢᠶ᠎ᠠ ᠪᠠᠷ ᠦᠨᠡᠯᠡᠭᠳᠡᠪᠡ᠃ ᠡᠷᠡᠬᠦᠯ ᠬᠠᠮᠠᠭᠠᠯᠠᠯ ᠤᠨ ᠬᠢᠨᠠᠯᠳᠠ᠂ ᠬᠢᠵᠢᠭ ᠡᠪᠳᠴᠢᠨ ᠢ ᠰᠡᠷᠬᠡᠶᠢᠯᠡᠨ ᠬᠤᠷᠢᠭᠯᠠᠬᠤ᠂ ᠬᠦᠮᠦᠨ ᠠᠮᠠ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠡᠯ᠎ᠠ ᠲᠥᠷᠥᠯ ᠤᠨ ᠠᠵᠢᠯ ᠡᠮᠬᠢ ᠴᠢᠭᠴᠢ ᠲᠠᠢ ᠶᠠᠪᠤᠭᠳᠠᠪᠠ᠃ ᠰᠤᠶᠤᠯ ᠲᠠᠮᠢᠷ ᠤᠨ ᠦᠢᠯᠡᠰ ᠥᠷᠨᠢᠬᠦᠨ ᠬᠦᠭᠵᠢᠪᠠ᠃ ᠴᠠᠬᠠᠷ ᠵᠠᠩ ᠦᠢᠯᠡ ᠰᠤᠶᠤᠯ ᠢ ᠰᠢᠰᠲ᠋ᠧᠮ ᠎ ᠲᠠᠢ ᠠᠭᠤᠳᠠᠯᠯᠠᠨ ᠡᠮᠬᠢᠳᠬᠡᠵᠦ᠂ ᠠᠰᠣᠷᠣ ᠠᠶᠠᠯᠭᠤ ᠨᠢ ᠤᠯᠤᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠯᠥᠭᠡᠯᠡᠭᠴᠢ ᠴᠢᠨᠠᠷ ᠲᠠᠢ ᠲᠥᠷᠥᠯ ᠵᠦᠢᠯ ᠤᠨ ᠨᠡᠷᠡᠰ ᠲᠤ ᠵᠢᠬᠰᠠᠭᠠᠭᠳᠠᠪᠠ᠃ ᠠᠩᠬᠠᠳᠤᠭᠠᠷ ᠤᠳᠠᠭᠠᠨ ᠤ ᠠᠰᠣᠷᠣ ᠲᠠᠯ᠎ᠠ ᠨᠤᠳᠤᠭ ᠤᠨ ᠳᠠᠭᠤᠤ ᠬᠦᠭᠵᠢᠮ ᠤᠨ ᠨᠠᠶᠢᠷ᠂ ᠪᠦᠬᠦ ᠤᠷᠤᠨ ᠤ ᠵᠠᠯᠠᠭᠤ ᠪᠠᠭᠠᠴᠤᠳ ᠤᠨ ᠤᠯᠠᠨ ᠤᠯᠤᠰ ᠤᠨ ᠪᠦᠬᠡ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ᠂ ︽ᠴᠠᠬᠠᠷ ᠬᠤᠨᠳᠠᠭᠠᠳᠤ︾ ᠮᠤᠩᠭᠤᠯ ᠬᠡᠯᠡᠨ ᠤ ᠰᠢᠯᠦᠭ ᠳᠠᠭᠤᠨ ᠤ ᠤᠷᠤᠯᠳᠤᠭᠠᠨ ᠪᠠ ᠦᠨᠳᠦᠰᠦᠳᠡᠨ ᠤ ᠬᠤᠪᠴᠠᠰᠦ ᠵᠠᠰᠠᠯ ᠤᠨ ᠤᠷᠤᠯᠳᠤᠭᠠᠨ ᠵᠡᠷᠭᠡ ᠨᠠᠭᠠᠳᠤᠮ ᠴᠤᠭᠯᠠᠭᠠᠨ ᠢ ᠠᠮᠵᠢᠯᠳᠠᠳᠠᠢ ᠡᠷᠬᠢᠯᠡᠵᠦ᠂ ᠡᠯ᠎ᠠ ᠲᠥᠷᠥᠯ ᠤᠨ ᠤᠯᠠᠨ ᠲᠥᠮᠡᠨᠴᠢ ᠴᠢᠨᠠᠷᠲᠠᠢ ᠰᠤᠶᠤᠯ ᠲᠠᠮᠢᠷ ᠤᠨ ᠬᠦᠳᠡᠯᠭᠡᠭᠡᠨ ᠢ ᠥᠷᠭᠡᠨ ᠢᠶᠠᠷ ᠶᠠᠪᠤᠭᠳᠠᠭᠤᠯᠵᠤ᠂ ᠡᠭᠦᠨ ᠠᠴᠠ ᠭᠠᠳᠠᠨ᠎ᠠ ᠥᠪᠡᠷᠳᠡᠭᠡᠨ ᠵᠠᠰᠠᠬᠤ ᠤᠷᠤᠨ ᠤ ᠲᠠᠮᠢᠷ ᠎ ᠤᠨ ᠳᠤᠪᠴᠢᠶ᠎ᠠ ᠠᠴᠠ ᠮᠠᠨ ᠤ ᠬᠤᠰᠢᠭᠤ ᠶᠢ ︽ᠰᠢᠳᠠᠷ᠎ᠠ ᠶᠢᠨ ᠦᠯᠦᠬᠡᠢ︾ ᠬᠡᠮᠡᠨ ᠨᠡᠷᠡᠶᠢᠳᠪᠡ᠃ ᠷᠠᠳᠢᠤ᠋ ᠲᠧᠯᠸᠢᠰ ᠎ ᠤᠨ ᠶᠡᠷᠥᠩᠬᠡᠶᠢᠯᠡᠭᠰᠡᠨ ᠪᠦᠷᠬᠦᠴᠡ 99%᠎ ᠳᠤ ᠬᠦᠷᠪᠡ᠃ ᠦᠵᠡᠯ ᠤᠬᠠᠮᠰᠠᠷ ᠤᠨ ᠲᠦᠷᠰᠦ ᠪᠡᠶᠢᠳᠠᠯ ᠤᠨ ᠬᠦᠷᠢᠶᠡᠨ ᠳᠠᠬᠢ ᠠᠵᠢᠯ ᠲᠠᠰᠤᠷᠠᠯᠳᠠ ᠦᠬᠡᠢ ᠴᠢᠩᠭᠠᠷᠠᠨ᠂ ᠤᠯᠠᠨ ᠲᠥᠮᠡᠨᠴᠢ ᠤᠶᠤᠨ ᠤ ᠪᠤᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠯᠠᠪᠳᠠᠭᠤᠨ ᠪᠠᠳᠤᠳᠠᠢ ᠥᠷᠨᠢᠵᠦ᠂ ᠥᠪᠡᠷᠳᠡᠭᠡᠨ ᠵᠠᠰᠠᠬᠤ ᠤᠷᠤᠨ ᠤ ︽ᠪᠤᠯᠪᠠᠰᠤᠨ ᠬᠤᠰᠢᠭᠤ ᠰᠢᠶᠠᠨ︾᠎ ᠤ ᠬᠢᠨᠠᠨ ᠰᠢᠯᠭᠠᠯᠳᠠ ᠳᠤ ᠳᠠᠬᠢᠨᠳᠠ ᠬᠢᠷᠢ ᠲᠡᠩᠴᠡᠪᠡ᠃ ᠤᠯᠤᠰ ᠤᠨ ᠪᠠᠳᠤᠯᠠᠨ ᠬᠠᠮᠠᠭᠠᠯᠠᠯᠳᠠ ᠪᠠ ᠬᠤᠶᠠᠷ ᠢ ᠬᠦᠷᠢᠶᠡᠯᠡᠬᠦ ᠠᠵᠢᠯ ᠤᠨ ᠦᠷ᠎ᠡ ᠪᠦᠳᠦᠮᠵᠢ ᠢᠯᠡᠷᠬᠡᠢ ᠪᠠᠶᠢᠵᠤ᠂ ︽ᠥᠪᠡᠷᠳᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶ᠎ᠡ ᠦᠵᠡᠬᠦᠯᠬᠦ ᠬᠤᠰᠢᠭᠤ︾᠎ ᠶᠢ ᠡᠭᠦᠳᠦᠨ ᠪᠠᠶᠢᠭᠤᠯᠬᠤ ᠦᠷ᠎ᠡ ᠪᠦᠳᠦᠭᠡᠯ ᠦᠷᠭᠦᠯᠵᠢᠯᠡᠨ ᠪᠠᠬᠢᠵᠢᠪᠡ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠦᠢᠯᠡᠰ ᠢ ᠳᠤᠭᠳᠠᠭᠤᠨ ᠢᠶᠠᠷ ᠠᠬᠢᠭᠤᠯᠵᠤ᠂ ᠱᠠᠰᠢᠨ ᠰᠤᠷᠳᠠᠬᠤᠨ ᠶᠢ ᠨᠡᠶᠢᠭᠡᠮ ᠵᠢᠷᠤᠮᠳᠣ ᠨᠡᠶᠢᠭᠡᠮ ᠯᠦᠭᠡ ᠬᠠᠷᠢᠯᠴᠠᠨ ᠵᠣᠬᠢᠴᠠᠭᠤᠯᠬᠤ ᠶᠢ ᠢᠳᠡᠪᠬᠢᠳᠡᠢ ᠵᠢᠯᠤᠭᠤᠳᠪᠠ᠃ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠳᠠᠩᠰᠠ ᠡᠪᠬᠡᠮᠡᠯ᠂ ᠳᠡᠣᠬᠡ ᠤᠶᠢᠯᠠᠯᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠤᠳᠬ᠎ᠠ ᠵᠤᠬᠢᠶᠠᠯ ᠤᠷᠠᠯᠢᠭ᠂ ᠡᠮᠡᠭᠳᠡᠶᠢᠴᠦᠳ ᠬᠡᠦᠭᠡᠳ᠂ ᠬᠤᠶᠢᠴᠢ ᠦᠶ᠎ᠡ ᠶᠢ ᠬᠠᠯᠠᠮᠵᠢᠯᠠᠬᠤ᠂ ᠨᠠᠰᠣᠳᠠᠶᠢᠴᠣᠳ ᠤᠨ ᠲᠠᠮᠢᠷ ᠤᠨ ᠨᠡᠶᠢᠭᠡᠮᠯᠢᠭ᠂ ᠨᠠᠰᠣᠳᠠᠶᠢᠴᠣᠳ ᠤᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠡᠯᠡᠰᠦ ᠶᠢ ᠵᠠᠰᠠᠬᠤ ᠨᠡᠶᠢᠭᠡᠮᠯᠢᠭ ᠵᠡᠷᠭᠡ ᠡᠯ᠎ᠠ ᠲᠥᠷᠥᠯ ᠤᠨ ᠠᠵᠢᠯ ᠰᠢᠨ᠎ᠡ ᠠᠮᠵᠢᠯᠳᠠ ᠤᠯᠪᠠ᠃          —— ᠨᠡᠶᠢᠭᠡᠮ ᠤᠨ ᠡᠶ᠎ᠡ ᠵᠤᠬᠢᠴᠠᠯ ᠳᠤᠭᠳᠠᠭᠤᠨ ᠪᠠᠶᠢᠳᠠᠯ ᠢ ᠪᠠᠳᠣᠯᠠᠪᠠ᠃ ᠭᠠᠵᠠᠷ ᠤᠨ ᠲᠡᠰ ᠎ ᠤᠨ ᠤᠳᠤᠷᠢᠳᠤᠯᠭ᠎ᠠ ᠠᠴᠠ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠪᠠ ︽1328︾ ᠵᠠᠬᠢᠳᠠᠯ ᠰᠤᠷᠪᠤᠯᠵᠢᠯᠠᠭ᠎ᠠ ᠶᠢᠨ ᠬᠤᠯᠪᠤᠭᠠᠳᠤ ᠬᠤᠷᠠᠯ ᠤᠨ ᠳᠦᠷᠢᠮ ᠢ ᠳᠤᠭᠳᠠᠭᠠᠵᠤ ᠴᠢᠩᠭ᠎ᠠ ᠬᠡᠷᠡᠭᠵᠢᠭᠦᠯᠦᠨ᠂ ᠦᠨᠳᠦᠰᠦᠨ ᠎ ᠠᠴᠠ ᠨᠢ ᠵᠠᠰᠠᠬᠤ ᠶᠢ ᠴᠢᠩᠭᠠᠳᠬᠠᠵᠤ᠂ ᠤᠯᠠᠨ ᠲᠥᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ ᠪᠦᠳᠦᠮᠵᠢᠳᠡᠢ ᠬᠠᠮᠠᠭᠠᠯᠠᠪᠠ᠃ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠳᠡᠢ ᠪᠠᠶᠢᠭᠤᠯᠤᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠪᠦᠳᠦᠮᠵᠢᠳᠡᠢ ᠪᠠᠳᠣᠯᠠᠪᠠ᠃ ᠨᠡᠶᠢᠭᠡᠮ ᠤᠨ ᠠᠮᠤᠷ ᠳᠦᠪᠰᠢᠨ ᠢ ᠶᠡᠷᠥᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠦᠷᠢᠴᠠᠯ ᠢ ᠪᠠᠶᠢᠴᠠᠭᠠᠨ ᠨᠠᠮᠳᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ 110 ᠨᠡᠶᠢᠭᠡᠮ ᠤᠨ ᠬᠤᠯᠪᠤᠭᠠᠯᠠᠨ ᠬᠦᠳᠡᠯᠥᠯᠴᠡᠬᠦ ᠳᠤᠭᠳᠠᠴᠠ ᠶᠢ ᠪᠠᠶᠢᠭᠤᠯᠵᠤ᠂ ᠤᠯᠠᠨ ᠤᠳᠠᠭᠠᠨ ᠤ ︽ᠰᠡᠷᠡᠮᠵᠢᠯᠡᠭᠦᠯᠬᠦ︾ ᠰᠢᠷᠢᠰ ᠠᠵᠢᠯᠯᠠᠭ᠎ᠠ ᠶᠢ ᠥᠷᠨᠢᠬᠦᠯᠦᠨ᠂ ᠨᠡᠶᠢᠭᠡᠮ ᠤᠨ ᠳᠤᠭᠳᠠᠭᠤᠨ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ ᠎ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠂ ᠨᠡᠶᠢᠳᠡ ᠶᠢᠨ ᠠᠮᠤᠷ ᠳᠦᠪᠰᠢᠨ ᠤ ᠭᠡᠮ ᠰᠣᠭᠤᠭ ᠎ ᠢ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ᠂ ᠡᠯ᠎ᠠ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠳᠤᠰᠬᠠᠢ ᠴᠡᠭᠴᠡᠯᠡᠯᠲᠠ ᠵᠡᠷᠭᠡ ᠠᠵᠢᠯᠯᠠᠭ᠎ᠠ ᠶᠢ ᠥᠷᠨᠢᠬᠦᠯᠵᠦ᠂ ᠠᠶᠤᠯᠭᠦᠢ ᠦᠢᠯᠡᠳᠪᠦᠷᠢᠯᠡᠯ ᠤᠨ ᠳᠤᠭᠳᠠᠭᠤᠨ ᠪᠠᠶᠢᠳᠠᠯ ᠢ ᠪᠠᠳᠤᠯᠠᠪᠠ᠃ ᠪᠦᠳᠦᠬᠡᠭᠳᠡᠬᠦᠨ ᠤ ᠶᠠᠰᠣ ᠴᠢᠨᠠᠷ ᠵᠢᠴᠢ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠦᠷ ᠳᠦᠪᠰᠢᠨ ᠤ ᠶᠡᠭᠡ ᠪᠠᠶᠢᠴᠠᠭᠠᠯᠳᠠ ᠶᠢ ᠥᠷᠨᠢᠬᠦᠯᠵᠦ᠂ ᠢᠳᠡᠬᠡᠨ ᠤᠮᠳᠠᠭᠠᠨ ᠡᠮ ᠤᠨ ᠵᠦᠢᠯᠡᠰ ᠎ ᠢ ᠳᠦᠷᠭᠡᠨ ᠪᠠᠶᠢᠴᠠᠭᠠᠨ ᠬᠡᠮᠵᠢᠬᠦ ᠳᠠᠰᠤᠭ ᠢ ᠪᠠᠶᠢᠭᠤᠯᠤᠨ᠂  ᠠᠷᠠᠳ ᠤᠯᠠᠨ ᠤ ᠢᠳᠡᠭᠡᠨ ᠤᠮᠳᠠᠭᠠᠨ᠂ ᠡᠮ ᠤᠨ ᠵᠦᠢᠯᠡᠰ ᠤᠨ ᠬᠡᠷᠡᠭᠯᠡᠭᠡᠨ ᠤ ᠠᠮᠤᠷ ᠳᠦᠪᠰᠢᠨ ᠢ ᠪᠠᠳᠤᠯᠠᠪᠠ᠃          —— ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠦᠷᠭᠦᠯᠵᠢᠯᠡᠨ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠳᠤᠭᠳᠠᠭᠠᠯ ᠢ ᠨᠠᠷᠢᠨ ᠨᠢᠮᠪᠠᠢ ᠬᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠎ ᠳᠤ ᠠᠵᠢᠯ ᠢᠶᠠᠨ ᠬᠠᠤᠯᠢ ᠶᠤᠰᠤ ᠪᠠᠷ ᠬᠠᠷᠢᠭᠤ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠥᠯᠥᠭ ᠤᠨ ᠪᠤᠰᠤ ᠬᠦᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠪᠠ᠃ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠥᠪᠯᠡᠭᠴᠢ ᠎ ᠶᠢᠨ ᠳᠦᠷᠢᠮ ᠢ ᠪᠠᠶᠢᠭᠤᠯᠪᠠ᠃ ︽ ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠥᠭᠡᠮᠡᠯᠵᠢᠬᠦᠯᠬᠦ ᠠᠵᠢᠯ ᠢ ᠠᠮᠵᠢᠯᠳᠠᠳᠠᠢ ᠪᠡᠶᠡᠯᠡᠬᠦᠯᠦᠨ᠂ ︽ᠳᠤᠯᠤᠳᠤᠭᠠᠷ ᠲᠠᠪᠤᠨ ᠵᠢᠯ︾᠎ ᠤᠨ ᠬᠠᠤᠯᠢ ᠲᠥᠭᠡᠮᠡᠯᠵᠢᠬᠦᠯᠬᠦ ᠠᠵᠢᠯ ᠢ ᠪᠦᠬᠦ ᠲᠠᠯ᠎ᠠ ᠎ ᠪᠠᠷ ᠦᠷᠨᠢᠭᠦᠯᠦᠭᠡᠳ᠂ ᠮᠠᠨ ᠤ ᠬᠤᠰᠢᠭᠤ ᠨᠢ ᠪᠦᠬᠦ ᠤᠯᠤᠰ ᠤᠨ ᠬᠠᠤᠯᠢ ᠪᠠᠷ ᠵᠠᠰᠠᠬᠤ ᠤᠬᠠᠭᠤᠯᠬ᠎ᠠ ᠬᠦᠮᠦᠵᠢᠯ ᠤᠨ ᠲᠡᠷᠢᠬᠦᠨ ᠤ ᠬᠤᠰᠢᠭᠤ ᠪᠠᠷ ᠨᠡᠷᠡᠶᠢᠳᠦᠭᠳᠡᠪᠡ᠃ ︽ᠵᠠᠰᠠᠭ ᠤᠨ ᠤᠷᠳᠤᠨ ᠤ ᠤᠴᠢᠷ ᠶᠠᠪᠤᠳᠠᠯ ᠢ ᠵᠥᠪᠯᠡᠬᠦ ᠳᠦᠷᠢᠮ︾ ᠪᠠ ︽ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠤᠴᠢᠷ ᠶᠠᠪᠤᠳᠠᠯ ᠢ ᠵᠥᠪᠯᠡᠬᠦ ᠳᠦᠷᠢᠮ︾᠎ ᠳᠤ ᠰᠢᠨ᠎ᠡ ᠎ ᠪᠠᠷ ᠵᠠᠰᠠᠪᠤᠷᠢ ᠤᠷᠤᠭᠤᠯᠵᠤ᠂ ︽ᠭᠤᠷᠪᠠᠨ ᠴᠢᠬᠤᠯᠠ ᠨᠢᠭᠡ ᠳᠤᠮᠤ︾ ᠬᠠᠮᠳᠤᠪᠠᠷ ᠤᠴᠢᠷ ᠶᠠᠪᠤᠳᠠᠯ ᠵᠥᠪᠯᠡᠨ ᠰᠢᠢᠳᠪᠦᠷᠢᠳᠦ ᠪᠤᠳᠤᠯᠭ᠎ᠠ ᠲᠤᠭᠳᠠᠭᠠᠬᠤ ᠳᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠪᠠ᠃ ᠥᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠪᠦᠬᠦ ᠲᠠᠯ᠎ᠠ ᠪᠠᠷ ᠠᠬᠢᠭᠤᠯᠪᠠ᠃ ᠠᠵᠤ ᠠᠬᠤᠢ᠂ ᠠᠮᠢ ᠠᠬᠤᠢ ᠪᠤᠯᠤᠨ ᠨᠡᠶᠢᠭᠡᠮ ᠤᠨ ᠪᠦᠳᠦᠴᠡ ᠶᠢᠨ ᠥᠭᠡᠷᠡᠴᠢᠯᠡᠯᠳᠡ ᠶᠢ 67 ᠪᠡᠶᠡᠯᠡᠬᠦᠯᠦᠨ᠂ 171 ᠲᠥᠷᠥᠯ ᠢ ᠢᠳᠡᠪᠬᠢᠳᠡᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠵᠠᠰᠠᠭ ᠤᠨ ᠤᠷᠳᠤᠨ ᠬᠤᠳᠠᠯᠳᠤᠨ ᠠᠪᠬᠤ ᠪᠠ ᠳᠠᠭᠠᠭᠠᠴᠢᠯᠠᠯᠳᠠ ᠵᠠᠷᠯᠠᠨ ᠬᠦᠯᠢᠶᠡᠨ ᠠᠪᠬᠤ ᠶᠠᠪᠤᠴᠠ ᠶᠢ ᠳᠦᠷᠢᠮᠵᠢᠬᠦᠯᠪᠠ᠃ ᠮᠠᠨ ᠤ ᠬᠤᠰᠢᠭᠤ ᠨᠢ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠠ ᠪᠤᠯᠭᠠᠬᠤ ᠶᠢ ᠪᠠᠷᠢᠮᠵᠢᠶᠠᠵᠢᠭᠤᠯᠤᠨ ᠳᠦᠷᠢᠮᠵᠢᠬᠦᠯᠬᠦ ᠥᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠪᠤᠯᠪᠠ᠃ ᠠᠯᠪᠠᠨ ᠳᠤ ᠬᠡᠷᠡᠭᠯᠡᠬᠦ ᠭᠡᠷ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠮᠠᠰᠢᠨ ᠲᠡᠷᠭᠡᠨ ᠤ ᠳᠦᠷᠢᠮ ᠤᠨ ᠥᠭᠡᠷᠡᠴᠢᠯᠡᠯᠳᠡ ᠶᠢ ᠪᠡᠶᠡᠯᠡᠬᠦᠯᠪᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠪᠠ ︽ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾᠎ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠳᠤᠰᠬᠠᠢ ᠰᠡᠳᠦᠪᠳᠦ ᠬᠦᠮᠦᠵᠢᠯ ᠢ ᠬᠦᠨᠵᠡᠭᠡᠢ ᠥᠷᠨᠢᠬᠦᠯᠦᠨ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠶᠢ ᠪᠠᠶᠢᠩᠭᠤᠵᠢᠭᠤᠯᠤᠨ ᠲᠦᠷᠢᠮᠵᠢᠭᠦᠯᠬᠦ ᠶᠢ ᠠᠬᠢᠭᠤᠯᠵᠦ᠂ ︽ᠲᠥᠪ ᠤᠨ ᠨᠠᠢᠮᠠᠨ ᠳᠤᠭᠳᠠᠭᠠᠯ︾᠎ ᠤᠨ ᠵᠤᠷᠢᠭ ᠰᠠᠨᠠᠭ᠎ᠠ ᠪᠠ ᠤᠷᠤᠨ᠂ ᠠᠶᠢᠮᠠᠭ᠂ ᠬᠤᠰᠢᠭᠤᠨ ᠤ ᠳᠦᠬᠦᠷ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠳᠦᠷᠪᠡᠨ ᠰᠤᠷᠳᠠᠯ︾᠎ ᠤᠨ ᠳᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠵᠠᠰᠠᠨ ᠴᠡᠭᠴᠡᠯᠡᠵᠦ᠂ ᠵᠠᠰᠠᠭ ᠤᠨ ᠰᠤᠷᠳᠠᠯ᠂ ᠠᠵᠢᠯ ᠲᠦᠷᠦᠯ ᠤᠨ ᠰᠤᠷᠳᠠᠯ ᠢ ᠢᠯᠡᠷᠬᠡᠢ ᠰᠠᠶᠢᠵᠢᠷᠠᠭᠤᠯᠤᠨ᠂ ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠪᠢᠳᠡ ᠬᠦᠴᠢᠷ ᠢ ᠳᠤᠭᠤᠯᠤᠨ᠂ ᠡᠷᠡᠯᠭᠡᠭᠯᠡᠨ ᠲᠡᠮᠡᠴᠡᠵᠦ᠂ ᠠᠵᠤ ᠠᠬᠤᠢ ᠨᠡᠶᠢᠭᠡᠮ ᠤᠨ ᠬᠦᠭᠵᠢᠯᠳᠡ ᠰᠢᠨ᠎ᠡ ᠦᠰᠦᠷᠦᠯᠳᠡ ᠶᠢ ᠪᠡᠶᠡᠯᠡᠬᠦᠯᠪᠠ᠃ ᠲᠠᠪᠤᠨ ᠵᠢᠯ ᠤᠨ ᠬᠦᠭᠵᠢᠯᠳᠡ ᠎ ᠪᠠᠨ ᠡᠷᠬᠢᠴᠡᠬᠦᠯᠪᠡᠯ᠂ ᠡᠨᠡᠬᠦ ᠲᠠᠪᠤᠨ ᠵᠢᠯ ᠪᠤᠯ ᠮᠠᠨ ᠤ ᠬᠤᠰᠢᠭᠤᠨ ᠤ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠭᠰᠠᠨ ᠲᠠᠪᠤᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠥᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠤᠨ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠠᠴᠠ ᠡᠯ᠎ᠠ ᠲᠥᠷᠥᠯ ᠤᠨ ᠠᠵᠢᠯ ᠵᠤᠬᠢᠴᠠᠩᠭᠤᠢ ᠪᠠᠷ ᠬᠦᠭᠵᠢᠭᠰᠡᠨ ᠲᠠᠪᠤᠨ ᠵᠢᠯ᠂ ᠰᠠᠭᠤᠷᠢ ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠳᠦᠷᠭᠡᠳᠬᠡᠨ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠢ ᠲᠡᠩᠴᠡᠭᠦᠷᠢᠳᠡᠢ ᠬᠦᠭᠵᠢᠭᠦᠯᠦᠨ᠂ ᠠᠷᠠᠳ ᠤᠯᠠᠨ ᠤ ᠬᠦᠷᠳᠡᠭᠡᠯ ᠤᠨ ᠬᠡᠮᠵᠢᠶ᠎ᠡ ᠮᠡᠳᠡᠭᠳᠡᠮ᠎ᠠ ᠨᠡᠮᠡᠭᠳᠡᠭᠰᠡᠨ ᠲᠠᠪᠤᠨ ᠵᠢᠯ ᠪᠤᠯᠤᠨ᠎ᠠ᠃ ᠡᠳᠡᠭᠡᠷ ᠠᠮᠵᠢᠯᠳᠠ ᠶᠢ ᠤᠯᠤᠭᠰᠠᠨ ᠶᠠᠪᠣᠳᠠᠯ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠪᠦᠬᠦ ᠬᠤᠰᠢᠭᠤᠨ ᠤ ᠡᠯ᠎ᠠ ᠦᠨᠳᠦᠰᠦᠳᠡᠨ ᠤ ᠺᠠᠳ᠋ᠷ ᠤᠯᠠᠨ ᠲᠥᠮᠡᠨ ᠪᠦᠯᠬᠦᠮᠳᠡᠨ ᠨᠢᠬᠳᠠᠷᠠᠵᠤ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠥᠩ ᠪᠤᠯᠬᠤ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠷᠭ᠎ᠠ ᠪᠤᠳᠤᠯᠭ᠎ᠠ ᠭᠠᠷᠭᠠᠨ᠂ ᠰᠢᠷᠭᠠᠭᠤ ᠬᠠᠳᠠᠭᠤᠵᠢᠯᠲᠠᠢ ᠠᠵᠢᠯᠯᠠᠵᠤ᠂ ᠢᠳᠡᠪᠬᠢᠲᠡᠢ ᠨᠡᠮᠡᠷᠢ ᠬᠠᠨᠳᠢᠪ ᠢᠶᠠᠨ ᠡᠷᠭᠦᠭᠰᠡᠨ ᠡᠯ᠎ᠡ ᠠᠵᠢᠯ ᠲᠦᠷᠦᠯ ᠶᠢᠨ ᠬᠢᠨ᠂ ᠡᠯ᠎ᠡ ᠠᠵᠢᠯ ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠥᠮᠡᠨ᠂ ᠬᠦᠪᠡᠭᠡᠲᠦ ᠰᠢᠷ᠎ᠠ ᠬᠤᠰᠢᠭᠤᠨ ᠤ ᠬᠦᠭᠵᠢᠯᠳᠡ ᠪᠠ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ ᠎ ᠬᠢᠨ ᠳᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠠ︕          ᠪᠢᠳᠡ ᠠᠮᠵᠢᠯᠳᠠ ᠪᠠᠨ ᠤᠯᠵᠤ ᠬᠠᠷᠠᠬᠤ ᠶᠢᠨ ᠳᠠᠭᠠᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠎ ᠤᠨ ᠬᠦᠭᠵᠢᠯᠳᠡ ᠳᠤ ᠤᠷᠤᠰᠢᠵᠦ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢ ᠰᠡᠷᠬᠡᠭ ᠢᠶᠠᠷ ᠤᠯᠵᠦ ᠲᠠᠨᠢᠬᠤ ᠬᠡᠷᠡᠭᠳᠡᠢ᠃ ᠨᠢᠭᠡ ᠳᠤ᠂ ᠬᠦᠭᠵᠢᠯᠳᠡ ᠶᠢᠨ ᠶᠠᠰᠣ ᠴᠢᠨᠠᠷ ᠪᠤᠯᠤᠨ ᠦᠷ᠎ᠡ ᠠᠰᠢᠭ ᠲᠤᠤᠷ᠎ᠠ᠂ ᠠᠵᠤ ᠠᠬᠤᠢ ᠎ ᠶᠢᠨ ᠶᠡᠷᠥᠩᠬᠡᠢ ᠬᠡᠮᠵᠢᠶ᠎ᠡ ᠪᠠᠭ᠎ᠠ᠂ ᠠᠵᠦ ᠦᠢᠯᠡᠰ ᠤᠨ ᠲᠡᠰ ᠳᠠᠪᠬᠤᠷᠭ᠎ᠠ ᠳᠤᠤᠷ᠎ᠠ᠂ ᠮᠠᠯ ᠠᠵᠤ ᠠᠬᠤᠢ ᠶᠢᠨ ᠨᠡᠷ᠎ᠡ ᠳᠡᠮᠳᠡᠭ ᠤᠨ ᠦᠷ᠎ᠡ ᠠᠰᠢᠭ ᠢᠯᠡᠷᠬᠡᠢ ᠪᠤᠰᠤ᠂ ᠡᠬᠢ ᠪᠠᠶᠠᠯᠢᠭ ᠤᠨ ᠪᠤᠰᠤ ᠠᠵᠦ ᠦᠢᠯᠡᠰ ᠪᠠ ᠪᠦᠬᠦ ᠤᠷᠤᠨ ᠪᠦᠰᠡ ᠎ ᠶᠢᠨ ᠵᠢᠭᠤᠯᠴᠢᠯᠠᠯ ᠢᠶᠠᠷ ᠭᠤᠤᠯ ᠪᠤᠯᠭᠠᠭᠰᠠᠨ ᠣᠳᠣᠭᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠪᠦᠷᠢᠨ ᠪᠣᠰᠣ ᠪᠠᠶᠢᠨ᠎ᠠ᠃ ᠬᠤᠶᠠᠷ ᠲᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠣᠭᠠᠰᠣ ᠨᠡᠯᠢᠶᠡᠳ ᠶᠡᠭᠡ᠂ ᠡᠳ᠋ ᠎ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠯᠢᠶᠡᠳ ᠳᠤᠪᠤᠶᠢᠮ᠎ᠠ᠂ ᠤᠷᠤᠨ ᠨᠤᠳᠤᠭ ᠤᠨ ᠴᠢᠨᠠᠷᠳᠠᠢ ᠥᠷᠢ ᠰᠢᠷᠢ ᠶᠢᠨ ᠳᠠᠷᠣᠭᠠᠰᠣ ᠨᠡᠯᠢᠶᠡᠳ ᠬᠦᠨᠳᠦ ᠪᠠᠶᠢᠨ᠎ᠠ᠃ ᠭᠤᠷᠪᠠ ᠳᠤ᠂ ᠰᠠᠭᠤᠷᠢ ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠨᠡᠯᠢᠶᠡᠳ ᠬᠤᠴᠤᠷᠤᠩᠭᠤᠢ᠂ ᠬᠦᠭᠵᠢᠯᠳᠡ ᠶᠢ ᠳᠤᠯᠭᠠᠷᠢᠯᠠᠭᠤᠯᠬᠤ ᠪᠠᠳᠤᠯᠠᠭ᠎ᠠ ᠶᠢᠨ ᠴᠢᠳᠠᠪᠤᠷᠢ ᠠᠨᠠᠢ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠪᠠᠰᠠ ᠪᠠᠭ᠎ᠠ ᠪᠤᠰᠤ ᠪᠠᠭᠤᠷᠠᠢ ᠲᠠᠯ᠎ᠠ ᠤᠷᠤᠰᠢᠵᠤ᠂ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠲᠠᠯ᠎ᠠ ᠳᠤ ᠪᠠᠭ᠎ᠠ ᠪᠣᠰᠣ ᠠᠰᠠᠭᠤᠳᠠᠯ ᠣᠷᠣᠰᠢᠵᠤ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠭᠦᠷᠭᠡ ᠬᠦᠨᠳᠦ ᠪᠠᠶᠢᠨ᠎ᠠ᠃ ᠪᠢᠳᠡ ᠵᠠᠪᠠᠯ ᠬᠠᠷᠢᠭᠤᠴᠠᠯᠭᠠᠳᠤ ᠤᠬᠠᠮᠰᠠᠷ ᠪᠠ  ᠬᠠᠷᠢᠭᠤᠴᠠᠯᠭ᠎ᠠ ᠡᠭᠦᠷᠭᠡᠯᠡᠬᠦ ᠣᠬᠠᠮᠰᠠᠷ ᠢᠶᠠᠨ ᠤᠯᠠᠮ ᠴᠢᠩᠭᠠᠳᠬᠠᠨ᠂ ᠬᠦᠴᠦᠲᠠᠢ ᠠᠷᠭ᠎ᠠ ᠬᠡᠮᠵᠢᠶ᠎ᠡ ᠶᠢ ᠠᠪᠴᠤ ᠡᠳᠡᠭᠡᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠤᠭᠳᠣ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠲᠡᠢ᠃ᠬᠤᠶᠠᠷ᠂ ᠬᠤᠶᠢᠰᠢᠲᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠡᠮᠡᠴᠡᠬᠦ ᠬᠠᠷᠠᠯᠲᠠ ᠪᠤᠯᠤᠨ ᠠᠵᠢᠯ ᠤᠨ ᠭᠤᠤᠯᠳᠠᠯᠭ᠎ᠠ          ᠬᠤᠶᠢᠰᠢᠲᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠴᠠᠭ ᠬᠤᠭᠤᠴᠠᠭ᠎ᠠ᠂ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠤᠨ᠂ ᠪᠤᠭᠤᠮᠲᠠ ᠰᠢᠪᠲᠤᠯᠬᠤ ᠴᠠᠭ ᠬᠤᠭᠤᠴᠠᠭ᠎ᠠ ᠪᠤᠯᠤᠨ᠎ᠠ᠃ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠥᠩᠬᠡᠢ ᠰᠡᠳᠬᠢᠴᠡ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠲᠡ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠤᠨ᠂ ᠰᠢᠨ᠎ᠡ ᠶᠢ ᠡᠭᠦᠳᠬᠦ᠂ ᠵᠤᠬᠢᠴᠠᠭᠤᠯᠬᠤ᠂ ᠪᠤᠬᠢᠷᠳᠣᠯ ᠦᠭᠡᠢ᠂ ᠨᠡᠬᠡᠬᠡᠯᠲᠡᠲᠦ᠂ ᠬᠠᠮᠳᠣᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ᠂ ᠲᠤᠭᠲᠠᠭᠤᠨ ᠤ ᠲᠤᠮᠳᠠ ᠣᠷᠣᠭᠰᠢᠯᠠᠬᠤ ᠠᠵᠢᠯ ᠤᠨ ᠶᠡᠷᠥᠩᠬᠡᠢ ᠬᠦᠭ ᠠᠶᠠᠰ ᠢ ᠪᠠᠷᠢᠮᠲᠠᠯᠠᠵᠤ᠂ ᠦᠨᠳᠦᠷ ᠶᠠᠰᠣ ᠴᠢᠨᠠᠷ ᠪᠦᠬᠦᠢ ᠬᠦᠭᠵᠢᠯᠲᠡ ᠶᠢᠨ ᠱᠠᠭᠠᠷᠳᠠᠯᠭ᠎ᠠ ᠪᠠᠷ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠣᠭᠤᠮ ᠪᠤᠯᠭᠠᠨ᠂ ᠬᠦᠭᠵᠢᠯᠲᠡ᠂ ᠠᠮᠢ ᠠᠬᠤᠢ᠂ ᠠᠷᠠᠳ ᠤᠨ ᠠᠮᠢᠳᠣᠷᠠᠯ ᠵᠡᠷᠭᠡ ᠭᠤᠷᠪᠠᠨ ᠱᠣᠭᠤᠮ ᠢ ᠪᠠᠲᠤ ᠰᠠᠬᠢᠨ᠂ ᠰᠢᠨ᠎ᠡ ᠬᠡᠯᠪᠡᠷᠢ ᠎ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠣᠵᠢᠯᠲᠠ᠂ ᠮᠠᠯ ᠠᠵᠤ ᠠᠬᠤᠢ ᠤᠨ ᠣᠳᠣᠬᠢᠴᠢᠯᠠᠯᠲᠠ ᠶᠢ ᠵᠡᠷᠭᠡᠪᠡᠷ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠰᠠᠭᠤᠷᠢ ᠲᠦᠭᠦᠭᠡᠷᠦᠮᠵᠢ᠂ ᠰᠠᠭᠤᠷᠢ ᠠᠵᠤ ᠦᠢᠯᠡᠰ᠂ ᠦᠨᠳᠦᠰᠦᠨ ᠱᠠᠲᠤᠨ ᠤ ᠠᠵᠢᠯ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠠᠵᠤ ᠠᠬᠤᠢ ᠶᠢᠨ ᠶᠡᠷᠥᠩᠬᠡᠶᠢᠯᠡᠭᠰᠡᠨ ᠪᠤᠳᠠᠳᠣ ᠬᠦᠴᠦᠨ ᠢ ᠲᠠᠰᠣᠷᠠᠯᠲᠠ ᠦᠭᠡᠢ ᠨᠡᠮᠡᠭᠳᠡᠭᠦᠯᠦᠨ᠂ ᠠᠷᠠᠳ ᠤᠨ ᠠᠮᠢᠳᠣᠷᠠᠯ ᠢ ᠦᠷᠬᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠠᠬᠢᠭᠤᠯᠤᠨ᠎ᠠ᠃ ᠭᠤᠤᠯ ᠲᠡᠮᠡᠴᠡᠬᠦ ᠬᠠᠷᠠᠯᠲᠠ ᠪᠤᠯ᠄ 2022 ᠤᠨ ᠪᠤᠯᠬᠤ ᠳᠤ᠂ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ ᠢ 34.8 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠎ ᠪᠠᠷ 8%᠎ ᠪᠠᠷ ᠨᠡᠮᠡᠭᠳᠡᠭᠦᠯᠦᠨ᠎ᠡ᠃ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 38.4 ᠳ᠋ᠦᠩᠰᠢᠭᠤᠷ ᠲᠦᠭᠦᠷᠢᠭ ᠲᠤ ᠭᠦᠷᠭᠡᠵᠤ᠂ ᠵᠢᠯ ᠳᠤ ᠳᠣᠮᠳᠠᠴᠢ ᠪᠠᠷ 15%᠎ ᠪᠠᠷ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠳ᠋ ᠎ ᠤᠨ ᠵᠠᠰᠠᠭ ᠤᠨ ᠲᠦᠰᠦᠪ ᠤᠨ ᠣᠷᠣᠯᠭ᠎ᠠ ᠶᠢ 2.18 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 6.6%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠣᠬᠤ ᠶᠠᠷᠥᠩᠬᠡᠢ ᠬᠡᠮᠵᠢᠶ᠎ᠡ ᠶᠢ 9.1 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 8.4%᠎ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ 52600 ᠲᠦᠭᠦᠷᠢᠭ ᠲᠤ ᠬᠦᠷᠭᠡᠵᠤ᠂ ᠵᠢᠯ ᠳᠤ ᠳᠣᠮᠳᠠᠴᠢ ᠪᠠᠷ 8%᠎ ᠪᠠᠷ ᠨᠡᠮᠡᠭᠳᠡᠭᠦᠯᠵᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠵᠢᠨ‌‍ᠲ᠋ᠤᠬᠢᠷᠠᠭᠤᠯᠵᠤ ᠪᠤᠯᠬᠤᠶᠢᠴᠠ ᠣᠷᠣᠯᠭ᠎ᠠ ᠶᠢ 20300 ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 9%᠎ ᠪᠠᠷ ᠨᠡᠮᠡᠭᠳᠡᠭᠦᠯᠦᠨ᠎ᠡ᠃          ᠵᠢᠱᠢᠭᠰᠡᠨ ᠬᠠᠷᠠᠯᠲᠠ ᠶᠢ ᠲᠤᠭᠳᠠᠭᠠᠬᠤ ᠳᠠᠭᠠᠨ᠂ ᠶᠡᠷᠥᠩᠬᠡᠢ ᠬᠡᠮᠵᠢᠶ᠎ᠡ ᠶᠢ ᠨᠡᠮᠡᠭᠳᠡᠭᠦᠯᠬᠦ ᠪᠠ ᠪᠦᠲᠦᠴᠡ ᠎ ᠶᠢ ᠰᠢᠯᠢᠳᠡᠭᠵᠢᠭᠦᠯᠬᠦ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠ ᠨᠡᠬᠡᠬᠡᠯᠲᠡ ᠬᠢᠵᠤ ᠰᠢᠨ᠎ᠡ ᠶᠢ ᠡᠬᠦᠳᠬᠦ᠂ ᠪᠤᠬᠢᠷᠳᠣᠯ ᠦᠭᠡᠢ ᠣᠷᠴᠢᠨ ᠲᠤᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠡᠶ᠎ᠡ ᠵᠤᠬᠢᠴᠠᠯ ᠵᠡᠷᠭᠡ ᠡᠯ᠎ᠡ ᠲᠠᠯ᠎ᠠ ᠶᠢᠨ ᠬᠦᠴᠦᠨ ᠵᠦᠢᠯ ᠢ ᠭᠦᠢᠴᠡᠳ ᠪᠤᠳᠣᠯᠬᠢᠯᠠᠵᠤ᠂ ᠴᠢᠳᠠᠯ ᠤᠨ ᠬᠢᠷᠢ ᠪᠠᠷ ᠬᠢᠵᠤ᠂ ᠢᠳᠡᠪᠬᠢᠲᠡᠢ ᠤᠷᠤᠭᠰᠢᠯᠠᠨ ᠳᠠᠪᠰᠢᠬᠤ ᠵᠠᠷᠴᠢᠮ ᠢ ᠪᠠᠷᠢᠮᠲᠠᠯᠠᠪᠠ᠂ ᠭᠡᠪᠡᠴᠦ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠱᠠᠭᠠᠷᠳᠠᠭᠳᠠᠨ᠎ᠠ᠃          ︵ᠨᠢᠭᠡ︶ ᠰᠢᠨ᠎ᠡ ᠶᠢ ᠡᠭᠦᠳᠦᠨ ᠬᠦᠭᠵᠢᠭᠦᠯᠬᠦ ᠪᠠᠷ ᠬᠦᠳᠡᠯᠭᠡᠬᠦ ᠬᠦᠴᠦᠨ ᠪᠤᠯᠭᠠᠨ᠂ ᠠᠵᠤ ᠦᠢᠯᠡᠰ ᠎ ᠤᠨ ᠬᠦᠭᠵᠢᠯᠲᠡ ᠶᠢᠨ ᠳᠡᠰ ᠳᠠᠪᠬᠤᠷᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ ᠭᠦᠭᠵᠢᠯᠲᠡ ᠶᠢ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠪᠤᠯᠭᠠᠨ᠂ ᠠᠵᠤ ᠦᠢᠯᠡᠰ᠂ ᠨᠡᠷᠡᠲᠦ ᠲᠡᠮᠳᠡᠭ᠂ ᠲᠦᠷᠢᠮ ᠵᠡᠷᠭᠡ ᠬᠦᠷᠢᠶ᠎ᠡ ᠴᠠᠷᠠᠭᠠᠨ ᠳᠤ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠤᠨ᠂ ᠠᠵᠤ ᠠᠬᠤᠢ ᠶᠢᠨ ᠬᠦᠭᠵᠢᠯᠲᠡ ᠶᠢᠨ ᠳᠣᠲᠤᠭᠠᠳᠣ ᠬᠦᠳᠡᠯᠭᠡᠬᠦ ᠬᠦᠴᠦᠨ ᠢ ᠪᠤᠢ ᠪᠤᠯᠭᠠᠨ᠂ ᠠᠵᠤ ᠦᠢᠯᠡᠰ ᠶᠢ ᠤᠶᠤᠨᠴᠢ᠂ ᠪᠠᠶᠢᠭᠠᠯᠢᠯᠢᠭ᠂ ᠦᠢᠯᠡᠴᠢᠯᠡᠭᠡ᠂ ᠦᠨᠳᠦᠷ ᠳᠡᠰ ᠲᠡᠰᠢ ᠬᠤᠪᠢᠷᠠᠭᠤᠯᠬᠤ ᠶᠢ ᠠᠬᠢᠭᠤᠯᠵᠤ᠂ ᠣᠯᠠᠮᠵᠢᠯᠠᠯᠲᠣ ᠠᠵᠤ ᠦᠢᠯᠡᠰ ᠢ ᠰᠢᠨ᠎ᠡ ᠬᠡᠯᠪᠡᠷᠢᠵᠢᠭᠦᠯᠦᠨ᠂ ᠰᠢᠨ᠎ᠡ ᠪᠠᠷ ᠬᠦᠭᠵᠢᠭᠰᠡᠨ ᠠᠵᠣ ᠦᠢᠯᠡᠰ ᠢ ᠬᠡᠪᠴᠢᠶᠡᠵᠢᠭᠦᠯᠦᠨ᠂ ᠲᠤᠯᠭᠠᠭᠤᠷᠢᠯᠠᠬᠤ ᠠᠵᠤ ᠦᠢᠯᠡᠰ ᠢ ᠣᠯᠠᠨ ᠡᠰᠢᠵᠢᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠢᠳᠡᠭ ᠢᠳᠡᠭ ᠢᠶᠠᠷ ᠪᠠᠶᠢᠭᠤᠯᠤᠨ᠎ᠠ᠃ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠨ ᠬᠦᠭᠵᠢᠭᠦᠯᠦᠨ᠎ᠡ᠃  ᠦᠨᠳᠦᠷ ᠦᠷ᠎ᠡ ᠠᠰᠢᠭᠲᠦ᠂ ᠠᠮᠢ ᠠᠬᠤᠢ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ ᠬᠦᠭᠵᠢᠬᠦᠯᠬᠦ ᠪᠠᠷ ᠭᠤᠤᠯ ᠰᠢᠪᠳᠣᠯᠣᠯᠲᠠ ᠪᠤᠯᠭᠠᠨ᠂ ︽ᠬᠤᠨᠢ ᠶᠢ ᠴᠦᠬᠡᠴᠢᠯᠡᠨ ᠦᠬᠡᠷ ᠢ ᠨᠡᠮᠡᠭᠳᠡᠭᠦᠯᠬᠦ᠂ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ︾ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠴᠦᠬᠡᠨ ᠮᠠᠯᠵᠢᠬᠤ ᠨᠠᠷᠢᠯᠢᠭ ᠮᠠᠯᠵᠢᠬᠤ ᠨᠡᠷ᠎ᠡ ᠲᠡᠮᠳᠡᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠴᠠᠬᠠᠷ ᠬᠤᠨᠢᠨ ᠤ ᠨᠡᠷ᠎ᠡ ᠲᠡᠮᠳᠡᠭ ᠢ ᠡᠭᠦᠳᠴᠦ᠂ ︽ᠬᠤᠶᠠᠷ ᠲᠤᠭᠤᠷᠢᠭ  ᠬᠤᠶᠠᠷ ᠪᠦᠰᠡ︾᠎ ᠶᠢᠨ ᠰᠠᠶᠢᠨ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠭᠤᠤᠯᠳᠠᠯᠭᠠᠲᠤ ᠣᠷᠣᠨ ᠲᠤᠭᠤᠷᠢᠭ ᠢ ᠲᠤᠭᠲᠠᠭᠠᠵᠤ᠂ ᠴᠠᠬᠠᠷ ᠬᠤᠨᠢ ᠪᠠ ᠰᠢᠯᠢᠳᠡᠭ ᠡᠭᠦᠯᠳᠡᠷ ᠤᠨ ᠮᠢᠬᠠᠨ ᠦᠬᠡᠷ ᠢ ᠲᠡᠵᠢᠭᠡᠨ ᠦᠷᠡᠵᠢᠭᠦᠯᠬᠦ ᠶᠢ ᠰᠠᠶᠢᠲᠣᠷ ᠠᠳᠬᠤᠵᠤ᠂ ᠰᠠᠭᠠᠯᠢ ᠶᠢᠨ ᠦᠨᠢᠶ᠎ᠡ ᠠᠷᠠᠴᠢᠯᠠᠨ ᠮᠠᠯᠵᠢᠬᠤ ᠬᠦᠷᠢᠶ᠎ᠡ ᠬᠡᠪᠴᠢᠶ᠎ᠡ ᠶᠢ ᠲᠤᠭᠲᠠᠪᠤᠷᠢᠵᠢᠭᠤᠯᠤᠨ᠂ ᠣᠯᠠᠨ ᠬᠡᠯᠪᠡᠷᠢ ᠶᠢᠨ ᠵᠤᠬᠢᠰᠲᠠᠢ ᠬᠡᠪᠴᠢᠶᠡᠵᠢᠭᠦᠯᠦᠨ ᠡᠵᠡᠩᠨᠡᠬᠦ ᠶᠢ ᠵᠤᠷᠢᠭᠵᠢᠭᠤᠯᠤᠨ᠂ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠤᠨ᠂ ︽ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠲᠡᠵᠢᠭᠡᠨ ᠦᠷᠡᠵᠢᠭᠦᠯᠬᠦ ᠡᠷᠦᠬᠡ︾᠎ ᠶᠢᠨ ᠬᠡᠪ ᠵᠠᠬᠠᠪᠤᠷ ᠢ ᠳᠡᠯᠭᠡᠷᠡᠭᠦᠯᠵᠦ ᠂ ᠣᠳᠣᠬᠢᠴᠢᠯᠠᠭᠰᠠᠨ ᠮᠠᠯ ᠠᠵᠤ ᠠᠬᠤᠢ ᠶᠢᠨ  ᠦᠢᠯᠡᠳᠪᠦᠷᠢᠯᠡᠯ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠤᠨ᠎ᠠ᠃  ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠤᠨ᠎ᠠ᠃ ᠨᠠᠷᠠ ᠰᠠᠯᠬᠢᠨ ᠤ ᠴᠡᠪᠡᠷ ᠡᠨᠧᠷᠬᠢ ᠶᠢᠨ ᠠᠵᠤ ᠦᠢᠯᠡᠰ ᠢ ᠢᠳᠡᠪᠬᠢᠲᠡᠢ ᠬᠦᠭᠵᠢᠭᠦᠯᠵᠦ᠂ ᠵᠠᠭᠤᠨ ᠲᠦᠮᠡᠨ ᠺᠢᠯᠤᠸᠠᠲ ᠶᠢᠨ ᠨᠠᠷᠠ ᠰᠠᠯᠬᠢᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠵᠤ᠂ ᠴᠢᠯᠠᠭᠤᠨ ᠲᠤᠰᠣᠨ ᠤ ᠠᠵᠤ ᠠᠬᠤᠶᠢᠯᠠᠯ ᠢ ᠮᠡᠷᠭᠡᠵᠢᠯ ᠢᠶᠠᠨ ᠰᠢᠨᠡᠴᠢᠯᠡᠨ ᠭᠠᠷᠣᠯᠲᠠ ᠪᠠᠨ ᠲᠤᠭᠳᠠᠪᠤᠷᠢᠵᠢᠭᠤᠯᠬᠤ ᠶᠢ ᠵᠤᠷᠢᠭᠵᠢᠭᠤᠯᠤᠨ᠎ᠠ︔ ᠨᠡᠭᠦᠷᠡᠰᠦ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠦᠨᠳᠦᠷ ᠨᠡᠮᠡᠯᠲᠡ ᠦᠷᠲᠡᠭ ᠪᠦᠬᠦᠢ ᠪᠦᠲᠦᠭᠡᠭᠳᠡᠭᠦᠨ ᠢ ᠰᠣᠳᠣᠯᠣᠨ ᠬᠦᠭᠵᠢᠬᠦᠯᠬᠦ ᠶᠢ ᠳᠡᠮᠵᠢᠨ᠂ ᠠᠯᠲᠠ᠂ ᠨᠢᠣᠪᠢ ᠲᠠᠨᠲ᠋ᠠᠯ᠂ ᠸᠣᠯᠹᠷᠠᠮ᠂ ᠪᠢᠰᠮᠦ᠋ᠲ᠂ ᠮᠦᠩᠭᠦ ᠵᠡᠷᠭᠡ ᠲᠡᠮᠦᠷᠯᠢᠭ ᠢ ᠰᠣᠩᠭᠤᠨ ᠪᠤᠯᠪᠠᠰᠣᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠪᠤᠬᠢᠷᠳᠣᠯ ᠦᠭᠡᠢ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠂ ᠣᠯᠠᠨ ᠲᠣᠶᠢᠯᠵᠢᠭᠤᠯᠤᠨ ᠲᠤᠯᠭᠠᠭᠤᠷᠢᠯᠠᠭᠤᠯᠬᠤ᠂ ᠤᠯᠠᠨ ᠡᠰᠢᠵᠢᠭᠦᠯᠦᠨ ᠬᠦᠭᠵᠢᠬᠦᠯᠬᠦ᠂ ᠣᠷᠴᠢᠯᠳᠣᠭᠤᠯᠤᠨ ᠠᠰᠢᠭᠯᠠᠬᠤ᠂ ᠦᠷ᠎ᠡ ᠠᠰᠢᠭ ᠲᠤᠪᠤᠶᠢᠮ᠎ᠠ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠰᠣᠶᠣᠯ ᠵᠢᠭᠤᠯᠴᠢᠯᠠᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠢᠵᠠᠭᠤᠷ ᠰᠣᠶᠤᠯ ᠪᠠ ᠴᠠᠬᠠᠷ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠠᠨ᠂ ᠰᠣᠶᠣᠯ ᠪᠠ ᠵᠢᠭᠤᠯᠴᠢᠯᠡᠯ ᠤᠨ ᠦᠢᠯᠡᠰ ᠢ ᠠᠭᠤᠰᠣᠯᠴᠠᠭᠤᠯᠤᠨ ᠬᠦᠭᠵᠢᠭᠦᠯᠵᠤ᠂ ᠰᠠᠭᠤᠷᠢ ᠲᠦᠭᠦᠭᠡᠷᠦᠮᠵᠢ ᠪᠠ ᠲᠦᠭᠦᠷ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠂ ᠠᠮᠢ ᠠᠬᠤᠢ ᠶᠢ ᠪᠡᠶᠡᠴᠢᠯᠡᠨ ᠣᠶᠢᠯᠠᠭᠠᠬᠤ᠂ ᠰᠡᠯᠡᠭᠦᠴᠡᠯ᠂ ᠰᠣᠶᠤᠯ ᠲᠤᠭᠯᠠᠭᠠᠮ᠂ ᠡᠷᠡᠭᠦᠯᠵᠢᠯ ᠰᠣᠪᠢᠯᠠᠯᠲᠠ ᠵᠡᠷᠭᠡ ᠵᠢᠭᠤᠯᠴᠢᠯᠠᠯ ᠤᠨ ᠲᠦᠷᠦᠯ ᠵᠦᠢᠯ ᠢ ᠶᠡᠬᠡᠪᠡᠷ ᠬᠦᠭᠵᠢᠭᠦᠯᠵᠦ᠂ ᠵᠢᠭᠤᠯᠴᠢᠯᠠᠯ ᠤᠨ ᠰᠢᠯᠢᠳᠡᠭ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠯᠠᠨ ᠲᠦᠷᠦᠯ ᠤᠨ ᠱᠠᠭᠠᠷᠳᠠᠯᠭ᠎ᠠ ᠳᠤ ᠨᠡᠩ ᠰᠠᠶᠢᠨ ᠢᠶᠠᠷ ᠵᠤᠬᠢᠴᠠᠭᠤᠯᠵᠤ᠂ ︽ᠨᠢᠭᠡ ᠨᠡᠷ᠎ᠡ ᠲᠡᠮᠳᠡᠭ᠂ ᠲᠦᠷᠪᠡᠨ ᠣᠯᠠᠷᠢᠯ ᠤᠨ ᠵᠢᠭᠤᠯᠴᠢᠯᠠᠯ ᠤᠨ ᠨᠠᠶᠢᠷ︾  ᠎ ᠤᠨ ᠨᠦᠯᠦᠭᠡᠯᠡᠬᠦ ᠬᠦᠴᠦᠨ ᠢ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠤᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠭᠦᠢᠯᠭᠡᠭᠡ᠂ ᠬᠤᠭᠤᠯᠠ ᠤᠮᠳᠠᠭᠠᠨ᠂ ᠬᠤᠨᠤᠭ ᠪᠠᠭᠤᠳᠠᠯ᠂ ᠮᠠᠰᠢᠨ ᠲᠡᠷᠭᠡᠨ ᠤ ᠰᠡᠯᠪᠢᠨ ᠵᠠᠰᠠᠯᠲᠠ ᠵᠡᠷᠭᠡ ᠣᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠰᠣᠶᠤᠯ ᠤᠨ ᠡᠭᠦᠳᠣᠯᠲᠡ᠂ ᠵᠤᠬᠢᠶᠠᠮᠠᠯ ᠣᠶᠤᠨᠴᠢ ᠴᠢᠳᠠᠪᠤᠷᠢ᠂ ᠲᠤᠮᠤ ᠳ᠋ᠡᠶᠢᠲ᠋ᠡ᠂ ᠪᠤᠳᠠᠰ ᠤᠨ ᠢᠨᠲ᠋ᠧᠷ ᠰᠦᠯᠵᠢᠶ᠎ᠡ᠂ ᠮᠦᠩᠭᠦᠨ ᠭᠦᠢᠯᠭᠡᠭᠡ ᠳᠠᠭᠠᠳᠬᠠᠯ᠂ ᠬᠠᠤᠯᠢ ᠴᠠᠭᠠᠵᠠ ᠶᠢᠨ ᠦᠢᠯᠡᠴᠢᠯᠡᠭᠡ᠂ ᠯᠠᠪᠯᠠᠬᠤ ᠵᠠᠭᠤᠴᠢ ᠵᠡᠷᠭᠡ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠦᠭᠵᠢᠭᠦᠯᠦᠨ᠎ᠡ᠃          ︵ᠬᠤᠶᠠᠷ︶ ᠵᠤᠬᠢᠴᠠᠭᠤᠯᠤᠨ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ ᠬᠤᠲᠠ ᠬᠦᠳᠡᠭᠡ ᠶᠢᠨ ᠬᠦᠭᠵᠢᠯᠲᠡ ᠶᠢᠨ ᠲᠦᠷᠢ ᠲᠦᠷᠬᠦ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠤᠲᠠ ᠪᠠᠯᠭᠠᠰᠣᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠦᠯᠦᠪᠵᠢᠭᠦᠯᠦᠨ ᠵᠢᠯᠤᠭᠤᠳᠬᠤ ᠶᠢ ᠳᠣᠪᠤᠶᠢᠯᠭᠠᠨ᠂ ᠣᠯᠠᠨ ᠲᠦᠯᠦᠪᠵᠢᠭᠦᠯᠭᠡ ᠶᠢ ᠨᠢᠭᠡᠳᠬᠡᠵᠦ᠂ ︽ᠨᠢᠭᠡ ᠬᠦᠷᠢᠶᠡᠯᠡᠩ ᠬᠤᠶᠠᠷ ᠪᠦᠰᠡ ᠭᠤᠷᠪᠠᠨ ᠭᠤᠤᠯᠳᠣ ᠲᠠᠪᠤᠨ ᠬᠦᠨᠳᠡᠯᠡᠨ ︾᠎ ᠤ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠰᠣᠶᠤᠯ ᠤᠨ ᠠᠭᠤᠯᠬᠤᠨ ᠢ ᠳᠣᠪᠣᠶᠢᠯᠭᠠᠨ᠂ ᠠᠵᠢᠯᠯᠠᠵᠤ ᠰᠠᠭᠤᠬᠤ ᠳᠤ ᠲᠠᠭᠠᠯᠠᠮᠵᠢᠲᠠᠢ᠂ ᠢᠯᠠ ᠲᠤᠳᠤ ᠣᠨᠴᠠᠯᠢᠭ ᠪᠦᠬᠦᠢ ᠣᠳᠣᠬᠢᠴᠢᠯᠠᠭᠰᠠᠨ ᠬᠤᠲᠠ ᠪᠠᠯᠭᠠᠰᠤ ᠶᠢ ᠡᠭᠦᠳᠦᠨ ᠪᠠᠶᠢᠭᠤᠯᠤᠨ᠎ᠠ᠃ ᠢᠯᠴᠢ ᠬᠠᠩᠭᠠᠯᠭ᠎ᠠ᠂ ᠣᠰᠣ ᠬᠠᠩᠭᠠᠯᠭ᠎ᠠ᠂ ᠴᠢᠮᠡᠭᠡ ᠬᠤᠯᠪᠤᠭ᠎ᠠ᠂ ᠵᠠᠮ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠤᠭᠤᠭᠠᠷᠠᠭᠤᠯᠤᠯᠲᠠ᠂ ᠭᠡᠭᠡᠷᠡᠭᠦᠯᠦᠯᠲᠡ᠂ ᠭᠤᠸᠠᠵᠢᠭᠤᠯᠤᠯᠲᠠ᠂ ᠴᠡᠪᠡᠷᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠂ ︽ᠣᠶᠤᠨᠴᠢ ᠬᠤᠲᠠ︾᠎ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠪᠠᠯᠭᠠᠰᠣᠨ ᠤ ᠶᠡᠷᠥᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠨᠡᠮᠡᠭᠳᠡᠭᠦᠯᠦᠨ᠎ᠡ ᠃ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠦᠯᠲᠡ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠨᠦᠭᠦᠴᠡᠯ ᠪᠠ ᠣᠷᠴᠢᠨ ᠲᠤᠭᠤᠷᠢᠨ ᠤ ᠦᠩᠭᠡ ᠲᠦᠷᠰᠦ ᠶᠢ ᠦᠷᠬᠦᠯᠵᠢᠯᠡᠨ ᠰᠠᠶᠢᠵᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠣᠷᠣᠨ ᠳᠤ ᠬᠡᠷᠡᠭᠵᠢᠭᠦᠯᠬᠦ ᠶᠢ ᠠᠬᠢᠭᠤᠯᠤᠨ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠲᠡᠩᠴᠡᠭᠦᠷᠢᠲᠠᠢ ᠬᠦᠭᠵᠢᠭᠦᠯᠬᠦ ᠶᠢ ᠠᠬᠢᠭᠤᠯᠵᠤ᠂ ᠬᠤᠲᠠ ᠬᠦᠳᠡᠭᠡ ᠶᠢᠨ ᠵᠦᠷᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠲᠤᠮᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠰᠠᠶᠢᠲᠣᠷ ᠠᠳᠬᠤᠨ᠎ᠠ᠃ ᠰᠦᠨᠢᠳ ᠪᠠᠷᠠᠭᠤᠨ ᠬᠤᠰᠢᠭᠤ ᠠᠴᠠ ᠴᠢᠭᠤᠯᠭᠠᠲᠤ ᠬᠠᠭᠠᠯᠭ᠎ᠠ ᠬᠦᠷᠬᠦ ᠦᠨᠳᠦᠷ ᠬᠤᠷᠳᠣᠴᠠᠲᠦ ᠵᠠᠰᠠᠮᠠᠯ ᠵᠠᠮ᠂ ᠮᠤᠵᠢ ᠶᠢᠨ ᠳᠡᠰ ᠤᠨ 313 ᠱᠣᠭᠤᠮ᠂ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠪᠤᠯᠤᠨ ᠠᠭᠠᠷ ᠤᠨ ᠠᠵᠤ ᠦᠢᠯᠡᠰ ᠤᠨ ᠬᠦᠷᠢᠶᠡᠯᠡᠩ᠂ ᠵᠢᠷᠦᠬᠡ ᠠᠴᠠ ᠬᠤᠸᠠᠳᠧ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠂ ᠲᠦᠷᠪᠡᠨ ᠵᠦᠭ ᠲᠤ ᠨᠡᠪᠲᠡᠷᠡᠬᠦ ᠵᠠᠰᠠᠮᠠᠯ ᠵᠠᠮ ᠪᠠ ︽ᠠᠭᠠᠷ ᠠᠶᠠᠯᠠᠯ ᠤᠨ ᠱᠣᠭᠤᠮ︾᠎ ᠢ ᠨᠡᠪᠲᠡᠷᠡᠭᠦᠯᠦᠨ᠂ ᠳᠦᠭᠦᠮ ᠳᠦᠲᠡ ᠵᠠᠮ ᠬᠠᠷᠢᠯᠴᠠᠭᠠᠨ ᠤ ᠵᠦᠭᠡᠭᠡᠪᠦᠷᠢ ᠎ ᠶᠢᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠴᠠᠬᠢᠯᠭᠠᠨ ᠬᠦᠴᠦᠨ᠂ ᠴᠢᠮᠡᠭᠡ ᠬᠤᠯᠪᠤᠭᠠᠨ ᠤ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠬᠦᠭᠵᠢᠯᠲᠡ ᠶᠢᠨ ᠪᠠᠲᠤᠯᠠᠭᠠᠨ ᠤ ᠲᠦᠪᠰᠢᠨ ᠢ ᠤᠯᠠᠮ ᠳᠡᠭᠡᠭᠰᠢᠯᠡᠭᠦᠯᠦᠨ᠎ᠡ          ︵ᠭᠤᠷᠪᠠ︶ ᠪᠤᠬᠢᠷᠳᠣᠯ ᠦᠭᠡᠢ ᠬᠦᠭᠵᠢᠯᠲᠡ ᠪᠠᠷ ᠣᠷᠢᠳᠠᠯ ᠪᠤᠯᠭᠠᠨ᠂ ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠴᠣᠭᠴᠠᠯᠠᠨ᠎ᠠ᠃ ᠪᠠᠶᠢᠭᠠᠯᠢ ᠶᠢᠨ ᠵᠢᠮ᠎ᠠ ᠶᠤᠰᠤ ᠶᠢ ᠵᠢᠷᠣᠮᠯᠠᠨ᠂ ᠬᠠᠶᠢᠷᠠᠯᠠᠨ ᠬᠠᠮᠠᠭᠠᠯᠠᠬᠤ ᠤᠶᠢᠯᠠᠭᠠᠭᠳᠠᠬᠤᠨ ᠢ ᠪᠠᠳᠣ ᠪᠤᠢ ᠪᠤᠯᠭᠠᠨ᠂ ᠬᠦᠭᠵᠢᠬᠦᠯᠬᠦ ᠪᠠ ᠬᠠᠮᠠᠭᠠᠯᠠᠬᠤ ᠬᠠᠷᠢᠴᠠᠭ᠎ᠠ ᠶᠢ ᠵᠦᠪ ᠰᠢᠢᠳᠪᠦᠷᠢᠯᠡᠵᠦ᠂ ᠪᠤᠬᠢᠷᠳᠣᠯ ᠦᠭᠡᠢ ᠲᠤᠤᠷ᠎ᠠ ᠨᠡᠭᠦᠷᠡᠰᠦᠳᠦᠷᠦᠭᠴᠢᠲᠦ᠂ ᠪᠤᠯᠪᠠᠰᠣᠨ ᠡᠷᠡᠭᠦᠯ ᠴᠢᠬᠢᠷᠠᠭ ᠠᠮᠢᠳᠣᠷᠠᠯ ᠤᠨ ᠬᠡᠯᠪᠡᠷᠢ ᠶᠢ ᠰᠣᠷᠳᠠᠯᠴᠢᠯᠠᠨ᠂ ᠵᠠᠰᠠᠭ ᠤᠨ ᠣᠷᠳᠣᠨ ᠢᠶᠠᠷ ᠭᠤᠤᠯ ᠵᠢᠯᠤᠭᠤᠳᠣᠮᠵᠢ ᠪᠤᠯᠭᠠᠬᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠤᠯᠭᠠᠬᠤ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠪᠠᠷ ᠎ ᠢᠶᠠᠨ ᠬᠠᠮᠲᠦ ᠣᠷᠣᠯᠴᠠᠬᠤ ᠣᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠵᠠᠰᠠᠯᠲᠠ ᠶᠢᠨ ᠡᠯ᠎ᠡ ᠲᠦᠷᠦᠯ ᠤᠨ ᠢᠨᠵᠧᠨᠧᠷᠢᠩ ᠎ ᠢ ᠬᠡᠷᠡᠭᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠬᠤ ᠎ ᠶᠢ ᠠᠬᠢᠭᠤᠯᠤᠨ᠎ᠠ᠃ ᠲᠦᠷᠦᠯ ᠬᠤᠪᠢᠶᠠᠨ ᠵᠢᠯᠤᠭᠤᠳᠬᠤ᠂ ᠠᠷᠭ᠎ᠠ ᠪᠤᠳᠣᠯᠭ᠎ᠠ ᠶᠢ ᠶᠡᠷᠥᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠨ᠂ ᠠᠭᠠᠷ ᠮᠠᠨᠳᠠᠯ᠂ ᠣᠰᠣ ᠪᠠ ᠬᠦᠷᠦᠰᠦ ᠰᠢᠷᠣᠢ ᠶᠢᠨ ᠪᠤᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠣᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠣᠯᠲᠠ ᠪᠤᠯᠤᠨ ᠠᠮᠢ ᠠᠬᠤᠢ ᠎ ᠶᠢᠨ ᠣᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠣᠯᠠᠭᠠᠨ ᠱᠣᠭᠤᠮ ᠤᠨ ᠬᠠᠮᠠᠭᠠᠯᠠᠯᠲᠠ ᠪᠠ ᠬᠤᠲᠠ ᠪᠠᠯᠭᠠᠰᠤᠨ ᠤ ᠨᠡᠬᠡᠬᠡᠯᠲᠡ ᠬᠢᠬᠦ ᠵᠠᠭᠠᠭ ᠱᠣᠭᠤᠮ ᠤᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠤᠬᠢᠴᠠᠭᠤᠯᠤᠨ ᠬᠤᠯᠪᠤᠭᠠᠯᠠᠬᠤ ᠶᠢ ᠪᠠᠶᠢᠩᠭᠤᠵᠢᠭᠤᠯᠤᠭᠰᠠᠨ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠤᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠬᠢᠨᠠᠨ ᠬᠠᠮᠢᠶᠠᠷᠣᠯᠲᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ᠂ ᠠᠵᠢᠯ ᠲᠦᠷᠦᠯ ᠤᠨ ᠰᠠᠯᠠᠭ᠎ᠠ ᠮᠦᠴᠢᠷ ᠤᠨ ᠡᠨᠧᠷᠬᠢ ᠶᠢ ᠠᠷᠪᠢᠯᠠᠨ ᠬᠤᠷᠣᠭᠳᠠᠯ ᠢ ᠪᠠᠭᠠᠰᠬᠠᠬᠤ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠦᠨ᠂ ᠡᠨᠧᠷᠬᠢ ᠶᠢ ᠠᠷᠪᠢᠯᠠᠨ ᠪᠤᠬᠢᠷᠳᠣᠯ ᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃          ︵ᠲᠦᠷᠪᠡ︶ ᠨᠡᠬᠡᠬᠡᠯᠲᠡ ᠬᠢᠵᠤ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ ᠲᠤᠳᠣᠭᠠᠳᠣ ᠭᠠᠳᠠᠭᠠᠳᠣ ᠬᠦᠭᠵᠢᠯᠲᠡ ᠶᠢᠨ ᠣᠷᠣᠨ ᠵᠠᠢ ᠶᠢ ᠪᠦᠬᠦ ᠲᠠᠯ᠎ᠠ ᠪᠠᠷ ᠦᠷᠭᠡᠳᠬᠡᠨ᠎ᠡ᠃ ᠣᠷᠣᠨ ᠪᠠᠶᠢᠴᠠ᠂ ᠡᠬᠢ ᠪᠠᠶᠠᠯᠢᠭ᠂ ᠠᠵᠤ ᠦᠢᠯᠡᠰ᠂ ᠲᠦᠷᠦ ᠶᠢᠨ ᠪᠤᠳᠣᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠷᠢᠶᠡᠨ ᠬᠤᠲᠠ ᠶᠢᠨ ᠣᠯᠣᠰ ᠎ ᠤᠨ ᠭᠤᠤᠯᠳᠠᠯᠭ᠎ᠠ ᠲᠠᠢ ᠨᠡᠬᠡᠬᠡᠨ ᠬᠦᠭᠵᠢᠭᠦᠯᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ ᠳᠤ ᠬᠠᠮᠤᠷᠤᠭᠤᠯᠬᠤ ᠪᠠᠷ ᠴᠢᠷᠮᠠᠶᠢᠵᠤ᠂ ᠮᠠᠨ ᠤ ᠬᠤᠰᠢᠭᠤ ᠪᠠᠨ ︽ᠨᠢᠭᠡ ᠪᠦᠰᠡ ᠨᠢᠭᠡ ᠵᠠᠮ︾᠎ ᠤᠨ ᠣᠮᠠᠷᠠᠰᠢ ᠴᠢᠯᠦᠭᠡᠲᠡᠢ ᠬᠦᠭᠵᠢᠬᠦᠯᠬᠦ ᠴᠢᠬᠤᠯᠠ ᠴᠡᠭ ᠪᠠ ᠲᠤᠮᠤ ᠪᠤᠳᠠᠰ ᠤᠨ ᠭᠦᠢᠯᠭᠡᠭᠡᠨ ᠤ ᠳᠠᠮᠵᠢᠭᠤᠯᠭ᠎ᠠ ᠶᠢᠨ ᠰᠠᠭᠤᠷᠢᠨ ᠭᠠᠵᠠᠷ ᠪᠤᠯᠭᠠᠨ ᠪᠠᠶᠢᠭᠤᠯᠤᠨ᠎ᠠ᠃ ᠠᠷᠠᠯᠵᠢᠶᠠᠴᠢᠨ ᠣᠷᠢᠵᠤ ᠪᠠᠯᠠ ᠲᠠᠲᠠᠬᠤ ᠠᠵᠢᠯ ᠢ ᠰᠠᠶᠢᠳᠣᠷ ᠠᠳᠬᠤᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠬᠢᠰ ᠤᠨ ᠡᠷᠭᠢᠨ ᠲᠤᠭᠤᠷᠢᠨ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠵᠤᠯᠭᠠᠯᠴᠠᠭ᠎ᠠ ᠪᠠᠨ ᠴᠢᠩᠭᠠᠳᠬᠠᠨ᠂ ᠭᠠᠷᠴᠤ ᠶᠠᠪᠤᠬᠤ ᠪᠠ ᠤᠷᠢᠨ ᠤᠷᠤᠭᠤᠯᠬᠤ ᠶᠢ ᠵᠡᠷᠭᠡ ᠳᠤᠨᠢ ᠴᠢᠬᠤᠯᠠᠴᠢᠯᠠᠨ᠂ ᠬᠠᠮᠳᠣᠪᠠᠷ ᠵᠦᠪᠳᠡᠯᠴᠡᠨ ᠬᠠᠮᠳᠣᠪᠡᠷ ᠪᠠᠶᠢᠭᠤᠯᠵᠤ ᠬᠠᠮᠳᠣᠪᠡᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠲᠡᠷᠢᠭᠦᠨ ᠤ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠲᠠᠢ ᠢᠳᠡᠪᠬᠢᠲᠡᠢ ᠵᠤᠯᠭᠠᠯᠴᠠᠭᠤᠯᠵᠤ᠂ ᠪᠠᠯᠠ ᠣᠷᠣᠭᠤᠯᠤᠯᠲᠠ ᠶᠢᠨ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠦᠨᠳᠦᠷ ᠡᠨᠧᠷᠬᠢ ᠶᠢᠨ ᠬᠤᠷᠤᠭᠳᠠᠯ ᠲᠤᠤᠷ᠎ᠠ ᠪᠤᠬᠢᠷᠳᠣᠯ ᠲᠠᠢ ᠪᠠ ᠲᠦᠭᠦᠭᠡᠢ ᠮᠠᠲ᠋ᠧᠷᠢᠶᠠᠯ ᠢ ᠭᠠᠳᠠᠨ᠎ᠠ ᠠᠴᠠ ᠣᠷᠣᠭᠤᠯᠵᠤ᠂ ᠬᠤᠰᠢᠭᠤᠨ ᠳᠠᠭᠠᠨ ᠪᠤᠯᠪᠠᠰᠣᠷᠠᠭᠤᠯᠤᠨ᠂  ᠳᠠᠬᠢᠨ ᠭᠠᠳᠠᠭᠰᠢ ᠪᠠᠨ ᠪᠤᠷᠤᠯᠠᠭᠤᠯᠬᠤ ᠵᠡᠷᠭᠡ ᠡᠬᠢ ᠪᠠᠶᠠᠯᠢᠭ ᠤᠨ ᠪᠤᠰᠤ ᠬᠡᠯᠪᠡᠷᠢ ᠶᠢᠨ ᠲᠦᠷᠦᠯ ᠵᠦᠢᠯ ᠢ ᠬᠦᠴᠦᠯᠡᠨ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠦᠨᠳᠦᠷ ᠳᠡᠰ ᠤᠨ ᠵᠠᠬ᠎ᠠ ᠳᠡᠯᠭᠡᠭᠦᠷ ᠲᠤ ᠬᠠᠨᠲᠤᠭᠤᠯᠤᠨ ᠪᠤᠬᠢᠷᠳᠣᠯ ᠦᠭᠡᠢ ᠣᠷᠭᠠᠨᠢᠭ ᠢᠳᠡᠭᠡᠨ ᠣᠮᠳᠠᠭᠠᠨ᠂ ᠡᠷᠡᠭᠦᠯ ᠴᠢᠬᠢᠷᠠᠭ ᠰᠡᠯᠡᠭᠦᠴᠡᠯ᠂ ᠠᠮᠠᠷᠠᠯᠲᠠ ᠰᠣᠪᠢᠯᠠᠯᠲᠠ ᠵᠡᠷᠭᠡ ᠠᠵᠤ ᠦᠢᠯᠡᠰᠵᠢᠯᠲᠡ ᠶᠢᠨ ᠲᠦᠷᠦᠯ ᠵᠦᠢᠯ ᠢ ᠲᠦᠰᠦᠪᠯᠡᠨ ᠬᠡᠷᠡᠭᠵᠢᠭᠦᠯᠵᠦ᠂ ᠭᠠᠳᠠᠭᠰᠢ ᠬᠠᠨᠲᠤᠭᠤᠯᠤᠭᠰᠠᠨ ᠠᠵᠤ ᠦᠢᠯᠡᠰ ᠤᠨ ᠪᠦᠯᠦᠭᠵᠢᠯ ᠢ ᠡᠭᠦᠳᠦᠨ ᠪᠠᠶᠢᠭᠤᠯᠤᠨ᠎ᠠ᠃ ᠮᠤᠩᠭᠤᠯ ᠣᠷᠣᠰ ᠤᠨ ᠬᠠᠮᠢᠶ᠎ᠠ ᠪᠦᠬᠦᠢ ᠭᠠᠵᠠᠷ ᠣᠷᠣᠨ ᠯᠦᠭᠡ ᠶᠢᠨ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠢᠯᠢ ᠠᠯᠣᠰᠯᠠᠭᠰᠠᠨ ᠡᠯᠧᠺᠲᠷᠤᠨ ᠬᠤᠳᠠᠯᠳᠤᠭ᠎ᠠ᠂ ᠵᠢᠭᠤᠯᠴᠢᠯᠠᠯ᠂ ᠪᠤᠳᠠᠰ ᠤᠨ ᠭᠦᠢᠯᠭᠡᠭᠡ᠂ ᠡᠳ᠋ᠰᠢᠭᠦᠯᠦᠯᠲᠡ ᠵᠡᠷᠭᠡ ᠎ ᠪᠠᠷ ᠠᠴᠢᠶᠠᠯᠠᠪᠤᠷᠢ ᠪᠤᠯᠭᠠᠨ᠂ ᠠᠷᠠᠯᠵᠢᠶᠠᠨ ᠤ ᠰᠢᠨ᠎ᠡ ᠬᠡᠪ ᠵᠠᠬᠠᠪᠤᠷ ᠢ ᠪᠤᠶᠢᠵᠢᠭᠤᠯᠤᠨ᠎ᠠ᠃          ︵ᠲᠠᠪᠤ︶ ᠬᠦᠭᠵᠢᠯᠲᠡ ᠶᠢ ᠬᠠᠮᠳᠣᠪᠠᠷ ᠡᠳ᠋ᠯᠡᠬᠦ ᠪᠠᠷ ᠬᠠᠷᠠᠯᠲᠠ ᠪᠤᠯᠭᠠᠨ᠂ ᠠᠷᠠᠳ ᠤᠨ ᠠᠮᠢᠳᠣᠷᠠᠯ ᠢ ᠪᠦᠬᠦ ᠲᠠᠯ᠎ᠠ ᠪᠠᠷ ᠪᠠᠳᠣᠯᠠᠨ ᠰᠠᠶᠢᠵᠢᠷᠠᠭᠤᠯᠤᠨ᠎ᠠ᠃ ᠣᠳᠣᠬᠠᠨ ᠤ ᠨᠡᠶᠢᠭᠡᠮ ᠤᠨ ᠭᠤᠤᠯ ᠵᠦᠷᠢᠴᠡᠯ ᠢ ᠭᠦᠨᠵᠡᠭᠡᠢ ᠣᠶᠢᠯᠠᠭᠠᠨ ᠡᠵᠡᠮᠰᠢᠵᠤ᠂ ᠠᠷᠠᠳ ᠲᠦᠮᠡᠨ ᠤ ᠵᠤᠯ ᠵᠢᠷᠭᠠᠯᠲᠦ ᠠᠮᠢᠳᠣᠷᠠᠯ ᠤᠨ ᠬᠦᠰᠡᠯ ᠢᠶᠠᠷ ᠲᠡᠮᠡᠴᠡᠬᠦ ᠬᠠᠷᠠᠯᠲᠠ ᠎ ᠪᠠᠨ ᠪᠤᠯᠭᠠᠨ᠂ ᠠᠷᠠᠳ ᠣᠯᠠᠨ ᠤ ᠠᠵᠤ ᠠᠬᠤᠢ᠂ ᠣᠯᠣᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠲᠠᠯ᠎ᠠ ᠪᠠᠷ ᠬᠢ ᠡᠳᠣᠷ ᠢᠷᠡᠭᠦᠶ᠎ᠡ ᠨᠡᠮᠡᠭᠳᠡᠵᠦ ᠪᠦᠬᠦᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ᠎ᠠ᠃ ᠠᠷᠠᠳ ᠤᠨ ᠠᠮᠢᠳᠣᠷᠠᠯ ᠤᠨ ᠵᠠᠷᠣᠯᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠂ ᠠᠵᠢᠯ ᠣᠯᠭᠤᠯᠲᠠ᠂ ᠰᠣᠷᠭᠠᠨ ᠬᠦᠮᠦᠵᠢᠯ᠂ ᠡᠮ ᠡᠮᠨᠡᠯᠭᠡ᠂ ᠨᠠᠰᠣᠵᠢᠯ᠂ ᠰᠣᠶᠤᠯ᠂ ᠰᠢᠨᠵᠢᠯᠡᠭᠡ ᠮᠡᠷᠭᠡᠵᠢᠯ ᠪᠠ ᠨᠡᠶᠢᠭᠡᠮ ᠤᠨ ᠪᠠᠳᠣᠯᠠᠭ᠎ᠠ ᠵᠡᠷᠭᠡ ᠠᠷᠠᠳ ᠣᠯᠠᠨ ᠤ ᠬᠠᠮᠤᠭ ᠠᠴᠠ ᠰᠠᠨᠠᠭᠠᠰᠢᠷᠠᠳᠠᠭ ᠬᠠᠮᠤᠭ ᠤᠨ ᠰᠢᠭᠤᠳ ᠪᠤᠳᠠᠳᠣ ᠠᠰᠢᠭ ᠲᠤᠰᠠ ᠶᠢᠨ ᠠᠰᠠᠭᠤᠳᠠᠯ ᠎ ᠢ ᠰᠠᠶᠢᠲᠤᠷ ᠰᠢᠢᠳᠪᠦᠷᠢᠯᠡᠨ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠠᠵᠠᠷ ᠣᠷᠤᠨ ᠤ ᠠᠮᠤᠷ ᠳᠦᠪᠰᠢᠨ ᠢ ᠬᠠᠮᠠᠭᠠᠯᠠᠨ᠂ ᠠᠷᠠᠳ ᠤᠯᠠᠨ ᠲᠦᠮᠡᠨ ᠤ ᠬᠠᠮᠳᠤᠪᠠᠷ ᠪᠠᠶᠢᠭᠤᠯᠤᠨ ᠬᠠᠮᠳᠤᠪᠠᠷ ᠡᠳ᠋ᠯᠡᠬᠦ ᠬᠦᠭᠵᠢᠯᠲᠡ ᠳᠤᠮᠳᠠ ᠨᠡᠩ ᠤᠯᠠᠨ ᠤᠯᠤᠯᠲᠠ ᠶᠢᠨ ᠰᠡᠳᠬᠢᠯᠭᠡ᠂ ᠠᠵᠨ ᠵᠢᠷᠭᠠᠯ ᠤᠨ ᠰᠡᠳᠬᠢᠯᠭᠡ ᠪᠠ ᠠᠮᠤᠷ ᠳᠦᠪᠰᠢᠨ ᠤ ᠰᠡᠳᠬᠢᠯᠭᠡ ᠲᠠᠢ ᠪᠠᠶᠢᠬᠤ ᠶᠢ ᠪᠠᠳᠤᠯᠠᠨ᠎ᠠ᠃ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠵᠤ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠬᠤ ᠶᠢ ᠪᠠᠷᠢᠮᠳᠠᠯᠠᠨ᠂ ᠶᠠᠳᠠᠭᠤ ᠶᠢ ᠳᠡᠳᠬᠦᠬᠦ ᠳᠡᠭᠡᠨ ᠡᠷᠴᠢ ᠵᠤᠷᠢᠭ ᠢ ᠳᠡᠳᠬᠦᠬᠦ᠂ ᠤᠶᠤᠨ ᠰᠠᠨᠠᠭ᠎ᠠ ᠶᠢ ᠳᠡᠳᠬᠦᠬᠦ ᠶᠢ ᠤᠶᠠᠯᠳᠤᠭᠤᠯᠬᠤ ᠶᠢ ᠴᠢᠬᠤᠯᠠᠴᠢᠯᠠᠨ᠂ ᠶᠠᠳᠠᠭᠤ ᠬᠦᠴᠢᠷᠳᠡᠯᠲᠠᠢ ᠬᠦᠮᠦᠰ ᠤᠨ ᠦᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ ᠨᠡᠮᠡᠭᠳᠡᠭᠦᠯᠵᠤ᠂ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠬᠤ ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠨᠢ ᠶᠠᠳᠠᠭᠤ ᠠᠴᠠ ᠠᠩᠬᠢᠵᠢᠷᠠᠨ᠂ ᠬᠤᠰᠢᠭᠤ ᠨᠤᠳᠤᠭ ᠨᠢ ᠶᠠᠳᠠᠭᠤ ᠎ ᠶᠢᠨ ᠨᠡᠷ᠎ᠡ ᠪᠠᠨ ᠳᠠᠶᠠᠭᠳᠠᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠦᠨ᠎ᠡ᠃          ᠭᠤᠷᠪᠠ᠂ 2018 ᠤᠨ ᠤ ᠭᠤᠤᠯ ᠠᠵᠢᠯ ᠤᠨ ᠪᠠᠶᠢᠷᠢᠯᠠᠭᠤᠯᠤᠯᠲᠠ          2018 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠳᠤᠰᠢᠶᠠᠯ ᠡᠭᠦᠷᠭᠡᠯᠡᠬᠦ ᠡᠬᠢᠯᠡᠯᠲᠠ ᠎ ᠶᠢᠨ ᠵᠢᠯ᠂ ᠮᠦᠨᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠤᠭᠤᠮᠳᠠ ᠰᠢᠪᠳᠤᠯᠬᠤ ᠵᠢᠯ ᠪᠤᠯᠬᠤᠷ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠨᠢ ᠲᠦᠢᠯ ᠤᠨ ᠴᠢᠬᠤᠯᠨ ᠠᠴᠢ ᠬᠤᠯᠪᠤᠭᠳᠠᠯ ᠲᠠᠢ ᠶᠤᠮ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 25.6 ᠳ᠋ᠦᠩᠰᠢᠭᠤᠷ ᠲᠦᠭᠦᠷᠢᠭ ᠲᠤ ᠬᠦᠷᠭᠡᠵᠤ᠂ 8%᠎ ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 4 ᠳ᠋ᠦᠩᠰᠢᠭᠤᠷ ᠲᠦᠭᠦᠷᠢᠭ ᠲᠤ ᠬᠦᠷᠭᠡᠵᠤ᠂ 5.3%᠎ ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 8.2 ᠳ᠋ᠦᠩᠰᠢᠭᠤᠷ ᠲᠦᠭᠦᠷᠢᠭ ᠲᠤ ᠬᠦᠷᠭᠡᠵᠤ᠂ 7.9%᠎ ᠪᠠᠷ ᠨᠡᠮᠡᠭᠳᠡᠭᠦᠯᠦᠨ᠎ᠡ ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 13.4 ᠳ᠋ᠦᠩᠰᠢᠭᠤᠷ ᠲᠦᠭᠦᠷᠢᠭ ᠲᠤ ᠬᠦᠷᠭᠡᠵᠤ᠂ 9%᠎ ᠪᠠᠷ ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 2.1 ᠳ᠋ᠦᠩᠰᠢᠭᠤᠷ ᠲᠦᠭᠦᠷᠢᠭ ᠲᠤ ᠬᠦᠷᠭᠡᠵᠤ᠂ 6%᠎ ᠪᠠᠷ ᠨᠡᠮᠡᠭᠳᠡᠭᠦᠯᠦᠨ᠎ᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 22 ᠳ᠋ᠦᠩᠰᠢᠭᠤᠷ ᠲᠦᠭᠦᠷᠢᠭ ᠲᠤ ᠬᠦᠷᠭᠡᠵᠤ᠂ 15%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 6.6 ᠳ᠋ᠦᠩᠰᠢᠭᠤᠷ ᠲᠦᠭᠦᠷᠢᠭ ᠲᠤ ᠬᠦᠷᠭᠡᠵᠤ᠂ 10%᠎ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠨ ᠤᠷᠤᠯᠭ᠎ᠠ ᠶᠢ 38780 ᠲᠦᠭᠦᠷᠢᠭ ᠲᠤ ᠬᠦᠷᠭᠡᠵᠤ᠂ 8.2%᠎ ᠪᠠᠷ ᠨᠡᠮᠡᠭᠳᠡᠭᠦᠯᠦᠨ᠎ᠡ︔ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠨ ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 14320 ᠲᠦᠭᠦᠷᠢᠭ ᠲᠤ ᠬᠦᠷᠭᠡᠵᠤ᠂ 8.5%᠎ ᠪᠠᠷ ᠨᠡᠮᠡᠭᠳᠡᠭᠦᠯᠦᠨ᠎ᠡ᠃ᠬᠠᠷᠠᠯᠳᠠ ᠡᠭᠦᠷᠭᠡ ᠶᠢᠨ ᠲᠤᠭᠤᠷᠢᠨ ᠳᠤ᠂ ᠲᠤᠤᠷᠠᠬᠢ ᠠᠷᠪᠠᠨ ᠲᠠᠯ᠎ᠠ ᠶᠢᠨ ᠠᠵᠢᠯ ᠢ ᠴᠢᠬᠤᠯᠠᠴᠢᠯᠠᠨ ᠰᠠᠶᠢᠳᠤᠷ ᠠᠳᠬᠤᠨ᠎ᠠ᠃          ︵ᠨᠢᠭᠡ︶ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠵᠤ ᠦᠢᠯᠡᠰ ᠤᠨ ᠲᠤᠬᠠᠢ ᠳᠡᠭᠡᠲᠤ ᠱᠠᠲᠤᠨ ᠤ ᠲᠦᠷᠦ ᠶᠢᠨ ᠪᠤᠳᠤᠯᠭ᠎ᠠ ᠪᠠ ᠪᠡᠯᠨ ᠤᠷᠤᠭᠤᠯᠤᠯᠲᠠ ᠶᠢᠨ ᠭᠤᠤᠯᠳᠠᠯᠭ᠎ᠠ ᠶᠢ ᠬᠦᠨᠵᠡᠭᠡᠢ ᠰᠤᠳᠤᠯᠵᠤ᠂ ᠳᠡᠭᠡᠲᠤ ᠱᠠᠲᠤ ᠲᠠᠢ ᠵᠤᠬᠢᠴᠠᠯᠳᠤᠨ ᠲᠦᠷᠦᠯ ᠵᠦᠢᠯ ᠲᠡᠮᠡᠴᠡᠨ ᠤᠯᠬᠤ ᠬᠦᠴᠦᠯᠡᠴᠨ ᠪᠠᠨ ᠨᠡᠮᠡᠭᠳᠡᠭᠦᠯᠦᠨ᠂ ᠤᠯᠤᠰ᠂ ᠤᠷᠤᠨ ᠪᠤᠯᠤᠨ ᠳᠡᠭᠡᠲᠤ ᠱᠠᠲᠤᠨ ᠤ ᠰᠠᠯᠠᠭ᠎ᠠ ᠮᠦᠴᠢᠷ ᠤᠨ ᠳᠡᠮᠵᠢᠯᠭᠡ ᠶᠢ ᠠᠯᠢ ᠪᠤᠯᠬᠤᠶᠢᠴᠨ ᠪᠠᠷ ᠳᠡᠮᠡᠴᠡᠨ ᠤᠯᠤᠨ᠎ᠠ᠃ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ︾ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠲᠦᠷᠢᠮ ᠪᠠ ᠬᠡᠪᠰᠢᠭᠰᠡᠨ ᠲᠤᠬᠢᠷᠠᠭᠤᠯᠤᠯᠲᠠ ᠶᠢᠨ ᠲᠤᠭᠳᠠᠴᠨ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠲᠦᠭᠡᠨ ᠪᠠᠶᠢᠭᠤᠯᠤᠯᠲᠠ ᠲᠤᠮᠳᠠ ᠲᠤᠬᠢᠶᠠᠯᠳᠤᠭᠰᠠᠨ ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ᠂ ᠡᠮᠤᠨᠡᠬᠢ ᠬᠤᠭᠤᠴᠠᠭᠠᠨ ᠤ ᠭᠠᠷ ᠬᠦᠢᠴᠡᠳᠭᠡᠯ ᠢ ᠬᠤᠷᠳᠤᠬᠠᠨ ᠬᠠᠷᠢᠯᠴᠠᠨ ᠬᠦᠢᠴᠡᠳᠬᠡᠵᠤ᠂ ᠠᠵᠢᠯ ᠡᠬᠢᠯᠡᠭᠦᠯᠬᠦ ᠨᠦᠬᠦᠴᠡᠯ ᠪᠠ ᠪᠠᠳᠤᠯᠠᠭ᠎ᠠ ᠶᠢᠨ ᠨᠦᠬᠦᠴᠡᠯ ᠢ ᠢᠳᠡᠪᠬᠢᠲᠠᠢ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠳᠤᠭᠳᠠᠭᠠᠬᠤ ᠠᠷᠭ᠎ᠠ ᠶᠢ ᠬᠡᠷᠡᠭᠯᠡᠨ ᠂ 37 ᠭᠤᠤᠯᠳᠠᠯᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠳᠤᠬᠠᠢ ᠳᠤᠨᠢ ᠳᠦᠯᠬᠢᠨ ᠠᠬᠢᠭᠤᠯᠵᠤ᠂ ᠪᠦᠬᠦ ᠵᠢᠯ ᠤᠨ ᠳᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠡᠬᠦᠷᠭᠡ ᠪᠠᠨ ᠪᠡᠶᠡᠯᠡᠬᠦᠯᠬᠦ ᠎ ᠶᠢ ᠪᠠᠲᠤᠯᠠᠨ᠎ᠠ᠃ᠠᠷᠠᠯᠵᠢᠶᠠᠴᠢᠨ ᠤᠷᠢᠵᠤ ᠪᠡᠯᠨ ᠳᠠᠳᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠳᠤᠯᠠᠭ᠎ᠠ ᠶᠢ ᠴᠢᠩᠭᠠᠳᠬᠠᠵᠤ᠂ ︽ᠤᠶᠢᠷ᠎ᠠ ᠳᠤᠳᠤᠨᠤ︾ ︽ᠠᠷᠢᠭᠤᠨ ᠴᠢᠭᠡᠴᠢ︾ ᠵᠠᠰᠠᠭ ᠪᠤᠯᠤᠨ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠨ ᠤᠷᠤᠭᠤᠯᠤᠨ ᠦᠢᠯᠡᠰ ᠡᠷᠬᠢᠯᠡᠬᠦ ᠤᠬᠢ ᠰᠠᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠳᠡᠭᠦᠯᠳᠡᠷᠵᠢᠭᠦᠯᠵᠤ᠂ ᠠᠷᠠᠯᠵᠢᠶᠠᠴᠢᠨ ᠤᠷᠢᠵᠤ ᠪᠡᠯᠨ ᠳᠠᠳᠠᠬᠤ ᠠᠷᠭ᠎ᠠ ᠬᠡᠯᠪᠡᠷᠢ ᠶᠢ ᠰᠢᠨᠡᠴᠢᠯᠡᠨ᠂ ᠴᠢᠭᠯᠡᠭᠦᠯᠤᠯᠲᠤ ᠴᠢᠨᠠᠷ ᠪᠠ ᠪᠤᠳᠠᠳᠤ ᠦᠷ᠎ᠠ ᠠᠰᠢᠭᠲᠤ ᠴᠢᠨᠠᠷ ᠢ ᠨᠡᠮᠡᠭᠳᠡᠭᠦᠯᠵᠤ᠂ ᠨᠢᠭᠡ ᠪᠦᠯᠦᠭ ᠡᠬᠢ ᠪᠠᠶᠠᠯᠢᠭ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠᠷ ᠦᠨᠳᠤᠷ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠦᠷᠦᠯ ᠵᠦᠢᠯ ᠪᠠ ︽ᠲᠦᠬᠦᠬᠡᠢ ᠮᠠᠲ᠋ᠧᠷᠢᠶᠠᠯ ᠢ ᠤᠷᠤᠭᠤᠯᠤᠨ᠂ ᠬᠤᠰᠢᠭᠤᠨ ᠳᠤ ᠪᠠᠨ ᠡᠳ᠋ᠰᠢᠬᠦᠯᠵᠤ᠂ ᠳᠠᠬᠢᠨ ᠭᠠᠳᠠᠭᠰᠢ ᠪᠤᠷᠤᠯᠠᠭᠤᠯᠬᠤ︾ ᠡᠬᠢ ᠪᠠᠶᠠᠯᠢᠭ ᠤᠨ ᠪᠤᠰᠤ ᠬᠡᠯᠪᠡᠷᠢ ᠶᠢᠨ ᠲᠦᠷᠦᠯ ᠵᠦᠢᠯ ᠢ ᠢᠳᠡᠪᠬᠢᠲᠠᠢ ᠤᠷᠤᠭᠤᠯᠵᠤ᠂ ᠵᠢᠯ ᠤᠨ ᠳᠤᠳᠤᠷ᠎ᠠ ᠠᠶᠢᠮᠠᠭ ᠤᠨ ᠭᠠᠳᠠᠨᠠᠬᠢ ᠪᠡᠯᠨ ᠮᠦᠩᠭᠦ ᠶᠢ14.5 ᠳ᠋ᠦᠩᠰᠢᠭᠤᠷ ᠲᠦᠭᠦᠷᠢᠭ ᠤᠷᠤᠭᠤᠯᠬᠤ ᠪᠠᠷ ᠲᠡᠮᠡᠴᠡᠨ᠎ᠡ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠲᠦᠷᠦᠯ ᠵᠦᠢᠯ ᠎ ᠤᠨ ᠪᠦᠲᠦᠭᠡᠨ ᠪᠠᠶᠢᠭᠤᠯᠤᠯᠲᠠ ᠪᠤᠯᠤᠨ ᠠᠵᠤ ᠠᠬᠤᠶᠢᠯᠠᠯ ᠤᠨ ᠬᠦᠭᠵᠢᠯᠲᠡ ᠶᠢᠨ ᠱᠠᠭᠠᠷᠳᠠᠯᠭ᠎ᠠ ᠶᠢᠨ ᠲᠤᠭᠤᠷᠢᠨ ᠳᠤ ᠂ ᠵᠠᠰᠠᠭ ᠤᠨ ᠤᠷᠳᠤᠨ᠂ ᠪᠠᠩᠬᠢ᠂ ᠠᠵᠤ ᠠᠬᠤᠶᠢᠯᠠᠯ ᠬᠠᠷᠢᠯᠴᠠᠭ᠎ᠠ ᠪᠠᠨ ᠴᠢᠩᠭᠠᠳᠬᠠᠵᠤ᠂ ᠮᠦᠩᠬᠦᠨ ᠬᠦᠢᠯᠭᠡᠭᠡᠨ ᠤ ᠪᠤᠳᠠᠳᠦ ᠴᠤᠭᠴᠠ ᠶᠢᠨ ᠠᠵᠤ ᠠᠬᠤᠢ ᠶᠢ ᠳᠡᠮᠵᠢᠬᠦ ᠦᠢᠯᠡᠳᠦᠯ ᠢ ᠰᠠᠶᠢᠳᠤᠷ ᠪᠠᠳᠠᠷᠠᠭᠤᠯᠵᠤ᠂ ᠠᠵᠤ ᠠᠬᠤᠶᠢᠯᠠᠯ ᠤᠨ ᠬᠦᠷᠦᠩᠭᠡ᠂ ᠵᠢᠭᠡᠯᠡᠯᠭᠡ ᠶᠢᠨ ᠲᠡᠮᠳᠡᠭ ᠵᠡᠷᠭᠡ ᠵᠠᠬ᠎ᠠ ᠳᠡᠯᠭᠡᠬᠦᠷ ᠲᠤ ᠰᠢᠭᠤᠳ ᠪᠡᠯᠡ ᠨᠡᠶᠢᠯᠡᠬᠦᠯᠬᠦ ᠶᠢ ᠵᠤᠷᠢᠭᠵᠢᠭᠤᠯᠤᠨ ᠳᠡᠮᠵᠢᠨ᠎ᠡ᠃ ᠡᠳ᠋ ᠤᠨ ᠵᠠᠰᠠᠭ ᠤᠨ ᠪᠡᠯᠡ ᠮᠦᠩᠬᠦᠨ ᠤ ᠳᠦᠯᠬᠢᠴᠡ ᠦᠢᠯᠡᠳᠦᠯ ᠢ ᠪᠠᠳᠠᠷᠠᠭᠤᠯᠵᠤ᠂ ᠪᠡᠯᠡ ᠨᠡᠶᠢᠯᠡᠬᠦᠯᠬᠦ ᠳᠠᠪᠴᠠᠩ ᠪᠤᠯᠤᠨ ᠪᠠᠲᠤᠯᠠᠭᠠᠨ ᠤ ᠪᠠᠶᠢᠭᠤᠯᠤᠮᠵᠢ ᠶᠢᠨ ᠪᠡᠯᠡ ᠨᠡᠶᠢᠯᠡᠬᠦᠯᠬᠦ ᠬᠡᠪᠴᠢᠶ᠎ᠡ ᠶᠢ ᠦᠷᠭᠡᠳᠬᠡᠨ᠎ᠡ᠃ ᠠᠷᠠᠳ ᠤᠨ ᠳᠤᠮᠳᠠᠬᠢ ᠪᠡᠯᠡ ᠤᠷᠤᠭᠤᠯᠤᠯᠲᠠ ᠶᠢᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠠᠪᠷᠢᠯ ᠢ ᠨᠠᠷᠢᠨ ᠬᠢᠨᠡᠮᠡᠭᠠᠢ ᠨᠠᠶᠢᠳᠠᠪᠤᠷᠢᠵᠢᠭᠤᠯᠤᠨ ᠠᠬᠢᠭᠤᠯᠵᠤ᠂ ᠨᠡᠶᠢᠭᠡᠮ ᠤᠨ ᠪᠡᠯᠡ ᠮᠦᠩᠬᠦ ᠶᠢ ᠳᠠᠳᠠᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠎ ᠤ ᠲᠦᠷᠦᠯ ᠵᠦᠢᠯ ᠳᠤ ᠤᠷᠤᠯᠴᠠᠭᠤᠯᠤᠨ᠎ᠠ᠃ PPP ᠲᠦᠷᠦᠯ ᠵᠦᠢᠯ ᠤᠨ ᠲᠦᠷᠦ ᠶᠢᠨ ᠪᠤᠳᠤᠯᠭ᠎ᠠ ᠶᠢ ᠬᠦᠨᠵᠡᠭᠡᠢ ᠰᠤᠳᠤᠯᠤᠨ᠂ ᠲᠦᠷᠦᠯ ᠵᠦᠢᠯ ᠤᠨ ᠭᠤᠤᠯᠳᠠᠯᠭᠠᠳᠠᠢ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠳᠤ ᠠᠩᠬᠠᠷᠤᠯ ᠢᠶᠠᠨ ᠲᠦᠪᠯᠡᠷᠡᠬᠦᠯᠵᠤ᠂ ᠨᠢᠭᠡ ᠪᠦᠯᠦᠭ ᠦᠨᠳᠦᠷ ᠴᠢᠨᠠᠷ ᠴᠢᠨᠰᠠᠭ᠎ᠠ ᠲᠠᠢ ᠲᠦᠷᠦᠯ ᠵᠦᠢᠯ ᠢ ᠳᠦᠰᠦᠪᠯᠡᠨ ᠴᠢᠨᠠᠷᠵᠢᠭᠤᠯᠵᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠲᠦᠷᠦᠯ ᠵᠦᠢᠯ ᠤᠨ ᠬᠦᠮᠦᠷᠭᠡ ᠳᠤ ᠤᠷᠤᠭᠤᠯᠬᠤ ᠪᠠᠷ ᠲᠡᠮᠡᠴᠡᠨ᠎ᠡ᠃          ︵ᠬᠤᠶᠠᠷ︶ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠨ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠲᠦᠯᠬᠢᠨ ᠠᠬᠢᠭᠤᠯᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠠ ᠎ ᠶᠢᠨ ᠳᠦᠪᠰᠢᠨ ᠢ ᠳᠡᠭᠡᠭᠰᠢᠯᠡᠬᠦᠯᠦᠨ᠎ᠡ          ᠮᠠᠯ ᠠᠵᠤ ᠠᠬᠤᠢ ᠶᠢᠨ ᠪᠦᠲᠦᠴᠨ ᠶᠢ ᠨᠢᠭᠡᠳᠤᠯᠲᠠᠢ ᠲᠦᠯᠦᠪᠵᠢᠭᠦᠯᠦᠨ ᠲᠤᠬᠢᠷᠠᠭᠤᠯᠤᠨ᠎ᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠢᠯ ᠤᠨ ᠳᠤᠳᠤᠷ᠎ᠠ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ 1000 ᠲᠤᠯᠤᠭᠠᠢ ᠎ ᠠᠴᠠ ᠳᠡᠭᠡᠭᠰᠢ ᠲᠦᠪᠯᠡᠷᠡᠭᠦᠯᠦᠨ ᠤᠷᠤᠭᠤᠯᠵᠤ᠂ 1 ᠲᠦᠮᠡᠨ ᠲᠤᠯᠤᠭᠠᠢ ᠦᠭᠡᠷ ᠲᠤ ᠢᠴᠡᠭᠡᠯ ᠦᠷ᠎ᠡ ᠶᠢᠨ ᠬᠡᠭᠡᠯᠳᠦᠯᠭᠡ ᠬᠢᠬᠦ ᠡᠭᠦᠷᠭᠡ ᠶᠢ ᠪᠡᠶᠡᠯᠡᠭᠦᠯᠦᠨ᠂4 ᠳᠤᠰᠬᠠᠢ ᠬᠤᠷᠰᠢᠶᠠᠵᠢᠯ ᠢ ᠪᠠᠶᠢᠭᠤᠯᠵᠤ᠂50 ᠡᠷᠦᠬᠡ ᠶᠢᠨ ᠪᠤᠬᠢᠷᠳᠤᠯ ᠦᠭᠡᠢ ᠮᠢᠬᠠᠨ ᠤ ᠦᠭᠡᠷ ᠮᠠᠯᠵᠢᠬᠤ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ ᠪᠠᠶᠢᠭᠤᠯᠤᠨ᠎ᠠ᠃ ᠰᠠᠭᠠᠯᠢ ᠎ ᠶᠢᠨ ᠦᠨᠢᠶ᠎ᠡ ᠲᠠᠵᠢᠭᠡᠨ ᠦᠷᠡᠵᠢᠬᠦᠯᠬᠦ ᠦᠢᠯᠡᠰ ᠢ ᠳᠤᠭᠲᠠᠭᠤᠨ ᠢᠶᠠᠷ ᠬᠦᠭᠵᠢᠬᠦᠯᠦᠨ᠎ᠡ᠃ ᠴᠠᠬᠠᠷ ᠦᠷ᠎ᠡ ᠶᠢᠨ ᠬᠤᠴᠠᠨ ᠤ ᠲᠠᠯᠠᠪᠠᠢ ᠶᠢᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠴᠠᠬᠠᠷ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠪᠠ ᠴᠠᠪᠠᠷ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠳᠡᠭᠦᠯᠳᠡᠷᠵᠢᠭᠦᠯᠦᠨ᠂ ᠠᠷᠠᠴᠢᠯᠠᠨ ᠮᠠᠯᠵᠢᠬᠤ ᠬᠦᠷᠢᠶ᠎ᠡ ᠬᠡᠪᠴᠢᠶ᠎ᠡ ᠶᠢ ᠦᠷᠭᠡᠳᠬᠡᠵᠤ᠂ ᠡᠨᠡ ᠵᠢᠯ ᠦᠯᠡᠳᠡᠭᠡᠬᠦ ᠮᠠᠯ ᠤᠨ ᠲᠤᠭ᠎ᠠ ᠶᠢ 22 ᠲᠦᠮᠨ ᠳᠤ ᠬᠦᠷᠭᠡᠨ᠎ᠡ᠃ ᠬᠤᠷᠠᠭ᠎ᠠ ᠶᠢ ᠪᠡᠯᠴᠢᠭᠡᠬᠦ ᠶᠢᠨ ᠳᠠᠭᠠᠤ ᠪᠤᠷᠳᠤᠭ᠎ᠠ ᠨᠦᠬᠦᠪᠦᠷᠢᠯᠡᠵᠤ ᠤᠷᠢᠳᠴᠢᠯᠠᠨ ᠵᠠᠷᠤᠴᠠᠭᠤᠯᠬᠤ ᠶᠢ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠭᠤᠤᠯ ᠴᠢᠭᠯᠡᠯ ᠪᠤᠯᠭᠠᠨ ᠠᠳᠬᠤᠵᠤ᠂ ︽ᠳᠦᠷᠪᠡᠨ ᠤᠯᠠᠷᠢᠯ ᠳᠤ ᠵᠠᠷᠤᠴᠠᠭᠤᠯᠵᠤ᠂ ᠵᠠᠬ᠎ᠠ ᠳᠡᠯᠭᠡᠬᠦᠷ ᠲᠤ ᠲᠡᠩᠴᠡᠬᠦᠷᠢᠲᠠᠢ ᠭᠠᠷᠭᠠᠬᠤ︾ ᠬᠡᠪ ᠵᠠᠭᠪᠤᠷ ᠢ ᠰᠦᠪᠡᠭᠴᠢᠯᠡᠨ ᠪᠠᠶᠢᠭᠤᠯᠤᠨ᠎ᠠ          ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠠᠬᠢᠴᠨ ᠶᠢ ᠲᠦᠯᠬᠢᠨ ᠠᠬᠢᠭᠤᠯᠤᠨ᠎ᠠ᠃ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠭᠦᠯᠬᠦ᠂ ᠪᠤᠷᠤᠯᠠᠭᠤᠯᠬᠤ ᠵᠡᠷᠭᠡ ᠭᠤᠭᠴᠤᠭᠠᠨ ᠤ ᠲᠤᠭᠤᠷᠢᠨ ᠳᠤ᠂ ᠲᠦᠷᠦ ᠶᠢᠨ ᠪᠤᠳᠤᠯᠭ᠎ᠠ᠂ ᠠᠵᠤ ᠦᠢᠯᠡᠰ ᠪᠠ ᠲᠦᠷᠦᠯ ᠵᠦᠢᠯ ᠢᠶᠠᠷ ᠳᠡᠳᠬᠦᠬᠦ ᠶᠢ ᠰᠠᠶᠢᠳᠤᠷ ᠠᠳᠬᠤᠵᠤ᠂ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠪᠤᠳᠠᠳᠤ ᠬᠦᠴᠦᠨ ᠲᠠᠢ ᠠᠵᠤ ᠠᠬᠤᠶᠢᠯᠠᠯ ᠢ ᠢᠳᠡᠪᠬᠢᠲᠠᠢ ᠤᠷᠤᠭᠤᠯᠤᠨ᠂ ᠦᠭᠡᠷ ᠬᠤᠨᠢᠨ ᠤ ᠶᠠᠰᠤ ᠮᠢᠬ᠎ᠠ᠂ ᠳᠤᠳᠤᠷ ᠡᠷᠬᠡᠲᠠᠨ᠂ ᠠᠷᠠᠰᠤ ᠨᠤᠤᠰᠤ ᠵᠡᠷᠭᠡ ᠳᠠᠭᠠᠯᠲᠠ ᠪᠦᠲᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ ᠪᠠ ᠦᠨᠳᠤᠷ ᠳᠠᠭᠠᠯᠲᠠ ᠨᠡᠮᠡᠭᠳᠡᠯ ᠦᠷᠳᠡᠭ ᠤᠨ ᠪᠦᠲᠦᠭᠡᠭᠳᠡᠭᠦᠨ ᠢ ᠰᠤᠳᠤᠯᠤᠨ ᠬᠦᠭᠵᠢᠭᠦᠯᠬᠦ ᠶᠢ ᠠᠬᠢᠭᠤᠯᠤᠨ᠂ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ 5 ᠲᠦᠮᠡᠨ ᠴᠠᠬᠠᠷ ᠬᠤᠨᠢᠨ ᠤ ᠪᠦᠬᠦᠶᠢᠯᠨ ᠠᠵᠤ ᠦᠢᠯᠡᠰ ᠤᠨ ᠬᠡᠯᠬᠢᠶᠡᠰᠤ ᠶᠢᠨ ᠮᠦᠷᠳᠡᠨ ᠪᠠᠶᠢᠴᠠᠭᠠᠬᠤ ᠰᠢᠰᠲ᠋ᠧᠮ ᠎ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠴᠠᠬᠠᠷ ᠬᠤᠨᠢᠨ ᠮᠢᠬ᠎ᠠ︾᠎ ᠶᠢᠨ ᠤᠯᠤᠰ ᠤᠨ ᠭᠠᠵᠠᠷ ᠤᠷᠤᠨ ᠤ ᠳᠡᠮᠳᠡᠭᠲᠤ ᠬᠠᠮᠠᠭᠠᠯᠠᠯᠲᠠ ᠶᠢᠨ ᠪᠦᠲᠦᠭᠡᠭᠳᠡᠭᠦᠨ ᠤ ᠨᠡᠷ᠎ᠡ ᠳᠡᠮᠳᠡᠭ ᠤᠨ ᠦᠢᠯᠡᠳᠤᠯ ᠢ ᠬᠦᠢᠴᠡᠳ ᠪᠠᠳᠠᠷᠠᠭᠤᠯᠤᠨ᠎ᠠ᠃          ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠨ ᠶᠢ ᠢᠳᠡᠪᠬᠢᠲᠠᠢ ᠪᠤᠢ ᠪᠤᠯᠭᠠᠨ᠎ᠠ᠃ ᠨᠤᠳᠤᠭ ᠪᠡᠯᠴᠢᠭᠡᠷ ᠢ ᠰᠢᠯᠵᠢᠭᠦᠯᠬᠦ ᠳᠠᠪᠴᠠᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠤᠯᠠᠨ ᠵᠦᠢᠯ ᠤᠨ ᠬᠡᠯᠪᠡᠷᠢ ᠪᠦᠬᠦᠢ ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢ ᠵᠤᠷᠢᠭᠵᠢᠭᠤᠯᠤᠨ ᠬᠦᠭᠵᠢᠭᠦᠯᠵᠤ᠂ ᠨᠤᠳᠤᠭ ᠪᠡᠯᠴᠢᠭᠡᠷ ᠢ ᠳᠤᠰᠬᠠᠶᠢᠵᠢᠭᠰᠠᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠳᠠᠯᠠᠪᠠᠢ ᠵᠡᠷᠭᠡ ᠡᠯ᠎ᠡ ᠲᠦᠷᠦᠯ ᠤᠨ ᠡᠵᠡᠩᠨᠡᠯᠲᠡ ᠎ ᠶᠢᠨ ᠭᠤᠤᠯ ᠴᠤᠭᠴᠨ ᠳᠡᠰᠢ ᠲᠦᠯᠦᠪᠦᠷᠢ ᠲᠠᠢ ᠰᠢᠯᠵᠢᠭᠦᠯᠬᠦ ᠶᠢ ᠠᠬᠢᠭᠤᠯᠤᠨ᠂ ᠮᠠᠯᠴᠢᠳ ᠤᠨ ᠳᠤᠰᠬᠠᠢ ᠬᠤᠷᠰᠢᠶᠠᠵᠢᠯ ᠢᠶᠠᠨ ᠲᠦᠷᠢᠮᠵᠢᠭᠦᠯᠦᠨ ᠡᠮᠬᠢ ᠳᠢᠭᠯᠢᠮ ᠲᠠᠢ ᠬᠦᠭᠵᠢᠭᠦᠯᠬᠦ ᠶᠢ ᠵᠢᠯᠤᠭᠤᠳᠤᠨ᠎ᠠ᠃ ᠡᠵᠡᠩᠨᠡᠯᠲᠡ᠂ ᠬᠠᠮᠢᠶᠠᠷᠤᠯᠲᠠ ᠬᠢᠬᠦ ᠳᠡᠭᠡᠨ ᠴᠢᠳᠠᠮᠠᠭᠠᠢ ᠮᠠᠯᠵᠢᠬᠤ ᠤᠷᠤᠨ ᠤ ᠵᠠᠭᠤᠴᠢ ᠶᠢᠨ ᠡᠩᠨᠡᠭᠡ ᠶᠢ ᠪᠠᠶᠢᠭᠤᠯᠵᠤ᠂ ᠰᠢᠨ᠎ᠡ ᠬᠡᠯᠪᠡᠷᠢ ᠶᠢᠨ ᠳᠤᠰᠬᠠᠢ ᠮᠡᠷᠭᠡᠵᠢᠯ ᠤᠨ ᠮᠠᠯᠴᠢᠨ ᠢ ᠪᠤᠢ ᠪᠤᠯᠭᠠᠨ ᠬᠦᠮᠦᠵᠢᠬᠦᠯᠵᠤ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃          ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠦᠷᠬᠦᠯᠵᠢᠯᠡᠨ ᠳᠡᠭᠦᠯᠳᠡᠷᠵᠢᠭᠦᠯᠦᠨ᠎ᠡ᠃ ᠠᠵᠤ ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠯ ᠤᠨ ᠫᠧᠩ ᠬᠤᠷᠤᠭ᠎ᠠ᠂ ᠡᠪᠡᠰᠦᠨ ᠫᠧᠩ ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠰᠠᠶᠢᠳᠤᠷ ᠠᠳᠬᠤᠵᠤ᠂ ᠡᠪᠡᠰᠦᠨ ᠵᠠᠬ᠎ᠠ ᠳᠡᠯᠭᠡᠬᠦᠷ ᠤᠨ 5000 ᠲᠤᠨ ᠤ ᠨᠤᠭᠤᠭᠠᠨ ᠳᠠᠷᠤᠰᠢ ᠶᠢᠨ ᠵᠤᠭᠤᠷᠢ ᠪᠤᠯᠤᠨ ᠤᠩᠭᠤᠨ ᠠᠭᠤᠯᠠ ᠰᠤᠮᠤ᠂ ᠪᠠᠶᠠᠨᠲᠠᠯ᠎ᠠ ᠪᠠᠯᠭᠠᠰᠤ ᠶᠢᠨ ᠡᠪᠡᠰᠦ ᠪᠤᠷᠳᠤᠭ᠎ᠠ ᠨᠦᠭᠡᠴᠡᠯᠡᠬᠦ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠵᠤ᠂ ᠤᠳᠤ ᠪᠠᠶᠢᠭ᠎ᠠ ᠦᠨᠳᠦᠷ ᠤᠨᠠᠯᠳᠠᠳᠦ ᠪᠤᠷᠳᠤᠭᠠᠨ ᠰᠠᠭᠤᠷᠢᠨ ᠭᠠᠵᠠᠷ ᠤᠨ ᠲᠠᠷᠢᠮᠠᠯ ᠤᠨ ᠠᠵᠢᠯ ᠪᠤᠯᠤᠨ ᠬᠠᠳᠤᠯᠠᠩ ᠤᠨ ᠲᠠᠯᠠᠪᠠᠢ ᠶᠢ ᠡᠳᠡᠭᠡᠨ ᠬᠠᠮᠠᠭᠠᠯᠠᠬᠤ ᠠᠵᠢᠯ ᠢ ᠰᠠᠶᠢᠳᠤᠷ ᠠᠳᠬᠤᠨ᠂ ᠪᠠᠶᠢᠭᠠᠯᠢ ᠶᠢᠨ ᠭᠠᠮᠰᠢᠭ ᠎ ᠢ ᠡᠰᠡᠷᠭᠦᠴᠡᠬᠦ ᠴᠢᠳᠠᠪᠦᠷᠢ ᠶᠢ ᠨᠡᠮᠡᠭᠳᠡᠬᠦᠯᠦᠨ᠎ᠡ᠃          ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠤᠨ᠎ᠠ᠃ ᠮᠠᠯ ᠠᠵᠤ ᠠᠬᠤᠢ ᠶᠢᠨ ᠦᠢᠯᠡᠳᠪᠦᠷᠢᠯᠡᠯ᠂ ᠦᠨᠳᠤᠰᠤᠳᠠᠨ ᠤ ᠵᠠᠩ ᠦᠢᠯᠨ ᠰᠤᠶᠤᠯ᠂ ᠪᠠᠶᠢᠭᠠᠯᠢ ᠶᠢᠨ ᠦᠩᠭᠡ ᠦᠵᠡᠮᠵᠢ ᠵᠡᠷᠭᠡ ᠡᠬᠢ ᠪᠠᠶᠠᠯᠢᠭ ᠤᠨ ᠳᠠᠪᠠᠭᠤᠯᠢᠭ ᠲᠠᠭᠠᠨ ᠳᠦᠰᠢᠭᠯᠡᠨ᠂ ︽ᠮᠠᠯᠵᠢᠬᠤ ᠳᠤ ᠲᠤᠬᠢᠷᠠᠮᠵᠢᠲᠠᠢ ᠪᠤᠯ ᠮᠠᠯᠵᠢᠬᠤ᠂ ᠠᠵᠢᠯ ᠬᠢᠬᠦ ᠳᠤ ᠵᠤᠬᠢᠰᠲᠠᠢ ᠪᠤᠯ ᠠᠵᠢᠯᠯᠠᠬᠤ᠂ ᠬᠤᠳᠠᠯᠳᠤᠭ᠎ᠠ ᠬᠢᠬᠦ ᠵᠤᠬᠢᠰᠲᠠᠢ ᠪᠤᠯ ᠬᠤᠳᠠᠯᠳᠤᠭ᠎ᠠ ᠬᠢᠬᠦ᠂ ᠵᠢᠭᠤᠯᠴᠢᠯᠠᠯ ᠡᠷᠬᠢᠯᠡᠬᠦ ᠳᠤ ᠲᠤᠬᠢᠷᠠᠮᠵᠢᠲᠠᠢ ᠪᠤᠯ ᠵᠢᠭᠤᠯᠴᠢᠯᠠᠯ ᠡᠷᠬᠢᠯᠡᠬᠦ︾ ᠵᠠᠷᠴᠢᠮ ᠶᠤᠰᠤᠭᠠᠷ᠂ ᠵᠠᠬ᠎ᠠ ᠳᠡᠯᠭᠡᠭᠦᠷ ᠎ ᠤᠨ ᠵᠢᠮ᠎ᠡ ᠶᠤᠰᠤ ᠶᠢ ᠵᠢᠷᠤᠮᠯᠠᠯᠠᠨ᠂ ᠬᠦᠭᠵᠢᠯᠲᠡ ᠶᠢᠨ ᠲᠦᠯᠦᠪᠵᠢᠭᠦᠯᠭᠡ ᠳᠤᠭᠳᠠᠭᠠᠵᠤ᠂ ᠨᠦᠬᠦᠴᠡᠯ ᠢᠶᠠᠷ ᠬᠠᠷᠢᠴᠠᠩᠭᠤᠢ ᠪᠤᠯᠪᠠᠰᠤᠷᠠᠩᠭᠤᠢ ᠪᠠᠶᠢᠭ᠎ᠠ 8 — 10 ᠭᠠᠴᠠᠭ᠎ᠠ ᠶᠢ ᠰᠤᠩᠭᠤᠨ᠂ ᠠᠳᠠᠯᠢ ᠪᠤᠰᠤ ᠲᠦᠷᠦᠯ ᠤᠨ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃          ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠤᠷᠤᠨ ᠵᠠᠢ ᠶᠢ ᠢᠳᠡᠪᠬᠢᠲᠠᠢ ᠦᠷᠭᠡᠳᠬᠡᠨ᠎ᠡ᠃ ᠮᠠᠯ ᠠᠵᠤ ᠠᠬᠤᠢ ᠪᠠᠷ ᠤᠷᠤᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ᠢ ᠬᠦᠨᠵᠡᠭᠡᠢ ᠠᠭᠤᠳᠠᠯᠯᠠᠵᠤ᠂ ᠡᠵᠡᠩᠨᠡᠯᠲᠡ ᠶᠢᠨ ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ ᠶᠢ ᠴᠢᠷᠮᠠᠶᠢᠨ ᠨᠡᠮᠡᠭᠳᠡᠬᠦᠯᠦᠨ᠎ᠡ︔᠂ ᠰᠢᠯᠵᠢᠵᠤ ᠬᠤᠳᠠ ᠤᠷᠤᠭᠰᠠᠨ ᠬᠦᠮᠦᠰ ᠤᠨ ᠦᠪᠡᠷᠳᠡᠭᠡᠨ ᠠᠵᠢᠯ ᠰᠤᠩᠭᠤᠨ ᠦᠢᠯᠡᠰ ᠡᠷᠬᠢᠯᠡᠬᠦ ᠶᠢ ᠵᠤᠷᠢᠭᠵᠢᠭᠤᠯᠤᠨ ᠳᠡᠮᠵᠢᠵᠤ᠂ ᠲᠤᠯᠤᠭᠠᠶᠢᠯᠠᠬᠤ ᠠᠵᠤ ᠠᠬᠤᠶᠢᠯᠠᠯ ᠬᠢᠭᠡᠳ ᠮᠠᠯᠴᠢᠳ ᠠᠰᠢᠭ ᠳᠤᠰᠨ ᠪᠠᠷ ᠢᠶᠠᠨ ᠬᠤᠯᠪᠤᠯᠳᠤᠬᠤ ᠳᠤᠭᠳᠠᠴᠨ ᠶᠢ ᠳᠡᠭᠦᠯᠳᠡᠷᠵᠢᠭᠦᠯᠦᠨ᠂ ᠴᠠᠯᠢᠩ ᠤᠨ ᠴᠢᠨᠠᠷᠲᠠᠢ ᠤᠷᠤᠯᠭ᠎ᠠ ᠶᠢ ᠳᠠᠰᠤᠷᠠᠯᠲᠠ ᠦᠭᠡᠢ ᠨᠡᠮᠡᠭᠳᠡᠬᠦᠯᠦᠨ᠎ᠡ︔ ᠮᠠᠯᠵᠢᠯ ᠳᠤ ᠬᠤᠯᠪᠤᠭᠳᠠᠭᠰᠠᠨ ᠮᠠᠯᠵᠢᠬᠤ ᠦᠢᠯᠡᠰ ᠢ ᠬᠠᠷᠠᠭᠠᠯᠵᠠᠭᠰᠠᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠨᠦᠬᠦᠪᠦᠷᠢ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠨ ᠦᠭᠴᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠪᠠᠳᠤᠯᠠᠨ᠎ᠠ᠃ ᠮᠠᠯᠴᠢᠳ ᠢ ᠬᠠᠪᠰᠤᠷᠤᠨ ᠵᠤᠭᠤᠰ ᠵᠤᠭ᠎ᠠ ᠶᠢᠨ ᠲᠠᠯ᠎ᠠ ᠪᠠᠷ ᠳᠠᠩᠰᠠ ᠶᠢ ᠰᠠᠶᠢᠳᠤᠷ ᠪᠤᠳᠤᠵᠤ ᠦᠭᠭᠦᠨ᠂ ᠰᠢᠨᠵᠢᠯᠡᠬᠦ ᠤᠬᠠᠭᠠᠨᠴᠢ ᠵᠦᠪ ᠤᠨᠤᠪᠴᠢᠲᠠᠢ ᠬᠡᠷᠡᠭᠯᠡᠭᠡᠨ ᠤ ᠤᠬᠠᠮᠰᠠᠷ ᠢ ᠪᠤᠢ ᠪᠤᠯᠭᠠᠨ᠂ ᠠᠷᠠᠳ ᠤᠨ ᠬᠤᠭᠤᠷᠤᠨᠳᠤᠬᠢ ᠵᠢᠭᠡᠯᠡᠯᠭᠡ ᠳᠠᠯᠪᠢᠬᠤ ᠠᠵᠢᠯᠯᠠᠭ᠎ᠠ ᠶᠢ ᠰᠡᠷᠬᠡᠶᠢᠯᠡᠬᠦ ᠪᠤᠶᠤ ᠡᠶᠡᠳᠡᠬᠦᠯᠵᠤ᠂ ᠦᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃          ︵ᠭᠤᠷᠪᠠ︶ ᠤᠨᠴᠠᠯᠢᠭᠲᠤ ᠠᠵᠤ ᠦᠢᠯᠡᠰ ᠢ ᠢᠳᠡᠪᠬᠢᠲᠠᠢ ᠪᠤᠶᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠨᠦᠭᠡᠴᠨ ᠬᠦᠴᠦᠨ ᠢ ᠳᠠᠰᠤᠷᠠᠯᠲᠠ ᠦᠭᠡᠢ ᠨᠡᠮᠡᠭᠳᠡᠭᠦᠯᠦᠨ᠎ᠡ᠃          ᠳᠠᠪᠠᠭᠤᠯᠢᠭ ᠤᠨᠴᠠᠯᠢᠭᠲᠤ ᠠᠵᠤ ᠦᠢᠯᠡᠰ ᠢ ᠬᠦᠴᠦᠯᠡᠨ ᠪᠤᠶᠢᠵᠢᠭᠤᠯᠤᠨ ᠭᠦᠭᠵᠢᠭᠦᠯᠵᠤ᠂ ᠠᠵᠤ ᠠᠬᠤᠢ ᠶᠢᠨ ᠬᠦᠭᠵᠢᠯᠲᠠ ᠶᠢᠨ ᠰᠢᠨ᠎ᠡ ᠬᠦᠳᠡᠯᠭᠡᠭᠦᠷ ᠢ ᠴᠢᠷᠮᠠᠶᠢᠨ ᠡᠭᠦᠳᠴᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ ᠴᠡᠪᠡᠷ ᠡᠨᠧᠷᠬᠢ ᠶᠢᠨ ᠠᠵᠤ ᠦᠢᠯᠡᠰ ᠤᠨ ᠳᠠᠯ᠎ᠠ ᠪᠠᠷ᠂ ᠳ᠋ᠠ ᠲᠠᠩ ᠤᠯᠠᠨ ᠤᠯᠤᠰ ᠤᠨ15 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠱᠧᠩ ᠱᠢ ᠰᠢᠨ ᠶᠤᠸᠠᠨ12.5 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠤᠷᠴᠢᠯᠠᠨ ᠴᠠᠬᠢᠯᠭᠠᠨ ᠭᠠᠷᠭᠠᠬᠤ᠂ ᠰᠢᠶᠧ ᠰᠢᠨ 12.5 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠱᠧᠩ ᠨᠧᠩ40 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠬᠡᠰᠡᠭ ᠳᠤᠤᠷᠴᠢᠯᠠᠨ ᠴᠠᠬᠢᠯᠭᠠᠨ ᠭᠠᠷᠭᠠᠬᠤ᠂ ᠵᠢᠩ ᠨᠧᠩ᠂ ᠡᠷᠢᠶᠠᠨ ᠬᠤᠲᠠ ᠶᠢᠨ ᠪᠢᠴᠢᠯ ᠴᠠᠬᠢᠯᠭᠠᠨ ᠲᠤᠤᠷ ᠤᠨ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠵᠤ᠂ ᠵᠢᠯ ᠳᠤᠳᠤᠷ᠎ᠠ ᠰᠢᠨ᠎ᠡ ᠡᠨᠧᠷᠬᠢ ᠶᠢᠨ ᠲᠤᠤᠷᠴᠢᠯᠠᠨ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ50 ᠲᠦᠮᠡᠨ ᠺᠢᠯᠤᠸᠠᠲ ᠴᠠᠭ ᠲᠤ ᠬᠦᠷᠭᠡᠨ᠎ᠡ᠃ ᠨᠡᠭᠦᠷᠡᠰᠤᠨ ᠤ ᠠᠵᠤ ᠦᠢᠯᠡᠰ ᠤᠨ ᠲᠠᠯ᠎ᠠ ᠪᠠᠷ᠂ ᠪᠦᠬᠦ ᠵᠢᠯ ᠳᠤ 60 ᠲᠤᠨ ᠨᠡᠭᠦᠷᠡᠰᠤ ᠦᠢᠯᠡᠳᠪᠦᠷᠢᠯᠡᠬᠦ ᠴᠢᠳᠠᠪᠦᠷᠢ ᠶᠢ ᠳᠤᠭᠳᠠᠪᠤᠷᠢᠵᠢᠭᠤᠯᠤᠨ᠂ ᠢᠳᠡᠪᠬᠢᠵᠢᠭᠦᠯᠦᠭᠰᠡᠨ ᠨᠡᠭᠦᠷᠡᠰᠤ᠂ ᠰᠠᠪᠬᠠᠨ ᠨᠡᠭᠦᠷᠡᠰᠤ᠂ ᠦᠨᠳᠤᠷ ᠺᠷᠠᠳᠦ᠋ᠰ ᠤᠨ ᠵᠤᠤᠬᠠᠨ ᠎ ᠤ ᠰᠦᠷᠴᠢᠨ ᠦᠯᠢᠶᠡᠬᠦ ᠨᠡᠭᠦᠷᠠᠰᠤ᠂ ᠨᠡᠭᠦᠷᠠᠰᠤᠨ ᠴᠢᠯᠠᠭᠤ ᠶᠢ ᠶᠡᠷᠦᠩᠭᠡᠶᠢᠯᠡᠨ ᠠᠰᠢᠭᠯᠠᠵᠤ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ ᠨᠡᠶᠢᠯᠡᠮᠡᠯ ᠬᠠᠪᠳᠠᠰᠤ᠂ ᠤᠨᠴᠠᠭᠠᠢ ᠬᠡᠯᠪᠡᠷᠢᠲᠤ ᠡᠳ᠋ᠰᠢᠭᠦᠯᠦᠯᠲᠠ᠂ ᠴᠠᠬᠢᠯᠭᠠᠨ ᠢᠶᠠᠷ ᠵᠠᠳᠠᠯᠤᠬᠤ ᠵᠡᠷᠭᠡ ᠤᠷ᠎ᠡ ᠮᠡᠷᠭᠡᠵᠢᠯ ᠎ ᠢ ᠲᠦᠭᠡᠮᠡᠯᠵᠢᠭᠦᠯᠦᠨ᠂ ᠤᠷᠠᠯᠠᠨ ᠴᠢᠮᠡᠭᠯᠡᠬᠦ᠂ ᠴᠢᠯᠠᠭᠤᠨ ᠮᠠᠲ᠋ᠧᠷᠢᠶᠠᠯ ᠢ ᠤᠷᠠᠯᠠᠨ ᠪᠦᠲᠦᠭᠡᠬᠦ ᠵᠡᠷᠭᠡ ᠴᠢᠯᠠᠭᠤᠨ ᠮᠠᠲ᠋ᠧᠷᠢᠶᠠᠯ ᠤᠨ ᠡᠬᠢ ᠪᠠᠶᠠᠯᠢᠭ ᠢ ᠬᠦᠨ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠳᠠᠳᠠᠨ ᠤᠷᠤᠭᠤᠯᠵᠤ᠂ ᠶᠠᠷᠤᠩᠭᠡᠶᠢᠯᠡᠨ ᠠᠰᠢᠭᠯᠠᠬᠤ ᠨᠤᠷᠮ᠎ᠠ ᠪᠠ ᠪᠦᠲᠦᠭᠡᠭᠳᠡᠭᠦᠨ ᠤ ᠳᠠᠭᠠᠯᠲᠠ ᠨᠡᠮᠡᠭᠳᠡᠯ ᠦᠷᠳᠡᠭ ᠢ ᠨᠡᠮᠡᠭᠳᠡᠭᠦᠯᠦᠨ᠂ ᠠᠵᠢᠯ ᠲᠦᠷᠦᠯ ᠤᠨ ᠨᠡᠶᠢᠭᠡᠮᠯᠢᠭ ᠤᠨ ᠦᠢᠯᠡᠳᠤᠯ ᠢ ᠪᠠᠳᠠᠷᠠᠭᠤᠯᠵᠤ᠂ ᠪᠦᠲᠦᠭᠡᠭᠳᠡᠭᠦᠨ ᠢ ᠳᠠᠨᠢᠯᠴᠠᠭᠤᠯᠬᠤ ᠪᠠ ᠵᠠᠬ᠎ᠠ ᠳᠡᠯᠭᠡᠭᠦᠷ ᠲᠤ ᠡᠵᠡᠩᠨᠡᠨ ᠪᠤᠷᠤᠯᠠᠭᠤᠯᠬᠤ ᠠᠵᠢᠯ ᠢ ᠰᠠᠶᠢᠳᠤᠷ ᠠᠳᠬᠤᠨ᠂ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠎ ᠶᠢ ᠦᠷᠭᠡᠳᠬᠡᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠳᠤᠭᠳᠠᠪᠤᠷᠢᠵᠢᠭᠤᠯᠤᠨ᠎ᠠ᠃ ᠴᠢᠯᠠᠭᠤᠨ ᠳᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ ᠦᠢᠯᠡᠰ ᠤᠨ ᠲᠠᠯ᠎ᠠ ᠪᠠᠷ᠂ ᠤᠩᠭᠤᠨ ᠠᠭᠤᠯᠨ ᠴᠢᠯᠠᠭᠤᠨ ᠳᠤᠰᠤᠨ ᠤ ᠲᠤᠭᠤᠷᠢᠭ ᠢ ᠪᠦᠬᠦᠶᠢᠯᠨ ᠴᠤᠭᠴᠠ ᠪᠠᠷ ᠨᠡᠭᠡᠭᠡᠨ ᠬᠦᠭᠵᠢᠭᠦᠯᠬᠦ ᠠᠵᠢᠯ ᠢ ᠲᠦᠯᠬᠢᠨ ᠠᠬᠢᠭᠤᠯᠵᠤ᠂ ᠪᠠᠶᠠᠨᠲᠠᠯ᠎ᠠ ᠴᠢᠯᠠᠭᠤᠨ ᠳᠤᠰᠤᠨ ᠤ ᠲᠤᠭᠤᠷᠢᠭ ᠤᠨ ᠵᠢᠵᠢᠭ ᠠᠵᠤ ᠠᠬᠤᠶᠢᠯᠠᠯ ᠢ ᠨᠡᠶᠢᠯᠡᠭᠦᠯᠦᠨ ᠳᠠᠬᠢᠨ ᠪᠠᠶᠢᠭᠤᠯᠬᠤ ᠠᠬᠢᠴᠠ ᠶᠢ ᠲᠦᠷᠭᠡᠳᠬᠡᠨ᠂ ᠲᠡᠷᠢᠭᠦᠨ ᠤ ᠮᠡᠷᠭᠡᠵᠢᠯ ᠢ ᠲᠦᠭᠡᠮᠡᠯᠵᠢᠭᠦᠯᠦᠨ᠂ ᠬᠠᠭᠤᠴᠢᠨ ᠬᠤᠳᠳᠤᠭ ᠤᠨ ᠳᠤᠰᠤᠨ ᠎ ᠤ ᠭᠠᠷᠤᠯᠲᠠ ᠶᠢ ᠲᠤᠭᠳᠠᠪᠤᠷᠢᠵᠢᠭᠤᠯᠵᠤ᠂ ᠪᠦᠬᠦ ᠵᠢᠯ ᠳᠤ 20 ᠴᠢᠯᠠᠭᠤᠨ ᠳᠤᠰᠤᠨ ᠬᠤᠳᠳᠤᠭ ᠬᠠᠶᠢᠨ ᠰᠢᠨᠵᠢᠵᠤ ᠦᠷᠦᠮᠳᠦᠬᠦ ᠶᠢ ᠪᠡᠶᠡᠯᠡᠭᠦᠯᠦᠨ᠂ 4 ᠲᠦᠮᠡᠨ ᠲᠤᠨ ᠲᠦᠬᠦᠬᠡᠢ ᠳᠤᠰᠤ ᠦᠢᠯᠡᠳᠪᠦᠷᠢᠯᠡᠨ᠎ᠡ᠃ ᠲᠡᠮᠦᠷᠯᠢᠭ ᠤᠨ ᠠᠭᠤᠷᠬᠠᠢ ᠶᠢ ᠬᠠᠶᠢᠨ ᠰᠤᠩᠭᠤᠬᠤ ᠪᠠ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠤᠨ ᠲᠠᠯ᠎ᠠ ᠪᠠᠷ᠂ ᠴᠠᠬᠢᠯᠭᠠᠨ ᠬᠦᠴᠦᠨ ᠤ ᠲᠤᠮᠤ ᠬᠡᠷᠡᠭᠯᠡᠯᠲᠡ ᠶᠢᠨ ᠡᠷᠦᠬᠡ ᠶᠢᠨ ᠰᠢᠭᠤᠳ ᠬᠠᠩᠭᠠᠯᠭ᠎ᠠ ᠶᠢ ᠠᠬᠢᠭᠤᠯᠤᠨ᠂ ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠪᠠᠳᠤᠯᠠᠵᠤ᠂ ᠨᠢᠤᠪᠢ ᠲᠠᠨᠲ᠋ᠠᠯ ᠤᠨ ᠠᠭᠤᠷᠬᠠᠢ᠂ ᠸᠤᠯᠹᠷᠠᠮ ᠪᠢᠰᠮᠦ᠋ᠲ ᠮᠦᠩᠭᠦ ᠤᠯᠠᠨ ᠲᠡᠮᠦᠷᠯᠢᠭ ᠤᠨ ᠠᠭᠤᠷᠬᠠᠢ ᠶᠢ ᠬᠠᠶᠢᠨ ᠰᠤᠩᠭᠤᠬᠤ ᠲᠦᠷᠦᠯ ᠵᠦᠢᠯ ᠪᠠ ᠠᠯᠳᠠ ᠵᠢᠴᠢ ᠤᠯᠠᠨ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠰᠢᠨ᠎ᠡ ᠮᠠᠲ᠋ᠧᠷᠢᠶᠠᠯ ᠰᠢᠨ᠎ᠡ ᠠᠵᠤ ᠦᠢᠯᠡᠰ ᠤᠨ ᠲᠠᠯ᠎ᠠ ᠪᠠᠷ᠂ ᠦᠭᠡᠭᠦᠵᠢᠯ ᠢ ᠪᠠᠭᠤᠷᠠᠭᠤᠯᠤᠨ ᠡᠯᠢᠭᠡ ᠶᠢ ᠬᠠᠮᠠᠭᠠᠯᠠᠬᠤ ᠰᠢᠨ᠎ᠡ ᠡᠭᠦᠳᠤᠯᠳᠠ ᠴᠠᠢ ᠵᠢᠴᠢ ᠳᠡᠭᠡᠳᠤ ᠳᠡᠰ ᠤᠨ ᠤᠭᠤᠳᠠᠨ ᠴᠠᠢ ᠶᠢ ᠰᠤᠳᠤᠯᠤᠨ ᠦᠢᠯᠡᠳᠬᠦ  ᠪᠠ ᠨᠤᠨᠳᠠᠭ ᠨᠡᠭᠦᠷᠡᠰᠤ ᠶᠢ ᠠᠰᠢᠭᠯᠠᠨ ᠤᠷᠴᠢᠨ ᠲᠤᠭᠤᠷᠢᠨ ᠢ ᠬᠠᠮᠠᠭᠠᠯᠠᠬᠤ ᠲᠤᠭᠤᠰᠬ᠎ᠠ ᠦᠢᠯᠡᠳᠴᠤ ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠳᠤᠮᠳᠠ ᠳᠡᠭᠡᠲᠤ ᠳᠡᠰ ᠤᠨ ᠬᠡᠷᠡᠭᠯᠡᠭᠡᠨ᠂ ᠰᠢᠨ᠎ᠡ ᠡᠭᠦᠳᠤᠯᠳᠠ ᠪᠠᠷ ᠳᠠᠭᠠᠭᠤᠯᠬᠤ᠂ ᠪᠤᠬᠢᠷᠳᠤᠯ ᠦᠭᠡᠢ ᠲᠤᠤᠷ᠎ᠠ ᠨᠡᠭᠦᠷᠠᠰᠤᠳᠦ᠋ᠷᠦᠭᠴᠢ ᠵᠡᠷᠭᠡ ᠬᠦᠷᠢᠶ᠎ᠠ ᠴᠠᠷᠠᠭᠠᠨ ᠳᠤ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃          ︵ᠲᠦᠷᠪᠠ︶ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠠᠷᠢᠴᠠᠯ ᠢ ᠪᠦᠬᠦ ᠬᠦᠴᠦᠨ ᠢᠶᠠᠷ ᠳᠡᠭᠡᠭᠰᠢᠯᠡᠭᠦᠯᠵᠤ᠂ ᠠᠵᠤ ᠠᠬᠤᠢ ᠶᠢᠨ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠳᠠᠰᠤᠷᠠᠯᠲᠠ ᠦᠭᠡᠢ ᠨᠡᠮᠡᠭᠳᠡᠭᠦᠯᠦᠨ᠎ᠡ᠃ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠡᠷᠡᠭᠦᠯ ᠬᠦᠭᠵᠢᠯᠲᠡ ᠶᠢ ᠠᠬᠢᠭᠤᠯᠤᠨ᠎ᠠ᠃ ︽ᠨᠢᠭᠡ ᠨᠡᠷᠡᠲᠤ ᠳᠡᠮᠳᠡᠭ ᠲᠦᠷᠪᠠᠨ ᠭᠤᠭᠴᠤᠭ᠎ᠠ︾᠎ ᠶᠢᠨ ᠨᠡᠷᠡᠲᠤ ᠳᠡᠮᠳᠡᠭ ᠤᠨ ᠪᠠᠶᠢᠭᠤᠯᠤᠯᠳᠠ ᠎ ᠶᠢ ᠤᠯᠠᠮ ᠪᠦᠷᠢᠨᠰᠢᠭᠦᠯᠵᠤ᠂ ᠵᠢᠷᠭᠤᠭᠠᠨ ᠲᠤᠮᠤ ᠵᠢᠭᠤᠯᠴᠢᠯᠠᠯ ᠤᠨ ᠲᠤᠭᠤᠷᠢᠭ ᠪᠠ ᠵᠢᠷᠭᠤᠭᠠᠨ ᠵᠤᠷᠪᠤᠰ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠦᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭᠠᠨ ᠨᠢᠭᠡ︾᠎ ᠶᠢᠨ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠳᠤᠷ ᠶᠠᠪᠤᠭᠳᠠᠭᠤᠯᠤᠨ᠂ ︽                                                               ︾ ᠨᠡᠷᠡᠲᠤ ᠳᠡᠮᠳᠡᠭ ᠢ ᠪᠦᠬᠦ ᠬᠦᠴᠦᠨ ᠢᠶᠠᠷ ᠪᠠᠶᠢᠭᠤᠯᠬᠤ ᠪᠠ ︽ᠬᠠᠪᠤᠷ ᠤᠨ ᠤᠯᠠᠷᠢᠯ ᠤᠨ ᠶᠠᠪᠠᠭᠠᠯᠠᠨ ᠠᠯᠬᠤᠵᠤ ᠪᠡᠶ᠎ᠡ ᠪᠠᠨ ᠴᠢᠭᠢᠷᠠᠭᠵᠢᠭᠤᠯᠬᠤ ᠪᠠᠶᠠᠷ᠂ ᠵᠤᠨ ᠤ ᠤᠯᠠᠷᠢᠯ ᠤᠨ ᠬᠦᠳᠡᠭᠡ ᠨᠤᠳᠤᠭ ᠤᠨ ᠳᠠᠭᠤᠤ ᠬᠦᠭᠵᠢᠮ ᠤᠨ ᠨᠠᠶᠢᠷ᠂ ᠰᠢᠷᠭᠠᠯ ᠨᠠᠮᠤᠷ ᠤᠨ ᠳᠠᠯ᠎ᠠ ᠨᠤᠳᠤᠭ ᠤᠨ ᠦᠨᠢᠷ ᠦᠰᠤᠯᠲᠠ ᠶᠢᠨ ᠪᠠᠶᠠᠷ᠂ ᠡᠪᠤᠯ ᠤᠨ ᠤᠯᠠᠷᠢᠯ ᠤᠨ ᠴᠠᠭᠠᠨ ᠰᠦᠯᠳᠠ ᠶᠢᠨ ᠰᠤᠶᠤᠯ ᠤᠨ ᠨᠠᠶᠢᠷ︾᠎ ᠢ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠳᠤᠭᠤᠷᠢᠭ᠂ ᠪᠦᠬᠦ ᠴᠠᠭ᠂ ᠪᠦᠬᠦ ᠠᠷᠠᠳ ᠤᠷᠤᠯᠴᠠᠭᠰᠠᠨ ᠵᠢᠭᠤᠯᠴᠢᠯᠠᠯ ᠤᠨ ᠰᠢᠨ᠎ᠠ ᠪᠠᠶᠢᠷᠢᠰᠢᠯ ᠢ ᠪᠠᠶᠢᠭᠤᠯᠤᠨ᠎ᠠ᠃ ᠭᠤᠴᠤ ᠰᠠᠶᠢᠬᠠᠨ ᠲᠠᠯ᠎ᠠ ᠨᠤᠳᠤᠭ ᠤᠨ ᠦᠩᠭᠡ ᠦᠵᠡᠮᠵᠢ ᠪᠠ ᠤᠷᠤᠨ ᠨᠤᠳᠤᠭ ᠤᠨ ᠤᠨᠴᠠᠯᠢᠭᠲᠤ ᠠᠷᠠᠳ ᠤᠨ ᠵᠠᠩ ᠳᠠᠳᠬᠠᠯ ᠳᠤ ᠳᠦᠰᠢᠭᠯᠡᠨ᠂ ᠵᠠᠯᠠᠭᠤᠴᠤᠳ ᠪᠠᠭᠠᠴᠤᠤᠨ ᠤᠨ ᠵᠢᠭᠤᠯᠴᠢᠯᠠᠯ ᠤᠨ ᠵᠤᠰᠠᠯᠠᠩ ᠢ ᠪᠦᠬᠦ ᠤᠷᠤᠨ ᠲᠤᠭᠤᠷᠢᠭ ᠤᠨ ᠵᠢᠭᠤᠯᠴᠢᠯᠠᠯ ᠢ ᠲᠦᠯᠬᠢᠨ ᠠᠬᠢᠭᠤᠯᠬᠤ ᠭᠤᠤᠯ ᠠᠵᠢᠯ ᠪᠤᠯᠭᠠᠨ ᠠᠳᠬᠤᠵᠤ᠂ᠦᠨᠳᠤᠰᠤᠳᠠᠨ ᠤ ᠤᠷᠤᠨ ᠨᠤᠳᠤᠭ ᠤᠨ ᠤᠨᠴᠠᠯᠢᠭᠲᠤ ᠰᠤᠶᠤᠯ ᠵᠢᠭᠤᠯᠴᠢᠯᠠᠯ ᠤᠨ ᠲᠦᠷᠦᠯ ᠵᠦᠢᠯ ᠪᠠ ᠵᠢᠭᠤᠯᠴᠢᠯᠠᠯ ᠤᠨ ᠳᠠᠸᠠᠷ ᠪᠦᠲᠦᠭᠡᠭᠳᠡᠭᠦᠨ ᠢ ᠢᠳᠡᠪᠬᠢᠲᠠᠢ ᠨᠡᠭᠡᠭᠡᠨ ᠬᠦᠭᠵᠢᠭᠦᠯᠵᠤ᠂  ᠵᠢᠭᠤᠯᠴᠢᠯᠠᠯ ᠤᠨ ᠰᠢᠯᠢᠳᠡᠭ ᠴᠢᠨᠠᠷ ᠤᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠤ᠂ ᠵᠤᠭᠠᠴᠠᠭᠰᠠᠳ ᠤᠨ ᠦᠢᠯᠡᠴᠢᠯᠡᠭᠡᠨ ᠤ ᠲᠦᠪ ᠢ ᠪᠠᠶᠢᠭᠤᠯᠤᠨ᠂ ᠵᠢᠭᠤᠯᠴᠢᠯᠠᠯ ᠤᠨ ᠬᠦᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ᠤᠯᠠᠮᠵᠢᠯᠠᠯᠲᠤ ᠪᠠ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠠᠭᠤᠰᠴᠠᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠢ ᠳᠡᠳᠬᠦᠨ ᠬᠦᠭᠵᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤᠮᠳᠠᠭᠠᠨ᠂ ᠪᠠᠭᠤᠳᠠᠯ᠂ ᠵᠢᠵᠢᠭᠯᠡᠨ ᠬᠤᠳᠠᠯᠳᠤᠬᠤ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠳᠡᠰ ᠵᠡᠷᠭᠡ ᠶᠢ ᠨᠡᠮᠡᠭᠳᠡᠭᠦᠯᠵᠤ︔ ᠠᠵᠤ ᠦᠢᠯᠡᠰ ᠤᠨ ᠬᠦᠭᠵᠢᠯᠲᠠ ᠶᠢᠨ ᠬᠦᠷᠢᠶᠡᠯᠡᠩ ᠢ ᠲᠦᠯᠦᠪᠵᠢᠭᠦᠯᠦᠨ ᠭᠦᠭᠵᠢᠭᠦᠯᠵᠤ᠂ ᠭᠠᠩᠨᠠᠭᠤᠷ᠂ ᠮᠠᠰᠢᠨ ᠳᠡᠷᠭᠡᠨ ᠤ ᠰᠡᠯᠪᠢᠨ ᠵᠠᠰᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠡᠷᠴᠢᠮᠲᠠᠢ ᠬᠦᠭᠵᠢᠬᠦ ᠶᠢ ᠠᠬᠢᠭᠤᠯᠤᠨ᠎ᠠ᠃  ︽ᠢᠨᠲ᠋ᠧᠷ ᠬᠤᠯᠪᠤᠭᠠᠯᠠᠬᠤ ᠰᠦᠯᠵᠢᠶᠠᠨ︾᠎ ᠤ ᠵᠠᠭᠪᠤᠷ ᠢ ᠲᠦᠭᠡᠮᠡᠯᠵᠢᠭᠦᠯᠦᠨ᠂ ᠬᠤᠯᠪᠤᠭᠠᠲᠤ ᠡᠵᠡᠩᠨᠡᠯᠲᠠ᠂ ᠡᠯᠧᠺᠲᠷᠤᠨ ᠬᠤᠳᠠᠯᠳᠤᠭ᠎ᠠ ᠶᠢ ᠬᠦᠭᠵᠢᠭᠦᠯᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠬᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠦᠨ᠂ ᠤᠷᠤᠨ ᠨᠤᠳᠤᠭ ᠤᠨ ᠤᠨᠴᠠᠯᠢᠭᠲᠤ ᠮᠢᠬᠠᠨ ᠢᠳᠡᠭᠡᠨ᠂ ᠴᠠᠭᠠᠨ ᠢᠳᠡᠭᠡᠨ᠂ ᠦᠨᠳᠤᠰᠤᠳᠠᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠭᠦᠨ ᠵᠡᠷᠭᠡ ᠶᠢ ᠦᠨᠳᠤᠷ ᠳᠡᠰ ᠤᠨ ᠵᠠᠬ᠎ᠠ ᠳᠡᠯᠭᠡᠭᠦᠷ ᠲᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠪᠤᠳᠠᠰ ᠤᠨ ᠬᠦᠢᠯᠭᠡᠭᠡᠨ ᠤ ᠬᠦᠷᠢᠶᠡᠯᠡᠩ ᠤᠨ ᠬᠠᠳᠠᠭᠠᠯᠠᠬᠤ᠂ ᠬᠦᠷᠭᠡᠭᠦ ᠦᠢᠯᠡᠴᠢᠯᠡᠭᠡᠨ ᠤ ᠴᠢᠳᠠᠮᠵᠢ ᠶᠢ ᠤᠯᠠᠮ ᠳᠡᠭᠦᠯᠳᠡᠷᠵᠢᠭᠦᠯᠵᠤ᠂ ᠬᠡᠯᠬᠢᠶᠡᠰᠤᠨ ᠪᠤᠳᠠᠰ ᠤᠨ ᠬᠦᠢᠯᠭᠡᠭᠡ ᠶᠢ ᠢᠳᠡᠪᠬᠢᠲᠠᠢ ᠳᠡᠭᠦᠯᠳᠡᠷᠵᠢᠭᠦᠯᠵᠤ᠂ ᠬᠡᠯᠬᠢᠶᠡᠰᠤᠨ ᠪᠤᠳᠠᠰ ᠤᠨ ᠬᠦᠢᠯᠭᠡᠭᠡ ᠎ ᠶᠢ ᠢᠳᠡᠪᠬᠢᠲᠠᠢ ᠬᠦᠭᠵᠢᠭᠦᠯᠦᠨ᠂ ᠴᠢᠨᠠᠷ ᠰᠠᠶᠢᠳᠠᠢ ᠳᠠᠸᠠᠷ ᠪᠠ ᠵᠠᠳᠠᠭᠠᠢ ᠪᠠᠷᠠᠭᠠᠨ ᠤ ᠪᠤᠳᠠᠰ ᠤᠨ ᠬᠦᠢᠯᠭᠡᠭᠡᠨ ᠤ ᠤᠯᠠᠨ ᠬᠡᠯᠪᠡᠷᠢ ᠪᠦᠬᠦᠢ ᠬᠤᠯᠪᠤᠭᠠᠯᠠᠨ ᠵᠦᠭᠡᠭᠡᠪᠦᠷᠢᠯᠡᠬᠦ ᠤᠳᠤ ᠦᠶ᠎ᠡ ᠶᠢᠨ ᠬᠦᠢᠯᠭᠡᠭᠡᠨ ᠤ ᠪᠤᠳᠠᠰ ᠤᠨ ᠠᠵᠤ ᠦᠢᠯᠡᠰ ᠤᠨ ᠰᠢᠰᠲ᠋ᠧᠮ ᠢ ᠪᠤᠢ ᠪᠤᠯᠭᠠᠨ᠎ᠠ᠃ ᠨᠡᠶᠢᠭᠡᠮ ᠤᠨ ᠬᠦᠷᠦᠩᠭᠡ ᠶᠢᠨ ᠪᠡᠯᠨ ᠤᠷᠤᠭᠤᠯᠤᠯᠲᠠ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠢ ᠵᠤᠷᠢᠭᠵᠢᠭᠤᠯᠤᠨ᠂ ᠪᠤᠳᠠᠳᠤ ᠬᠦᠴᠦᠨ ᠲᠠᠢ ᠠᠵᠤ ᠠᠬᠤᠶᠢᠯᠠᠯ ᠢ ᠳᠠᠳᠠᠨ ᠤᠷᠤᠭᠤᠯᠵᠤ᠂ ᠰᠠᠭᠤᠭᠠᠯᠢ ᠲᠤᠭᠤᠷᠢᠭ ᠤᠨ ᠠᠳᠠᠯ ᠦᠢᠯᠡᠰ ᠪᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠎ ᠢ ᠬᠦᠭᠵᠢᠭᠦᠯᠦᠨ᠎ᠡ᠃ ᠯᠠᠪᠯᠠᠨ ᠠᠰᠠᠭᠤᠬᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠰᠤᠶᠤᠯ ᠤᠨ ᠡᠭᠦᠳᠤᠯᠲᠠ ᠵᠡᠷᠭᠡ ᠳᠡᠭᠡᠲᠤ ᠳᠡᠰ ᠤᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃          ︵ᠳᠠᠪᠤ︶ ᠬᠤᠳᠠ ᠬᠦᠳᠡᠭᠡ ᠶᠢ ᠵᠤᠬᠢᠴᠠᠭᠤᠯᠤᠨ ᠭᠦᠭᠵᠢᠭᠦᠯᠬᠦ ᠶᠢ ᠨᠢᠭᠡᠳᠤᠯᠲᠠᠢ ᠲᠦᠯᠦᠪᠵᠢᠭᠦᠯᠦᠨ᠂ ᠤᠳᠤᠬᠢᠴᠢᠯᠠᠭᠰᠠᠨ ᠠᠬᠢᠴᠨ ᠶᠢ ᠳᠦᠷᠭᠡᠳᠭᠡᠨ᠎ᠡ᠃          ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠤᠷᠭᠠᠨ ᠬᠦᠮᠦᠵᠢᠯ ᠤᠨ ᠤᠷᠤᠨ ᠲᠤᠭᠤᠷᠢᠭ᠂ ᠠᠵᠤ ᠦᠢᠯᠡᠳᠪᠦᠷᠢ ᠶᠢᠨ ᠤᠷᠤᠨ ᠲᠤᠭᠤᠷᠢᠭ᠂ ᠰᠤᠶᠤᠯ ᠤᠨ ᠠᠵᠤ ᠦᠢᠯᠡᠰᠵᠢᠯᠲᠡ ᠶᠢᠨ ᠤᠷᠤᠨ ᠲᠤᠭᠤᠷᠢᠭ᠂ ᠦᠢᠯᠡᠰ ᠪᠤᠰᠬᠠᠬᠤ                   ᠤᠷᠤᠨ ᠲᠤᠭᠤᠷᠢᠭ ᠵᠡᠷᠭᠡ ︽ᠲᠦᠷᠪᠠᠨ ᠤᠷᠤᠨ ᠲᠤᠭᠤᠷᠢᠭ︾᠎ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠤᠶᠤᠯ᠂ ᠵᠢᠭᠤᠯᠴᠢᠯᠠᠯ᠂ ᠠᠷᠠᠳ ᠤᠨ ᠠᠮᠢᠳᠤᠷᠠᠯ ᠵᠡᠷᠭᠡ ︽ᠭᠤᠷᠪᠠ ᠶᠢ ᠨᠢᠭᠡ ᠴᠤᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠦᠢᠯᠠᠭᠠᠭᠳᠠᠬᠤᠨ ᠢ ᠳᠤᠪᠤᠶᠢᠯᠭᠠᠨ᠂ ᠬᠤᠳᠠ ᠪᠠᠯᠭᠠᠰᠤᠨ ᠤ ᠲᠦᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠤᠯ ᠳᠠᠭᠠᠤ ᠶᠢᠨ ᠦᠵᠡᠮᠵᠢ ᠶᠢᠨ ᠤᠷᠤᠨ ᠤ ᠨᠤᠭᠤᠭᠠᠷᠠᠭᠤᠯᠤᠯᠲᠠ ᠪᠠ ᠭᠤᠤᠯᠳᠠᠯᠭ᠎ᠠ ᠲᠠᠢ ᠵᠠᠮ ᠱᠤᠭᠤᠮ᠂ ᠭᠤᠤᠯᠳᠠᠯᠭ᠎ᠠ ᠲᠠᠢ ᠤᠷᠤᠨ ᠲᠤᠭᠤᠷᠢᠭ ᠢ ᠤᠶᠢᠵᠢᠭᠤᠯᠤᠨ ᠴᠢᠨᠠᠷ ᠳᠡᠰ ᠢ ᠨᠡᠮᠡᠭᠳᠡᠭᠦᠯᠬᠦ ᠢᠨᠵᠧᠨᠧᠷᠢᠩ ᠢ ᠰᠠᠶᠢᠳᠤᠷ ᠠᠳᠬᠤᠵᠤ᠂ ᠶᠠᠪᠠᠭᠠᠨ ᠵᠠᠮ ᠢ ᠳᠠᠪᠢᠰᠬᠦ᠂ ᠳᠠᠮᠢᠷ ᠤᠨ ᠳᠠᠯᠠᠪᠠᠢ ᠶᠢᠨ ᠳᠡᠰ ᠳᠠᠪᠰᠢᠭᠦᠯᠦᠨ ᠦᠭᠡᠷᠡᠴᠢᠯᠡᠬᠦ ᠪᠠ ᠬᠤᠶᠢᠨ᠎ᠠ ᠳᠠᠯ᠎ᠠ ᠶᠢᠨ ᠬᠤᠲᠠ ᠲᠤᠭᠤᠷᠢᠭᠰᠠᠨ ᠵᠠᠮ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠤ᠂ ᠬᠠᠭᠤᠴᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠦᠭᠡᠷᠡᠴᠢᠯᠠᠨ ᠵᠠᠰᠠᠨ᠎ᠠ᠃ ᠰᠤᠶᠤᠯ ᠤᠨ ᠠᠵᠤ ᠦᠢᠯᠡᠰᠵᠢᠯᠲᠠ ᠶᠢᠨ ᠤᠷᠤᠨ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠡᠬᠢᠯᠡᠭᠦᠯᠵᠤ ᠂ ᠡᠪᠡᠰᠤᠳᠤ ᠬᠦᠷᠢᠶᠡᠯᠡᠩ ᠪᠠ ᠨᠠᠮᠤᠭᠲᠤ ᠴᠡᠴᠡᠷᠯᠢᠭ ᠢ ᠪᠠᠶᠢᠭᠤᠯᠤᠨ᠎ᠠ᠃ ᠬᠤᠲᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ︽ᠤᠶᠤᠳᠤ ᠬᠤᠳᠠ︾᠎ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢᠨ ᠬᠡᠪ ᠵᠠᠭᠪᠤᠷ ᠶᠢ ᠳᠠᠳᠠᠨ ᠤᠷᠤᠭᠤᠯᠵᠤ᠂ ᠬᠤᠳᠠ ᠪᠠᠯᠭᠠᠰᠤᠨ ᠤ ᠬᠠᠮᠢᠶᠠᠷᠤᠯᠲᠠ ᠶᠢ ᠨᠠᠷᠢᠯᠢᠭᠵᠢᠭᠤᠯᠬᠤ ᠳᠦᠪᠰᠢᠨ ᠢ ᠳᠡᠭᠡᠭᠰᠢᠯᠡᠭᠦᠯᠦᠨ᠎ᠡ᠃          ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠦᠵᠡᠰᠭᠦᠯᠡᠩᠲᠤ ᠰᠠᠶᠢᠬᠠᠨ ᠭᠠᠴᠠᠭ᠎ᠠ ᠳᠤᠰᠬᠤᠨ ᠢ ᠪᠠᠶᠢᠭᠤᠯᠬᠤ ᠪᠠᠷ ᠭᠠᠷᠳᠠᠴᠨ ᠪᠤᠯᠭᠠᠨ᠂ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠳᠡᠰ ᠢ ᠬᠦᠴᠦᠲᠠᠢ ᠠᠬᠢᠭᠤᠯᠤᠨ᠎ᠠ᠃132 ᠤᠰᠤ ᠬᠠᠳᠠᠭᠠᠯᠠᠬᠤ ᠵᠤᠭᠤᠷᠢ᠂140 ᠤᠰᠤᠨ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠶᠢᠭᠤᠯᠤᠨ᠂750 ᠬᠦᠮᠦᠨ᠂ 3.4 ᠲᠦᠮᠡᠨ ᠮᠠᠯ ᠤᠨ ᠤᠤᠭᠤᠬᠤ ᠤᠰᠤᠨ ᠤ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠨ᠎ᠡ᠃ 30 ᠺᠢᠯᠤᠮᠧᠲᠷ ᠤᠨ ᠳᠠᠷᠢᠶᠠᠯᠠᠩ ᠤᠨ ᠲᠤᠤᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠭᠠᠴᠠᠭ᠎ᠠ ᠳᠤᠰᠬᠤᠨ ᠳᠤ ᠨᠡᠪᠳᠡᠷᠡᠬᠦ 60 ᠺᠢᠯᠤᠮᠧᠲᠷ ᠤᠨ ᠱᠦᠢᠨᠢ ᠵᠠᠮ᠂ 50 ᠺᠢᠯᠤᠮᠧᠲᠷ ᠤᠨ ︽ᠳᠤᠰᠬᠠᠢ ᠶᠠᠪᠤᠳᠠᠯ ᠢ ᠳᠤᠰᠬᠠᠶᠢᠯᠠᠨ ᠵᠦᠪᠯᠡᠬᠦ︾ ᠬᠠᠶᠢᠷ ᠴᠢᠯᠠᠭᠤᠨ ᠵᠠᠮ ᠢ ᠵᠠᠰᠠᠵᠤ᠂ 20 ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠤᠨ᠎ᠠ ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠷᠦᠩᠭᠡᠶᠢᠯᠡᠨ ᠵᠠᠰᠠᠬᠤ ᠠᠵᠢᠯ ᠢ ᠬᠦᠨᠵᠡᠭᠡᠢ ᠦᠷᠨᠢᠭᠦᠯᠵᠤ᠂ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠤ ᠲᠤᠭᠳᠠᠴᠨ ᠶᠢ ᠪᠠᠶᠢᠭᠤᠯᠤᠨ ᠳᠡᠭᠦᠯᠳᠡᠷᠵᠢᠭᠦᠯᠵᠤ᠂ ᠨᠤᠭᠤᠭᠠᠷᠠᠭᠤᠯᠤᠯᠲᠠ᠂ ᠭᠤᠸᠠᠵᠢᠭᠤᠯᠤᠯᠲᠠ᠂ ᠴᠡᠪᠠᠷᠵᠢᠭᠦᠯᠦᠯᠲᠠ ᠶᠢᠨ ᠳᠦᠪᠰᠢᠨ ᠎ ᠢ ᠤᠯᠠᠮ ᠳᠡᠭᠡᠭᠰᠢᠯᠡᠭᠦᠯᠦᠨ᠎ᠡ᠃ ᠮᠠᠯᠵᠢᠬᠤ ᠤᠷᠤᠨ ᠤ ᠰᠤᠷᠭᠠᠨ ᠬᠦᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠦᠨᠳᠤᠰᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠪᠰᠢᠨ ᠢ ᠪᠦᠬᠦ ᠲᠠᠯ᠎ᠠ ᠪᠠᠷ ᠠᠬᠢᠭᠤᠯᠤᠨ᠂ ᠰᠢᠨᠵᠢᠯᠡᠭᠡ ᠮᠡᠷᠭᠡᠵᠢᠯ᠂ ᠴᠢᠳᠠᠪᠤᠷᠢᠳᠠᠨ ᠵᠡᠷᠭᠡ ᠬᠦᠴᠦᠨ ᠵᠦᠢᠯ ᠤᠨ ᠳᠤᠯᠭᠠᠭᠤᠷᠢᠯᠠᠯ ᠢ ᠡᠷᠴᠢᠮᠵᠢᠭᠦᠯᠵᠤ᠂ ᠮᠠᠯᠴᠢᠨ ᠲᠦᠮᠡᠨ ᠤ ᠠᠮᠢᠳᠤᠷᠠᠯ ᠤᠨ ᠴᠢᠨᠠᠷᠵᠢᠯ ᠪᠠ ᠠᠵᠨ ᠵᠢᠷᠭᠠᠯ ᠤᠨ ᠵᠢᠭᠠᠯᠳᠠ ᠲᠤᠭ᠎ᠠ ᠶᠢ ᠨᠡᠮᠡᠭᠳᠡᠭᠦᠯᠦᠨ᠎ᠡ᠃          ᠴᠢᠬᠤᠯᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠤᠯᠤᠭᠠᠨ ᠳᠤᠤᠷᠴᠢᠯᠠᠯᠲᠠ︾᠎ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠷᠢᠰᠢᠭᠤᠯᠤᠯ ᠤᠨ ᠲᠤᠭᠤᠷᠢᠨ ᠳᠤ᠂ ᠴᠢᠬᠤᠯᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃ ᠰᠦᠨᠢᠳ ᠪᠠᠷᠠᠭᠤᠨ ᠬᠤᠰᠢᠭᠤᠨ ᠠᠴᠠ ᠴᠢᠭᠤᠯᠭᠠᠲᠤ ᠬᠠᠭᠠᠯᠭ᠎ᠠ ᠬᠦᠷᠬᠦ ᠲᠦᠷᠭᠡᠨ ᠵᠠᠮ ᠤᠨ ᠬᠦᠪᠡᠭᠡᠲᠤ ᠰᠢᠷ᠎ᠠ ᠬᠤᠰᠢᠭᠤᠨ ᠤ ᠬᠡᠰᠡᠭ᠂ ᠮᠤᠵᠢ ᠶᠢᠨ ᠵᠠᠮ ᠎ ᠤᠨ313 ᠱᠤᠭᠤᠮ ᠤᠨ ᠬᠦᠪᠡᠭᠡᠲᠤ ᠰᠢᠷ᠎ᠠ ᠬᠤᠰᠢᠭᠤᠨ ᠤ ᠬᠡᠰᠡᠭ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠠᠭᠠᠷ ᠤᠨ ᠵᠦᠭᠡᠭᠡᠪᠦᠷᠢ ᠶᠢᠨ ᠠᠵᠤ ᠦᠢᠯᠡᠰᠵᠢᠯᠲᠠ ᠶᠢᠨ ᠬᠦᠷᠢᠶᠡᠯᠡᠩ᠂ ᠵᠢᠷᠦᠬᠡ ᠠᠴᠠ ᠬᠤᠸᠠᠳᠧ ᠬᠦᠷᠬᠦ ᠲᠡᠮᠤᠷ ᠵᠠᠮ᠂ ᠰᠢᠨᠡᠪᠤᠯᠠᠭ220 ᠺᠢᠯᠤᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠶᠡᠷᠦᠩᠭᠡᠢ ᠲᠦᠯᠦᠪᠵᠢᠭᠦᠯᠭᠡ ᠪᠠ ᠠᠵᠤ ᠦᠢᠯᠡᠰ ᠤᠨ ᠬᠦᠭᠵᠢᠯᠲᠠ ᠶᠢᠨ ᠲᠦᠯᠦᠪᠵᠢᠭᠦᠯᠭᠡ ᠳᠤ ᠵᠠᠰᠠᠪᠤᠷᠢ ᠤᠷᠤᠭᠤᠯᠤᠨ ᠨᠠᠶᠢᠷᠠᠭᠤᠯᠵᠤ᠂ ᠠᠵᠤ ᠦᠢᠯᠡᠳᠪᠦᠷᠢ ᠶᠢᠨ ᠲᠤᠭᠤᠷᠢᠭ ᠤᠨ ᠬᠢᠵᠠᠭᠠᠷᠯᠠᠯ ᠤᠨ ᠴᠢᠨᠠᠷᠲᠠᠢ ᠨᠠᠷᠢᠨ ᠲᠦᠷᠢᠮ ᠪᠠ ᠭᠠᠵᠠᠷ ᠰᠢᠷᠤᠢ ᠶᠢ ᠡᠷᠴᠢᠮᠵᠢᠭᠦᠯᠦᠨ ᠠᠰᠢᠭᠯᠠᠬᠤ ᠦᠨᠡᠯᠡᠯᠲᠠ ᠶᠢ ᠨᠠᠶᠢᠷᠠᠭᠤᠯᠤᠨ ᠳᠤᠭᠳᠠᠭᠠᠵᠤ᠂ ᠲᠤᠭᠤᠷᠢᠭ ᠤᠨ ᠢᠯᠴᠢ ᠬᠠᠩᠭᠠᠯᠭ᠎ᠠ᠂ ᠬᠠᠳᠠᠷᠠᠭᠤᠯᠤᠯᠲᠠ᠂ ᠭᠡᠭᠡᠷᠡᠭᠦᠯᠦᠯᠲᠡ᠂ ᠨᠤᠭᠤᠭᠠᠷᠠᠭᠤᠯᠤᠯᠲᠠ ᠶᠢ ᠪᠡᠶᠡᠯᠡᠭᠦᠯᠦᠨ᠂ ᠶᠡᠷᠦᠩᠭᠡᠶᠢᠯᠡᠭᠰᠡᠨ ᠳᠠᠭᠠᠭᠠᠴᠨ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃          ︵ᠵᠢᠷᠭᠤᠭ᠎ᠠ︶ ᠠᠮᠢ ᠠᠬᠤᠢ ᠶᠢᠨ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠦᠷᠭᠦᠯᠵᠢᠯᠡᠬᠦ ᠬᠦᠭᠵᠢᠯᠲᠡ ᠶᠢ ᠠᠬᠢᠭᠤᠯᠤᠨ᠎ᠠ᠃          ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠬᠦᠴᠦᠯᠡᠴᠨ ᠶᠢ ᠨᠡᠮᠡᠭᠳᠡᠭᠦᠯᠦᠨ᠎ᠡ᠃ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ ᠲᠤᠭᠳᠠᠭᠠᠬᠤ ᠲᠦᠰᠦᠯ︾ ᠪᠤᠯᠤᠨ ︽ᠡᠬᠢ ᠪᠠᠶᠠᠯᠢᠭ ᠬᠦᠷᠦᠩᠭᠡ ᠶᠢᠨ ᠦᠷᠢ ᠰᠢᠷᠢ ᠶᠢᠨ ᠬᠦᠰᠦᠨᠦᠭ︾᠎ ᠢ ᠨᠠᠶᠢᠷᠠᠭᠤᠯᠤᠨ ᠲᠤᠭᠳᠠᠭᠠᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠡᠪᠡᠰᠤᠨ ᠤ ᠳᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠰᠡᠯᠭᠦᠨ ᠮᠠᠯᠵᠢᠬᠤ ᠪᠠ ᠲᠤᠭᠤᠷᠢᠭ ᠬᠤᠪᠢᠶᠠᠨ ᠡᠭᠡᠯᠵᠢᠯᠡᠨ ᠮᠠᠯᠵᠢᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠩᠭᠤᠷ ᠠᠭᠤᠯᠨ ᠠᠶᠢᠮᠠᠭ ᠤᠨ ᠳᠡᠰ ᠤᠨ ᠪᠠᠶᠢᠭᠠᠯᠢ ᠎ ᠶᠢᠨ ᠬᠠᠮᠠᠭᠠᠯᠠᠯᠲᠠ ᠶᠢᠨ ᠤᠷᠤᠨ ᠪᠠ ᠠᠮᠢ ᠠᠬᠤᠢ ᠶᠢᠨ ᠭᠤᠤᠯᠳᠠᠯᠭᠠᠲᠤ ᠴᠢᠳᠠᠪᠬᠢᠳᠤ ᠤᠷᠤᠨ ᠤ ᠬᠢᠨᠠᠯᠲᠠ ᠬᠠᠮᠢᠶᠠᠷᠤᠯᠲᠠ ᠶᠢ ᠰᠠᠶᠢᠳᠤᠷ ᠠᠳᠬᠤᠨ᠂ ᠲᠠᠯ᠎ᠠ ᠨᠤᠳᠤᠭ ᠤᠨ ᠠᠮᠢ ᠠᠬᠤᠢ ᠶᠢᠨ ᠬᠦᠷᠢᠶ᠎ᠠ ᠴᠠᠷᠠᠭᠠᠨ ᠳᠠᠬᠢ ᠬᠠᠤᠯᠢ ᠎ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠨᠤᠳᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠵᠦᠪᠰᠢᠶᠡᠷᠡᠬᠦ ᠭᠠᠷ ᠬᠦᠢᠴᠡᠳᠭᠡᠯ ᠢ ᠲᠦᠷᠢᠮᠵᠢᠭᠦᠯᠦᠨ᠂ ᠲᠠᠯ᠎ᠠ ᠨᠤᠳᠤᠭ ᠤᠨ ᠠᠮᠢ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠩᠭᠤᠵᠢᠭᠰᠠᠨ ᠲᠤᠭᠳᠠᠴᠨ ᠶᠢ ᠪᠠᠶᠢᠭᠤᠯᠤᠨ᠎ᠠ᠃          ᠠᠮᠢ ᠠᠬᠤᠢ ᠶᠢᠨ ᠢᠨᠵᠧᠨᠧᠷᠢᠩ ᠪᠦᠲᠤᠬᠡᠨ ᠪᠠᠶᠢᠭᠤᠯᠤᠯᠲᠠ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ᠃ ᠬᠤᠶᠠᠲᠤᠭᠠᠷ ᠬᠤᠭᠤᠴᠠᠭᠠᠨ ᠤ ᠪᠡᠬᠡᠵᠢᠩ ᠲᠢᠶᠠᠨᠵᠢᠨ ᠤᠨ ᠰᠠᠯᠬᠢ ᠡᠯᠡᠰᠤᠨ ᠤ ᠡᠬᠢ ᠶᠢ ᠵᠠᠰᠠᠬᠤ ᠵᠡᠷᠬᠡ ᠭᠤᠤᠯᠲᠠᠯᠭᠠᠲᠤ ᠠᠮᠢ ᠠᠬᠤᠢ ᠵᠢᠨ‌ᠢᠨᠵᠧᠨᠧᠷᠢᠩ ᠪᠡ ᠭᠤᠤᠯᠲᠠᠯᠭᠠᠲᠤ ᠤᠷᠤᠨ ᠲᠤᠭᠤᠷᠢᠭ ᠤᠨ ᠨᠤᠭᠤᠭᠠᠷᠠᠭᠤᠯᠤᠯᠲᠠ ᠶᠢᠨ ᠲᠦᠷᠦᠯ ᠵᠤᠶᠢᠯ ᠢ ᠨᠠᠷᠢᠨ ᠬᠢᠨᠡᠮᠡᠭᠠᠢ ᠬᠡᠷᠡᠭᠵᠢᠬᠦᠯᠵᠤ᠂ ᠠᠮᠢ ᠠᠬᠤᠢ ᠶᠢᠨ ᠵᠠᠰᠠᠯᠲᠠ ᠎ ᠶᠢ12.1 ᠲᠦᠮᠡᠨ ᠮᠤ᠋᠂ ᠭᠤᠤᠯᠲᠠᠯᠭᠠᠲᠤ ᠤᠷᠤᠨ ᠲᠤᠭᠤᠷᠢᠭ ᠤᠨ ᠨᠤᠭᠤᠭᠠᠷᠭᠤᠯᠤᠯᠲᠠ ᠶᠢ1000 ᠮᠤ᠋ ᠪᠡᠶᠡᠯᠡᠬᠦᠯᠵᠤ᠂ ᠬᠦᠷᠤᠰᠤ ᠰᠢᠷᠤᠢ ᠶᠢᠨ ᠢᠲᠡᠭᠲᠡᠯ ᠢ18  ᠲᠡᠭᠰᠢ‌‍ᠲ᠋ᠦ᠋ᠷᠪᠡᠯᠵᠢᠨ ᠺᠢᠯᠤᠮᠧᠲᠷ ᠵᠠᠰᠠᠨ᠎ᠠ᠃ ᠭᠤᠤᠯ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠤ᠂ ᠤᠷᠤᠰᠬᠠᠯ ᠭᠤᠤᠯ ᠤᠨ ᠤᠰᠤᠨ ᠤ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ︽ᠭᠤᠷᠪᠠᠨ ᠲᠤᠭᠤᠷᠢᠭ ᠬᠤᠶᠠᠷ ᠱᠤᠭᠤᠮ︾᠎ ᠤᠨ ᠭᠠᠵᠠᠷ ᠰᠢᠨᠵᠢᠯᠡᠬᠡᠨ ᠎ ᠤ ᠤᠷᠴᠢᠨ ᠲᠤᠭᠤᠷᠢᠨ ᠢ ᠵᠠᠰᠠᠬᠤ ᠪᠠ ᠲᠡᠮᠦᠷᠯᠢᠭ ᠤᠨ ᠪᠤᠰᠤ ᠠᠭᠤᠷᠬᠠᠢ ᠢ ᠶᠡᠷᠤᠩᠬᠡᠶᠢᠯᠡᠨ ᠵᠠᠰᠠᠬᠤ ᠲᠦᠷᠤᠯ ᠵᠤᠶᠢᠯ ᠎ ᠢ ᠬᠡᠷᠡᠭᠵᠢᠬᠦᠯᠤᠨ᠎ᠠ᠃ ᠠᠵᠤ ᠠᠬᠤᠶᠢᠯᠠᠯ ᠢ ᠱᠠᠭᠠᠷᠲᠠᠨ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠎ ᠢ ᠶᠡᠷᠤᠩᠬᠡᠶᠢᠯᠡᠨ ᠵᠠᠰᠠᠬᠤ ᠪᠤᠯᠤᠨ ᠨᠤᠭᠤᠭᠠᠷᠠᠭᠤᠯᠵᠤ ᠰᠡᠷᠬᠦᠬᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠠᠭᠤᠷᠬᠠᠢ ᠶᠢᠨ ᠤᠷᠴᠢᠨ ᠲᠤᠭᠤᠷᠢᠨ ᠪᠤᠯᠤᠨ ᠬᠠᠶᠠᠭᠲᠠᠮᠠᠯ ᠤᠨ ᠠᠭᠤᠷᠬᠠᠢ ᠶᠢᠨ ᠴᠢᠭ ᠢ ᠵᠠᠰᠠᠬᠤ ᠠᠵᠢᠯ ᠢ ᠰᠠᠶᠢᠲᠤᠷ ᠠᠳᠬᠤᠨ᠎ᠠ᠃          ᠪᠤᠬᠢᠷᠲᠤᠯ ᠦᠬᠡᠢ ᠲᠤᠤᠷ᠎ᠠ ᠨᠡᠬᠦᠷᠡᠰᠤᠳᠦ᠋ᠷᠦᠭᠴᠢᠲᠤ ᠤᠷᠴᠢᠯᠲᠤ ᠬᠦᠭᠵᠢᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠷᠪᠢᠴᠢ ᠬᠡᠯᠪᠡᠷᠢ ᠶᠢᠨ ᠪᠠᠶᠢᠭᠤᠯᠤᠯᠭ᠎ᠠ᠂ ᠪᠤᠬᠢᠷᠲᠤᠯ ᠦᠬᠡᠢ ᠬᠡᠷ ᠪᠦᠯᠢ᠂ ᠪᠤᠬᠢᠷᠲᠤᠯ ᠦᠬᠡᠢ ᠰᠤᠷᠭᠠᠭᠤᠯᠢ᠂ ᠪᠤᠬᠢᠷᠲᠤᠯ‌ᠦᠬᠡᠢ ᠨᠡᠶᠢᠬᠡᠮ ᠲᠤᠭᠤᠷᠢᠭ ᠢ ᠡᠬᠦᠲᠤᠨ ᠪᠠᠶᠢᠭᠤᠯᠬᠤ ᠪᠠ ᠪᠤᠬᠢᠷᠲᠤᠯ ᠦᠬᠡᠢ ᠠᠶᠠᠯᠠᠯ ᠵᠡᠷᠬᠡ ᠠᠵᠢᠯᠯᠠᠭ᠎ᠠ ᠶᠢ ᠢᠲᠡᠪᠬᠢᠲᠠᠢ ᠦᠷᠨᠢᠬᠦᠯᠵᠤ᠂ ᠶᠡᠬᠡᠪᠡᠷ ᠪᠦᠷᠢᠯᠬᠡᠨ ᠰᠤᠶᠢᠳᠬᠡᠬᠦ ᠪᠠ ᠵᠤᠬᠢᠰ ᠦᠬᠡᠢ ᠵᠠᠷᠤᠲᠠᠯ ᠢ ᠡᠰᠡᠷᠬᠦᠴᠠᠨ᠂ ᠪᠤᠬᠢᠷᠲᠤᠯ ᠦᠬᠡᠢ ᠲᠤᠤᠷ᠎ᠠ ᠨᠡᠬᠦᠷᠡᠰᠤᠳᠦᠷᠦᠭᠴᠢᠲᠤ ᠠᠮᠢᠲᠤᠷᠠᠯ ᠤᠨ ᠬᠡᠯᠪᠡᠷᠢ ᠶᠢ ᠰᠠᠨᠠᠭᠠᠴᠢᠯᠠᠨ᠎ᠠ᠃ ᠠᠭᠠᠷ ᠤᠨ  ᠪᠤᠬᠢᠷᠲᠤᠯ ᠢ ᠰᠡᠷᠬᠡᠶᠢᠯᠡᠨ ᠵᠠᠰᠠᠬᠤ ᠲᠦᠯᠤᠪᠯᠡᠭᠡ ᠪᠠ ᠤᠰᠤᠨ ᠰᠤᠷᠪᠤᠯᠵᠢ ᠶᠢᠨ ᠬᠠᠮᠶᠠᠷᠤᠯᠲᠠ ᠶᠢᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠭᠤᠤᠯᠲᠠᠯᠭ᠎ᠠ ᠲᠠᠢ ᠠᠵᠢᠯ ᠲᠦᠷᠤᠯ᠂ ᠭᠤᠤᠯᠲᠠᠯᠭ᠎ᠠ ᠲᠠᠢ ᠠᠵᠤ ᠠᠬᠤᠶᠢᠯᠠᠯ ᠶᠢᠨ ᠡᠨᠧᠷᠬᠢ ᠶᠢ ᠠᠷᠪᠢᠯᠠᠵᠤ ᠬᠤᠷᠤᠭᠲᠠᠯ ᠢ ᠪᠠᠭᠠᠰᠬᠠᠬᠤ ᠮᠡᠷᠬᠡᠵᠢᠯ ᠤᠨ ᠦᠬᠡᠷᠡᠴᠢᠯᠡᠯᠲᠠ ᠶᠢ ᠠᠬᠢᠭᠤᠯᠵᠤ᠂ ᠡᠨᠧᠷᠬᠢ ᠶᠢ ᠠᠷᠪᠢᠯᠠᠵᠤ ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢ ᠪᠠᠭᠤᠷᠠᠭᠤᠯᠬᠤ ᠤᠨ ᠤ ᠡᠬᠦᠷᠬᠡ ᠶᠢ ᠪᠠᠶᠡᠯᠡᠬᠦᠯᠤᠨ᠎ᠠ᠃          ︵ᠲᠤᠯᠤᠭ᠎ᠠ︶ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠪᠠᠲᠤᠯᠠᠨ᠂ ᠠᠷᠠᠳ ᠲᠦᠮᠠᠨ ᠤ ᠠᠵᠠ ᠵᠢᠷᠭᠠᠯ ᠢ ᠨᠡᠮᠡᠭᠲᠡᠬᠦᠯᠤᠨ᠎ᠠ᠃ ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠦᠷᠬᠦᠯᠵᠢᠯᠠᠨ ᠠᠬᠢᠭᠤᠯᠤᠨ᠎ᠠ᠃ ᠶᠡᠬᠡᠪᠡᠷ ᠶᠠᠲᠠᠭᠤ ᠶᠢ ᠲᠡᠳᠬᠦᠬᠦ ᠲᠠᠪᠠᠭᠤᠯᠢᠭ ᠢᠶᠠᠨ ᠪᠠᠲᠠᠷᠠᠭᠤᠯᠤᠨ᠂ ᠶᠠᠲᠠᠭᠤ ᠠᠴᠠ ᠠᠩᠬᠢᠵᠢᠷᠠᠭᠤᠯᠤᠨ᠂ ᠦᠷᠬᠦᠯᠵᠢᠯᠠᠨ ᠪᠠᠲᠤᠳᠬᠠᠬᠤ  ᠲᠤᠭᠲᠠᠴᠠ ᠶᠤᠰᠤᠭᠠᠷ᠂ ᠲᠦᠷᠤ ᠶᠢᠨ ᠪᠤᠲᠤᠯᠭ᠎ᠠ ᠬᠤᠪᠢᠷᠠᠬᠤ ᠦᠬᠡᠢ᠂ ᠬᠦᠴᠤᠯᠡᠴᠠ ᠪᠠᠭᠤᠷᠠᠬᠤ ᠦᠬᠡᠢ᠂ ᠪᠠᠷᠢᠮᠵᠢᠶ᠎ᠡ ᠲᠤᠷᠤᠭᠰᠢᠯᠠᠬᠤ ᠦᠬᠡᠢ ᠵᠠᠷᠴᠢᠮ ᠢ ᠪᠠᠷᠢᠮᠲᠠᠯᠠᠨ᠂ ᠶᠠᠲᠠᠭᠤ ᠎ ᠠᠴᠠ ᠠᠩᠬᠢᠷᠠᠭᠤᠯᠤᠨ ᠪᠤᠭᠤᠮᠲᠠ ᠰᠢᠪᠲᠤᠯᠬᠤ ᠦᠷ᠎ᠡ ᠪᠦᠲᠤᠮᠵᠢ ᠶᠢ ᠦᠷᠬᠦᠯᠵᠢᠯᠡᠨ ᠪᠠᠲᠤᠳᠬᠠᠨ᠎ᠠ᠃ ᠨᠠᠷᠢᠯᠢᠭ ᠤᠨᠤᠪᠴᠢᠲᠠᠢ ᠶᠠᠲᠠᠭᠤ ᠶᠢ ᠲᠡᠳᠬᠦᠨ᠂ ᠨᠠᠷᠢᠯᠢᠭ ᠤᠨᠤᠪᠴᠢᠲᠠᠢ ᠶᠠᠲᠠᠭᠤ ᠠᠴᠠ ᠠᠨᠩᠬᠢᠷᠭᠤᠯᠬᠤ ᠱᠠᠭᠠᠷᠲᠠᠯᠭ᠎ᠠ ᠶᠤᠰᠤᠭᠠᠷ᠂ ᠬᠦᠴᠤ ᠵᠤᠷᠢᠭ᠂ ᠤᠶᠤᠨ ᠤᠬᠠᠭᠠᠨ ᠢ ᠨᠢ ᠲᠡᠳᠬᠦᠬᠦ ᠶᠢ ᠤᠶᠠᠯᠲᠤᠭᠤᠯᠬᠤ ᠶᠢ ᠴᠢᠬᠤᠯᠠᠴᠢᠯᠠᠵᠤ᠂ ᠶᠠᠲᠠᠭᠤ ᠬᠦᠴᠢᠷᠲᠡᠯᠲᠠᠢ ᠤᠯᠠᠨ ᠲᠦᠮᠡᠨ ᠤ ᠠᠲᠠᠯᠢ ᠪᠤᠰᠤ ᠱᠠᠭᠠᠷᠲᠠᠯᠭ᠎ᠠ ᠳᠤ ᠴᠢᠭᠯᠡᠬᠦᠯᠤᠨ᠂ ᠶᠠᠲᠠᠭᠤ ᠶᠢ ᠲᠡᠳᠬᠦᠬᠦ ᠠᠷᠭ᠎ᠠ ᠪᠠᠷᠢᠯ ᠢ ᠨᠠᠷᠢᠯᠢᠭ ᠤᠨᠤᠪᠴᠢᠲᠠᠢ ᠨᠡᠶᠢᠲᠡᠪᠤᠷᠢᠵᠢᠭᠤᠯᠤᠨ᠎ᠠ᠃ ᠶᠠᠲᠠᠭᠤ ᠶᠢ ᠲᠡᠳᠬᠦᠬᠦ  ᠲᠤᠰᠬᠠᠢ ᠲᠦᠷᠤᠯ ᠤᠨ ᠪᠡᠯᠡ ᠮᠦᠩᠬᠦ᠂ ᠮᠠᠯᠵᠢᠯ ᠳᠤ ᠬᠤᠯᠪᠤᠭᠲᠠᠬᠤ ᠪᠡᠯᠡ ᠮᠦᠩᠬᠦ ᠪᠠ ᠨᠡᠶᠢᠬᠡᠮ ᠠᠴᠠ ᠬᠠᠪᠰᠤᠷᠤᠨ ᠲᠡᠳᠬᠦᠭᠰᠡᠨ ᠪᠡᠯᠡ ᠮᠦᠩᠬᠦ ᠶᠢ ᠢᠲᠡᠪᠬᠢᠲᠠᠢ  ᠨᠢᠬᠡᠳᠬᠡᠵᠤ᠂ ᠲᠤᠬᠢᠷᠠᠮᠵᠢᠲᠠᠢ ᠭᠠᠵᠠᠷ ᠶᠠᠲᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ᠂ ᠠᠵᠤ ᠤᠶᠢᠯᠡᠰ ᠢᠶᠠᠷ ᠶᠠᠲᠠᠭᠤ ᠶᠢ ᠲᠡᠳᠬᠦᠬᠦ᠂ ᠮᠦᠩᠬᠦᠨ ᠬᠦᠢᠯᠬᠡᠬᠡ ᠪᠠᠷ ᠶᠠᠲᠠᠭᠤ ᠶᠢ ᠲᠡᠳᠬᠦᠬᠦ ᠵᠡᠷᠬᠡ ᠲᠦᠷᠤᠯ ᠵᠤᠶᠢᠯ ᠢ ᠨᠢᠬᠡᠲᠤᠯᠲᠠᠢ  ᠲᠦᠯᠤᠪᠵᠢᠬᠦᠯᠤᠨ ᠬᠡᠷᠡᠭᠵᠢᠬᠦᠯᠤᠨ᠎ᠠ᠃ ᠵᠢᠭᠤᠯᠴᠢᠯᠠᠯ ᠢᠶᠠᠷ ᠶᠠᠲᠠᠭᠤ ᠶᠢ ᠲᠡᠳᠬᠦᠬᠦ᠂ ᠡᠯᠧᠺᠲᠷᠤᠨ ᠬᠤᠲᠠᠯᠲᠤᠭ᠎ᠠ ᠪᠠᠷ ᠶᠠᠲᠠᠭᠤ ᠶᠢ ᠲᠡᠳᠬᠦᠬᠦ᠂ ᠬᠡᠷᠡᠯ ᠴᠠᠬᠢᠯᠭᠠᠨ ᠢᠶᠠᠷ ᠶᠠᠲᠠᠭᠤ ᠶᠢ ᠲᠡᠳᠬᠦᠬᠦ ᠠᠷᠭ᠎ᠠ ᠪᠠᠷᠢᠯ ᠢ ᠬᠦᠨᠵᠡᠬᠡᠢ ᠰᠤᠲᠤᠯᠵᠤ᠂ ᠠᠵᠢᠯ ᠤᠯᠭᠤᠯᠲᠠ ᠪᠠᠷ ᠶᠠᠲᠠᠭᠤ ᠶᠢ ᠲᠡᠳᠬᠦᠬᠦ᠂ ᠰᠤᠷᠭᠠᠨ ᠬᠦᠮᠤᠵᠢᠯ ᠢᠶᠠᠷ ᠶᠠᠲᠠᠭᠤ ᠶᠢ ᠲᠡᠳᠬᠦᠬᠦ᠂ ᠡᠷᠡᠬᠦᠯ  ᠴᠢᠬᠢᠷᠠᠭ ᠢᠶᠠᠷ ᠶᠠᠲᠠᠭᠤ ᠶᠢ ᠲᠡᠳᠬᠦᠬᠦ ᠪᠠ ᠨᠡᠶᠢᠬᠡᠮ ᠤᠨ ᠪᠠᠲᠤᠯᠠᠭ᠎ᠠ ᠪᠠᠷ ᠶᠠᠲᠠᠭᠤ ᠎ ᠶᠢ ᠲᠡᠳᠬᠦᠬᠦ ᠬᠦᠴᠤᠯᠡᠴᠠ ᠪᠠᠨ ᠨᠡᠮᠡᠭᠲᠡᠬᠦᠯᠤᠨ᠎ᠠ᠃ ᠭᠠᠴᠠᠭᠠᠨ ᠳᠤ ᠲᠤᠮᠢᠯᠠᠭᠰᠠᠨ ᠠᠵᠢᠯᠯᠠᠬᠤ ᠲᠤᠭᠤᠶᠢᠯᠠᠩ᠂ ︽ᠨᠢᠬᠡᠲᠤᠬᠡᠷ ᠱᠦᠵᠢ︾ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠤᠶᠢᠯᠡᠲᠤᠯ ᠢ ᠬᠦᠢᠴᠡᠳ ᠪᠠᠲᠠᠷᠭᠤᠯᠤᠨ᠂ ᠶᠠᠲᠠᠭᠤ ᠠᠴᠠ ᠠᠩᠬᠢᠵᠢᠷᠠᠭᠤᠯᠬᠤ ᠲᠦᠷᠤ ᠶᠢᠨ ᠪᠤᠲᠤᠯᠭ᠎ᠠ ᠶᠢ ᠰᠠᠶᠢᠲᠤᠷ ᠤᠬᠠᠭᠤᠯᠵᠤ᠂ ᠶᠠᠲᠠᠭᠤ ᠠᠴᠠ ᠠᠩᠬᠢᠵᠢᠷᠠᠭᠤᠯᠬᠤ ᠠᠷᠭ᠎ᠠ ᠪᠠᠷᠢᠯ ᠢ ᠨᠠᠶᠢᠲᠠᠪᠤᠷᠢᠵᠢᠭᠤᠯᠤᠨ᠂  ᠺᠠᠳ᠋ᠷ ᠤᠯᠠᠨ ᠲᠦᠮᠠᠨ ᠤ ᠬᠠᠷᠢᠴᠠᠭ᠎ᠠ ᠶᠢ  ᠨᠢᠭᠲᠠᠷᠭᠤᠯᠵᠤ᠂ ᠤᠯᠠᠨ ᠲᠦᠮᠠᠨ ᠤ ᠶᠠᠲᠠᠭᠤ ᠠᠴᠠ ᠠᠩᠬᠢᠵᠢᠷᠠᠭᠤᠯᠬᠤ ᠠᠵᠢᠯ ᠤᠨ ᠲᠤᠬᠠᠢ ᠤᠶᠢᠯᠭᠠᠯᠲᠠ ᠮᠡᠲᠡᠷᠡᠮᠵᠢ ᠬᠡᠮᠵᠢᠶ᠎ᠡ ᠶᠢ ᠨᠡᠮᠡᠭᠲᠡᠬᠦᠯᠤᠨ᠎ᠠ᠃ᠤᠶᠢᠯᠡᠰ ᠪᠤᠰᠬᠠᠵᠤ ᠠᠵᠢᠯ ᠤᠯᠭᠤᠯᠲᠠ ᠶᠢᠨ ᠢᠨᠵᠧᠨᠧᠷᠢᠩ ᠢ ᠯᠠᠪᠲᠡᠭᠤᠨ ᠪᠠᠲᠤᠲᠠᠢ ᠲᠦᠯᠬᠢᠨ ᠠᠬᠢᠭᠤᠯᠤᠨ᠎ᠠ᠃ ᠤᠯᠠᠨ ᠲᠦᠮᠡᠨᠴᠢ ᠤᠶᠢᠯᠡᠰ  ᠪᠤᠰᠬᠠᠬᠤ ᠰᠢᠨ᠎ᠡ ᠶᠢ ᠡᠬᠦᠳᠬᠦ ᠶᠢ ᠬᠦᠨᠵᠡᠬᠡᠢ ᠠᠬᠢᠭᠤᠯᠵᠤ᠂ ᠤᠶᠢᠯᠡᠰ ᠪᠤᠰᠬᠠᠠᠬᠤ ᠶᠢ ᠲᠡᠮᠵᠢᠬᠦ ᠬᠦᠴᠤᠯᠡᠴᠨ ᠪᠠᠨ ᠦᠷᠬᠦᠯᠵᠢᠯᠡᠨ ᠨᠡᠮᠡᠭᠲᠡᠬᠦᠯᠵᠤ᠂ ᠤᠶᠢᠯᠡᠰ  ᠪᠤᠰᠬᠠᠬᠤ ᠬᠦᠷᠢᠶᠡᠯᠡᠩ ᠤᠨ ᠤᠶᠢᠯᠡᠴᠢᠯᠡᠬᠡᠨ ᠎ ᠤ ᠬᠢᠷᠢ ᠲᠦᠪᠰᠢᠨ ᠢ ᠲᠡᠬᠡᠭᠰᠢᠯᠡᠬᠦᠯᠵᠤ᠂ ᠵᠢᠯ ᠳᠤ᠂ ᠤᠶᠢᠯᠡᠰ ᠪᠤᠰᠬᠠᠬᠤ  ᠪᠠᠷᠢᠴᠠᠭᠠᠲᠤ ᠵᠢᠬᠡᠯᠡᠯᠬᠡ ᠶᠢ1000 ᠲᠦᠮᠡᠨ ᠲᠦᠬᠦᠷᠢᠭ ᠲᠠᠷᠬᠠᠭᠠᠨ᠎ᠠ᠃ ᠰᠤᠶᠤᠯ ᠤᠨ ᠨᠠᠮᠲᠠᠷ ᠨᠡᠯᠢᠶᠡᠳ ᠦᠨᠲᠤᠷ᠂ ᠨᠠᠰᠤ ᠵᠠᠯᠠᠭᠤ᠂ ᠰᠢᠨ᠎ᠡ ᠵᠤᠶᠢᠯᠡᠰ ᠢ ᠬᠦᠯᠢᠶᠡᠨ ᠠᠪᠬᠤ ᠴᠢᠲᠠᠪᠤᠷᠢ ᠰᠠᠶᠢᠨ᠂ ᠤᠶᠢᠯᠡᠰ  ᠡᠷᠬᠢᠯᠡᠬᠦ ᠬᠦᠰᠡᠯ ᠲᠠᠢ ᠠᠵᠢᠯ ᠤᠯᠤᠭᠠᠲᠤᠢ ᠤᠶᠤᠲᠠᠳ ᠢ ᠬᠦᠭᠵᠢᠭᠰᠡᠨ ᠭᠠᠵᠠᠷ ᠤᠷᠤᠨ ᠤ ᠶᠡᠭᠡ ᠲᠡᠬᠡᠲᠤ ᠰᠤᠷᠭᠠᠭᠤᠯᠢ ᠳᠤ ᠤᠬᠤᠷ ᠬᠤᠭᠤᠴᠠᠭᠠᠨ ᠤ ᠪᠤᠯᠪᠠᠰᠤᠷᠠᠯ ᠬᠦᠷᠲᠡᠬᠡᠨ ᠂  ᠦᠪᠡᠷ ᠤᠨ ᠬᠦᠴᠤᠨ ᠳᠡᠭᠡᠨ ᠲᠦᠰᠢᠭᠯᠡᠨ ᠤᠶᠢᠯᠡᠰ ᠪᠤᠰᠬᠠᠬᠤ ᠴᠢᠲᠠᠪᠤᠷᠢ ᠶᠢ ᠨᠢ ᠲᠡᠬᠡᠭᠰᠢᠯᠡᠬᠦᠯᠤᠨ᠎ᠠ᠃ ᠤᠯᠠᠨ ᠨᠡᠶᠢᠲᠠ ᠶᠢᠨ  ᠪᠤᠲᠠᠲᠤ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠤᠬᠡᠨ ᠪᠠᠶᠢᠭᠤᠯᠤᠯᠲᠠ ᠶᠢᠨ ᠲᠦᠷᠤᠯ ᠵᠤᠶᠢᠯ ᠎ ᠢ ᠢᠲᠡᠪᠬᠢᠲᠠᠢ ᠲᠡᠮᠡᠴᠠᠨ ᠤᠯᠵᠤ᠂  ᠲᠤᠬᠠᠶᠢᠯᠠᠭᠰᠠᠨ ᠠᠵᠢᠯ ᠤᠨ ᠤᠷ᠎ᠠ ᠮᠡᠷᠬᠡᠵᠢᠯ ᠤᠨ ᠪᠤᠯᠪᠠᠰᠤᠷᠠᠯ ᠢ ᠶᠡᠬᠡᠪᠡᠷ ᠦᠷᠨᠢᠬᠦᠯᠤᠨ᠎ᠠ᠃ ᠪᠦᠬᠦ ᠬᠤᠰᠢᠭᠤᠨ ᠤ ᠭᠤᠤᠯᠲᠠᠯᠭᠠᠲᠤ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠪᠠ ᠲᠠᠪᠠᠭᠤᠯᠢᠭ ᠤᠨᠴᠠᠯᠢᠭᠲᠤ ᠠᠵᠤ ᠤᠶᠢᠯᠡᠰ ᠤᠨ ᠲᠤᠭᠤᠷᠢᠨ ᠳᠤ ᠤᠯᠠᠨ ᠠᠷᠭ᠎ᠠ ᠵᠠᠮ ᠢᠶᠠᠷ ᠠᠵᠢᠯ ᠤᠯᠭᠤᠯᠲᠠ ᠶᠢᠨ ᠠᠵᠢᠯ ᠤᠨ ᠪᠠᠶᠢᠷᠢ ᠶᠢ ᠨᠡᠬᠡᠬᠡᠨ ᠬᠦᠭᠵᠢᠬᠦᠯᠵᠤ᠂ ᠶᠡᠭᠡ ᠲᠡᠬᠡᠲᠤ ᠰᠤᠷᠭᠠᠭᠤᠯᠢ ᠲᠡᠬᠦᠰᠦᠭᠰᠡᠳ᠂ ᠬᠤᠲᠠ ᠪᠠᠯᠭᠠᠰᠤᠨ ᠎ ᠤ ᠠᠵᠢᠯ  ᠤᠯᠤᠭᠰᠠᠨ ᠦᠬᠡᠢ ᠬᠡᠷ ᠪᠦᠯᠢ᠂ ᠰᠢᠯᠵᠢᠨ ᠬᠤᠲᠠ ᠤᠷᠤᠭᠰᠠᠨ ᠮᠠᠯᠴᠢᠳ ᠵᠡᠷᠬᠡ ᠤᠯᠠᠨ ᠲᠦᠮᠠᠨ ᠤ ᠠᠵᠢᠯ ᠤᠯᠭᠤᠯᠲᠠ ᠶᠢ ᠨᠢᠬᠡᠲᠤᠯᠲᠠᠢ ᠲᠦᠯᠤᠪᠵᠢᠬᠦᠯᠤᠨ ᠰᠠᠶᠢᠲᠤᠷ ᠬᠢᠵᠤ᠂ ᠬᠤᠲᠠ ᠪᠠᠯᠭᠠᠰᠤᠨ ᠤ ᠠᠵᠢᠯ ᠤᠯᠭᠤᠯᠲᠠ ᠶᠢ500 ᠬᠦᠮᠤᠨ ᠰᠢᠨ᠎ᠡ ᠪᠠᠷ ᠨᠡᠮᠡᠭᠲᠡᠬᠦᠯᠵᠤ᠂ ᠮᠠᠯᠵᠢᠬᠤ ᠤᠷᠤᠨ ᠤ ᠬᠦᠲᠡᠯᠮᠤᠷᠢ ᠬᠦᠴᠤᠨ ᠢ ᠰᠢᠯᠵᠢᠬᠦᠯᠤᠨ900 ᠬᠦᠮᠤᠨ ᠳᠤ ᠠᠵᠢᠯ ᠤᠯᠭᠤᠨ᠂ ᠬᠤᠲᠠ ᠪᠠᠯᠭᠠᠰᠤᠨ ᠤ  ᠲᠡᠩᠰᠠᠯᠠᠭᠤᠯᠤᠭᠰᠠᠨ ᠠᠵᠢᠯ ᠠᠯᠲᠠᠭᠰᠠᠳ ᠤᠨ ᠨᠤᠷᠮ᠎ᠠ ᠶᠢ 3.2 %᠎ ᠶᠢᠨ ᠲᠤᠲᠤᠷ᠎ᠠ ᠬᠢᠵᠠᠭᠠᠷᠯᠠᠨ᠎ᠠ᠃          ᠨᠡᠶᠢᠬᠡᠮ ᠤᠨ ᠪᠠᠲᠤᠯᠭᠠᠨ ᠤ ᠰᠢᠰᠲ᠋ᠧᠮ ᠢ ᠦᠷᠬᠦᠯᠵᠢᠯᠡᠨ ᠲᠡᠬᠦᠯᠲᠠᠷᠵᠢᠬᠦᠯᠤᠨ᠎ᠠ᠃ ᠪᠦᠬᠦ ᠠᠷᠠᠳ ᠤᠨ ᠲᠠᠭᠠᠳᠬᠠᠯ ᠳᠤ ᠤᠷᠤᠬᠤ ᠲᠦᠯᠤᠪᠯᠡᠭᠡ ᠶᠢ ᠢᠲᠡᠪᠬᠢᠲᠠᠢ ᠨᠡᠶᠢᠲᠡᠪᠤᠷᠢᠵᠢᠭᠤᠯᠵᠤ᠂ ᠨᠡᠶᠢᠬᠡᠮ ᠤᠨ ᠲᠠᠭᠠᠳᠬᠠᠯ ᠤᠨ ᠪᠦᠷᠬᠦᠴᠠ ᠶᠢ ᠦᠷᠬᠡᠳᠬᠡᠨ᠎ᠡ᠃ ᠡᠯ᠎ᠡ ᠲᠦᠷᠤᠯ ᠤᠨ ᠨᠡᠶᠢᠬᠡᠮ ᠤᠨ ᠲᠤᠰᠠᠯᠠᠮᠵᠢ᠂ ᠨᠡᠶᠢᠬᠡᠮ ᠤᠨ ᠠᠰᠠᠷᠠᠮᠵᠢ ᠶᠢᠨ ᠲᠦᠷᠤ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠬᠦᠴᠢᠷ ᠵᠤᠪᠠᠯᠠᠩ ᠲᠠᠢ ᠤᠯᠠᠨ ᠲᠦᠮᠡᠨ ᠢ ᠲᠡᠮᠵᠢᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠨᠡᠶᠢᠲᠠ ᠶᠢᠨ ᠤᠩᠭᠤᠨ ᠪᠠ ᠤᠷᠤᠰᠢᠭᠤᠯᠭ᠎ᠠ ᠶᠢᠨ ᠭᠠᠵᠠᠷ ᠤᠨ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠡᠬᠢᠯᠡᠬᠦᠯᠬᠦ ᠪᠠᠷ ᠴᠢᠷᠮᠠᠶᠢᠨ᠎ᠠ᠃ ᠵᠡᠮᠲᠡᠭᠴᠦᠳ ᠤᠨ ᠠᠰᠠᠷᠠᠮᠵᠢ ᠎ ᠶᠢᠨ ᠤᠶᠢᠯᠡᠴᠢᠯᠡᠬᠡᠨ ᠤ ᠲᠦᠪ  ᠎ ᠢ ᠪᠠᠶᠢᠭᠤᠯᠵᠤ᠂ ︽ᠲᠤᠯᠠᠭᠠᠨ︾ ᠮᠠᠯᠵᠢᠬᠤ ᠤᠷᠤᠨ ᠤ  ᠨᠠᠰᠤᠲᠠᠶᠢᠴᠤᠦᠯ ᠤᠨ ᠠᠰᠠᠷᠠᠮᠵᠢ ᠶᠢᠨ ᠬᠦᠷᠢᠶᠡᠯᠠᠩ ᠤᠨ ᠤᠶᠢᠯᠡᠴᠢᠯᠡᠬᠡᠨ ᠤ ᠴᠢᠲᠠᠪᠬᠢ ᠶᠢ ᠲᠡᠬᠡᠭᠰᠢᠯᠡᠬᠦᠯᠵᠤ᠂ ᠨᠡᠶᠢᠬᠡᠮ ᠲᠤᠭᠤᠷᠢᠭ ᠤᠨ ᠠᠷᠠᠳ ᠲᠤ ᠲᠦᠬᠦᠮ ᠦᠵᠡᠬᠦᠯᠬᠦ ᠤᠶᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠲᠡᠬᠦᠯᠲᠡᠷᠵᠢᠬᠦᠯᠤᠨ᠎ᠠ᠃ ᠪᠠᠲᠤᠯᠠᠭᠠᠨ ᠤ ᠴᠢᠨᠠᠷᠲᠠᠢ ᠤᠷᠤᠨ ᠰᠠᠭᠤᠴᠠ ᠶᠢᠨ ᠢᠨᠵᠧᠨᠧᠷᠢᠩ ᠢ ᠶᠡᠬᠡᠪᠡᠷ ᠠᠬᠢᠭᠤᠯᠵᠤ᠂ ᠲᠦᠬᠦᠮ ᠪᠦᠲᠤᠴᠡᠲᠤ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠦᠷᠲᠡᠭᠯᠡᠨ ᠲᠦᠪᠬᠢᠨᠡᠬᠦᠯᠬᠦ ᠠᠵᠢᠯ ᠢ ᠦᠷᠬᠦᠯᠵᠢᠯᠡᠨ ᠠᠬᠢᠭᠤᠯᠵᠤ᠂ 800 ᠡᠷᠤᠬᠡ ᠶᠢᠨ ᠲᠦᠬᠦᠮ ᠪᠦᠲᠤᠴᠡᠲᠤ ᠤᠷᠤᠨ ᠰᠠᠭᠤᠴᠠ ᠶᠢ ᠦᠬᠡᠷᠡᠴᠢᠯᠡᠨ᠎ᠡ᠃          ︵ ᠨᠠᠢᠮᠠ︶ ᠨᠡᠶᠢᠬᠡᠮ ᠤᠨ ᠠᠵᠢᠯ ᠤᠶᠢᠯᠡᠰ ᠢ ᠶᠡᠬᠡᠪᠡᠷ ᠬᠦᠭᠵᠢᠬᠦᠯᠵᠤ᠂ ᠤᠯᠠᠨ ᠨᠡᠶᠢᠲᠠ ᠶᠢᠨ ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠤᠨ᠎ᠠ᠃          ᠰᠤᠷᠭᠠᠨ ᠬᠦᠮᠤᠵᠢᠯ ᠰᠢᠨᠵᠢᠯᠡᠭᠡ ᠮᠡᠷᠬᠡᠵᠢᠯ ᠤᠨ ᠠᠵᠢᠯ ᠤᠶᠢᠯᠡᠰ ᠢ ᠤᠷᠢᠲᠠᠪᠠᠷ ᠬᠦᠭᠵᠢᠬᠦᠯᠤᠨ᠎ᠠ᠃ ᠠᠯᠪᠠᠨ ᠵᠢᠷᠤᠮ ᠤᠨ ᠰᠤᠷᠭᠠᠨ ᠬᠦᠮᠤᠵᠢᠯ ᠪᠠ ᠦᠨᠲᠤᠷ ᠲᠤᠮᠲᠠᠲᠤ ᠶᠢᠨ ᠰᠤᠷᠭᠠᠨ ᠬᠦᠮᠤᠵᠢᠯ ᠢ ᠰᠠᠶᠢᠲᠤᠷ ᠠᠳᠬᠤᠵᠤ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠲᠦᠷᠢᠮᠵᠢᠬᠦᠯᠵᠤ᠂ ᠠᠵᠢᠯ ᠮᠡᠷᠬᠡᠵᠢᠯ ᠤᠨ ᠰᠤᠷᠭᠠᠨ ᠬᠦᠮᠤᠵᠢᠯ ᠢ ᠢᠲᠡᠪᠬᠢᠲᠠᠢ ᠬᠦᠭᠵᠢᠬᠦᠯᠤᠨ᠎ᠠ᠃ ᠰᠤᠷᠭᠠᠨ ᠬᠦᠮᠤᠵᠢᠯ ᠤᠨ ᠰᠤᠷᠠᠭ ᠵᠠᠩᠬᠢᠵᠢᠯᠲᠠ  ᠎ ᠶᠢ ᠠᠬᠢᠭᠤᠯᠵᠤ᠂ ᠲᠤᠮᠲᠠᠲᠤ ᠪᠠᠭ᠎ᠠ ᠰᠤᠷᠠᠭᠠᠭᠤᠯᠢ ᠶᠢᠨ ᠰᠠᠭᠤᠷᠢ ᠲᠦᠬᠦᠬᠡᠷᠤᠮᠵᠢ ᠶᠢ ᠨᠦᠬᠦᠨ ᠪᠦᠷᠢᠨᠰᠢᠬᠦᠯᠵᠤ᠂ ᠪᠤᠭᠲᠠ ᠶᠢᠨ ᠭᠤᠤᠯ ᠰᠤᠮᠤᠨ ᠤ ᠬᠡᠤᠬᠡᠳ ᠤᠨ ᠴᠡᠴᠡᠷᠯᠢᠭ ᠤᠨ ᠢᠨᠵᠢᠨᠧᠷᠢᠩ ᠢ ᠬᠡᠷᠡᠭᠵᠢᠬᠦᠯᠤᠨ᠎ᠠ᠃ ᠪᠠᠭᠰᠢ ᠶᠢᠨ ᠪᠤᠯᠪᠠᠰᠤᠷᠠᠯ ᠪᠠ ᠪᠠᠴᠢᠮ ᠲᠤᠲᠠᠭᠲᠠᠵᠤ ᠪᠠᠶᠢᠭ᠎ᠠ ᠠᠵᠢᠯ ᠤᠨ ᠪᠠᠶᠢᠷᠢ ᠳᠤ ᠪᠠᠭᠰᠢ ᠡᠯᠰᠡᠬᠦ ᠠᠵᠢᠯ ᠢ ᠰᠠᠶᠢᠲᠤᠷ ᠬᠢᠵᠤ᠂ ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠤᠨ ᠦᠬᠡᠷᠡᠴᠢᠯᠡᠯᠲᠠ ᠶᠢ ᠬᠦᠨᠵᠡᠬᠡᠢ ᠦᠷᠨᠢᠬᠦᠯᠵᠤ᠂ ᠬᠤᠶ᠋ᠲᠤᠭᠠᠷ ᠡᠬᠡᠯᠵᠢ ᠶᠢᠨ ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠠᠷ ᠢ ᠲᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠰᠤᠷᠭᠠᠨ ᠬᠦᠮᠤᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠤᠭᠲᠠᠭᠤᠨ ᠢᠶᠠᠷ ᠲᠡᠬᠡᠭᠰᠢᠯᠡᠬᠦᠯᠤᠨ᠎ᠠ᠃ ᠰᠢᠨᠵᠢᠯᠡᠭᠡ ᠮᠡᠷᠬᠡᠵᠢᠯ ᠤᠨ ᠲᠦᠬᠡᠮᠡᠯᠵᠢᠬᠦᠯᠤᠯᠲᠠ ᠶᠢᠨ ᠰᠢᠰᠲ᠋ᠧᠮ ᠢ ᠲᠡᠬᠦᠯᠲᠠᠷᠵᠢᠬᠦᠯᠵᠤ᠂ ᠰᠢᠨ᠎ᠡ ᠮᠡᠷᠬᠡᠵᠢᠯ᠂ ᠰᠢᠨ᠎ᠡ ᠵᠤᠶᠢᠯ ᠲᠦᠷᠤᠯ ᠢ ᠤᠷᠤᠭᠤᠯᠵᠤ ᠲᠡᠯᠬᠡᠷᠡᠬᠦᠯᠬᠦ ᠬᠦᠴᠤᠯᠡᠴᠠ ᠪᠠᠨ ᠨᠡᠮᠡᠭᠲᠡᠬᠦᠯᠤᠨ᠂ ᠪᠦᠬᠦ ᠲᠠᠯ᠎ᠠ ᠪᠠᠷ ᠰᠢᠨ᠎ᠡ ᠶᠢ ᠡᠬᠦᠳᠬᠦ ᠶᠡᠪᠤᠴᠠ ᠎ ᠳᠠᠬᠢ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠵᠢᠯᠤᠭᠤᠲᠤᠨ ᠲᠠᠭᠠᠭᠤᠯᠬᠤ ᠤᠶᠢᠯᠡᠲᠤᠯ ᠢ ᠬᠦᠢᠴᠡᠳ ᠪᠠᠲᠠᠷᠠᠭᠤᠯᠤᠨ᠎ᠠ᠃          ᠰᠤᠶᠤᠯ ᠪᠡᠶ᠎ᠡ ᠲᠠᠮᠢᠷ ᠤᠨ ᠠᠵᠤ ᠤᠶᠢᠯᠡᠰ ᠤᠨ ᠬᠦᠭᠵᠢᠯᠲᠠ ᠶᠢ ᠲᠦᠷᠬᠡᠳᠬᠡᠨ᠎ᠡ᠃ ᠤᠯᠠᠨ ᠨᠡᠶᠢᠲᠠ ᠎ ᠶᠢᠨ ᠰᠤᠶᠤᠯ ᠤᠨ ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠵᠤ᠂ ᠰᠤᠶᠦᠯ ᠰᠤᠷᠠᠭ ᠵᠠᠩᠬᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠰᠤᠮᠤ ᠪᠠᠯᠭᠠᠰᠤᠨ ᠤ ᠶᠠᠷᠤᠩᠬᠢᠯᠡᠭᠰᠡᠨ ᠰᠤᠶᠤᠯ ᠤᠨ ᠦᠷᠲᠡᠭᠡ᠂ ᠲᠠᠯ᠎ᠠ ᠨᠤᠲᠤᠭ ᠤᠨ ᠨᠤᠮ ᠤᠨ ᠦᠷᠤᠬᠡ ᠵᠡᠷᠬᠡ ᠠᠷᠠᠳ  ᠎ ᠢ ᠬᠠᠷᠠᠭᠠᠯᠵᠠᠬᠤ  ᠢᠨᠵᠧᠨᠧᠷᠢᠩ ᠤᠨ ᠤᠶᠢᠯᠡᠲᠤᠯ ᠢ ᠬᠦᠢᠴᠡᠳ ᠪᠠᠲᠠᠷᠠᠭᠤᠯᠵᠤ᠂ ︽ᠭᠤᠷᠪᠠᠨ ᠤᠷᠲᠤᠨ︾᠎ ᠤ ᠨᠡᠬᠡᠬᠡᠯᠲᠠ ᠬᠢᠬᠦ ᠨᠤᠷᠮ᠎ᠠ ᠶᠢ ᠲᠡᠬᠡᠭᠰᠢᠯᠡᠬᠦᠯᠵᠤ᠂ ᠤᠯᠠᠨ ᠲᠦᠮᠠᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠤᠨ᠎ᠠ᠃ ᠬᠤᠶᠠᠲᠤᠭᠠᠷ ᠬᠤᠭᠤᠴᠠᠭᠠᠨ ᠤ  ᠠᠰᠤᠷᠤ ᠲᠠᠯ᠎ᠠ ᠨᠤᠲᠤᠭ ᠤᠨ ᠰᠤᠶᠤᠯ ᠤᠨ ᠨᠠᠶᠢᠷ ᠢ ᠡᠷᠬᠢᠯᠠᠵᠤ᠂ ᠪᠦᠬᠦ ᠤᠷᠤᠨ᠂ ᠪᠦᠬᠦ ᠠᠶᠢᠮᠠᠭ ᠤᠨ ᠬᠡᠪᠴᠢᠶᠠᠨ ᠤ ᠰᠤᠶᠤᠯ ᠤᠨ ᠠᠵᠢᠯᠯᠠᠭ᠎ᠠ ᠶᠢ ᠢᠲᠠᠪᠬᠢᠲᠠᠢ ᠲᠠᠭᠠᠭᠠᠴᠢᠯᠠᠨ ᠡᠷᠬᠢᠯᠡᠨ᠎ᠠ᠃ ᠲᠡᠤᠬᠡ ᠶᠢᠨ ᠲᠤᠷᠰᠠᠬᠠᠯᠲᠤ ᠵᠤᠶᠢᠯᠡᠰ ᠢ ᠬᠠᠮᠠᠭᠠᠯᠠᠨ ᠠᠰᠢᠭᠯᠠᠬᠤ ᠪᠠ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ᠃ ᠤᠯᠠᠨ ᠨᠠᠶᠢᠲᠠ ᠶᠢᠨ ᠲᠠᠮᠢᠷ ᠤᠨ ᠲᠠᠯᠠᠪᠠᠢ ᠪᠠ ᠤᠯᠠᠭᠠᠨᠮᠦ᠋ᠴᠢᠷ ᠤᠨ ᠲᠤᠮᠤ ᠠᠰᠠᠷ ᠤᠨ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠬᠡᠨ ᠲᠡᠯᠬᠡᠷᠡᠩᠬᠦᠢ ᠦᠷᠨᠢᠬᠦᠯᠵᠤ᠂ ᠤᠯᠠᠨ ᠲᠦᠮᠠᠨᠴᠢ ᠪᠡᠶ᠎ᠡ ᠲᠠᠮᠢᠷ ᠪᠠ ᠤᠷᠤᠯᠲᠤᠭᠠᠨ ᠤ ᠪᠡᠶ᠎ᠡ ᠲᠠᠮᠢᠷ ᠤᠨ ᠬᠦᠭᠵᠢᠯᠲᠠ ᠶᠢ ᠠᠬᠢᠭᠤᠯᠤᠨ᠎ᠠ᠃ ᠤᠯᠠᠭᠠᠨᠮᠦ᠋ᠴᠢᠷ ᠪᠠ ᠤᠷᠠᠯᠢᠭᠴᠢᠳ ᠤᠨ ᠡᠩᠨᠡᠬᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠲᠤᠷ ᠬᠢᠷᠢ ᠲᠦᠪᠰᠢᠨ ᠪᠦᠬᠦᠢ ᠵᠤᠬᠢᠶᠠᠨ ᠪᠦᠲᠤᠬᠡᠬᠦ ᠴᠢᠲᠠᠪᠤᠷᠢᠲᠠᠨ ᠢ ᠬᠦᠮᠤᠵᠢᠬᠦᠯᠤᠨ᠎ᠠ          ᠡᠷᠡᠬᠦᠯ ᠬᠠᠮᠠᠭᠠᠯᠠᠯ ᠲᠦᠯᠤᠪᠯᠡᠬᠡᠲᠤ ᠦᠷᠡᠵᠢᠯ ᠤᠨ ᠠᠵᠢᠯ ᠤᠶᠢᠯᠡᠰ ᠢ ᠪᠦᠬᠦ ᠲᠠᠯ᠎ᠠ ᠪᠠᠷ ᠬᠦᠭᠵᠢᠬᠦᠯᠤᠨ᠎ᠠ᠃ ︽ᠡᠷᠡᠬᠦᠯ ᠴᠢᠬᠢᠷᠠᠭᠵᠢᠯ︾᠎ ᠤᠨ ᠤᠶᠢᠯᠭᠠᠭᠲᠠᠬᠤᠨ ᠢ ᠪᠠᠲᠤ ᠪᠤᠢ ᠪᠤᠯᠭᠠᠵᠤ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠦᠲᠤᠴᠡ ᠶᠢᠨ ᠦᠬᠡᠷᠡᠴᠢᠯᠡᠯᠲᠠ  ᠎ ᠶᠢ ᠬᠦᠨᠵᠡᠬᠡᠶᠢᠷᠡᠬᠦᠯᠣᠨ᠂ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠮ ᠡᠮᠨᠡᠯᠬᠡ ᠪᠠᠷ ᠠᠪᠤᠷᠠᠨ ᠵᠠᠰᠠᠬᠤ ᠪᠠᠴᠢᠮ ᠠᠪᠤᠷᠠᠯᠲᠠ ᠶᠢᠨ ᠲᠤᠤᠷ ᠰᠦᠯᠵᠢᠶᠠᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠠᠨ ᠳᠤ ᠪᠦᠬᠦ ᠲᠠᠯ᠎ᠠ ᠶᠢᠨ ᠪᠦᠷᠢᠨ ᠬᠤᠭᠤᠴᠠᠭᠠᠲᠤ ᠡᠷᠡᠬᠦᠯ ᠴᠢᠬᠢᠷᠠᠭ ᠤᠨ ᠤᠶᠢᠯᠡᠴᠢᠯᠡᠭᠡ ᠬᠠᠩᠭᠠᠵᠤ᠂ ᠦᠪᠡᠷᠲᠡᠬᠡᠨ ᠵᠠᠰᠠᠬᠤ ᠤᠷᠤᠨ ᠤ ᠲᠡᠰ ᠤᠨ ︽ᠡᠷᠡᠬᠦᠯ ᠴᠢᠬᠢᠷᠠᠭᠵᠢᠯ ᠢ ᠠᠬᠢᠭᠤᠯᠤᠭᠰᠠᠨ ᠬᠤᠰᠢᠭᠤ︾᠎ ᠶᠢ ᠢᠲᠡᠪᠬᠢᠲᠠᠢ ᠡᠬᠦᠲᠤᠨ ᠪᠠᠶᠢᠭᠤᠯᠤᠨ᠎ᠠ᠃ ᠡᠬᠡ ᠨᠢᠯᠬᠠᠰ ᠤᠨ ᠡᠷᠡᠬᠦᠯᠵᠢᠯ ᠢ ᠪᠠᠲᠤᠯᠠᠬᠤ ᠬᠤᠷᠢᠶ᠎ᠡ ᠶᠢᠨ ᠶᠡᠷᠤᠩᠬᠡᠶᠢᠯᠡᠭᠰᠡᠨ ᠠᠰᠠᠷ ᠢ ᠪᠠᠶᠢᠭᠤᠯᠵᠤ᠂ ᠮᠤᠩᠭᠤᠯ ᠡᠮᠨᠡᠯᠬᠡ ᠶᠢᠨ ᠬᠤᠷᠢᠶᠠᠨ ᠤ ᠡᠮᠴᠢᠯᠡᠬᠡᠨ ᠤ ᠮᠡᠷᠬᠡᠵᠢᠯ ᠤᠨ ᠠᠰᠠᠷ ᠪᠠ ᠡᠷᠡᠬᠦᠯᠵᠢᠯ ᠤᠨ ᠰᠤᠪᠢᠯᠠᠯᠲᠠ ᠶᠢᠨ ᠲᠦᠪ ᠢ ᠡᠬᠢᠯᠡᠬᠦᠯᠤᠨ᠂ ᠤᠲᠤᠬᠢᠴᠢᠯᠠᠭᠰᠠᠨ ᠡᠮᠴᠢᠯᠡᠬᠡᠨ ᠤ ᠲᠦᠬᠦᠬᠡᠷᠤᠮᠵᠢ ᠶᠢ ᠤᠷᠤᠭᠤᠯᠤᠨ᠋᠂ ᠮᠤᠩᠭᠤᠯ ᠬᠢᠲᠠᠳ ᠡᠮ ᠡᠮᠨᠡᠯᠬᠡ ᠶᠢᠨ ᠬᠡᠷᠡᠭᠯᠡᠬᠡᠨ ᠤ ᠮᠡᠷᠬᠡᠵᠢᠯ ᠤᠨ ᠲᠡᠯᠬᠡᠷᠡᠬᠦᠯᠤᠯᠤᠲᠠ ᠶᠢ ᠰᠠᠶᠢᠲᠤᠷ ᠬᠢᠵᠤ᠂ ᠡᠮᠴᠢᠯᠡᠬᠡᠨ ᠤ ᠤᠶᠢᠯᠡᠴᠢᠯᠡᠭᠡ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠴᠢᠷᠮᠡᠶᠢᠨ ᠲᠡᠬᠡᠭᠰᠢᠯᠡᠬᠦᠯᠵᠤ᠂ ᠦᠨᠲᠤᠰᠤᠨ ᠤᠯᠠᠨ ᠨᠡᠶᠢᠲᠠ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠶᠢᠨ ᠲᠡᠩᠴᠡᠬᠦᠷᠢᠰᠢᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠳᠠᠬᠢ ᠬᠦᠮᠤᠨ ᠠᠮᠠ ᠪᠠ ᠲᠦᠯᠤᠪᠯᠡᠬᠡᠲᠤ ᠦᠷᠡᠵᠢᠯ ᠤᠨ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠲᠠᠰᠤᠷᠠᠯᠲᠠ ᠦᠬᠡᠢ ᠲᠡᠬᠦᠯᠲᠡᠷᠵᠢᠬᠦᠯᠤᠨ᠂ ᠡᠯ᠎ᠡ ᠲᠦᠷᠦᠯ ᠤᠨ ᠱᠠᠩᠨᠠᠨ ᠲᠡᠳᠬᠦᠬᠦ ᠲᠦᠷᠦ ᠶᠢᠨ ᠪᠤᠲᠤᠯᠭ᠎ᠠ ᠲᠦᠷᠢᠮ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠲᠦᠷᠤᠬᠦ ᠬᠦᠮᠤᠨ ᠠᠮᠡ ᠶᠢᠨ ᠬᠡᠪ ᠴᠢᠨᠠᠷ ᠢ ᠲᠡᠬᠡᠭᠰᠢᠯᠡᠬᠦᠯᠤᠨ᠂ ᠬᠦᠮᠤᠨ ᠠᠮᠠ ᠶᠢᠨ ᠲᠡᠩᠴᠡᠬᠦᠷᠢᠲᠠᠢ ᠬᠦᠭᠵᠢᠯᠲᠠ ᠶᠢ ᠠᠬᠢᠭᠤᠯᠤᠨ᠎ᠠ᠃ ᠦᠨᠲᠤᠰᠤᠲᠠᠨ ᠤ ᠱᠠᠰᠢᠨ ᠰᠤᠷᠲᠠᠬᠤᠨ ᠤ ᠠᠵᠢᠯ ᠢ ᠪᠦᠬᠦ ᠬᠦᠴᠤᠨ ᠢᠶᠠᠷ ᠰᠠᠶᠢᠲᠤᠷ ᠬᠢᠨ᠎ᠠ᠃ ᠨᠠᠮ ᠤᠨ  ᠦᠨᠲᠤᠰᠤᠲᠠᠨ ᠤ ᠲᠦᠷᠤ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠦᠨᠲᠤᠰᠤᠲᠠᠨ ᠤ ᠪᠦᠯᠬᠦᠮᠲᠠᠯ ᠲᠠᠪᠰᠢᠯᠲᠠ ᠶᠢᠨ ︽ᠵᠢᠷᠭᠤᠭ᠎ᠠ ᠳᠤ ᠬᠦᠷᠬᠡᠬᠦ︾ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠤ᠂ ᠦᠨᠲᠤᠰᠤᠲᠠᠨ ᠤ ᠪᠦᠯᠬᠦᠮᠲᠠᠯ ᠤᠨ ᠶᠡᠭᠡ ᠰᠠᠶᠢᠨ ᠲᠦᠷᠰᠤ ᠪᠠᠶᠢᠲᠠᠯ ᠢ ᠪᠠᠲᠤᠳᠬᠠᠨ᠂ ᠴᠦᠬᠡᠨ ᠲᠤᠭᠠᠲᠤ ᠦᠨᠲᠤᠰᠤᠲᠠᠨ ᠤ ᠬᠦᠭᠵᠢᠬᠦᠯᠤᠯᠲᠠ ᠶᠢᠨ ᠪᠡᠯᠡ ᠮᠦᠩᠬᠦᠨ ᠤ ᠤᠶᠢᠯᠡᠲᠤᠯ ᠢ ᠰᠠᠶᠢᠲᠤᠷ ᠪᠠᠲᠠᠷᠠᠭᠤᠯᠵᠤ᠂ ᠦᠨᠲᠤᠰᠤᠲᠠᠨ ᠤ ᠤᠨᠴᠠᠯᠢᠭᠲᠤ ᠠᠵᠤ ᠤᠶᠢᠯᠡᠰ ᠤᠨ ᠲᠦᠷᠬᠡᠨ ᠬᠦᠭᠵᠢᠯᠲᠠ ᠶᠢ ᠲᠡᠮᠵᠢᠨ᠎ᠡ᠃ ᠮᠤᠩᠭᠤᠯ ᠦᠬᠡ ᠬᠡᠯᠡ ᠦᠰᠦᠭ ᠪᠢᠴᠢᠭ ᠤᠨ ᠲᠦᠷᠢᠮᠵᠢᠭᠰᠡᠨ ᠬᠡᠷᠡᠭᠯᠡᠬᠡᠨ ᠤ ᠬᠠᠮᠢᠶᠠᠷᠤᠯᠲᠠ ᠶᠢ ᠴᠢᠩᠭᠠᠳᠬᠠᠨ᠂ ᠴᠢᠬᠤᠯᠠ ᠪᠢᠴᠢᠭ ᠮᠠᠲ᠋ᠧᠷᠢᠶᠠᠯ ᠢ ᠮᠤᠩᠭᠤᠯ ᠬᠢᠲᠠᠳ ᠬᠤᠶᠠᠷ ᠬᠡᠯᠡ ᠪᠠᠷ ᠶᠠᠪᠤᠭᠲᠠᠭᠤᠯᠬᠤ ᠶᠢ ᠪᠠᠲᠤᠯᠠᠨ᠎ᠠ᠃ ᠱᠠᠰᠢᠨ ᠰᠤᠷᠲᠠᠬᠤᠨ ᠤ ᠬᠡᠷᠡᠭ ᠶᠠᠪᠤᠲᠠᠯ ᠢ ᠬᠠᠤᠯᠢ ᠶᠤᠰᠤᠭᠠᠷ ᠬᠠᠮᠶᠠᠷᠴᠤ᠂  ᠱᠠᠰᠢᠨ ᠰᠤᠷᠲᠠᠬᠤᠨ ᠤ ᠡᠲᠡᠬᠡᠳ ᠤᠨ ᠬᠦᠮᠤᠰ ᠪᠠ ᠰᠢᠲᠤᠯᠬᠡᠲᠠᠨ ᠤᠯᠠᠨ ᠲᠦᠮᠠᠨ ᠤ ᠠᠵᠤ ᠠᠬᠤᠢ ᠨᠡᠶᠢᠬᠡᠮ ᠤᠨ ᠬᠦᠭᠵᠢᠯᠲᠠ ᠶᠢ ᠠᠬᠢᠭᠤᠯᠬᠤ ᠲᠤᠮᠲᠠᠬᠢ ᠢᠲᠡᠪᠬᠢ ᠤᠶᠢᠯᠡᠲᠤᠯ ᠢ ᠬᠦᠢᠴᠡᠳ ᠪᠠᠲᠠᠷᠠᠭᠤᠯᠤᠨ᠎ᠠ᠃           ︵ᠶᠢᠰᠤ︶ ᠨᠡᠶᠢᠬᠡᠮ ᠤᠨ ᠬᠠᠮᠢᠶᠠᠷᠤᠯᠲᠠ ᠶᠢᠨ ᠲᠦᠪᠰᠢᠨ ᠢ ᠲᠡᠬᠡᠭᠰᠢᠯᠡᠬᠦᠯᠵᠤ᠂ ᠨᠡᠶᠢᠬᠡᠮ ᠤᠨ ᠡᠶ᠎ᠡ  ᠵᠤᠬᠢᠴᠠᠯ ᠲᠤᠭᠲᠠᠭᠤᠨ ᠢ ᠠᠬᠢᠭᠤᠯᠤᠨ᠎ᠠ᠃          ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠦᠰᠡᠯᠠᠩ ᠢᠲᠡᠬᠡᠯ ᠪᠢᠰᠢᠷᠠᠯ ᠤᠨ ᠬᠦᠮᠤᠵᠢᠯ ᠢ ᠦᠷᠬᠡᠨ ᠲᠡᠯᠬᠡᠷ ᠦᠷᠨᠢᠬᠦᠯᠵᠤ᠂ ᠲᠤᠮᠲᠠᠲᠤ ᠶᠢᠨ  ᠦᠨᠲᠤᠰᠤᠲᠠᠨ ᠤ ᠠᠭᠤᠤ ᠶᠡᠭᠡ ᠰᠡᠷᠬᠦᠨ ᠮᠠᠨᠲᠤᠯᠲᠠ ᠶᠢᠨ ᠬᠦᠰᠡᠯ ᠵᠡᠬᠦᠲᠤ  ᠪᠠ ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠠ ᠲᠡᠬᠡᠷ᠎ᠡ ᠲᠠᠨᠢᠯᠲᠠ ᠪᠠᠨ ᠨᠢᠬᠡᠳᠬᠡᠨ ᠬᠦᠴᠤᠨ ᠢᠶᠠᠨ ᠨᠢᠭᠲᠠᠷᠠᠭᠤᠯᠬᠤ ᠶᠢ ᠪᠠᠷᠢᠮᠲᠠᠯᠠᠨ᠎ᠠ᠃ ᠡᠷᠬᠡᠲᠤ ᠠᠷᠠᠳ ᠤᠨ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠵᠤ᠂ ᠲᠤᠮᠲᠠᠲᠤ ᠶᠢᠨ ᠤᠯᠠᠮᠵᠢᠯᠠᠯᠲᠤ ᠰᠢᠯᠢᠲᠡᠭ ᠶᠤᠰᠤ ᠰᠤᠷᠲᠠᠬᠤᠨ ᠢ ᠪᠠᠲᠠᠷᠠᠭᠤᠯᠵᠤ᠂ ᠨᠡᠶᠢᠬᠡᠮ ᠨᠡᠶᠢᠲᠠ ᠶᠢᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠤᠰᠤ ᠰᠤᠷᠲᠠᠬᠤᠨ᠂  ᠬᠡᠷ ᠪᠦᠯᠢ ᠶᠢᠨ ᠶᠤᠰᠤ ᠰᠤᠷᠲᠠᠬᠤᠨ᠂ ᠬᠤᠪᠢ ᠪᠡᠶ᠎ᠡ ᠶᠢᠨ ᠶᠤᠰᠤ ᠰᠤᠷᠲᠠᠬᠤᠨ ᠤ ᠬᠦᠮᠤᠵᠢᠯ ᠎ ᠢ ᠠᠬᠢᠭᠤᠯᠤᠨ᠂  ᠦᠪᠡᠷ ᠢ ᠢᠶᠠᠨ ᠬᠦᠨᠲᠤᠯᠠᠨ ᠦᠪᠡᠷ ᠢ ᠢᠲᠡᠬᠡᠬᠦ᠂ ᠤᠶᠤᠨᠴᠢ ᠡᠶᠡᠯᠲᠡᠭ᠂  ᠦᠬᠡᠲᠡᠯᠡᠨ ᠲᠠᠪᠰᠢᠬᠤ ᠨᠡᠶᠢᠬᠡᠮ ᠤᠨ ᠬᠡᠪ ᠰᠤᠷᠲᠠᠯ ᠢ ᠪᠤᠢ ᠪᠤᠯᠭᠠᠨ᠎ᠠ᠃  ᠨᠡᠶᠢᠬᠡᠮ ᠢ ᠵᠠᠰᠠᠬᠤ ᠰᠢᠰᠲ᠋ᠧᠮ ᠢ ᠲᠡᠬᠦᠯᠲᠠᠷᠵᠢᠬᠦᠯᠤᠨ᠎ᠠ᠃          ᠤᠯᠠᠨ ᠲᠦᠮᠠᠨ ᠤ ᠦᠪᠡᠷ ᠢ ᠢᠶᠠᠨ ᠵᠠᠰᠠᠬᠤ ᠲᠦᠷᠢᠮ ᠢ ᠪᠦᠷᠢᠨᠰᠢᠬᠦᠯᠤᠨ ᠨᠡᠶᠢᠬᠡᠮ ᠢ ᠵᠠᠰᠠᠬᠤ ᠠᠵᠢᠯ ᠎ ᠤᠨ ᠭᠤᠤᠯᠲᠠᠯᠭ᠎ᠠ ᠪᠠᠨ ᠦᠨᠲᠤᠰᠤᠨ ᠱᠠᠲᠤ ᠤᠷᠤᠭᠤ ᠰᠢᠯᠵᠢᠯᠬᠦᠯᠵᠤ᠂ ᠤᠯᠠᠨ ᠲᠦᠮᠠᠨᠴᠢ ᠵᠤᠬᠢᠶᠠᠨ ᠪᠠᠶᠢᠭᠤᠯᠤᠯᠲᠠ ᠎ ᠶᠢᠨ ᠤᠶᠢᠯᠡᠲᠤᠯ ᠢ ᠬᠦᠢᠴᠡᠳ ᠪᠠᠲᠠᠷᠭᠤᠯᠤᠨ᠂ ᠵᠠᠰᠠᠭ ᠤᠨ ᠤᠷᠲᠤᠨ ᠠᠴᠠ ᠵᠠᠰᠠᠬᠤ᠂ ᠨᠡᠶᠢᠬᠡᠮ ᠠᠴᠠ ᠵᠤᠬᠢᠴᠠᠭᠤᠯᠬᠤ ᠪᠠ ᠰᠠᠭᠤᠭᠠᠯᠢ ᠠᠷᠠᠳ ᠦᠪᠡᠷᠲᠡᠬᠡᠨ ᠵᠠᠰᠠᠬᠤ ᠤᠬᠢ ᠰᠠᠶᠢᠨ ᠤᠷᠴᠢᠯ ᠢ ᠪᠠᠶᠡᠯᠡᠬᠦᠯᠤᠨ᠎ᠠ᠃ ᠨᠡᠶᠢᠲᠠ ᠎ ᠶᠢᠨ ᠠᠰᠠᠷᠠᠮᠵᠢ ᠪᠠ ᠨᠢᠬᠦᠯᠰᠡᠩᠬᠦᠢ ᠶᠢᠨ ᠠᠵᠢᠯ ᠤᠶᠢᠯᠡᠰ ᠤᠨ ᠡᠷᠡᠬᠦᠯ ᠬᠦᠭᠵᠢᠯᠲᠠ ᠶᠢ ᠠᠬᠢᠭᠤᠯᠵᠤ᠂ ᠰᠠᠶᠢᠨ ᠲᠤᠷ᠎ᠠ ᠶᠢᠨ ᠤᠶᠢᠯᠡᠴᠢᠯᠡᠭᠡ ᠶᠢ  ᠰᠤᠷᠲᠠᠯᠴᠢᠯᠠᠨ᠂ ᠨᠡᠶᠢᠬᠡᠮ ᠤᠨ ᠬᠠᠷᠢᠭᠤᠴᠠᠯᠭ᠎ᠠ ᠶᠢᠨ ᠤᠬᠠᠮᠰᠠᠷ ᠪᠠ ᠤᠶᠢᠯᠡᠴᠢᠯᠡᠬᠡᠨ ᠤ  ᠤᠬᠠᠮᠰᠠᠷ ᠢ ᠨᠡᠮᠡᠭᠲᠡᠬᠦᠯᠤᠨ᠎ᠠ᠃ ᠡᠮᠡᠭᠲᠡᠶᠢᠴᠤᠳ᠂ ᠬᠡᠤᠬᠡᠳ ᠪᠠᠭᠠᠴᠤᠳ᠂ ᠨᠠᠰᠤᠲᠠᠶᠢᠴᠤᠳ ᠪᠠ ᠴᠡᠷᠢᠭ ᠤᠨ ᠬᠡᠷ ᠪᠦᠯᠢ ᠶᠢᠨ ᠬᠠᠤᠯᠢ ᠶᠤᠰᠤᠨ ᠤ ᠡᠷᠬᠡ ᠠᠰᠢᠭ ᠢ  ᠬᠠᠮᠠᠭᠠᠯᠠᠨ᠎ᠠ᠃ ᠭᠠᠵᠠᠷ ᠤᠨ ᠲᠡᠰ ᠤᠨ ᠤᠲᠤᠷᠢᠲᠤᠯᠭ᠎ᠠ ᠡᠲᠤᠷ  ᠪᠤᠯᠭᠠᠨ ᠵᠠᠬᠢᠲᠠᠯ ᠰᠤᠷᠪᠤᠯᠵᠢᠯᠭ᠎ᠠ ᠬᠦᠯᠢᠶᠡᠬᠦ᠂ ︽1328︾ ᠵᠠᠬᠢᠲᠠᠯ ᠰᠤᠷᠪᠤᠯᠵᠢᠯᠭ᠎ᠠ ᠎ ᠶᠢᠨ ᠠᠵᠢᠯ ᠤᠨ ᠡᠲᠤᠷ ᠤᠨ ᠲᠦᠷᠢᠮ ᠢ ᠦᠷᠬᠦᠯᠵᠢᠯᠡᠨ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠵᠦᠢ ᠵᠤᠬᠢᠰᠲᠠᠢ ᠭᠤᠶᠤᠴᠢᠯᠠᠯ ᠢ ᠬᠠᠤᠯᠢ ᠶᠤᠰᠤᠭᠠᠷ ᠴᠠᠭ ᠲᠤᠬᠠᠢ ᠳᠤᠨᠢ  ᠰᠡᠢᠳᠪᠤᠷᠢᠯᠡᠨ᠎ᠠ᠃ ᠬᠠᠤᠯᠢ ᠶᠤᠰᠤᠭᠠᠷ ᠡᠷᠬᠡ ᠎ ᠪᠠᠨ ᠬᠠᠮᠠᠭᠠᠯᠠᠬᠤ ᠲᠤᠭᠲᠠᠴᠠ ᠶᠢ ᠪᠦᠷᠢᠨᠰᠢᠬᠦᠯᠤᠨ᠂ ᠠᠷᠠᠳ ᠲᠦᠮᠠᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠦᠵᠡᠯ ᠤᠬᠠᠮᠰᠠᠷ ᠤᠨ ᠤᠪᠤᠷ ᠰᠤᠷᠲᠠᠯ ᠤᠨ ᠠᠵᠢᠯ ᠢ ᠲᠡᠬᠡᠲᠤ ᠬᠡᠮᠵᠢᠶ᠎ᠡ ᠪᠠᠷ ᠬᠦᠨᠲᠤᠳᠬᠡᠨ᠂ ᠵᠦᠪ  ᠤᠨᠤᠪᠴᠢᠲᠠᠢ ᠶᠠᠷᠢᠶ᠎ᠡ ᠬᠡᠯᠡᠯᠴᠡᠬᠡᠨ ᠤ ᠵᠢᠯᠤᠭᠤᠮᠵᠢ ᠶᠢ ᠪᠠᠷᠢᠮᠲᠠᠯᠠᠨ᠂ ᠴᠡᠪᠡᠷ ᠠᠷᠢᠭᠤᠨ ᠲᠤᠤᠷ ᠰᠦᠯᠵᠢᠶᠠᠨ ᠤ ᠤᠷᠤᠨ ᠵᠠᠢ ᠶᠢ ᠪᠦᠷᠢᠯᠲᠤᠬᠦᠯᠤᠨ᠎ᠠ᠃  ᠱᠠᠯᠢᠭᠯᠠᠬᠤ᠂  ᠵᠤᠭᠤᠰ ᠮᠦᠷᠤᠶᠢᠴᠡᠬᠦ᠂  ᠬᠠᠷ᠎ᠠ ᠪᠦᠯᠦᠭ ᠲᠤ ᠤᠷᠤᠬᠤ᠂  ᠬᠤᠤᠷ ᠰᠠᠷᠢᠭᠠᠯᠠᠬᠤ᠂ ᠮᠡᠬᠡᠯᠡᠬᠦ  ᠵᠡᠷᠬᠡ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠎ ᠶᠢ ᠬᠠᠤᠯᠢ ᠶᠤᠰᠤᠭᠠᠷ ᠴᠢᠩᠭ᠎ᠠ ᠴᠤᠬᠢᠯᠲᠠ ᠦᠭᠬᠦ ᠪᠠ ᠵᠠᠯᠬᠠᠭᠠᠨ ᠵᠠᠰᠠᠵᠤ᠂ ᠪᠡᠶᠡᠴᠢᠯᠡᠭᠰᠡᠨ ᠨᠡᠶᠢᠬᠡᠮ ᠤᠨ ᠠᠮᠤᠷ ᠲᠦᠪᠰᠢᠨ ᠢ ᠵᠠᠰᠠᠵᠤ  ᠰᠡᠷᠬᠡᠶᠢᠯᠡᠨ ᠬᠤᠷᠢᠭᠯᠠᠬᠤ ᠰᠢᠰᠲ᠋ᠧᠮ ᠢ ᠪᠦᠷᠢᠯᠲᠤᠬᠦᠯᠵᠤ᠂ ᠠᠷᠠᠳ ᠤᠯᠠᠨ ᠤ ᠠᠮᠤᠷ ᠲᠦᠪᠰᠢᠨ ᠲᠦᠷᠦᠭᠲᠠᠯ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃          ᠠᠶᠤᠯᠬᠦᠢ ᠤᠶᠢᠯᠡᠳᠪᠤᠷᠢᠯᠠᠯ ᠪᠠ ᠢᠲᠡᠬᠡᠨ ᠤᠮᠲᠠᠭᠠᠨ ᠡᠮ ᠤᠨ ᠵᠤᠶᠢᠯᠡᠰ ᠤᠨ ᠬᠢᠨᠠᠨ ᠬᠠᠮᠢᠶᠠᠷᠤᠯᠲᠠ  ᠎ ᠶᠢ ᠴᠢᠩᠭᠠᠳᠬᠠᠨ᠎ᠠ᠃  ᠠᠮᠤᠷ ᠲᠦᠪᠰᠢᠨ ᠬᠦᠭᠵᠢᠬᠦᠯᠤᠯᠲᠠ ᠶᠢᠨ ᠤᠶᠢᠯᠭᠠᠭᠲᠠᠬᠤᠨ ᠢ ᠪᠠᠲᠤ ᠪᠤᠢ ᠪᠤᠯᠭᠠᠵᠤ᠂ ᠠᠮᠢ ᠨᠠᠰᠤ ᠶᠠᠭᠤᠨ ᠠᠴᠠ ᠴᠤ ᠡᠷᠬᠢᠮ᠂ ᠠᠮᠤᠷ ᠲᠦᠪᠰᠢᠨ  ᠲᠠᠷᠢᠬᠦᠨ ᠳᠤ ᠲᠠᠯᠪᠢᠬᠤ ᠱᠠᠭᠠᠷᠲᠠᠯᠭ᠎ᠠ ᠶᠤᠰᠤᠭᠠᠷ ᠤᠯᠠᠨ ᠨᠡᠶᠢᠲᠠ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠵᠤ᠂ ᠠᠶᠤᠯᠬᠦᠢ ᠤᠶᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠤᠨ᠂ ᠬᠡᠮ ᠰᠤᠭᠤᠭ ᠢ ᠪᠠᠶᠢᠴᠠᠭᠠᠨ ᠲᠤᠲᠤᠯᠠᠬᠤ ᠪᠠ ᠲᠤᠰᠬᠠᠢ ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠬᠦᠯᠵᠤ᠂ ᠤᠨᠴᠠ ᠬᠦᠨᠲᠤ ᠲᠤᠮᠤ ᠠᠮᠤᠷ ᠲᠦᠪᠰᠢᠨ ᠤ ᠬᠡᠷᠡᠭ ᠤᠴᠢᠷ ᠡᠬᠦᠰᠬᠦ ᠶᠢ ᠡᠷᠡᠰ ᠬᠢᠵᠠᠭᠠᠷᠯᠠᠵᠤ᠂ ᠬᠡᠨᠡᠳᠲᠠ ᠶᠢᠨ ᠬᠡᠷᠡᠭ ᠤᠴᠢᠷ ᠢ ᠪᠠᠴᠢᠮ ᠰᠡᠢᠳᠪᠤᠷᠢᠯᠡᠬᠦ ᠴᠢᠲᠠᠪᠤᠷᠢ ᠶᠢ ᠲᠡᠬᠡᠭᠰᠢᠯᠡᠬᠦᠯᠤᠨ᠎ᠠ᠃ ᠬᠡᠷ ᠪᠦᠯᠢ ᠶᠢᠨ ᠤᠮᠲᠠᠭᠠᠨ ᠡᠳ᠋ᠰᠢᠬᠦᠯᠤᠨ ᠪᠤᠯᠪᠠᠰᠤᠷᠠᠭᠤᠯᠬᠤ ᠤᠷᠤᠨ ᠲᠤᠭᠤᠷᠢᠭ ᠢ ᠲᠦᠯᠤᠪᠵᠢᠬᠦᠯᠤᠨ ᠪᠠᠶᠢᠭᠤᠯᠤᠨ᠎ᠠ᠃ ᠬᠢᠨᠠᠨ ᠬᠠᠮᠶᠠᠷᠬᠤ ᠠᠷᠭ᠎ᠠ ᠪᠠᠷᠢᠯ ᠢ ᠰᠢᠨᠡᠳᠬᠡᠨ᠂ ᠵᠠᠬ᠎ᠠ ᠲᠡᠯᠬᠡᠬᠦᠷ ᠤᠨ ᠬᠢᠨᠡᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠯᠠᠨ ᠤ ᠢᠲᠡᠬᠡᠨ ᠤᠮᠲᠠᠭᠠᠨ ᠡᠮ ᠤᠨ ᠬᠡᠷᠡᠭᠯᠡᠬᠡᠨ ᠤ ᠠᠮᠤᠷ ᠲᠦᠪᠰᠢᠨ ᠢ ᠪᠠᠲᠤᠯᠠᠨ᠎ᠠ᠃ ᠶᠠᠰᠤ ᠴᠢᠨᠠᠷ ᠢ  ᠲᠡᠬᠡᠭᠰᠢᠯᠡᠬᠦᠯᠬᠦ ᠠᠵᠢᠯᠯᠠᠭ᠎ᠠ ᠎ ᠶᠢ ᠦᠷᠬᠡᠨ ᠲᠡᠯᠬᠡᠷᠡᠩᠬᠦᠢ ᠦᠷᠨᠢᠬᠦᠯᠵᠤ᠂ ᠪᠦᠲᠤᠬᠡᠭᠲᠡᠬᠦᠨ ᠪᠠ ᠤᠶᠢᠯᠡᠴᠢᠯᠡᠬᠡᠨ ᠤ ᠶᠠᠰᠤ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠂ ᠨᠠᠷᠢᠯᠢᠭ᠂ ᠬᠢᠨᠠᠮᠠᠭᠠᠢ᠂ ᠤᠬᠢ ᠰᠢᠯᠢᠲᠡᠭ ᠠᠵᠢᠯ ᠲᠦᠷᠤᠯ ᠤᠨ ᠬᠡᠪ ᠰᠤᠷᠲᠠᠯ ᠢ ᠢᠲᠡᠪᠬᠢᠲᠠᠢ ᠪᠦᠷᠢᠯᠲᠤᠬᠦᠯᠤᠨ᠎ᠠ᠃          ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠲᠦᠮᠠᠨ ᠬᠠᠨᠤᠮᠵᠢᠲᠠᠢ ᠵᠠᠰᠠᠭ ᠤᠨ ᠤᠷᠲᠤᠨ ᠢ ᠪᠠᠶᠢᠭᠤᠯᠤᠨ᠎ᠠ᠃          ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠬᠦ ᠶᠢ ᠪᠠᠷᠢᠮᠲᠠᠯᠠᠨ᠎ᠠ᠃ ᠠᠷᠠᠳ ᠤᠨ ᠲᠦᠯᠤᠬᠡᠯᠡᠭᠴᠢᠳ ᠎ ᠤᠨ ᠶᠡᠭᠡ ᠬᠤᠷᠠᠯ ᠵᠢᠴᠢ ᠲᠠᠬᠦᠨ ᠤ ᠪᠠᠶᠢᠩᠭᠤ ᠶᠢᠨ ᠬᠤᠷᠢᠶ᠎ᠡ ᠶᠢᠨ ᠬᠠᠤᠯᠢ ᠴᠠᠭᠠᠵᠠ ᠶᠢᠨ ᠬᠢᠨᠡᠯᠲᠠ᠂ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ᠂ ᠨᠡᠶᠢᠬᠡᠮ ᠪᠠ ᠶᠡᠷᠢᠶ᠎ᠡ ᠬᠡᠯᠡᠯᠴᠡᠬᠡᠨ ᠤ ᠬᠢᠨᠠᠯᠲᠠ ᠶᠢ ᠬᠦᠲᠡᠯᠤᠩᠬᠦᠢ ᠬᠦᠯᠢᠶᠡᠵᠤ᠂ ︽ᠭᠤᠷᠪᠠᠨ ᠴᠢᠬᠤᠯᠠ ᠨᠢᠬᠡ ᠲᠤᠮᠤ︾ ᠬᠠᠮᠲᠤᠪᠡᠷ ᠵᠦᠪᠯᠡᠬᠦ ᠵᠤᠬᠢᠴᠡᠮᠵᠢ ᠶᠢ ᠨᠡᠶᠢᠲᠡᠪᠤᠷᠢᠵᠢᠭᠤᠯᠵᠤ᠂ ᠤᠶᠢᠯᠡᠳᠪᠤᠷᠢ ᠬᠤᠲᠠᠯᠲᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠤᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠦᠷᠬᠡᠨ ᠲᠡᠯᠬᠡᠷᠡᠩᠬᠦᠢ ᠰᠤᠨᠤᠰᠴᠤ᠂ ᠰᠢᠢᠳᠪᠤᠷᠢᠯᠡᠬᠦ ᠪᠤᠲᠤᠯᠭ᠎ᠠ ᠶᠢᠨ ᠬᠠᠤᠯᠢᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠠᠷᠠᠳᠴᠢᠯᠠᠭᠰᠠᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠲᠤᠯᠤᠲᠤᠭᠠᠷ ᠲᠠᠪᠤᠨ ᠵᠢᠯ︾᠎ ᠤᠨ ᠬᠠᠤᠯᠢ ᠲᠦᠬᠡᠮᠵᠢᠬᠦᠯᠬᠦ ᠪᠠ ᠤᠯᠠᠨ ᠨᠡᠶᠢᠲᠠ ᠶᠢᠨ ᠬᠠᠤᠯᠢ ᠴᠠᠭᠠᠵᠠ ᠶᠢᠨ ᠤᠶᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ ᠺᠠᠲᠠᠷ ᠤᠯᠠᠨ ᠲᠦᠮᠠᠨ ᠤ ᠬᠠᠤᠯᠢ ᠪᠠᠷ ᠵᠰᠠᠬᠤ ᠤᠶᠢᠯᠭᠠᠭᠲᠠᠬᠤᠨ ᠪᠠ ᠬᠠᠤᠯᠢ ᠶᠤᠰᠤᠭᠠᠷ ᠬᠡᠷᠡᠭ ᠤᠴᠢᠷ ᠰᠢᠢᠳᠪᠤᠷᠢᠯᠡᠬᠦ ᠴᠢᠲᠠᠪᠤᠷᠢ ᠶᠢ ᠨᠡᠮᠡᠭᠲᠡᠬᠦᠯᠤᠨ᠎ᠠ᠃          ᠦᠬᠡᠷᠡᠴᠢᠯᠡᠯᠲᠠ ᠶᠢ ᠬᠦᠨᠵᠡᠬᠡᠶᠢᠷᠡᠬᠦᠯᠬᠦ ᠶᠢ ᠠᠬᠢᠭᠤᠯᠤᠨ᠎ᠠ᠃ ᠡᠯ᠎ᠡ ᠬᠦᠷᠢᠶ᠎ᠡ ᠴᠠᠷᠠᠭᠠᠨ ᠳᠠᠬᠢ ᠦᠬᠡᠷᠡᠴᠢᠯᠡᠯᠲᠠ ᠶᠢᠨ ᠭᠤᠤᠯᠲᠠᠯᠭ᠎ᠠ ᠶᠢᠨ ᠲᠤᠭᠤᠷᠢᠨ ᠳᠤ ᠡᠬᠢ ᠪᠠᠶ᠋ᠯᠢᠭ ᠤᠨ ᠬᠦᠴᠤᠨ ᠢ ᠨᠢᠬᠡᠲᠤᠯᠲᠠᠢ ᠲᠤᠬᠢᠷᠠᠭᠤᠯᠵᠤ᠂ ᠡᠯ᠎ᠡ ᠲᠦᠷᠤᠯ ᠤᠨ ᠦᠬᠡᠷᠡᠴᠢᠯᠡᠯᠲᠠ ᠶᠢᠨ ᠡᠬᠦᠷᠬᠡ ᠶᠢᠨ ᠨᠡᠶᠢᠲᠠᠪᠤᠷᠢᠵᠢᠭᠤᠯᠤᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠲᠠᠯ ᠤᠨ ᠤᠶᠢᠯᠡᠴᠢᠯᠡᠬᠡᠨ ᠤ  ᠲᠦᠪ ᠤᠨ ᠤᠶᠢᠯᠡᠴᠢᠯᠡᠬᠡᠨ ᠤ ᠴᠢᠲᠠᠪᠬᠢ ᠶᠢ ᠲᠡᠬᠦᠯᠲᠡᠷᠵᠢᠬᠦᠯᠵᠤ᠂ ︽ᠲᠠᠯᠪᠢᠬᠤ ᠬᠠᠮᠶᠠᠷᠬᠤ ᠤᠶᠢᠯᠡᠴᠢᠯᠡᠬᠦ︾ ᠦᠬᠡᠷᠡᠴᠢᠯᠡᠯᠲᠠ ᠶᠢᠨ ᠡᠯ᠎ᠡ ᠲᠦᠷᠤᠯ ᠤᠨ ᠠᠷᠭ᠎ᠠ ᠪᠠᠷᠢᠯ ᠢ ᠨᠠᠶᠢᠲᠠᠪᠤᠷᠢᠵᠢᠭᠤᠯᠤᠨ᠎ᠠ᠃ ᠤᠯᠤᠰ ᠤᠨ ᠲᠡᠰ ᠤᠨ ᠵᠠᠰᠠᠭ ᠤᠨ ᠶᠠᠪᠤᠲᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠤᠨ ᠲᠦᠷᠢᠮᠵᠢᠬᠦᠯᠬᠦ ᠦᠬᠡᠷᠡᠴᠢᠯᠡᠯᠲᠠ ᠲᠤᠷᠰᠢᠯᠲᠠ ᠶᠢᠨ ᠴᠢᠭ ᠤᠨ ᠠᠵᠢᠯ ᠢ ᠪᠠᠶᠡᠯᠡᠬᠦᠯᠤᠨ᠎ᠠ᠃ ︽ ᠬᠤᠷᠢᠨ ᠨᠠᠶᠢᠮᠠᠨ ᠦᠨᠡᠮᠯᠡᠯ  ᠎ ᠢ ᠨᠢᠬᠡᠲᠤᠷᠡᠬᠦᠯᠬᠦ︾ ᠵᠡᠷᠬᠡ ᠠᠷᠠᠯᠵᠢᠶᠠᠨ ᠤ ᠶᠠᠪᠤᠲᠠᠯ ᠤᠨ ᠲᠦᠷᠢᠮ ᠤᠨ ᠦᠬᠡᠷᠡᠴᠢᠯᠡᠯᠲᠠ ᠪᠠ ︽ ᠬᠤᠤᠰ**** ᠨᠢᠬᠡ ᠶᠢ ᠢᠯᠡ ᠪᠤᠯᠭᠠᠬᠤ︾᠎ ᠶᠢᠨ ᠬᠢᠨᠠᠨ ᠬᠠᠮᠢᠶᠠᠷᠤᠯᠲᠠ ᠶᠢ ᠠᠬᠢᠭᠤᠯᠤᠨ᠎ᠠ᠃          ᠤᠷᠤᠯᠭ᠎ᠠ ᠵᠠᠷᠤᠯᠭ᠎ᠠ ᠶᠢᠨ ᠬᠠᠮᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠠᠬᠢᠭᠤᠯᠵᠤ᠂ ᠵᠢᠯ ᠤᠨ ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢᠨ ᠡᠬᠦᠷᠬᠡ ᠪᠠᠨ ᠦᠨᠲᠤᠷ ᠴᠢᠨᠰᠠᠭ᠎ᠠ ᠲᠠᠢ ᠪᠡᠶᠡᠯᠡᠬᠦᠯᠤᠨ᠎ᠠ᠃ ᠡᠳ᠋ ᠤᠨ ᠵᠠᠰᠠᠭ ᠤᠨ ᠡᠬᠢ ᠪᠡᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠶᠠᠷᠤᠯᠲᠠ ᠶᠢ ᠴᠢᠩᠭᠠᠳᠬᠠᠵᠤ ᠂ ᠴᠠᠯᠢᠩ ᠢ ᠪᠠᠲᠤᠯᠠᠨ᠂ ᠡᠷᠬᠢᠯᠲᠠ ᠶᠢ ᠪᠠᠲᠤᠯᠠᠵᠤ᠂ ᠦᠨᠲᠤᠰᠤᠨ ᠠᠷᠠᠳ ᠤᠨ ᠠᠮᠢᠲᠤᠷᠠᠯ ᠢ ᠪᠠᠲᠤᠯᠠᠨ᠎ᠠ᠃ ᠵᠠᠰᠠᠭ ᠎ ᠤᠨ ᠤᠷᠲᠤᠨ ᠤ ᠦᠷᠢ ᠰᠢᠷᠢ ᠶᠢᠨ ᠬᠠᠮᠢᠶᠠᠷᠤᠯᠲᠠ ᠶᠢ ᠲᠦᠷᠢᠮᠵᠢᠬᠦᠯᠤᠨ᠂ ᠭᠠᠵᠠᠷ ᠤᠷᠤᠨ ᠤ ᠴᠢᠨᠠᠷ ᠲᠠᠢ ᠵᠠᠰᠠᠭ ᠎ ᠤᠨ ᠤᠷᠲᠤᠨ ᠤ ᠦᠷᠢ ᠰᠢᠷᠢ ᠪᠠ ︽ᠠᠷᠪᠠ ᠶᠢ ᠨᠡᠶᠢᠲᠠᠮ ᠪᠦᠷᠬᠦᠬᠦᠯᠬᠦ︾᠎ ᠶᠢᠨ ᠦᠷᠢ ᠰᠢᠷᠢ ᠶᠢ ᠨᠠᠮᠲᠠᠭᠤᠯᠬᠤ ᠲᠦᠰᠤᠯ ᠢ ᠨᠠᠶᠢᠲᠠᠪᠤᠷᠢᠵᠢᠭᠤᠯᠵᠤ᠂ ᠬᠠᠲᠠᠭᠠᠯᠠᠭᠲᠠᠵᠤ ᠪᠦᠬᠦᠢ ᠦᠷᠢ ᠰᠢᠷᠢ ᠶᠢ ᠢᠲᠡᠪᠬᠢᠲᠠᠢ ᠵᠦᠢ ᠵᠤᠬᠢᠰᠲᠠᠢ ᠨᠠᠮᠲᠠᠭᠤᠯᠤᠨ᠎ᠠ᠃ ᠬᠢᠨᠠᠨ ᠪᠤᠲᠤᠵᠤ ᠬᠢᠨᠡᠯᠲᠠ ᠲᠠᠯᠪᠢᠬᠤ ᠶᠢ ᠴᠢᠩᠭᠠᠳᠬᠠᠨ᠂ ᠪᠠᠷᠢᠯᠭ᠎ᠠ ᠪᠦᠲᠤᠬᠡᠨ ᠪᠠᠶᠢᠭᠤᠯᠤᠯᠲᠠ ᠪᠠ ᠺᠠᠳ᠋ᠷ ᠤᠨ ᠲᠤᠰᠢᠶᠠᠯ ᠠᠴᠠ ᠪᠠᠨ ᠰᠠᠯᠬᠤ ᠬᠢᠨᠠᠨ ᠪᠤᠲᠤᠯᠲᠠ ᠶᠢ ᠰᠠᠶᠢᠲᠤᠷ ᠠᠳᠬᠤᠨ᠎ᠠ᠃          ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠡᠨ ᠦᠬᠡ ᠬᠡᠯᠡᠵᠤ  ᠂ ᠪᠤᠲᠠᠲᠤ ᠶᠠᠪᠤᠲᠠᠯ ᠬᠢᠨ ᠂ ᠪᠤᠲᠠᠲᠤ ᠠᠷᠭ᠎ᠠ ᠬᠡᠮᠵᠢᠶ᠎ᠡ ᠠᠪᠴᠤ᠂ ᠪᠤᠲᠠᠲᠤ ᠦᠷ᠎ᠡ ᠠᠰᠢᠭ ᠢ ᠴᠢᠬᠤᠯᠠᠴᠢᠯᠠᠬᠤ ᠶᠢ ᠪᠠᠷᠢᠮᠲᠠᠯᠠᠨ᠂ ᠪᠤᠲᠤᠲᠠᠢ ᠲᠠᠢ ᠤᠶᠠᠯᠲᠤᠭᠤᠯᠤᠨ ᠪᠦᠲᠤᠬᠡᠯᠴᠢ ᠴᠢᠨᠠᠷ ᠲᠠᠢ ᠠᠵᠢᠯ ᠢᠶᠠᠨ ᠦᠷᠨᠢᠬᠦᠯᠵᠤ᠂ ᠵᠠᠰᠠᠭ ᠵᠠᠬᠢᠷᠭᠠᠨ ᠤ ᠪᠦᠲᠤᠮᠵᠢ ᠴᠢᠲᠠᠪᠬᠢ ᠪᠠ ᠤᠶᠢᠯᠡᠴᠢᠯᠡᠬᠡᠨ ᠤ  ᠰᠢᠰᠲ᠋ᠧᠮ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠶᠡᠷᠤᠮᠲᠡᠭ᠂ ᠬᠤᠶᠢᠷᠭᠤ᠂ ᠨᠠᠵᠠᠭᠠᠢ ᠪᠠᠷ ᠵᠠᠰᠠᠭ ᠪᠠᠷᠢᠬᠤ ᠤᠶᠢᠯᠡ ᠠᠵᠢᠯᠯᠠᠭ᠎ᠠ ᠶᠢ ᠴᠢᠩᠭ᠎ᠠ ᠴᠡᠭᠴᠡᠯᠡᠵᠤ᠂ ᠱᠠᠲᠤ ᠲᠠᠷᠭᠠᠯᠠᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠡᠯ᠎ᠡ ᠲᠦᠷᠤᠯ ᠤᠨ ᠠᠵᠢᠯ ᠎ ᠤᠨ ᠡᠬᠦᠷᠬᠡ ᠪᠠᠨ ᠴᠤᠴᠠᠯᠲᠠ ᠦᠬᠡᠢ ᠨᠠᠶᠢᠲᠠᠪᠤᠷᠢᠵᠢᠭᠤᠯᠬᠤ ᠶᠢ ᠪᠠᠲᠤᠯᠠᠨ᠎ᠠ᠃ ᠵᠤᠷᠢᠭᠵᠢᠭᠤᠯᠬᠤ ᠪᠠ ᠪᠤᠷᠤᠭᠤ ᠶᠢ ᠎ ᠨᠢ ᠵᠠᠯᠠᠷᠠᠭᠤᠯᠬᠤ ᠵᠤᠬᠢᠴᠠᠮᠵᠢ ᠶᠢ ᠪᠦᠷᠢᠨᠰᠢᠬᠦᠯᠤᠨ᠂ ᠺᠠᠳ᠋ᠷ ᠠᠵᠢᠯᠲᠠᠳ ᠤᠨ ᠤᠷᠬᠢᠯᠤᠮ᠎ᠠ ᠬᠠᠯᠠᠭᠤᠨ ᠠᠵᠢᠯ ᠤᠨ ᠰᠡᠳᠬᠢᠯᠬᠡ ᠶᠢ ᠲᠠᠶᠢᠴᠢᠯᠠᠵᠤ᠂ ᠠᠵᠢᠯ ᠬᠢᠵᠤ ᠤᠶᠢᠯᠡᠰ ᠪᠦᠲᠤᠬᠡᠬᠦ ᠤᠬᠢ ᠰᠢᠯᠢᠲᠡᠭ ᠠᠭᠤᠷ ᠠᠮᠢᠰᠬᠤᠯ ᠢ ᠪᠤᠢ ᠪᠤᠯᠭᠠᠨ᠎ᠠ᠃          ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢᠶᠠᠨ ᠪᠦᠬᠦᠢ ᠲᠠᠯ᠎ᠠ ᠪᠠᠷ ᠴᠢᠩᠭ᠎ᠠ ᠵᠠᠰᠠᠬᠤ ᠱᠠᠭᠠᠷᠲᠠᠯᠭ᠎ᠠ ᠶᠢ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠬᠡᠯᠡᠬᠦ︾᠎ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠠᠰᠢᠭ ᠲᠤᠰᠠ ᠶᠢ ᠲᠦᠪ ᠪᠤᠰᠤ ᠰᠤᠷᠲᠠᠯ ᠪᠠ ᠡᠯ᠎ᠡ ᠲᠦᠷᠤᠯ ᠤᠨ ᠬᠠᠤᠯᠢ ᠰᠠᠬᠢᠯᠭ᠎ᠠ ᠶᠢ ᠵᠦᠷᠢᠴᠡᠬᠦ ᠠᠰᠠᠭᠤᠲᠠᠯ ᠢ ᠡᠷᠡᠰ ᠲᠡᠪᠴᠢᠵᠤ᠂ ᠲᠦᠪ ᠤᠨ ᠨᠠᠶᠢᠮᠠᠨ ᠵᠤᠷᠪᠤᠰ ᠲᠤᠭᠲᠠᠭᠠᠯ ᠶᠢᠨ ᠵᠤᠷᠢᠭ ᠰᠠᠨᠠᠭ᠎ᠠ ᠪᠠ ᠤᠷᠤᠨ᠂ ᠠᠶᠢᠮᠠᠭ᠂ ᠬᠤᠰᠢᠭᠤᠨ ᠤ ᠲᠦᠬᠦᠷ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠺᠠᠳ᠋ᠷ ᠨᠢ ᠠᠷᠢᠭᠤᠨ᠂ ᠵᠠᠰᠠᠭ ᠨᠢ ᠴᠢᠬᠡᠴᠢ᠂ ᠤᠯᠤᠰ ᠲᠦᠷᠤ ᠨᠢ ᠢᠯᠡ ᠲᠤᠲᠤᠷᠬᠠᠢ ᠪᠠᠶᠢᠬᠤ ᠶᠢ ᠠᠬᠢᠭᠤᠯᠤᠨ᠎ᠠ᠃          ᠦᠷᠬᠡᠨ ᠤᠯᠠᠨ ᠲᠦᠯᠤᠬᠡᠯᠡᠭᠴᠢᠳ ᠡ︕ ᠬᠠᠷᠠᠯᠲᠠ ᠡᠬᠦᠷᠬᠡ ᠪᠢᠲᠠᠨ ᠤ ᠡᠷᠯᠬᠢᠯᠠᠨ ᠤᠷᠤᠭᠰᠢᠯᠠᠬᠤ ᠤᠷᠮ᠎ᠠ ᠵᠤᠷᠢᠭ ᠢ ᠬᠦᠭᠵᠢᠬᠡᠨ᠂ ᠲᠠᠷᠬᠠᠨ ᠬᠠᠷᠢᠭᠤᠴᠠᠯᠭ᠎ᠠ ᠦᠩᠬᠡ ᠬᠡᠷᠡᠯᠲᠠᠢ ᠮᠦᠷᠲᠡᠬᠡᠨ ᠬᠠᠲᠠᠭᠤᠵᠢᠯᠲᠠᠢ ᠪᠠᠶᠢᠨ᠎ᠠ᠃ ᠪᠢᠲᠠ ᠵᠠᠪᠠᠯ ᠰᠢᠨ᠎ᠡ ᠴᠠᠭ ᠦᠶ᠎ᠡ ᠶᠢᠨ ᠵᠤᠭᠰᠤᠴᠠ ᠠᠴᠠ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ ᠰᠢᠨ᠎ᠡ ᠠᠮᠵᠢᠯᠲᠠ ᠪᠦᠲᠤᠮᠵᠢ ᠶᠢ ᠬᠠᠷᠠᠭᠤᠯᠬᠤ ᠬᠡᠷᠡᠭᠲᠠᠢ᠃ ᠡᠷᠡᠯᠬᠡᠶᠢᠯᠡᠨ ᠤᠷᠤᠭᠰᠢᠯᠠᠬᠤ ᠡᠷᠴᠢ ᠬᠦᠴᠤ ᠶᠢ ᠪᠠᠲᠠᠷᠠᠭᠤᠯᠤᠨ᠂ ᠬᠠᠲᠠᠭᠤᠵᠢᠯᠲᠠᠢ ᠠᠵᠢᠯᠯᠠᠨ ᠬᠡᠵᠢᠶᠡᠲᠠ ᠰᠢᠨᠲᠠᠷᠠᠬᠤ ᠦᠬᠡᠢ ᠵᠤᠷᠢᠭ ᠰᠠᠨᠠᠭ᠎ᠠ ᠪᠠᠷ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠠᠬᠦᠯᠤᠨ ᠲᠠᠶᠢᠴᠢᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠎ ᠪᠠᠷ ᠪᠠᠶᠢᠭᠤᠯᠬᠤ ᠰᠡᠶᠢᠳᠪᠤᠷᠢᠲᠤ ᠢᠯᠠᠯᠲᠠ᠂ ᠠᠷᠠᠳ ᠲᠦᠮᠠᠨ ᠤ ᠵᠤᠯ ᠵᠢᠷᠭᠠᠯᠲᠤ ᠠᠮᠢᠲᠤᠷᠠᠯ ᠤᠨ ᠬᠦᠰᠡᠯ ᠡᠷᠡᠮᠡᠵᠡᠯᠡᠯ ᠢ ᠪᠡᠶᠡᠯᠡᠬᠦᠯᠬᠦ ᠶᠢᠨ ᠲᠦᠯᠤᠬᠡ ᠦᠷᠬᠦᠯᠵᠢᠯᠡᠨ ᠲᠡᠮᠡᠴᠡᠵᠢᠬᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号