ᠬᠡᠯᠡ ᠪᠢᠴᠢᠭ ᠤᠨ ᠤᠬᠠᠭᠠᠨ ᠤ ᠡᠷᠳᠡᠮᠳᠡᠨ ᠡᠷᠳᠡᠨᠢᠪᠠᠶᠠᠷ
ᠨᠡᠶᠢᠲᠡᠯᠡᠭᠰᠡᠨ ᠴᠠᠭ᠄
2019/12/3
     ᠬᠡᠯᠡ ᠪᠢᠴᠢᠭ ᠤᠨ ᠤᠬᠠᠭᠠᠨ ᠤ ᠳ᠋ᠣᠺᠲ᠋ᠤᠷ ᠡᠷᠳᠡᠨᠢᠪᠠᠶᠠᠷ ᠦᠪᠦᠷ ᠮᠤᠩᠭᠤᠯ ᠤᠨ ᠬᠦᠪᠡᠭᠡᠲᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠰᠢᠪᠡᠭᠡᠲᠦ ᠭᠠᠴᠠᠭ᠎ᠠ ᠪᠠᠷ ᠨᠤᠲᠤᠭᠳᠠᠢ᠃1970 ᠣᠨ ᠎ ᠠᠴᠠ1978 ᠤᠨ ᠬᠦᠷᠳᠡᠯ᠎ᠡ ᠪᠤᠭᠳᠠ ᠶᠢᠨ ᠭᠤᠣᠯ ᠰᠤᠮᠤᠨ ᠤ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ᠂1978 ᠤᠨ ᠤ8 ᠰᠠᠷ᠎ᠠ ᠠᠴᠠ1980 ᠤᠨ ᠤ8 ᠰᠠᠷ᠎ᠠ ᠬᠦᠷᠳᠡᠯ᠎ᠡ ᠬᠦᠬᠡᠬᠤᠳᠡ ᠦᠨᠳᠦᠰᠦᠳᠡᠨ ᠤ ᠲᠡᠭᠡᠳᠦ ᠰᠤᠷᠭᠠᠭᠤᠯᠢ ᠳᠤ ᠮᠤᠩᠭᠤᠯ ᠤᠷᠴᠢᠭᠤᠯᠭ᠎ᠠ ᠶᠢᠨ ᠲᠤᠰᠬᠠᠢ ᠮᠡᠷᠭᠡᠵᠢᠯ ᠢ ᠰᠤᠷᠤᠯᠴᠠᠨ ᠲᠡᠭᠦᠰᠭᠡᠵᠤ᠂1991 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠠᠴᠠ ᠰᠤᠷᠤᠯᠭ᠎ᠠ ᠲᠡᠭᠦᠰᠭᠡᠪᠡ᠃1994 ᠤᠨ ᠤ3 ᠰᠠᠷ᠎ᠠ ᠳᠤ ᠮᠤᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠳᠧᠮᠢ ᠶᠢᠨ ᠬᠡᠯᠡ ᠵᠤᠬᠢᠶᠠᠯ ᠤᠨ ᠬᠦᠷᠢᠶᠡᠯᠡᠩ ᠠᠴᠠ ᠬᠡᠯ᠎ᠡ ᠪᠢᠴᠢᠭ ᠤᠨ ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠪᠠ᠃1980 ᠤᠨ ᠤ8 ᠰᠠᠷ᠎ᠠ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠳᠤ ᠠᠵᠢᠯᠠᠯᠪᠠ᠃      ᠤᠯᠠᠨ ᠤᠯᠤᠰ ᠤᠨ ᠤᠷᠴᠢᠭᠤᠯᠭ᠎ᠠ ᠶᠢᠨ ᠬᠤᠯᠪᠤᠭᠠᠨ ᠤ ᠲᠤᠰᠬᠠᠢ ᠮᠡᠷᠭᠡᠵᠢᠯᠳᠡᠨ᠂ ᠤᠯᠠᠨ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠤᠨ ᠲᠤᠰᠬᠠᠢ ᠮᠡᠷᠭᠡᠵᠢᠯᠳᠡᠨ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠤᠨᠴᠠ ᠤᠷᠢᠭᠰᠠᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠤ ᠦᠨᠳᠦᠰᠦᠳᠡᠨ ᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠢᠶᠠᠷ ᠰᠤᠩᠭᠤᠭᠳᠠᠭᠰᠠᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠬᠤᠶᠠᠷ ᠬᠤᠷᠠᠯ︾᠎ ᠤᠨ ᠪᠢᠴᠢᠭ ᠮᠠᠲ᠋ᠧᠷᠢᠶᠠᠯ ᠤᠨ ᠡᠴᠦᠰ ᠤᠨ ᠬᠢᠨᠠᠯᠳᠠ ᠬᠢᠬᠦ ᠲᠤᠰᠬᠠᠢ ᠮᠡᠷᠭᠡᠵᠢᠯᠳᠡᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠡᠯᠰᠡᠬᠦ ᠺᠤᠮᠢᠰ ᠤᠨ ᠲᠤᠰᠬᠠᠢ ᠮᠡᠷᠭᠡᠵᠢᠯᠳᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠭᠡᠳᠦ ᠵᠡᠷᠭᠡ ᠶᠢᠨ ᠴᠤᠯᠠ ᠬᠢᠨᠠᠨ ᠲᠤᠭᠳᠠᠭᠬᠤ ᠺᠤᠮᠢᠰ ᠤᠨ ᠲᠤᠰᠬᠠᠢ ᠮᠡᠷᠭᠡᠵᠢᠯᠳᠡᠨ ᠵᠡᠷᠭᠡ ᠲᠤᠰᠢᠶᠠᠯ ᠢ ᠡᠭᠦᠷᠭᠡᠯᠡᠵᠤ ᠪᠤᠢ᠃      ︽ᠤᠷᠴᠢᠭᠤᠯᠭ᠎ᠠ ᠶᠢᠨ ᠦᠨᠳᠦᠰᠦᠨ ᠤᠨᠤᠯ︾᠂ ︽ᠦᠷᠦᠨᠡᠳᠡᠬᠢᠨ ᠤ ᠤᠷᠴᠢᠭᠤᠯᠭ᠎ᠠ ᠶᠢᠨ ᠲᠤᠪᠴᠢ ᠲᠡᠦᠬᠡ︾᠂ ︽ᠲᠤᠳᠤᠭᠠᠳᠤ ᠭᠠᠳᠠᠭᠠᠳᠤ ᠶᠢᠨ ᠤᠷᠴᠢᠭᠤᠯᠭ᠎ᠠ ᠶᠢᠨ ᠲᠤᠪᠴᠢ ᠲᠡᠦᠬᠡ︾᠂ ︽ᠤᠳᠤ ᠦᠶ᠎ᠡ ᠶᠢᠨ ᠭᠠᠳᠠᠭᠠᠳᠤ ᠶᠢᠨ ᠣᠷᠴᠢᠭᠤᠯᠭ᠎ᠠ ᠶᠢᠨ ᠤᠨᠤᠯ︾ ᠵᠡᠷᠭᠡ ᠠᠷᠪᠠᠭᠠᠳ ᠲᠤᠰᠬᠠᠢ ᠨᠤᠮ ᠲᠡᠭᠦᠪᠦᠷᠢ ᠲᠠᠢ᠃ ︽ᠮᠤᠩᠭᠤᠯ ᠤᠷᠴᠢᠭᠤᠯᠭ᠎ᠠ ᠶᠢᠨ ᠲᠡᠦᠬᠡ ᠶᠢᠨ ᠲᠤᠬᠠᠢ ᠲᠤᠪᠴᠢ ᠦᠭᠦᠯᠡᠬᠦ ᠨᠢ︾ ︽ᠮᠠᠤ ᠽᠧ ᠳ᠋ᠦᠩ ᠤᠨ ᠰᠤᠩᠭᠤᠮᠠᠯ ᠵᠤᠬᠢᠶ᠋ᠯ ᠎ ᠤᠨ ᠮᠤᠩᠭᠤᠯ ᠤᠷᠴᠢᠭᠤᠯᠭ᠎ᠠ ᠶᠢᠨ ᠲᠤᠬᠠᠢ︾᠂ ︽ᠠᠯᠪᠠᠨ ᠪᠢᠴᠢᠭ ᠤᠨ ᠤᠷᠴᠢᠭᠤᠯᠭ᠎ᠠ ᠶᠢᠨ ᠲᠤᠬᠠᠢ︾ ᠵᠡᠷᠭᠡ ᠵᠠᠭᠤᠭᠠᠳ ᠦᠭᠦᠯᠡᠯ ᠵᠤᠬᠢᠶᠠᠯ ᠢᠶᠠᠨ ᠨᠡᠶᠢᠳᠡᠬᠦᠯᠦᠭᠰᠡᠨ ᠪᠤᠶᠤ ᠰᠤᠳᠤᠯᠤᠨ ᠶᠠᠷᠢᠯᠴᠠᠬᠤ ᠬᠤᠷᠠᠯ ᠳᠤ ᠲᠡᠪᠰᠢᠬᠦᠯᠪᠡ᠃ ᠮᠤᠩᠭᠤᠯ ᠬᠡᠯᠡᠨ ᠤ ︽ᠲᠦᠷᠢᠮᠵᠢᠭᠦᠯᠦᠯᠳᠡ᠂ ᠪᠠᠷᠢᠮᠵᠢᠶᠠᠵᠢᠯᠳᠠ᠂ ᠵᠠᠩᠬᠢᠴᠢᠯᠠᠯᠳᠠ︾᠎ ᠶᠢᠨ ᠰᠤᠳᠤᠯᠭᠠᠨ᠂ ᠮᠤᠩᠭᠤᠯ ᠦᠬᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠰᠤᠳᠤᠯᠭᠠᠨ᠂ ᠮᠤᠩᠭᠤᠯ ᠬᠡᠯᠡᠨ ᠤ ᠪᠠᠷᠢᠮᠵᠢᠶ᠎ᠡ ᠠᠪᠢᠶᠠᠨ ᠤ ᠰᠤᠳᠤᠯᠭᠠᠨ᠂ ᠮᠤᠩᠭᠤᠯ ᠬᠢᠳᠠᠳ ᠬᠡᠯᠡᠨ ᠤ ᠤᠷᠴᠢᠭᠤᠯᠭ᠎ᠠ ᠶᠢᠨ ᠲᠤᠬᠠᠢ ᠰᠤᠳᠤᠯᠭ᠎ᠠ ᠵᠡᠷᠬᠡ ᠰᠤᠳᠤᠯᠭᠠᠨ ᠤ ᠴᠢᠭᠯᠡᠯ ᠎ ᠢᠶᠠᠷ ᠠᠵᠢᠯᠯᠠᠵᠤ ᠪᠤᠢ᠃
 
ᠢᠷᠡᠯᠲᠡ᠄ ︽ᠳ᠋ᠣᠺᠲ᠋ᠣᠷ ᠤᠨ ᠦᠯᠦᠭᠡᠢ ᠬᠦᠪᠡᠭᠡᠲᠦ ᠰᠢᠷ᠎ᠠ ᠬᠤᠰᠢᠭᠤ︾ ᠬᠡᠭᠦ ᠨᠣᠮ‌ᠡᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号