| ᠵᠠᠰᠠᠭ ᠤᠨ ᠤᠷᠳᠤᠨ ᠤ ᠠᠵᠢᠯ ᠤᠨ ᠢᠯᠡᠳᠭᠡᠯ | —— 2018 ᠤᠨ ᠤ 1 ᠰᠠᠷᠠᠶᠢᠨ8 ᠤ ᠡᠳᠤᠷ ᠬᠦᠪᠡᠭᠡᠲᠤ ᠰᠢᠷ᠎ᠠ ᠬᠤᠰᠢᠭᠤᠨ | ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠬᠦᠪᠡᠭᠡᠳᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ | ᠳᠠᠷᠤᠭ᠎ᠠ ᠬᠤᠪᠢᠰᠬᠠᠯᠲᠦ | | | | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠦᠩᠭᠡᠷᠡᠭᠰᠡᠨ ᠲᠠᠪᠤᠨ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ | ᠢᠯᠡᠳᠲᠡ ᠦᠷ᠎ᠡ ᠪᠦᠳᠦᠮᠵᠢ ᠤᠯᠪᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠣᠯᠭ᠎ᠠ ᠲᠣᠣᠷ᠎ᠠ᠂ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠣᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠣᠣᠷ᠎ᠠ᠂ | ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠣᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠨ᠂ ᠪᠦᠬᠦ ᠬᠤᠰᠢᠭᠤᠨ ᠤ ᠡᠯ᠎ᠡ ᠦᠨᠳᠣᠰᠣᠳᠡᠨ ᠤ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠲᠦᠪ᠂ ᠦᠪᠡᠷᠳᠡᠭᠡᠨ ᠵᠠᠰᠠᠬᠤ ᠤᠷᠤᠨ ᠤ ᠴᠢᠭᠯᠡᠯᠲᠡ ᠲᠦᠷᠦ ᠶᠢᠨ ᠪᠤᠳᠤᠯᠭ᠎ᠠ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠣ ᠪᠤᠳᠤᠯᠭ᠎ᠠ | ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ | ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ︽ᠠᠷᠪᠠᠨ ᠬᠤᠶᠠᠳᠣᠭᠠᠷ ᠲᠠᠪᠤᠨ ᠵᠢᠯ ᠤᠨ | ᠲᠥᠯᠥᠪᠵᠢᠬᠦᠯᠬᠡ︾ ᠳᠤ ᠲᠤᠭᠳᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠪᠠᠨ ᠠᠮᠵᠢᠯᠳᠠᠳᠠᠢ ᠪᠡᠶᠡᠯᠡᠬᠦᠯᠦᠭᠡᠳ | ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠣᠬᠢ ᠰᠠᠶᠢᠨ ᠡᠬᠢᠯᠡᠯᠲᠠ ᠶᠢ ᠪᠤᠢ | ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠢᠯᠠᠯᠲᠠ ᠶᠢ ᠲᠡᠮᠡᠴᠡᠨ ᠤᠯᠬᠤ ᠳᠤ | ᠪᠠᠳᠣ ᠰᠠᠶᠢᠨ ᠰᠠᠭᠤᠷᠢ ᠶᠢ ᠲᠠᠯᠪᠢᠪᠠ᠃ | —— ᠠᠵᠤ ᠠᠬᠤᠢ ᠶᠢᠨ ᠶᠡᠷᠤᠩᠬᠡᠶᠢᠯᠡᠭᠰᠡᠨ ᠪᠤᠳᠠᠳᠤ ᠬᠦᠴᠦᠨ ᠢᠯᠡᠳᠳᠡ ᠴᠢᠩᠭᠠᠷᠠᠪᠠ᠃ | 2017 ᠤᠨ ᠳᠤ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 23. | 7 ᠳ᠋ᠦᠩᠰᠢᠭᠤᠷ ᠲᠦᠭᠦᠷᠢᠭ ᠪᠡᠶᠡᠯᠡᠭᠦᠯᠦᠨ᠂ 2012 ᠤᠨ ᠠᠴᠠ 48.1% ᠪᠠᠷ ᠨᠡᠮᠡᠭᠳᠡᠵᠦ᠂ ᠵᠢᠯ ᠪᠦᠷᠢ | ᠲᠣᠮᠳᠠᠴᠢ ᠪᠠᠷ 8.3% ᠪᠠᠷ ᠨᠡᠮᠡᠭᠳᠡᠪᠡ᠃ ᠬᠡᠷᠡᠭᠯᠡᠵᠦ ᠪᠤᠯᠬᠤᠶᠢᠴᠠ ᠡᠳ᠋ ᠤᠨ ᠵᠠᠰᠠᠭ ᠤᠨ ᠵᠠᠷᠤᠯᠭ᠎ᠠ 8.7 | ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠠᠴᠠ58% ᠪᠠᠷ ᠨᠡᠮᠡᠭᠳᠡᠵᠦ᠂ ᠵᠢᠯ ᠪᠦᠷᠢ ᠲᠤᠮᠳᠠᠴᠢ ᠪᠠᠷ | 9.6% ᠪᠠᠷ ᠨᠡᠮᠡᠭᠳᠡᠪᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠭᠰᠠᠨ ᠶᠡᠷᠤᠩᠬᠡᠢ | ᠬᠡᠮᠵᠢᠶ᠎ᠡ 6 ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠠᠴᠠ 45.2% ᠪᠠᠷ ᠨᠡᠮᠡᠭᠳᠡᠵᠦ᠂ ᠵᠢᠯ | ᠪᠦᠷᠢ ᠲᠤᠮᠳᠠᠴᠢ ᠪᠠᠷ 7.1% ᠪᠠᠷ ᠨᠡᠮᠡᠭᠳᠡᠪᠡ᠃ ᠬᠤᠳᠠ ᠪᠠᠯᠭᠠᠰᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ | ᠤᠨ ᠬᠦᠮᠦᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 35840 ᠲᠦᠭᠦᠷᠢᠭ ᠲᠤ ᠬᠦᠷᠴᠤ᠂ | 2012 ᠤᠨ ᠠᠴᠠ 74.9% ᠪᠠᠷ ᠨᠡᠮᠡᠭᠳᠠᠵᠦ᠂ ᠵᠢᠯ ᠪᠦᠷᠢ ᠲᠤᠮᠳᠠᠴᠢ ᠪᠠᠷ 11.2% ᠪᠠᠷ ᠨᠡᠮᠡᠭᠳᠡᠪᠡ᠃ | ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 13200 | ᠲᠦᠭᠦᠷᠢᠭ ᠲᠤ ᠬᠦᠷᠴᠤ᠂ 2012 ᠤᠨ ᠠᠴᠠ 60.9% ᠪᠠᠷ ᠨᠡᠮᠡᠭᠳᠠᠵᠦ᠂ ᠵᠢᠯ ᠪᠦᠷᠢ ᠲᠤᠮᠳᠠᠴᠢ ᠪᠠᠷ 9.7% | ᠪᠠᠷ ᠨᠡᠮᠡᠭᠳᠡᠪᠡ᠃ ᠲᠠᠪᠤᠨ ᠵᠢᠯ ᠳᠤ ᠨᠡᠶᠢᠳᠡ 185 ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠤᠨ᠂ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 86.8 ᠳ᠋ᠦᠩᠰᠢᠭᠤᠷ ᠲᠦᠭᠦᠷᠢᠭ ᠪᠡᠶᠡᠯᠡᠬᠦᠯᠪᠠ᠃ | —— ᠮᠠᠯ ᠠᠵᠤ ᠠᠬᠤᠢ ᠶᠢᠨ ᠬᠦᠭᠵᠢᠯᠲᠡ ᠶᠢᠨ ᠬᠦᠷᠢᠶ᠎ᠡ ᠬᠡᠪᠴᠢᠶ᠎ᠡ ᠪᠤᠯᠤᠨ ᠦᠷ᠎ᠡ ᠠᠰᠢᠭ | ᠵᠡᠷᠭᠡᠪᠡᠷ ᠨᠡᠮᠡᠭᠳᠡᠪᠡ᠃ ︽ᠬᠤᠨᠢ ᠶᠢ ᠴᠦᠭᠡᠴᠢᠯᠡᠨ᠂ ᠦᠭᠡᠷ ᠢ ᠨᠡᠮᠡᠭᠳᠡᠭᠦᠯᠵᠦ᠂ ᠴᠢᠨᠠᠷ ᠢ ᠳᠡᠭᠡᠭᠰᠢᠯᠡᠭᠦᠯᠦᠨ᠂ | ᠤᠷᠤᠯᠭ᠎ᠠ ᠶᠢ ᠨᠡᠮᠡᠭᠳᠡᠭᠦᠯᠬᠦ︾ ᠪᠠᠶᠢᠯᠳᠣᠬᠤ ᠪᠣᠳᠤᠯᠭ᠎ᠠ ᠶᠢᠨ ᠲᠤᠭᠤᠷᠢᠨ ᠳᠤ᠂ ᠮᠠᠯ ᠠᠵᠤ ᠠᠬᠤᠢ ᠶᠢᠨ ᠬᠠᠩᠭᠠᠯᠭ᠎ᠠ | ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠪᠦᠬᠦ ᠲᠠᠯ᠎ᠠ ᠪᠠᠷ ᠠᠬᠢᠭᠤᠯᠣᠨ᠂ ᠰᠢᠯᠢᠳᠡᠭ | ᠡᠭᠦᠯᠳᠡᠷ ᠤᠨ ᠮᠢᠬᠠᠨ ᠤ ᠦᠭᠡᠷ᠂ ᠴᠠᠬᠠᠷ ᠬᠤᠨᠢ ᠪᠠ ᠰᠠᠭᠠᠯᠢ ᠶᠢᠨ ᠦᠨᠢᠶ᠎ᠡ ᠶᠢ ᠮᠠᠯᠵᠢᠬᠤ ᠲᠤᠭᠤᠷᠢᠭ ᠢ ᠰᠢᠨᠵᠢᠯᠡᠬᠦ | ᠤᠬᠠᠭᠠᠨᠴᠢ ᠪᠠᠷ ᠲᠤᠭᠳᠠᠭᠠᠨ᠂ ᠬᠡᠪᠴᠢᠶᠡᠵᠢᠭᠦᠯᠦᠨ ᠮᠠᠯᠵᠢᠬᠤ᠂ ᠡᠷᠴᠢᠮᠵᠢᠭᠦᠯᠦᠨ ᠡᠵᠡᠩᠨᠡᠬᠦ ᠶᠢ ᠲᠦᠯᠬᠢᠨ | ᠠᠬᠢᠭᠤᠯᠵᠤ᠂ ᠤᠳᠤᠭᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠠᠩᠬ᠎ᠠ | ᠠᠯᠬᠤᠮ ᠪᠦᠷᠢᠯᠳᠦᠪᠠ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠬᠦᠭᠵᠢᠯᠲᠡ ᠶᠢᠨ ᠲᠦᠯᠦᠪᠵᠢᠭᠦᠯᠭᠡ ᠪᠠ | ᠲᠡᠳᠭᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠳᠠᠭᠠᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ | ᠢᠳᠡᠪᠬᠢᠲᠠᠢ ᠤᠷᠤᠭᠤᠯᠵᠤ᠂ ᠡᠭᠦᠯᠳᠡᠷ ᠰᠠᠶᠢᠵᠢᠷᠠᠭᠰᠠᠨ ᠬᠠᠷᠢᠴᠠᠯ ᠵᠢᠯ ᠳᠠᠷᠠᠭᠠᠯᠠᠨ ᠨᠡᠮᠡᠭᠳᠡᠪᠡ᠃ ᠴᠠᠬᠠᠷ ᠬᠤᠨᠢ ᠶᠢ | ᠤᠯᠣᠰ ᠤᠨ ᠲᠠᠷᠢᠶᠠᠯᠠᠩ ᠤᠨ ᠶᠠᠮᠤᠨ ᠠᠴᠠ ᠨᠠᠷᠡᠶᠢᠳᠴᠦ᠂ ᠴᠠᠬᠠᠷ ᠬᠤᠨᠢᠨ ᠮᠢᠬ᠎ᠠ ᠶᠢ ᠤᠯᠤᠰ ᠤᠨ ᠭᠠᠵᠠᠷ ᠣᠷᠣᠨ | ᠤ ᠪᠡᠯᠭᠡ ᠳᠡᠮᠳᠡᠭᠳᠦ ᠬᠠᠮᠠᠭᠠᠯᠠᠯᠲᠠ ᠶᠢᠨ ᠪᠦᠳᠦᠭᠡᠭᠳᠡᠭᠦᠨ ᠢᠶᠠᠷ ᠬᠢᠨᠠᠨ ᠨᠣᠳᠠᠯᠠᠵᠤ᠂ ᠦᠪᠡᠷᠳᠡᠭᠡᠨ ᠵᠠᠰᠠᠬᠤ ᠣᠷᠣᠨ ᠤ | ᠳᠡᠰ ᠤᠨ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠪᠠ᠃ ᠰᠠᠭᠠᠯᠢ ᠶᠢᠨ ᠦᠨᠢᠶ᠎ᠡ ᠶᠢ ᠲᠡᠵᠢᠭᠡᠨ | ᠦᠷᠡᠵᠢᠭᠦᠯᠬᠦ ᠬᠡᠪᠴᠢᠶ᠎ᠡ ᠲᠤᠭᠳᠠᠪᠦᠷᠢᠲᠠᠢ ᠪᠠᠶᠢᠬᠤ ᠶᠢ ᠪᠠᠳᠣᠯᠠᠪᠠ᠃ ᠮᠠᠯ ᠠᠵᠤ ᠠᠬᠤᠢ ᠶᠢᠨ ᠲᠦᠬᠦᠭᠡᠷᠦᠮᠵᠢ ᠡᠳᠦᠷ | ᠢᠷᠡᠭᠦᠶ᠎ᠡ ᠲᠡᠭᠦᠯᠳᠡᠷᠵᠢᠨ᠂ ᠨᠡᠶᠢᠳᠡ 38.4 ᠲᠦᠮᠡᠨ ᠳᠡᠭᠰᠢ ᠳᠦᠷᠪᠡᠯᠵᠢᠨ ᠮᠧᠲᠷ ᠤᠨ ᠪᠠᠷᠢᠮᠵᠢᠶᠠᠵᠢᠭᠰᠠᠨ ᠫᠧᠩ | ᠬᠤᠷᠤᠭ᠎ᠠ᠂ 3.5 ᠲᠦᠮᠡᠨ ᠲᠡᠭᠰᠢ ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠫᠧᠩ ᠢ ᠪᠦᠳᠦᠭᠡᠨ ᠪᠠᠶᠢᠭᠤᠯᠵᠤ | ᠂ ᠡᠪᠡᠰᠣ ᠪᠣᠷᠳᠣᠭᠠᠨ ᠤ ᠰᠣᠯᠢᠯᠴᠠᠭᠠᠨ ᠤ ᠵᠠᠬ᠎ᠠ ᠠᠰᠢᠭᠯᠠᠯᠲᠠ ᠳᠤ ᠤᠷᠤᠵᠤ᠂ ᠭᠠᠮᠰᠢᠭ ᠢ ᠰᠡᠷᠭᠡᠶᠢᠯᠡᠨ ᠬᠤᠬᠢᠷᠠᠯ ᠢ | ᠪᠠᠭᠠᠰᠬᠠᠬᠤ ᠴᠢᠳᠠᠪᠦᠷᠢ ᠤᠯᠠᠮ ᠴᠢᠩᠭᠠᠷᠠᠪᠠ᠃ ᠮᠠᠯᠵᠢᠬᠤ ᠤᠷᠤᠨ ᠤ ᠶᠡᠷᠤᠩᠬᠡᠶᠢᠯᠡᠭᠰᠡᠨ ᠦᠭᠡᠷᠡᠴᠢᠯᠡᠯᠲᠡ ᠶᠢ | ᠲᠤᠭᠳᠠᠭᠤᠨ ᠢᠶᠠᠷ ᠠᠬᠢᠭᠤᠯᠵᠤ᠂ ᠦᠪᠡᠷᠳᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ ᠡᠷᠬᠡ ᠶᠢ | ᠲᠣᠳᠣᠷᠬᠠᠶᠢᠯᠠᠬᠤ ᠲᠣᠷᠰᠢᠯᠲᠠ ᠶᠢᠨ ᠴᠡᠭ ᠤᠨ ᠲᠠᠩᠰᠠᠯᠠᠨ ᠳᠡᠮᠳᠡᠭᠯᠡᠬᠦ ᠠᠵᠢᠯ ᠢ ᠠᠮᠵᠢᠯᠲᠠ ᠲᠠᠢ ᠪᠡᠶᠡᠯᠡᠭᠦᠯᠦᠨ᠂ | ᠨᠤᠳᠤᠭ ᠪᠡᠯᠴᠢᠭᠡᠷ ᠤᠨ ᠦᠮᠴᠢᠯᠡᠬᠦ ᠡᠷᠬᠡ᠂ ᠲᠠᠭᠠᠭᠠᠴᠢᠯᠠᠬᠤ ᠡᠷᠬᠡ᠂ ᠡᠵᠡᠩᠨᠡᠭᠦ ᠡᠷᠬᠡ ᠶᠢ ᠰᠠᠯᠭᠠᠬᠤ | ᠦᠭᠡᠷᠡᠴᠢᠯᠠᠯᠲᠡ ᠳᠣᠷᠰᠢᠯᠳᠠ ᠤᠨ ᠴᠡᠭ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠤᠰᠢᠭᠤ᠂ ᠰᠣᠮᠣ | ᠪᠠᠯᠭᠠᠰᠤ᠂ ᠭᠠᠴᠠᠭ᠎ᠠ ᠭᠤᠷᠪᠠᠨ ᠱᠠᠳᠣᠨ ᠤ ᠨᠤᠳᠤᠭ ᠪᠡᠯᠴᠢᠭᠡᠷ ᠢ ᠰᠢᠯᠵᠢᠭᠦᠯᠭᠦ ᠳᠡᠪᠴᠠᠩ ᠢ ᠪᠠᠶᠢᠭᠤᠯᠤᠨ᠂ ᠪᠦᠬᠦ | ᠤᠯᠤᠰ ᠤᠨ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ | ᠶᠢᠨ ᠴᠡᠭ ᠤᠨ ᠠᠵᠢᠯ ᠢ ᠡᠷᠴᠢᠮ ᠲᠠᠢ ᠶᠠᠪᠤᠭᠳᠠᠭᠤᠯᠪᠠ᠃ | —— ᠠᠵᠤ ᠦᠢᠯᠡᠳᠪᠦᠷᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠵᠡᠷᠭᠡᠪᠡᠷ | ᠲᠡᠭᠡᠭᠰᠢᠯᠡᠪᠠ᠃ ᠠᠵᠤ ᠦᠢᠯᠡᠰ ᠤᠨ ᠰᠢᠯᠢᠳᠡᠭᠵᠢᠨ ᠳᠡᠰ ᠲᠡᠪᠰᠢᠬᠦ ᠶᠢ ᠪᠦᠬᠦ ᠲᠠᠯ᠎ᠠ ᠪᠠᠷ ᠲᠦᠷᠭᠡᠳᠬᠡᠨ᠂ ᠴᠡᠪᠡᠷ | ᠡᠨᠧᠷᠭᠢ᠂ ᠨᠡᠭᠦᠷᠡᠰᠦ᠂ ᠴᠢᠯᠠᠭᠤᠨ ᠳᠣᠰᠣ᠂ ᠴᠢᠯᠠᠭᠤᠨ ᠮᠡᠲ᠋ᠧᠷᠢᠶᠠᠯ᠂ ᠲᠡᠮᠦᠷᠯᠢᠭ ᠢ ᠬᠠᠶᠢᠨ ᠰᠣᠩᠭᠤᠬᠤ ᠪᠠᠷ | ᠲᠤᠯᠭᠠᠭᠤᠷᠢᠯᠠᠭᠤᠯᠣᠯ ᠪᠤᠯᠭᠠᠭᠰᠠᠨ ᠠᠵᠤ ᠦᠢᠯᠡᠳᠪᠦᠷᠢ ᠶᠢᠨ ᠲᠦᠯᠦᠪ ᠢ ᠪᠦᠷᠢᠯᠳᠦᠭᠦᠯᠪᠡ᠃ ᠪᠦᠬᠦ ᠬᠤᠰᠢᠭᠤᠨ ᠤ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠲᠤᠭ᠎ᠠ 84 ᠡᠷᠦᠬᠡ ᠳᠤ ᠬᠦᠷᠪᠠ᠃ ᠨᠠᠷᠠ ᠰᠠᠯᠬᠢᠨ ᠤ | ᠰᠢᠨ᠎ᠡ ᠡᠨᠧᠷᠬᠢ ᠶᠢᠨ ᠠᠵᠤ ᠦᠢᠯᠡᠰ ᠲᠤᠭᠳᠠᠭᠤᠨ ᠢᠶᠠᠷ ᠬᠦᠭᠵᠢᠨ᠂ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ | ᠶᠡᠷᠦᠩᠬᠡᠢ ᠪᠠᠭᠳᠠᠭᠠᠮᠵᠢ 13.9 ᠲᠦᠮᠡᠨ ᠺᠢᠯᠤᠸᠠᠲ ᠴᠠᠭ ᠲᠤ ᠬᠦᠷᠴᠦ᠂ 98 ᠲᠦᠮᠡᠨ ᠺᠢᠯᠤᠸᠠᠲ ᠤᠨ ᠨᠡᠭᠡᠭᠡᠨ | ᠠᠰᠢᠭᠯᠠᠬᠤ ᠵᠥᠪᠳᠡᠯᠴᠡᠭᠡᠷ ᠢ ᠰᠢᠨ᠎ᠡ ᠪᠠᠷ ᠲᠤᠭᠳᠠᠨ᠂ ᠡᠭᠦᠨ ᠳᠤ 27.5 ᠲᠦᠮᠡᠨ ᠺᠢᠯᠤᠸᠠᠲ ᠨᠢ ᠨᠢᠭᠡᠨᠳᠡ ᠠᠵᠢᠯ | ᠡᠬᠢᠯᠡᠪᠡ᠃ ᠳ᠋ᠦᠩ ᠯᠢᠨ ᠨᠡᠭᠦᠷᠡᠰᠤᠨ ᠤ ᠺᠤᠮᠫᠠᠨᠢ ᠶᠢᠨ ᠵᠢᠯ ᠤᠨ ᠭᠠᠷᠣᠯᠳᠠ ᠨᠢ 60 ᠲᠦᠮᠡᠨ ᠲᠤᠨ ᠪᠤᠯᠬᠤ | ᠲᠦᠭᠦᠬᠡᠢ ᠨᠡᠭᠦᠷᠡᠰᠦᠨ ᠤ ᠠᠵᠤ ᠦᠢᠯᠡᠰ ᠶᠢ ᠳᠡᠰ ᠳᠡᠪᠰᠢᠭᠦᠯᠬᠦ ᠲᠦᠷᠦᠯ ᠵᠦᠢᠯ ᠠᠰᠢᠭᠯᠠᠯᠲᠠ ᠳᠤ ᠤᠷᠤᠪᠠ᠃ | ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠲᠤᠭᠳᠠᠭᠤᠨ ᠢᠶᠠᠷ ᠬᠦᠭᠵᠢᠨ᠂ ᠬᠤᠸᠠᠨ ᠴᠢᠦ᠂ ᠲᠧᠩ ᠶᠣᠸᠠᠢ ᠺᠤᠮᠫᠠᠨᠢ | ᠶᠢᠨ ᠨᠠᠶᠢᠯᠠᠮᠠᠯ ᠳᠣᠯᠠᠭᠠᠯᠭ᠎ᠠ ᠶᠢᠨ ᠬᠠᠪᠳᠠᠰᠣ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ ᠵᠦᠢᠯ | ᠠᠰᠢᠭᠯᠠᠯᠠᠲᠠ ᠳᠤ ᠤᠷᠤᠵᠦ᠂ ︽ᠲᠣᠮᠳᠠᠳᠣ ᠣᠯᠣᠰ ᠤᠨ ᠤᠮᠠᠷᠠᠳᠣ ᠶᠢᠨ ᠴᠢᠯᠠᠭᠤᠨ ᠮᠠᠲ᠋ᠧᠷᠢᠶᠠᠯ ᠤᠨ ᠦᠯᠦᠭᠡᠢ︾ | ᠶᠢᠨ ᠨᠦᠯᠦᠭᠡᠯᠡᠬᠦ ᠬᠦᠴᠦᠨ ᠣᠯᠠᠮ ᠳᠡᠭᠡᠭᠰᠢᠯᠡᠪᠡ᠃ ᠪᠠᠶᠠᠨᠲᠠᠯ᠎ᠠ ᠶᠢᠨ 74 ᠳᠡᠭᠰᠢ ᠲᠦᠷᠪᠡᠯᠵᠢᠨ ᠺᠢᠯᠤᠮᠧᠲᠷ ᠤᠨ | ᠴᠢᠯᠠᠭᠤᠨ ᠲᠣᠰᠣᠨ ᠤ ᠲᠤᠭᠤᠷᠢᠭ ᠤᠨ ︽ᠬᠠᠶᠢᠬᠤ ᠡᠷᠬᠡ ᠶᠢ ᠮᠠᠯᠳᠠᠬᠤ ᠡᠷᠬᠡ ᠪᠤᠯᠭᠠᠨ ᠬᠤᠪᠢᠷᠠᠭᠤᠯᠬᠤ︾ | ᠭᠠᠷᠳᠠᠮ ᠢ ᠭᠦᠢᠴᠡᠳᠬᠡᠨ᠂ ᠴᠢᠯᠠᠭᠤᠨ ᠲᠤᠰᠤ ᠬᠠᠶᠢᠨ ᠰᠢᠨᠵᠢᠬᠦ ᠪᠠ ᠦᠢᠯᠡᠳᠪᠦᠷᠢᠯᠡᠬᠦ ᠠᠵᠤ ᠠᠬᠤᠶᠢᠯᠠᠯ ᠨᠢ | ᠭᠤᠷᠪᠠᠨ ᠬᠡᠮᠵᠢᠯᠲᠤ ᠭᠠᠵᠠᠷ ᠳᠤᠷᠭᠢᠯᠲᠠ᠂ ᠤᠰᠤ ᠤᠷᠤᠭᠤᠯᠬᠤ ᠵᠡᠷᠭᠡ ᠰᠢᠨ᠎ᠡ ᠮᠡᠷᠭᠡᠵᠢᠯ ᠢ ᠠᠰᠢᠭᠯᠠᠨ ᠭᠠᠷᠣᠯᠲᠠ | ᠪᠠᠨ ᠲᠤᠭᠳᠠᠪᠣᠷᠢᠵᠢᠭᠤᠯᠪᠠ᠃ ᠤᠮᠠᠷᠠᠲᠦ ᠶᠢᠨ ᠲᠡᠮᠦᠷᠯᠢᠭ ᠬᠠᠶᠢᠯᠤᠭᠤᠯᠬᠤ ᠶᠢ ᠲᠡᠰ ᠳᠡᠪᠰᠢᠭᠦᠯᠦᠨ ᠦᠭᠡᠷᠡᠴᠢᠯᠡᠬᠦ | ᠪᠠ ᠵᠦᠩ ᠰᠢᠨ ᠲᠡᠮᠦᠷ ᠬᠠᠶᠢᠯᠤᠭᠤᠯᠬᠤ ᠦᠨᠳᠦᠷ ᠲᠢᠲ᠋ᠠᠨ ᠤ ᠰᠢᠭᠠᠷᠣ ᠦᠢᠯᠡᠳᠪᠦᠷᠢᠯᠡᠨ ᠪᠤᠯᠪᠠᠰᠤᠷᠠᠭᠤᠯᠬᠤ | ᠲᠦᠷᠦᠯ ᠵᠦᠢᠯ ᠢ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ ᠸᠤᠯᠹᠷᠠᠮ ᠪᠢᠰᠮᠦ᠋ᠲ ᠮᠦᠩᠭᠦᠨ ᠤ | ᠤᠯᠠᠨ ᠲᠡᠮᠦᠷᠯᠢᠭ ᠤᠨ ᠠᠭᠤᠷᠬᠠᠢ᠂ ᠨᠢᠤᠪᠢ ᠲᠠᠨᠲ᠋ᠠᠯ ᠤᠨ ᠠᠭᠤᠷᠬᠠᠢ ᠪᠠ ᠠᠯᠲᠠ ᠵᠢᠴᠢ ᠤᠯᠠᠨ ᠲᠡᠮᠦᠷᠯᠢᠭ ᠤᠨ | ᠠᠭᠤᠷᠬᠠᠢ ᠬᠠᠶᠢᠨ ᠮᠠᠯᠳᠠᠵᠤ ᠰᠣᠩᠭᠤᠬᠤ ᠲᠦᠷᠦᠯ ᠵᠦᠢᠯ ᠪᠤᠳᠠᠳᠤ ᠠᠬᠢᠴᠨ ᠲᠠᠢ ᠪᠤᠯᠪᠠ᠃ ᠭᠤᠸᠠᠩ ᠯᠦᠩ ᠮᠠᠯ | ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠭᠦᠯᠭᠦ ᠪᠠ ᠵᠢᠦ ᠵᠸᠦ ᠳ᠋ᠠ ᠳ᠋ᠢ ᠮᠡᠷᠭᠡᠵᠢᠯ ᠤᠨ ᠦᠭᠡᠷᠡᠴᠢᠯᠡᠯᠲᠠ | ᠶᠢᠨ ᠲᠦᠷᠦᠯ ᠵᠦᠢᠯ ᠠᠰᠢᠭᠯᠠᠯᠲᠠ ᠳᠤ ᠤᠷᠤᠪᠠ᠃ ᠠᠵᠤ ᠦᠢᠯᠡᠳᠪᠦᠷᠢ ᠶᠢᠨ ᠲᠤᠭᠤᠷᠢᠭ ᠨᠢ ᠦᠪᠡᠷᠳᠡᠭᠡᠨ ᠵᠠᠰᠠᠬᠤ | ᠤᠷᠤᠨ ᠤ ᠠᠵᠤ ᠦᠢᠯᠡᠳᠪᠦᠷᠢ ᠶᠢᠨ ᠤᠷᠴᠢᠯᠲᠤ ᠠᠵᠤ ᠠᠬᠤᠢ ᠶᠢᠨ ᠲᠣᠷᠰᠢᠯᠲᠠ ᠶᠢᠨ ᠴᠡᠭ ᠤᠨ ᠵᠢᠱᠢᠶ᠎ᠠ | ᠦᠵᠡᠭᠦᠯᠬᠦ ᠲᠤᠭᠤᠷᠢᠭ ᠤᠨ ᠡᠩᠨᠡᠭᠡᠨ ᠳᠤ ᠤᠷᠤᠪᠠ᠃ | —— ᠦᠢᠯᠡᠴᠢᠯᠡᠭᠡᠨ ᠤ ᠦᠢᠯᠡᠰ ᠤᠨ ᠬᠦᠭᠵᠢᠯᠲᠠ ᠶᠢᠨ ᠦᠷ᠎ᠡ ᠠᠰᠢᠭ ᠪᠤᠯᠤᠨ ᠬᠠᠷᠢᠴᠠᠯ | ᠵᠡᠷᠭᠡᠪᠡᠷ ᠳᠡᠭᠡᠭᠰᠢᠯᠡᠪᠡ᠃ ᠡᠯ᠎ᠡ ᠲᠦᠷᠦᠯ ᠤᠨ ᠦᠢᠯᠡᠴᠢᠯᠡᠭᠡᠨ ᠤ ᠦᠢᠯᠡᠰ ᠲᠤᠭᠳᠠᠭᠤᠨ ᠢᠶᠠᠷ ᠭᠦᠭᠵᠢᠪᠠ᠃ ᠲᠤᠮᠳᠠ | ᠪᠠᠭ᠎ᠠ ᠵᠢᠵᠢᠭ ᠠᠵᠤ ᠠᠬᠤᠶᠢᠯᠠᠯ ᠢ ᠳᠡᠳᠭᠦᠨ ᠳᠡᠮᠵᠢᠬᠦ ᠲᠦᠷᠦ ᠶᠢᠨ ᠪᠤᠳᠤᠯᠭ᠎ᠠ ᠶᠢ ᠢᠳᠡᠪᠬᠢᠲᠠᠢ ᠲᠤᠤᠱᠯᠠᠭᠤᠯᠵᠤ᠂ | ︽ᠤᠯᠠᠨ ᠦᠨᠡᠮᠯᠡᠯ ᠢ ᠨᠢᠭᠡᠳᠬᠡᠬᠦ︾ ᠬᠤᠳᠠᠯᠳᠣᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ | ᠠᠬᠢᠭᠤᠯᠤᠨ᠂ ᠠᠷᠠᠯᠵᠢᠶ᠎ᠠ ᠬᠤᠳᠠᠯᠳᠤᠭ᠎ᠠ᠂ ᠬᠤᠭᠤᠯᠠ ᠤᠮᠳᠠᠭᠠᠨ᠂ ᠬᠤᠨᠤᠭ ᠪᠠᠭᠤᠳᠠᠯ᠂ ᠲᠦᠷᠭᠡᠨ ᠭᠤᠪᠢᠭᠤᠯᠭ᠎ᠠ᠂ | ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠦᠷᠦᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ | ᠠᠬᠢᠭᠤᠯᠵᠤ᠂ 271 ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠪᠠ 1068 ᠬᠤᠪᠢ ᠶᠢᠨ ᠦᠢᠯᠡᠳᠪᠦᠷᠢ | ᠬᠤᠳᠠᠯᠳᠣᠭᠠᠨ ᠤ ᠡᠷᠦᠬᠡ ᠰᠢᠨ᠎ᠡ ᠪᠠᠷ ᠨᠡᠮᠡᠭᠳᠡᠪᠡ᠃ ᠦᠢᠯᠡᠳᠪᠦᠷᠢ ᠬᠤᠳᠠᠯᠳᠣᠭᠠᠨ ᠤ ᠪᠠᠩᠭᠢ ᠠᠵᠢᠯ ᠢᠶᠠᠨ | ᠰᠡᠷᠭᠦᠭᠡᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠪᠠ | ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠢ ᠤᠷᠤᠯᠭ᠎ᠠ ᠵᠢᠯ ᠳᠠᠷᠠᠭᠠᠯᠠᠨ ᠨᠡᠮᠡᠭᠳᠡᠨ᠂ ᠹᠠᠩ ᠶᠤᠸᠠᠨ | ᠪᠤᠳᠠᠰ ᠤᠨ ᠭᠦᠢᠯᠭᠡᠭᠡᠨ ᠤ ᠲᠤᠭᠤᠷᠢᠭ ᠠᠰᠢᠭᠯᠠᠯᠲᠠ ᠳᠤ ᠤᠷᠤᠵᠦ᠂ ᠪᠠᠷᠠᠭᠠᠨ ᠤ ᠵᠥᠬᠡᠬᠡᠪᠦᠷᠢ ᠶᠢᠨ ᠲᠤᠬᠠᠶᠢᠯᠠᠭᠰᠠᠨ | ᠠᠵᠢᠯ ᠲᠤᠭᠳᠠᠭᠤᠨ ᠢᠶᠠᠷ ᠨᠡᠮᠡᠭᠳᠡᠪᠡ᠃ ᠰᠤᠶᠤᠯ ᠵᠢᠭᠤᠯᠴᠢᠯᠠᠯ ᠤᠨ ᠦᠢᠯᠡᠰ ᠳᠤᠪᠤᠶᠢᠮ᠎ᠠ ᠬᠦᠭᠵᠢᠪᠠ᠃ | ᠵᠢᠭᠤᠯᠴᠢᠯᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠬᠤ᠂ ᠰᠢᠯᠢᠳᠡᠭ ᠦᠵᠡᠮᠵᠢ ᠶᠢᠨ ᠤᠷᠤᠨ ᠢ ᠪᠠᠶᠢᠭᠤᠯᠬᠤ᠂ ︽ | ᠵᠢᠭᠤᠯᠴᠢᠯᠠᠯ +︾ ᠭᠦᠭᠵᠢᠯᠲᠡ ᠶᠢᠨ ᠵᠠᠭᠪᠣᠷ ᠢ ᠲᠦᠯᠬᠢᠨ ᠠᠬᠢᠭᠤᠯᠬᠤ᠂ ᠰᠣᠶᠣᠯ ᠵᠢᠭᠤᠯᠴᠢᠯᠠᠯ ᠤᠨ ᠭᠦᠨᠵᠡᠭᠡᠢ | ᠠᠭᠤᠰᠤᠯᠴᠠᠯ ᠢ ᠲᠦᠷᠭᠡᠳᠬᠡᠬᠦ᠂ ︽ᠮᠠᠯᠴᠢᠨ ᠠᠶᠢᠯ︾ ᠵᠢᠭᠤᠯᠴᠢᠯᠠᠯ ᠤᠨ ᠦᠢᠯᠡᠰ ᠢ ᠲᠡᠳᠭᠦᠨ ᠭᠦᠭᠵᠢᠭᠦᠯᠬᠦ᠂ | ᠤᠬᠠᠭᠤᠯᠤᠨ ᠲᠡᠯᠭᠡᠷᠡᠭᠦᠯᠬᠦ ᠬᠦᠴᠦᠯᠡᠴᠡ ᠪᠠᠨ ᠴᠢᠩᠭᠠᠳᠬᠠᠬᠤ ᠵᠡᠷᠭᠡ ᠵᠢᠷᠭᠤᠭᠠᠨ ᠲᠦᠷᠦᠯ ᠤᠨ ᠠᠷᠭ᠎ᠠ ᠪᠠᠷᠢᠯ ᠢᠶᠠᠷ | ᠲᠠᠮᠵᠢᠨ᠂ ᠶᠠᠪᠠᠭᠠᠨ ᠠᠭᠤᠯᠠ ᠠᠪᠠᠷᠢᠬᠤ᠂ ᠱᠠᠰᠢᠨ ᠰᠣᠷᠳᠠᠬᠤᠨ ᠲᠡᠣᠬᠡ ᠰᠣᠶᠣᠯ᠂ ᠦᠨᠳᠦᠰᠦᠳᠡᠨ ᠤ ᠵᠠᠩ ᠦᠢᠯᠡ | ᠶᠢ ᠪᠡᠶᠡᠴᠢᠯᠡᠨ ᠤᠶᠢᠯᠠᠭᠠᠬᠤ᠂ ᠰᠣᠶᠣᠯ ᠤᠨ ᠬᠤᠳᠠ ᠪᠠᠯᠭᠠᠰᠣ᠂ ᠠᠮᠠᠷᠠᠨ ᠰᠡᠯᠡᠭᠦᠴᠡᠵᠦ ᠪᠡᠶ᠎ᠡ ᠰᠤᠪᠢᠯᠠᠬᠤ᠂ ᠡᠯᠡᠰᠣ | ᠮᠠᠩᠬᠠᠨ ᠳᠤ ᠵᠤᠭᠠᠴᠠᠨ ᠨᠠᠭᠠᠳᠬᠤ ᠵᠡᠷᠭᠡ ᠵᠢᠷᠭᠤᠭᠠᠨ ᠲᠤᠮᠤ ᠵᠢᠭᠤᠯᠴᠢᠯᠠᠯ ᠤᠨ ᠤᠷᠤᠨ ᠪᠠ ᠵᠢᠷᠭᠤᠭᠠᠨ ᠵᠤᠷᠪᠤᠰ | ᠣᠬᠢ ᠰᠢᠯᠢᠳᠡᠭ ᠵᠢᠭᠤᠯᠴᠢᠯᠠᠯ ᠤᠨ ᠵᠠᠮ ᠱᠣᠭᠤᠮ ᠢ ᠪᠦᠬᠦ ᠬᠦᠴᠦᠨ ᠢᠶᠠᠷ ᠪᠠᠶᠢᠭᠤᠯᠵᠤ᠂ ︽ᠵᠢᠷᠭᠤᠭᠠᠨ ᠨᠢᠭᠡ︾ | ᠶᠢᠨ ᠢᠨᠵᠧᠨᠧᠷᠢᠩ ︵ᠨᠢᠭᠡ ᠨᠠᠶᠢᠷ — ᠠᠰᠣᠷᠣ ᠲᠠᠯ᠎ᠠ ᠨᠤᠳᠤᠭ ᠤᠨ ᠳᠠᠭᠤᠣ ᠬᠦᠭᠵᠢᠮ ᠤᠨ ᠨᠠᠶᠢᠷ᠂ ᠨᠢᠭᠡ | ᠬᠦᠷᠢᠶᠡᠯᠡᠩ — ᠠᠰᠣᠷᠣ ᠠᠮᠢ ᠠᠬᠤᠢ ᠵᠠᠩ ᠦᠢᠯᠡ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠪᠠᠶᠢᠭᠤᠯᠵᠤ ᠳᠠᠭᠤᠰᠬᠠᠪᠠ᠂ ᠨᠢᠭᠡ ᠵᠡᠭᠡᠯᠢ — ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ | ᠲᠠᠸᠠᠷ ᠤᠨ ᠵᠠᠭᠡᠯᠢ ᠶᠢ ᠤᠳᠤᠬᠠᠨ ᠳᠤ ᠶᠠᠭ ᠰᠠᠶᠢᠬᠠᠨ ᠵᠠᠰᠠᠨ ᠴᠢᠮᠡᠭᠯᠡᠵᠦ ᠪᠤᠢ᠂ ᠨᠢᠭᠡ ᠤᠷᠤᠯᠳᠣᠭᠠᠨ — ᠠᠰᠣᠷᠣ | ᠬᠤᠨᠳᠠᠭᠠᠳᠣ ᠳᠠᠭᠤᠣ ᠬᠦᠭᠵᠢᠮ ᠤᠨ ᠤᠷᠤᠯᠳᠤᠭᠠᠨ᠂ ᠨᠢᠭᠡ ᠮᠥᠽᠸᠢ — ᠬᠦᠪᠡᠭᠡᠲᠦ ᠰᠢᠷ᠎ᠠ ᠬᠤᠰᠢᠭᠤᠨ ᠤ | ᠮᠦᠽᠸᠢ ᠶᠢᠨ ᠲᠦᠯᠦᠪᠯᠡᠭᠡ ᠪᠠ ᠳᠡᠯᠭᠡᠨ ᠦᠵᠡᠭᠦᠯᠦᠯᠭᠡ ᠶᠢᠨ ᠪᠤᠳᠠᠰ ᠢ ᠴᠣᠭᠯᠠᠭᠤᠯᠬᠤ ᠠᠵᠢᠯ ᠢ ᠦᠷᠨᠢᠭᠦᠯᠵᠦ ᠪᠤᠢ | ᠂ ᠨᠢᠭᠡ ᠳᠡᠮᠳᠡᠭ — ᠳᠣᠮᠣ ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ | ᠰᠣᠶᠣᠯ ᠤᠨ ᠨᠡᠷᠡᠳᠦ ᠳᠡᠮᠳᠡᠭ︶ ᠢ ᠪᠦᠬᠦ ᠲᠠᠯ᠎ᠠ ᠪᠠᠷ ᠬᠡᠷᠡᠭᠵᠢᠭᠦᠯᠦᠨ᠂ ᠤᠷᠤᠨ ᠪᠦᠰᠡ ᠶᠢᠨ ᠵᠢᠭᠤᠯᠴᠢᠯᠠᠯ᠂ | ᠲᠦᠷᠪᠡᠨ ᠤᠯᠠᠷᠢᠯ ᠤᠨ ᠵᠢᠭᠤᠯᠴᠢᠯᠠᠯ ᠢ ᠢᠳᠡᠪᠬᠢᠲᠠᠢ ᠭᠦᠭᠵᠢᠭᠦᠯᠵᠦ᠂ ︽ᠲᠤᠷᠭᠠᠨ ᠨᠤᠳᠤᠭ ᠬᠦᠪᠡᠭᠡᠳᠦ ᠰᠢᠷ᠎ᠠ· | ᠠᠰᠣᠷᠣ ᠠᠶᠠᠯᠭᠤ ᠶᠢᠨ ᠦᠯᠦᠭᠡᠢ︾ ᠰᠣᠶᠣᠯ ᠵᠢᠭᠤᠯᠴᠢᠯᠠᠯ ᠤᠨ ᠨᠡᠷ᠎ᠡ ᠳᠡᠮᠳᠡᠭ ᠢ ᠪᠦᠬᠦ ᠬᠦᠴᠦᠨ ᠢᠶᠠᠷ ᠡᠭᠦᠳᠪᠡ᠃ | | —— ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠡ ᠳᠡᠭᠦᠯᠳᠡᠷᠵᠢᠪᠠ᠃ | ᠬᠤᠳᠠ ᠪᠠᠯᠭᠠᠰᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠢᠯᠡᠷᠬᠡᠢ ᠳᠡᠭᠡᠭᠰᠢᠯᠡᠪᠠ᠃ ᠰᠢᠨᠡᠪᠤᠯᠠᠭ | ᠪᠠᠯᠭᠠᠰᠣᠨ ᠤ ᠬᠤᠳᠠ ᠪᠠᠯᠭᠠᠰᠤᠨ ᠤ ᠬᠦᠭᠵᠢᠯᠳᠡ ᠶᠢᠨ ᠶᠡᠷᠦᠩᠭᠡᠢ ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠳᠠᠢ | ᠨᠠᠷᠢᠨ ᠲᠦᠯᠦᠪᠵᠢᠭᠦᠯᠭᠡ ᠳᠤ ᠵᠠᠰᠠᠪᠣᠷᠢ ᠣᠷᠣᠭᠤᠯᠤᠨ᠂ ᠤᠶᠢᠵᠢᠭᠤᠯᠤᠯᠳᠠ᠂ ᠨᠤᠭᠤᠭᠠᠷᠠᠭᠤᠯᠤᠯᠲᠠ᠂ ᠦᠵᠡᠮᠵᠢ ᠶᠢ | ᠰᠠᠶᠢᠵᠢᠷᠠᠭᠤᠯᠬᠤ ᠵᠡᠷᠭᠡ ᠲᠤᠰᠬᠠᠢ ᠲᠦᠯᠦᠪᠵᠢᠭᠦᠯᠭᠡ ᠶᠢ ᠪᠡᠶᠡᠯᠡᠭᠦᠯᠪᠡ᠃ ︽ᠠᠷᠠᠳ ᠤᠨ ᠠᠮᠢᠳᠣᠷᠠᠯ ᠳᠤ | ᠬᠤᠯᠪᠤᠭᠳᠠᠭᠰᠠᠨᠬᠤᠳᠠ ᠶᠢᠨ ᠪᠦᠳᠦᠭᠡᠨ ᠪᠠᠶᠢᠭᠤᠯᠤᠯᠳᠠ︾ ᠶᠢᠨ ᠤᠶᠢᠯᠠᠭᠠᠭᠳᠠᠬᠤᠨ ᠢ ᠲᠤᠪᠤᠶᠢᠯᠭᠠᠨ᠂ 12.2 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠪᠠᠳᠣᠯᠠᠭ᠎ᠠ ᠶᠢᠨ ᠴᠢᠨᠠᠷᠲᠠᠢ ᠤᠷᠤᠨ ᠰᠠᠭᠤᠴᠠ᠂ ᠳᠦᠭᠦᠮ | ᠪᠦᠳᠦᠴᠡᠳᠦ ᠳᠤᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ᠂ ᠠᠯᠪᠠᠨ ᠠᠴᠠ ᠪᠠᠶᠢᠭᠤᠯᠬᠤ ᠲᠦᠷᠦᠯ ᠵᠦᠢᠯ | ᠪᠠ ᠬᠤᠳᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠪᠡ᠃ ︽ᠴᠡᠪᠡᠷᠵᠢᠭᠦᠯᠦᠯᠳᠡ ᠪᠠ ᠨᠤᠭᠤᠭᠠᠷᠠᠭᠤᠯᠤᠯᠲᠠ︾ ᠶᠢᠨ ᠠᠵᠢᠯᠯᠠᠭ᠎ᠠ ᠶᠢ ᠦᠷᠨᠢᠭᠦᠯᠦᠨ᠂ ᠬᠤᠳᠠ | ᠶᠢᠨ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠦᠳᠦᠴᠡ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠬᠤᠳᠠ ᠪᠠᠯᠭᠠᠰᠤᠨ ᠤ ᠨᠤᠭᠤᠭᠠᠷᠠᠭᠤᠯᠤᠯᠲᠠ᠂ ᠭᠡᠭᠡᠷᠡᠭᠦᠯᠦᠯᠳᠡ᠂ ᠭᠤᠸᠠᠵᠢᠭᠤᠯᠤᠯᠳᠠ᠂ ᠴᠡᠪᠡᠷᠵᠢᠭᠦᠯᠦᠯᠳᠡ ᠶᠢᠨ | ᠲᠦᠪᠰᠢᠨ ᠵᠢᠯ ᠳᠠᠷᠠᠭᠠᠯᠠᠨ ᠳᠡᠭᠡᠭᠰᠢᠯᠡᠨ᠂ ︽ᠣᠷᠣᠨ ᠤ ᠳᠡᠰ ᠤᠨ ᠠᠷᠢᠭᠤᠨ ᠴᠡᠪᠡᠷ ᠬᠤᠳᠠ ᠪᠠᠯᠭᠠᠰᠣ︾ ᠶᠢ | ᠪᠠᠶᠢᠭᠤᠯᠬᠤ ᠬᠢᠨᠡᠨ ᠪᠠᠶᠢᠴᠠᠭᠠᠯᠲᠠ ᠳᠤ ᠳᠠᠬᠢᠨᠳᠠ ᠬᠢᠷᠢ ᠲᠡᠩᠴᠡᠪᠡ᠃ ᠮᠠᠯᠵᠢᠬᠤ ᠤᠷᠤᠨ ᠤ ᠳᠦᠷᠢ ᠳᠦᠷᠬᠦ᠂ | ᠰᠠᠭᠤᠭᠠᠯᠢ ᠠᠷᠠᠳ ᠤᠨ ᠣᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠠᠷᠪᠡᠨ ᠲᠦᠷᠦᠯ ᠤᠨ ᠢᠨᠵᠧᠨᠧᠷᠢᠩ | ᠢᠶᠠᠷ ᠭᠤᠤᠯ ᠠᠭᠤᠯᠭ᠎ᠠ ᠪᠤᠯᠭᠠᠭᠰᠠᠨ ᠰᠢᠨ᠎ᠠ ᠮᠠᠯᠵᠢᠬᠤ ᠣᠷᠣᠨ ᠤ ᠪᠦᠳᠣᠭᠡᠨ ᠪᠠᠶᠢᠭᠤᠯᠤᠯᠲᠠ ᠶᠢ ᠲᠤᠭᠳᠠᠭᠤᠨ ᠢᠶᠠᠷ | ᠠᠬᠢᠭᠤᠯᠤᠨ᠂ ᠨᠡᠶᠢᠳᠡ 5.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠣᠰᠣ᠂ ᠴᠠᠬᠢᠯᠭᠠᠨ᠂ ᠵᠠᠮ᠂ | ᠴᠢᠮᠡᠭᠡ ᠨᠡᠪᠳᠡᠷᠡᠭᠦᠯᠭᠡ᠂ ᠤᠷᠤᠨ ᠰᠠᠭᠤᠴᠠ ᠪᠤᠯᠤᠨ ᠦᠨᠳᠦᠰᠦᠨ ᠱᠠᠳᠣᠨ ᠤ ᠰᠣᠶᠣᠯ ᠤᠨ ᠥᠷᠥᠬᠡ᠂ ᠡᠷᠡᠭᠦᠯ | ᠬᠠᠮᠠᠭᠠᠯᠠᠯ ᠤᠨ ᠲᠠᠰᠤᠭ᠂ ᠠᠷᠠᠳ ᠲᠤ ᠲᠦᠭᠦᠮ ᠦᠵᠡᠭᠦᠯᠬᠦ ᠬᠤᠯᠪᠤᠭᠠᠳᠤ ᠳᠡᠯᠭᠡᠭᠦᠷ ᠵᠡᠷᠭᠡ ᠰᠠᠭᠤᠷᠢ | ᠲᠦᠬᠦᠭᠡᠷᠦᠮᠵᠢ ᠪᠠ ᠦᠢᠯᠡᠴᠢᠯᠡᠭᠡᠨ ᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠭᠡᠷᠡᠭᠵᠢᠭᠦᠯᠦᠨ᠂ | ᠮᠠᠯᠵᠢᠬᠤ ᠤᠷᠤᠨ ᠤ ᠨᠡᠶᠢᠭᠡᠮ ᠤᠨ ᠪᠠᠳᠣᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠤᠷᠤᠨ ᠤ ᠣᠷᠴᠢᠨ | ᠲᠤᠭᠤᠷᠢᠨ ᠠᠷᠢᠭᠤᠨ ᠴᠡᠪᠡᠷ ᠢ ᠵᠠᠰᠠᠨ ᠴᠡᠭᠴᠡᠯᠡᠬᠦ ᠠᠵᠢᠯ ᠢ ᠬᠦᠴᠦᠨ ᠢᠶᠠᠨ ᠲᠦᠪᠯᠡᠷᠡᠭᠦᠯᠦᠨ ᠦᠷᠨᠢᠭᠦᠯᠪᠡ᠃ ︵ | ᠮᠠᠯᠴᠢᠳ ᠤᠨ ᠰᠢᠨ᠎ᠠ ᠣᠷᠣᠨ ᠰᠠᠭᠤᠴᠠ ᠶᠢ 191 ᠪᠠᠶᠢᠭᠤᠯᠤᠨ᠂ ᠮᠠᠯᠵᠢᠬᠤ ᠤᠷᠤᠨ ᠤ 3242 ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠰᠠᠯᠪᠢᠨ ᠵᠠᠰᠠᠵᠤ᠂ 4886 ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ | ᠳᠡᠰ ᠳᠡᠪᠰᠢᠭᠦᠯᠵᠦ᠂ 384 ᠣᠰᠣᠨ ᠤ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠳᠠᠨ᠂ 4934 ᠬᠦᠮᠦᠨ | ᠤ ᠤᠤᠭᠤᠬᠤ ᠤᠰᠤᠨ ᠤ ᠠᠮᠦᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ 428.2 ᠺᠢᠯᠤᠮᠧᠲᠷ ᠤᠨ | ᠱᠤᠶᠢᠨᠢ ᠵᠠᠮ ᠢ ᠰᠢᠨ᠎ᠡ ᠪᠠᠷ ᠵᠠᠰᠠᠵᠤ᠂ 256.2 ᠺᠢᠯᠤᠮᠧᠲᠷ ᠤᠨ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ | 216.5 ᠺᠢᠯᠤᠮᠧᠲᠷ ᠤᠨ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠨ᠂ ᠭᠠᠴᠠᠭᠠᠨ ᠳᠤ ᠵᠠᠰᠠᠮᠠᠯ ᠵᠠᠮ | ᠨᠡᠪᠳᠡᠷᠡᠭᠰᠡᠨ ᠨᠤᠷᠮ᠎ᠠ 100% ᠳᠤ ᠬᠦᠷᠴᠦ᠂ 35 ᠺᠢᠯᠤᠸᠤᠯᠲ ᠤᠨ ᠴᠠᠬᠢᠯᠭᠠᠨ ᠬᠦᠴᠦᠳᠡᠯ ᠬᠤᠪᠢᠰᠬᠠᠬᠤ | ᠦᠷᠳᠡᠭᠡ 4᠂ 110 ᠺᠢᠯᠤᠸᠤᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ 1 ᠶᠢ ᠰᠢᠨ᠎ᠡ ᠪᠠᠷ | ᠪᠠᠶᠢᠭᠤᠯᠵᠤ᠂ ᠮᠠᠯᠵᠢᠬᠤ ᠤᠷᠤᠨ ᠳᠤ ᠲᠤᠤᠷᠴᠢᠯᠠᠭᠰᠠᠨ ᠴᠠᠬᠢᠯᠭᠠᠨ ᠨᠡᠪᠳᠡᠷᠡᠭᠰᠡᠨ ᠨᠣᠷᠮ᠎ᠠ 98% ᠳᠤ ᠬᠦᠷᠪᠡ᠂ | ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ 25᠂ ᠰᠣᠶᠣᠯ ᠤᠨ ᠥᠷᠥᠬᠡ 26᠂ ᠠᠷᠠᠳ ᠲᠤ ᠲᠦᠭᠦᠮ | ᠦᠵᠡᠭᠦᠯᠬᠦ ᠬᠤᠯᠪᠤᠭᠠᠳᠤ ᠳᠡᠯᠭᠡᠭᠦᠷ 17 ᠶᠢ ᠰᠢᠨ᠎ᠡ ᠪᠠᠷ ᠪᠠᠶᠢᠭᠤᠯᠪᠠ᠃ 1700 ᠨᠤᠷᠠᠬᠤ ᠠᠶᠣᠯᠲᠠᠢ ᠬᠠᠭᠤᠴᠢᠨ | ᠰᠢᠪᠡᠷ ᠪᠠᠶᠢᠰᠢᠩ ᠢ ᠨᠣᠷᠠᠭᠠᠨ᠂ 4796 ᠭᠡᠷ ᠪᠠᠶᠢᠰᠢᠩ ᠢ ᠰᠡᠯᠪᠢᠨ ᠵᠠᠰᠠᠵᠤ᠂ 10.8 ᠲᠦᠮᠡᠨ ᠮᠧᠲᠷ ᠬᠡᠷᠡᠮ | ᠬᠠᠨ᠎ᠠ᠂ 5 ᠪᠠᠭ᠎ᠠ ᠠᠭᠤᠳᠠᠮ ᠳᠠᠯᠠᠪᠠᠢ ᠶᠢ ᠰᠢᠨᠡᠳᠬᠡᠨ ᠪᠠᠶᠢᠭᠤᠯᠵᠤ᠂ 30 ᠲᠦᠮᠡᠨ ᠳᠡᠭᠰᠢ ᠲᠦᠷᠪᠡᠯᠵᠢᠨ ᠮᠧᠲᠷ | ᠵᠠᠮ ᠤᠨ ᠬᠦᠪᠡᠭᠡ ᠶᠢ ᠬᠠᠳᠠᠭᠤᠷᠠᠭᠤᠯᠵᠤ᠂ 30 ᠲᠦᠮᠡᠨ ᠪᠤᠰᠤᠭ᠎ᠠ ᠳᠦᠷᠪᠡᠯᠵᠢᠨ ᠮᠧᠲᠷ ᠬᠤᠭ ᠨᠤᠪᠰᠢ ᠶᠢ | ᠴᠡᠪᠡᠷᠯᠡᠨ᠂ 360 ᠬᠤᠭ ᠨᠣᠪᠰᠢ ᠶᠢᠨ ᠴᠢᠭ ᠭᠠᠷᠭᠠᠵᠤ᠂ 311 ᠰᠠᠭᠤᠷᠢ ᠨᠡᠶᠢᠳᠡ ᠶᠢᠨ ᠵᠤᠷᠯᠤᠩ ᠢ ᠰᠢᠨ᠎ᠡ ᠪᠠᠷ | ᠪᠠᠷᠢᠪᠠ᠃︶ ᠬᠦᠭᠵᠢᠯᠲᠡ ᠶᠢ ᠳᠤᠯᠭᠠᠭᠤᠷᠢᠯᠠᠭᠤᠯᠬᠤ ᠬᠦᠴᠦᠨ ᠢ ᠣᠯᠠᠮ ᠨᠡᠮᠡᠭᠳᠡᠭᠦᠯᠪᠡ᠃ ᠰᠢᠨᠡᠪᠤᠯᠠᠭ ᠪᠠᠯᠭᠠᠰᠣᠨ | ᠤ ᠤᠰᠤᠨ ᠬᠠᠩᠭᠠᠯᠭ᠎ᠠ ᠶᠢᠨ ᠢᠨᠵᠧᠨᠧᠷᠢᠩ ᠪᠠ ᠱᠧᠨ ᠨᠧᠩ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠦᠷᠦᠯ | ᠵᠦᠢᠯ ᠠᠰᠢᠭᠯᠠᠯᠲᠠ ᠳᠤ ᠤᠷᠤᠪᠠ᠃ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠣᠭᠠᠷ ᠤᠳᠠᠭᠠᠨ ᠤ ᠬᠤᠷᠠᠯ ᠠᠴᠠ ᠬᠢᠨᠠᠵᠤ ᠪᠠᠳᠣᠯᠠᠭᠰᠠᠨ ︽ᠪᠦᠬᠦ | ᠬᠤᠰᠢᠭᠤᠨ ᠤ ᠴᠢᠬᠤᠯᠡ ᠶᠡᠭᠡ ᠨᠡᠶᠢᠳᠡ ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯ ᠢ ᠳᠡᠮᠵᠢᠬᠦ ᠰᠢᠢᠳᠪᠦᠷᠢ︾ ᠶᠢ ᠴᠢᠩᠭ᠎ᠠ ᠭᠡᠷᠡᠭᠵᠢᠭᠦᠯᠤᠨ᠂ ᠨᠤᠳᠤᠭ ᠪᠡᠯᠴᠢᠭᠡᠷ ᠢ ᠲᠠᠳᠠᠪᠤᠷᠢᠯᠠᠵᠤ | ᠭᠡᠷᠡᠭᠯᠡᠬᠦ᠂ ᠭᠠᠵᠠᠷ ᠳᠠᠳᠠᠪᠤᠷᠢᠯᠠᠨ ᠨᠤᠷᠠᠭᠠᠵᠤ ᠨᠡᠭᠦᠯᠭᠡᠬᠦ ᠡᠯ᠎ᠡ ᠲᠦᠷᠦᠯ ᠤᠨ ᠠᠵᠢᠯ ᠨᠢ ᠡᠯ᠎ᠠ ᠰᠤᠮᠤ ᠪᠠᠯᠭᠠᠰᠤ᠂ | ᠭᠠᠴᠠᠭ᠎ᠠ ᠪᠤᠯᠤᠨ ᠮᠠᠯᠴᠢᠨ ᠲᠦᠮᠡᠨ ᠤ ᠬᠦᠴᠦᠳᠡᠢ ᠳᠡᠮᠵᠢᠯᠬᠡ ᠶᠢ ᠤᠯᠵᠤ᠂ ᠰᠦᠨᠢᠳ ᠪᠠᠷᠠᠭᠤᠨ ᠬᠤᠰᠢᠭᠤ ᠠᠴᠠ | ᠴᠢᠭᠤᠯᠤᠯᠲᠣ ᠬᠠᠭᠠᠯᠭ᠎ᠠ ᠬᠦᠷᠬᠦ ᠦᠨᠳᠦᠷ ᠬᠤᠷᠳᠣᠴᠠᠳᠣ ᠵᠠᠰᠠᠮᠠᠯ ᠵᠠᠮ ᠤᠨ ᠬᠦᠪᠡᠭᠡᠲᠦ ᠰᠢᠷ᠎ᠠ ᠬᠤᠰᠢᠭᠤᠨ ᠳᠠᠬᠢ | ᠬᠡᠰᠡᠭ᠂ ᠮᠤᠵᠢ ᠶᠢᠨ ᠳᠡᠰ ᠤᠨ 313 ᠱᠤᠭᠤᠮ ᠤᠨ ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ᠂ ᠨᠡᠶᠢᠳᠡ ᠶᠢᠨ | ᠬᠡᠷᠡᠭᠯᠡᠭᠡᠨ ᠤ ᠨᠢᠰᠭᠡᠯ ᠤᠨ ᠪᠠᠭᠤᠳᠠᠯ ᠪᠠ ᠰᠢᠨᠡᠪᠤᠯᠠᠭ ᠪᠠᠯᠭᠠᠰᠣᠨ ᠤ 220 ᠺᠢᠯᠤᠸᠣᠯᠲ ᠤᠨ ᠴᠠᠬᠢᠯᠭᠠᠨ ᠬᠦᠴᠦᠳᠡᠯ | ᠬᠤᠪᠢᠰᠬᠠᠬᠤ ᠵᠡᠷᠭᠡ ᠴᠢᠬᠤᠯᠠ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠵᠢᠴᠢ ᠰᠢᠨ᠎ᠡ ᠡᠨᠧᠷᠭᠢ᠂ ᠠᠭᠤᠷᠬᠠᠢ | ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠤᠨ ᠡᠷᠴᠢᠮ ᠲᠠᠢ ᠶᠠᠪᠤᠭᠳᠠᠬᠤ ᠶᠢ ᠪᠠᠳᠣᠯᠠᠪᠠ᠃ | —— ᠠᠮᠢ ᠠᠬᠤᠢ ᠤᠷᠴᠢᠨ ᠲᠤᠭᠤᠷᠢᠨ ᠳᠠᠰᠣᠷᠠᠯᠲᠠ ᠦᠭᠡᠢ ᠰᠠᠶᠢᠵᠢᠷᠠᠪᠠ᠃ ᠨᠢᠭᠡᠳᠦᠭᠡᠷ | ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠂ ᠲᠤᠷᠰᠢᠯᠭ᠎ᠠ ᠠᠷᠭ᠎ᠠ ᠠᠪᠴᠠᠯ ᠢᠶᠠᠨ ᠴᠠᠭ ᠲᠤᠬᠠᠢ ᠳᠤᠨᠢ ᠳ᠋ᠦᠩᠨᠡᠵᠦ᠂ ᠪᠡᠯᠴᠢᠭᠡᠷᠯᠡᠬᠦᠯᠬᠦ | ᠶᠢ ᠵᠤᠭᠰᠣᠭᠠᠬᠤ ᠤᠷᠤᠨ ᠬᠢᠭᠡᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠤᠷᠤᠨ ᠢ ᠵᠤᠬᠢᠰᠲᠠᠢ | ᠲᠤᠭᠳᠠᠭᠠᠨ᠂ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳᠠᠭᠠᠵᠤ᠂ ︽ | ᠬᠦᠪᠡᠭᠡᠲᠦ ᠰᠢᠷ᠎ᠠ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠲᠥᠰᠥᠯ︾᠂ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠣᠭᠤᠮ ᠢ | ᠵᠠᠭᠠᠭᠯᠠᠨ ᠲᠤᠭᠳᠠᠭᠠᠬᠤ ᠲᠥᠰᠥᠯ︾ ᠪᠠ ︽ᠤᠯᠤᠰ ᠤᠨ ᠭᠤᠤᠯᠳᠠᠯᠭᠠᠳᠤ ᠠᠮᠢ ᠠᠬᠤᠢ ᠶᠢᠨ ᠴᠢᠳᠠᠪᠬᠢ ᠶᠢᠨ | ᠤᠷᠤᠨ ᠤ ᠠᠵᠤ ᠦᠢᠯᠡᠰ ᠤᠨ ᠨᠠᠵᠠᠭᠠᠢ ᠦᠢᠯᠡᠳᠦᠯ ᠤᠨ ᠳᠤᠳᠤᠷᠬᠠᠢ ᠬᠠᠭᠤᠳᠠᠰᠣ︾ ᠶᠢ ᠨᠠᠶᠢᠷᠠᠭᠤᠯᠪᠠ᠃ 48.7 | ᠲᠦᠮᠡᠨ ᠮᠦ ᠡᠯᠡᠰᠦᠨ ᠤ ᠡᠬᠢ ᠶᠢ ᠵᠠᠰᠠᠬᠤ᠂ 28.6 ᠲᠦᠮᠡᠨ ᠮᠦ ᠠᠮᠢ ᠠᠬᠤᠢ ᠶᠢᠨ ᠣᠷᠭᠤᠮᠠᠯ ᠤᠨ ᠪᠦᠷᠬᠦᠴᠡ | ᠶᠢᠨ ᠪᠦᠳᠦᠭᠡᠨ ᠪᠠᠶᠢᠭᠤᠯᠤᠯᠲᠡ᠂ 5660 ᠮᠦ ᠭᠤᠤᠯᠳᠠᠯᠭᠠᠳᠤ ᠤᠷᠤᠨ ᠤ ᠤᠶᠢᠵᠢᠭᠤᠯᠤᠯᠳᠠ᠂ | ᠨᠤᠭᠤᠭᠠᠷᠠᠭᠤᠯᠤᠯᠳᠠ ᠶᠢ ᠪᠡᠶᠡᠯᠡᠬᠦᠯᠦᠨ᠂ 128.9 ᠾᠧᠺᠲ᠋ᠠᠷ ᠪᠦᠬᠦᠢ ︽ᠭᠤᠷᠪᠠᠨ ᠲᠤᠭᠤᠷᠢᠭ ᠬᠤᠶᠠᠷ ᠱᠤᠭᠤᠮ︾ | ᠤᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠢ ᠵᠠᠰᠠᠪᠠ᠃ ᠰᠢᠨᠡᠪᠤᠯᠠᠭ ᠪᠠᠯᠭᠠᠰᠣᠨ ᠤ ᠪᠤᠵᠠᠷ ᠤᠰᠤ ᠶᠢ | ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠤᠯᠤᠩ ᠤᠨ ᠤᠰᠣ ᠶᠢ | ᠰᠢᠢᠳᠪᠦᠷᠢᠯᠡᠬᠦ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠪᠣᠳᠠᠰ ᠤᠨ ᠲᠠᠯᠠᠪᠠᠢ ᠪᠠ ᠴᠢᠯᠠᠭᠤᠨ | ᠳᠣᠰᠣ ᠶᠢ ᠨᠡᠬᠡᠬᠡᠨ ᠠᠰᠢᠭᠯᠠᠬᠤ ᠳᠤ ᠬᠡᠷᠡᠭᠯᠡᠭᠰᠡᠨ ᠬᠠᠶᠠᠭᠳᠠᠮᠠᠯ ᠣᠰᠣ ᠶᠢ ᠳᠠᠬᠢᠨ ᠴᠡᠪᠡᠷᠰᠢᠭᠦᠯᠬᠦ ᠦᠢᠯᠡᠳᠪᠦᠷᠢ | ᠠᠰᠢᠭᠯᠠᠯᠲᠠ ᠳᠤ ᠤᠷᠤᠪᠠ᠃ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ | ᠪᠠᠷ ᠪᠡᠶᠡᠯᠡᠭᠦᠯᠪᠡ᠃ | —— ᠠᠷᠠᠳ ᠤᠨ ᠠᠮᠢᠳᠣᠷᠠᠯ ᠤᠨ ᠪᠠᠳᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ | ᠠᠷᠠᠳ ᠤᠨ ᠠᠮᠢᠳᠣᠷᠠᠯ ᠳᠤ ᠨᠡᠶᠢᠳᠡ 44.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠳ᠋ ᠤᠨ ᠵᠠᠰᠠᠭ | ᠤᠨ ᠶᠡᠷᠦᠩᠬᠡᠢ ᠵᠠᠷᠤᠯᠭ᠎ᠠ ᠶᠢᠨ 72.5% ᠶᠢ ᠡᠵᠡᠯᠡᠨ᠂ ᠵᠢᠯ ᠪᠦᠷᠢ ᠲᠤᠮᠳᠠᠴᠢ ᠪᠠᠷ 10.1% ᠪᠠᠷ ᠨᠡᠮᠡᠭᠳᠡᠪᠡ᠃ | ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠪᠠ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠬᠤ ᠠᠵᠢᠯ | ᠢ ᠯᠠᠪᠳᠠᠭᠤᠨ ᠢᠶᠠᠷ ᠠᠬᠢᠭᠤᠯᠪᠠ᠃ ︽ᠵᠢᠷᠭᠤᠭᠠᠨ ᠨᠠᠷᠢᠯᠢᠭ ᠤᠨᠤᠪᠴᠢᠲᠠᠢ᠂ ᠲᠠᠪᠤᠨ ᠨᠢᠭᠡ ᠪᠦᠯᠦᠭ︾ ᠤᠨ | ᠱᠠᠭᠠᠷᠳᠠᠯᠭ᠎ᠠ ᠶᠤᠰᠤᠭᠠᠷ᠂ ︽ᠭᠤᠷᠪᠠ ᠶᠢ ᠭᠠᠴᠠᠭᠠᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾ ᠨᠠᠷᠢᠯᠢᠭ | ᠣᠨᠣᠪᠴᠢᠲᠠᠢ ᠶᠠᠳᠠᠭᠤ ᠶᠢ ᠳᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠪᠠ ᠳᠤᠬᠢᠳᠠᠢ ᠭᠠᠵᠠᠷ | ᠨᠡᠭᠦᠯᠭᠡᠨ ᠶᠠᠳᠠᠭᠤ ᠶᠢ ᠳᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠬᠦ᠂ | ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ | ᠠᠬᠢᠭᠤᠯᠪᠠ᠃ ︽ᠲᠠᠪᠤ ᠶᠢ 100% ᠪᠠᠷ ᠪᠠᠲᠤᠯᠠᠬᠤ ᠪᠠ ᠨᠢᠭᠡ ᠶᠢ ᠳᠡᠳᠬᠦᠨ ᠳᠡᠮᠵᠢᠬᠦ ᠬᠦᠴᠦᠯᠡᠴᠡ ᠪᠠᠨ ᠣᠯᠠᠮ | ᠨᠡᠮᠡᠭᠳᠡᠭᠦᠯᠬᠦ︾ ᠲᠤᠭᠳᠠᠴᠠ ᠶᠢ ᠪᠤᠢ ᠪᠤᠯᠭᠠᠨ᠂ ᠡᠯ᠎ᠡ ᠬᠦᠷᠢᠶ᠎ᠡ ᠴᠠᠷᠠᠭᠠᠨ ᠳᠠᠬᠢ ᠲᠥᠷᠥᠯ ᠵᠦᠢᠯ ᠶᠢ ᠨᠠᠷᠢᠯᠢᠭ | ᠣᠨᠣᠪᠴᠢᠲᠠᠢ ᠶᠠᠳᠠᠭᠤ ᠶᠢ ᠳᠡᠳᠬᠦᠬᠦ ᠯᠦᠭᠡ ᠨᠢᠭᠡᠳᠭᠡᠨ ᠠᠬᠢᠭᠤᠯᠵᠤ᠂ ᠡᠯ᠎ᠡ ᠲᠦᠷᠦᠯ ᠤᠨ ᠶᠠᠳᠠᠭᠤ ᠶᠢ ᠳᠡᠳᠬᠦᠬᠦ | ᠪᠡᠯᠡ ᠮᠥᠩᠬᠦ 1.01 ᠳ᠋ᠦᠩᠰᠢᠭᠤᠷ ᠲᠦᠭᠦᠷᠢᠭ ᠵᠠᠷᠣᠴᠠᠭᠤᠯᠣᠨ᠂ 2.5 ᠳ᠋ᠦᠩᠰᠢᠭᠤᠷ ᠲᠦᠭᠦᠷᠢᠭ ᠤᠨ ᠮᠦᠩᠭᠦᠨ | ᠭᠦᠢᠯᠭᠡᠭᠡ ᠪᠠᠷ ᠶᠠᠳᠠᠭᠤ ᠶᠢ ᠳᠡᠳᠬᠦᠬᠦ ᠵᠢᠭᠡᠯᠡᠯᠭᠡ ᠲᠠᠯᠪᠢᠵᠤ᠂ 823 ᠡᠷᠦᠬᠡ᠂ 2243 ᠬᠦᠮᠦᠨ ᠤ ᠶᠠᠳᠠᠭᠤ ᠠᠴᠠ | ᠠᠩᠭᠢᠵᠢᠷᠠᠬᠤ ᠠᠰᠠᠭᠤᠳᠠᠯ ᠢ ᠰᠢᠢᠳᠪᠦᠷᠢᠯᠡᠪᠠ᠃ ᠦᠢᠯᠡᠰ ᠴᠤᠭᠴᠠᠯᠠᠬᠤ᠂ ᠠᠵᠢᠯ ᠣᠯᠭᠤᠬᠤ ᠢᠨᠵᠧᠨᠧᠷᠢᠩ ᠤᠨ | ᠦᠷ᠎ᠡ ᠪᠦᠳᠦᠮᠵᠢ ᠢᠯᠡᠷᠬᠡᠢ ᠪᠤᠯᠪᠠ᠃ ᠦᠢᠯᠡᠰ ᠪᠤᠰᠬᠠᠬᠤ ᠬᠦᠷᠢᠶᠡᠯᠡᠩ ᠠᠰᠢᠭᠯᠠᠯᠳᠠ ᠳᠤ ᠤᠷᠤᠵᠤ᠂ 5278 | ᠲᠥᠮᠡᠨ ᠲᠦᠭᠦᠷᠢᠭ ᠤᠨ ᠦᠢᠯᠡᠰ ᠪᠤᠰᠬᠠᠬᠤ ᠪᠠᠷᠢᠴᠠᠭᠠᠳᠤ ᠵᠢᠭᠡᠯᠡᠯᠭᠡ ᠶᠢ ᠲᠠᠷᠬᠠᠭᠠᠨ᠂ 1100 ᠬᠦᠮᠦᠨ ᠤ | ᠦᠢᠯᠡᠰ ᠪᠤᠰᠬᠠᠬᠤ ᠶᠢ ᠳᠡᠮᠵᠢᠵᠦ᠂ 2232 ᠬᠦᠮᠦᠨ ᠤ ᠠᠵᠢᠯ ᠤᠯᠭᠤᠯᠳᠠ ᠶᠢ ᠪᠡᠶᠡᠯᠡᠬᠦᠯᠪᠡ᠃ 4357 | ᠬᠦᠮᠦᠨ ᠳᠤ ᠠᠵᠢᠯ ᠤᠨ ᠪᠠᠶᠢᠷᠢ ᠬᠠᠩᠭᠠᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠳᠠᠩᠰᠠᠯᠠᠭᠰᠠᠨ | ᠨᠤᠷᠮ᠎ᠠ ᠶᠢ 3% ᠶᠢᠨ ᠳᠤᠳᠤᠷ᠎ᠠ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠠ | ᠲᠡᠭᠦᠯᠳᠡᠷᠵᠢᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠢ | ᠨᠡᠶᠢᠳᠡᠮ ᠪᠦᠷᠬᠦᠭᠦᠯᠵᠦ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ᠂ ᠤᠨᠴᠠ ᠬᠦᠴᠢᠷᠳᠡᠯᠲᠠᠢ ᠬᠦᠮᠦᠰ ᠪᠠ | ᠬᠠᠷᠠᠭᠠᠯᠵᠠᠬᠤ ᠨᠢᠭᠤᠷᠯᠠᠯ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠥᠭᠡᠷᠡᠴᠢᠯᠡᠯᠳᠡ᠂ ᠨᠠᠰᠤᠵᠢᠯ ᠤᠨ ᠳᠠᠭᠠᠳᠬᠠᠯ ᠤᠨ | ᠳᠦᠷᠢᠮ ᠤᠨ ᠥᠭᠡᠷᠡᠴᠢᠯᠡᠯᠳᠡ᠂ ᠠᠯᠪᠠᠳᠠᠨ ᠤ ᠳᠤᠰᠢᠶᠠᠯ ᠪᠠ ᠲᠤᠰᠢᠶᠠᠯ ᠤᠨ ᠳᠡᠰ ᠢ ᠬᠠᠮᠳᠣ ᠳᠤᠨᠢ ᠬᠡᠷᠡᠭᠵᠢᠭᠦᠯᠬᠦ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠰᠤᠮᠤ ᠪᠠᠯᠭᠠᠰᠤᠨ ᠤ ᠦᠨᠳᠦᠰᠦᠨ ᠱᠠᠳᠤᠨ ᠤ | ᠨᠦᠬᠦᠪᠦᠷᠢ᠂ ᠤᠷᠤᠨ ᠨᠤᠳᠤᠭ ᠤᠨ ᠨᠦᠬᠦᠪᠦᠷᠢ᠂ ᠴᠠᠯᠢᠩ ᠲᠡᠰ ᠤᠨ ᠤᠯᠭᠤᠮᠵᠢ ᠪᠠ ᠴᠠᠭᠳᠠᠭᠠᠨ ᠤ ᠴᠤᠯᠠ ᠶᠢᠨ | ᠨᠦᠬᠦᠪᠦᠷᠢ ᠶᠢ ᠨᠠᠶᠢᠳᠠᠪᠤᠷᠢᠵᠢᠭᠤᠯᠪᠠ᠃ ᠭᠠᠴᠠᠭ᠎ᠠ᠂ ᠨᠡᠶᠢᠭᠡᠮ ᠳᠤᠭᠤᠷᠢᠭ ᠤᠨ ᠬᠤᠶᠠᠷ ᠵᠥᠪᠯᠡᠯ ᠤᠨ ᠤᠳᠤᠷᠢᠳᠬᠤ | ᠪᠠᠭ ᠤᠨ ᠪᠦᠷᠢᠯᠳᠦᠭᠦᠨ ᠤ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠬᠦᠯᠪᠡ᠃ 7 ᠭᠠᠴᠠᠭᠠᠨ ᠳᠤ ᠨᠡᠶᠢᠭᠡᠮ ᠤᠨ | ᠶᠡᠷᠥᠩᠬᠡᠶᠢᠯᠡᠭᠰᠡᠨ ᠠᠰᠠᠷᠠᠮᠵᠢ ᠶᠢᠨ ᠲᠥᠪ ᠪᠠ ᠬᠠᠷᠢᠯᠴᠠᠨ ᠳᠤᠰᠠᠯᠠᠯᠴᠠᠬᠤ ᠵᠤᠯ ᠵᠢᠷᠭᠠᠯ ᠤᠨ ᠬᠦᠷᠢᠶᠡᠯᠡᠩ | ᠪᠠᠶᠢᠭᠤᠯᠵᠤ᠂ ᠬᠤᠰᠢᠭᠤᠨ ᠲᠦᠪ ᠲᠤ ︽ᠳᠤᠯᠠᠭᠠᠨ︾ ᠮᠠᠯᠵᠢᠬᠤ ᠤᠷᠤᠨ ᠤ ᠨᠠᠰᠤᠳᠠᠨ ᠤ ᠠᠰᠠᠷᠠᠮᠵᠢ ᠶᠢᠨ | ᠬᠦᠷᠢᠶᠡᠯᠡᠩ ᠢ ᠪᠠᠶᠢᠭᠤᠯᠤᠨ᠂ ᠵᠡᠮᠳᠡᠭᠴᠦᠳ ᠤᠨ ᠠᠰᠠᠷᠠᠮᠵᠢ ᠶᠢᠨ ᠲᠥᠪ ᠤᠨ ᠭᠡᠷ ᠳᠤᠳᠤᠷᠠᠬᠢ ᠵᠠᠰᠠᠨ ᠴᠢᠮᠡᠭᠯᠡᠬᠦ | ᠠᠵᠢᠯ ᠢ ᠬᠢᠵᠦ ᠳᠠᠭᠤᠰᠬᠠᠨ᠂ 410 ᠢᠵᠢ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢ ᠪᠠᠶᠢᠭᠤᠯᠤᠨ᠂ | 1260 ᠢᠵᠢ ᠳᠦᠭᠦᠮ ᠪᠦᠳᠦᠴᠡᠳᠦ ᠳᠤᠭᠤᠷᠢᠭ ᠢ ᠵᠠᠰᠠᠵᠤ ᠥᠭᠡᠷᠡᠴᠢᠯᠡᠪᠡ᠃ | —— ᠨᠡᠶᠢᠭᠡᠮ ᠤᠨ ᠠᠵᠢᠯ ᠦᠢᠯᠡᠰ ᠲᠡᠩᠴᠡᠭᠦᠷᠢᠳᠡᠢ ᠬᠦᠭᠵᠢᠪᠡ᠃ ᠰᠤᠷᠭᠠᠨ ᠬᠦᠮᠦᠵᠢᠯ ᠤᠨ | ᠠᠵᠢᠯ ᠢᠯᠡᠳᠳᠡ ᠠᠮᠵᠢᠯᠳᠠ ᠤᠯᠪᠠ᠃ ᠨᠡᠶᠢᠳᠡ 4.5 ᠳ᠋ᠥᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠡᠯ᠎ᠠ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠪᠦᠬᠦᠯᠢ ᠴᠤᠭᠴᠠ ᠪᠠᠷ | ᠨᠢ ᠨᠡᠭᠦᠯᠬᠡᠨ ᠰᠢᠯᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠪᠠᠶᠢᠷᠢᠰᠢᠯᠳᠠ ᠳᠤᠬᠢᠷᠠᠮᠵᠢᠳᠠᠢ᠂ ᠴᠢᠳᠠᠪᠬᠢ ᠲᠡᠭᠦᠯᠳᠡᠷ | ᠪᠦᠬᠦᠢ ᠰᠤᠷᠭᠠᠨ ᠬᠦᠮᠦᠵᠢᠯ ᠤᠨ ᠤᠷᠤᠨ ᠳᠤᠭᠤᠷᠢᠭ ᠢ ᠦᠨᠳᠦᠰᠦᠨ ᠳᠡᠭᠡᠨ ᠪᠦᠷᠢᠯᠳᠦᠬᠦᠯᠪᠡ᠃ ᠲᠠᠪᠤᠨ ᠳᠤᠮᠳᠠᠳᠤ | ᠪᠠᠭ᠎ᠠ ᠰᠤᠷᠭᠠᠭᠤᠯᠢ ᠨᠢ ᠪᠦᠬᠦᠨ ᠢᠶᠠᠷ ᠢᠶᠠᠨ ᠪᠠᠷᠢᠮᠵᠢᠶᠠᠵᠢᠭᠰᠠᠨ ᠰᠤᠷᠭᠠᠭᠤᠯᠢ ᠶᠢᠨ ᠱᠠᠭᠠᠷᠳᠠᠯᠭ᠎ᠠ ᠳᠤ ᠬᠦᠷᠴᠦ᠂ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠡᠢ ᠬᠦᠭᠵᠢᠬᠦᠯᠦᠯᠳᠡ ᠨᠢ ᠤᠯᠤᠰ ᠤᠨ ᠦᠨᠡᠯᠡᠯᠳᠡ | ᠬᠢᠨᠠᠨ ᠳᠤᠭᠳᠠᠭᠠᠯ ᠳᠤ ᠬᠢᠷᠢ ᠲᠡᠩᠴᠡᠵᠤ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ᠂ ᠨᠠᠬᠢᠶ᠎ᠠ ᠪᠠᠭ᠎ᠠ | ᠰᠤᠷᠭᠠᠭᠤᠯᠢ ᠶᠢ ︽ᠤᠯᠤᠰ ᠤᠨ ᠲᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ︾᠂ ᠬᠤᠶᠠᠳᠤᠭᠠᠷ | ᠪᠠᠭ᠎ᠠ ᠰᠤᠷᠭᠠᠭᠤᠯᠢ ᠶᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠰᠤᠷᠭᠠᠭᠤᠯᠢ︾᠂ | ᠦᠨᠳᠦᠰᠦᠳᠡᠨ ᠤ ᠬᠡᠦᠬᠡᠳ ᠤᠨ ᠴᠡᠴᠡᠷᠯᠢᠭ ᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ | ᠬᠡᠦᠬᠡᠳ ᠤᠨ ᠴᠡᠴᠡᠷᠯᠢᠭ︾ ᠪᠤᠯᠭᠠᠨ ᠪᠦᠳᠦᠭᠡᠨ ᠪᠠᠶᠢᠭᠤᠯᠪᠠ᠃ ᠪᠠᠭᠰᠢ ᠶᠢᠨ ᠡᠩᠨᠡᠭᠡᠨ ᠤ ᠪᠦᠳᠦᠴᠡ ᠤᠯᠠᠮ | ᠰᠢᠯᠢᠳᠡᠭᠵᠢᠨ᠂ ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠳᠤᠭᠳᠠᠭᠤᠨ ᠢᠶᠠᠷ ᠳᠡᠭᠡᠭᠰᠢᠯᠡᠨ᠂ ᠮᠤᠩᠭᠤᠯ | ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠ ᠶᠢᠨ ᠰᠢᠯᠭᠠᠯᠳᠠ ᠶᠢᠨ ᠬᠢᠷᠢ ᠪᠦᠳᠦᠮᠵᠢ ᠲᠠᠪᠤᠨ | ᠵᠢᠯ ᠵᠠᠯᠭᠠᠭ᠎ᠠ ᠪᠠᠷ ᠪᠦᠬᠦ ᠠᠶᠢᠮᠠᠭ ᠲᠤ ᠲᠦᠷᠦᠭᠦᠯᠡᠵᠦ᠂ ᠵᠢᠯ ᠪᠤᠯᠭᠠᠨ ᠬᠠᠭᠠᠰ ᠳᠤᠭᠠᠨ ᠤ ᠰᠤᠷᠤᠭᠴᠢ᠂ ᠪᠠᠭᠰᠢ | ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠪᠠ ᠠᠶᠢᠮᠠᠭ ᠤᠨ ᠭᠤᠤᠯᠳᠠᠯᠭ᠎ᠠ ᠲᠠᠢ ᠳᠤᠮᠳᠠᠳᠤ | ᠰᠤᠷᠭᠠᠭᠤᠯᠢ ᠳᠤ ᠰᠢᠯᠭᠠᠨ ᠤᠷᠤᠳᠠᠭ ᠪᠤᠯᠪᠠ᠃ ᠨᠢᠭᠡᠳᠦᠭᠡᠷ ᠳᠤᠮᠳᠠᠳᠤ ᠰᠤᠷᠭᠠᠭᠤᠯᠢ ᠪᠠ ᠶᠡᠷᠥᠩᠬᠡᠶᠢᠯᠡᠭᠰᠡᠨ | ᠥᠨᠳᠦᠷ ᠳᠤᠮᠳᠠ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠳᠠᠪᠰᠢᠬᠤ ᠨᠤᠷᠮ᠎ᠠ 50% ᠳᠤ ᠬᠦᠷᠪᠡ᠃ | 2 ᠲᠥᠷᠥᠯ ᠤᠨ ᠪᠤᠳᠠᠳᠤ ᠬᠡᠷᠡᠭᠯᠡᠭᠡᠨ ᠤ ᠰᠢᠨᠵᠢᠯᠡᠬᠦ ᠤᠬᠠᠭᠠᠨ ᠤ ᠮᠡᠷᠭᠡᠵᠢᠯ ᠢ ᠤᠷᠢᠨ ᠤᠷᠤᠭᠤᠯᠵᠤ | ᠲᠥᠭᠡᠮᠡᠯᠵᠢᠬᠦᠯᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠳᠤᠭᠳᠠᠭᠤᠨ ᠢᠶᠠᠷ ᠬᠦᠭᠵᠢᠪᠡ᠃ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠳᠡ ᠶᠢ ᠯᠠᠪᠳᠠᠭᠤᠨ ᠠᠬᠢᠭᠤᠯᠵᠤ᠂ | ᠮᠤᠩᠭᠤᠯ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠪᠠ ᠮᠤᠩᠭᠤᠯ ᠡᠮ ᠨᠠᠶᠢᠷᠠᠭᠤᠯᠬᠤ | ᠲᠠᠰᠤᠭ ᠤᠨ ᠲᠥᠷᠥᠯ ᠵᠦᠢᠯ ᠠᠰᠢᠬᠯᠠᠯᠳᠠ ᠳᠤ ᠤᠷᠤᠨ᠂ ᠰᠢᠨ᠎ᠡ ᠪᠠᠷ ᠪᠠᠶᠢᠭᠤᠯᠵᠤ ᠪᠠᠶᠢᠭ᠎ᠠ ᠡᠬᠡ ᠨᠢᠯᠬᠠᠰ ᠤᠨ | ᠡᠷᠡᠬᠦᠯᠵᠢᠯ ᠢ ᠪᠠᠳᠣᠯᠠᠬᠤ ᠬᠤᠷᠢᠶ᠎ᠠ ᠶᠢᠨ ᠭᠤᠤᠯ ᠴᠤᠭᠴᠠ ᠶᠢᠨ ᠠᠵᠢᠯ ᠳᠠᠭᠤᠰᠴᠦ᠂ ᠠᠷᠠᠳ ᠤᠨ ᠡᠮᠨᠡᠯᠭᠡ ᠶᠢᠨ | ᠬᠤᠷᠢᠶ᠎ᠠ ᠬᠢᠭᠡᠳ ᠮᠤᠩᠭᠤᠯ ᠡᠮᠨᠡᠯᠭᠡ ᠶᠢᠨ ᠬᠤᠷᠢᠶ᠎ᠠ ᠨᠢ ᠳᠤᠰ ᠳᠤᠰ ᠬᠤᠶᠠᠳᠤᠭᠠᠷ ᠵᠡᠷᠭᠡ ᠶᠢᠨ ᠬᠦᠬᠡᠭᠴᠢᠨ ᠲᠡᠰ | ᠪᠠ ᠬᠤᠶᠠᠳᠤᠭᠠᠷ ᠵᠡᠷᠭᠡ ᠶᠢᠨ ᠬᠦᠬᠡ ᠲᠡᠰ ᠲᠤ ᠳᠡᠪᠰᠢᠨ᠂ ᠪᠠᠶᠠᠨᠳᠠᠯ᠎ᠠ ᠪᠠᠯᠭᠠᠰᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠨᠢ ᠤᠯᠤᠰ ᠤᠨ ᠲᠡᠰ ᠤᠨ ᠤᠯᠠᠨ ᠲᠥᠮᠡᠨ ᠬᠠᠨᠤᠮᠵᠢᠳᠠᠢ ᠡᠷᠡᠬᠦᠯ ᠬᠠᠮᠠᠭᠠᠯᠠᠯ ᠤᠨ ᠬᠤᠷᠢᠶ᠎ᠠ ᠪᠠᠷ | ᠦᠨᠡᠯᠡᠭᠳᠡᠪᠡ᠃ ᠡᠷᠡᠬᠦᠯ ᠬᠠᠮᠠᠭᠠᠯᠠᠯ ᠤᠨ ᠬᠢᠨᠠᠯᠳᠠ᠂ ᠬᠢᠵᠢᠭ ᠡᠪᠳᠴᠢᠨ ᠢ ᠰᠡᠷᠬᠡᠶᠢᠯᠡᠨ ᠬᠤᠷᠢᠭᠯᠠᠬᠤ᠂ ᠬᠦᠮᠦᠨ | ᠠᠮᠠ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠡᠯ᠎ᠠ ᠲᠥᠷᠥᠯ ᠤᠨ ᠠᠵᠢᠯ ᠡᠮᠬᠢ ᠴᠢᠭᠴᠢ ᠲᠠᠢ | ᠶᠠᠪᠤᠭᠳᠠᠪᠠ᠃ ᠰᠤᠶᠤᠯ ᠲᠠᠮᠢᠷ ᠤᠨ ᠦᠢᠯᠡᠰ ᠥᠷᠨᠢᠬᠦᠨ ᠬᠦᠭᠵᠢᠪᠠ᠃ ᠴᠠᠬᠠᠷ ᠵᠠᠩ ᠦᠢᠯᠡ ᠰᠤᠶᠤᠯ ᠢ ᠰᠢᠰᠲ᠋ᠧᠮ | ᠲᠠᠢ ᠠᠭᠤᠳᠠᠯᠯᠠᠨ ᠡᠮᠬᠢᠳᠬᠡᠵᠦ᠂ ᠠᠰᠣᠷᠣ ᠠᠶᠠᠯᠭᠤ ᠨᠢ ᠤᠯᠤᠰ ᠤᠨ ᠪᠤᠳᠠᠰ ᠤᠨ ᠪᠤᠰᠤ ᠰᠤᠶᠤᠯ ᠤᠨ ᠥᠪ ᠤᠨ | ᠲᠥᠯᠥᠭᠡᠯᠡᠭᠴᠢ ᠴᠢᠨᠠᠷ ᠲᠠᠢ ᠲᠥᠷᠥᠯ ᠵᠦᠢᠯ ᠤᠨ ᠨᠡᠷᠡᠰ ᠲᠤ ᠵᠢᠬᠰᠠᠭᠠᠭᠳᠠᠪᠠ᠃ ᠠᠩᠬᠠᠳᠤᠭᠠᠷ ᠤᠳᠠᠭᠠᠨ ᠤ | ᠠᠰᠣᠷᠣ ᠲᠠᠯ᠎ᠠ ᠨᠤᠳᠤᠭ ᠤᠨ ᠳᠠᠭᠤᠤ ᠬᠦᠭᠵᠢᠮ ᠤᠨ ᠨᠠᠶᠢᠷ᠂ ᠪᠦᠬᠦ ᠤᠷᠤᠨ ᠤ ᠵᠠᠯᠠᠭᠤ ᠪᠠᠭᠠᠴᠤᠳ ᠤᠨ ᠤᠯᠠᠨ | ᠤᠯᠤᠰ ᠤᠨ ᠪᠦᠬᠡ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ᠂ ︽ᠴᠠᠬᠠᠷ ᠬᠤᠨᠳᠠᠭᠠᠳᠤ︾ ᠮᠤᠩᠭᠤᠯ ᠬᠡᠯᠡᠨ ᠤ | ᠰᠢᠯᠦᠭ ᠳᠠᠭᠤᠨ ᠤ ᠤᠷᠤᠯᠳᠤᠭᠠᠨ ᠪᠠ ᠦᠨᠳᠦᠰᠦᠳᠡᠨ ᠤ ᠬᠤᠪᠴᠠᠰᠦ ᠵᠠᠰᠠᠯ ᠤᠨ ᠤᠷᠤᠯᠳᠤᠭᠠᠨ ᠵᠡᠷᠭᠡ ᠨᠠᠭᠠᠳᠤᠮ | ᠴᠤᠭᠯᠠᠭᠠᠨ ᠢ ᠠᠮᠵᠢᠯᠳᠠᠳᠠᠢ ᠡᠷᠬᠢᠯᠡᠵᠦ᠂ ᠡᠯ᠎ᠠ ᠲᠥᠷᠥᠯ ᠤᠨ ᠤᠯᠠᠨ ᠲᠥᠮᠡᠨᠴᠢ ᠴᠢᠨᠠᠷᠲᠠᠢ ᠰᠤᠶᠤᠯ ᠲᠠᠮᠢᠷ ᠤᠨ | ᠬᠦᠳᠡᠯᠭᠡᠭᠡᠨ ᠢ ᠥᠷᠭᠡᠨ ᠢᠶᠠᠷ ᠶᠠᠪᠤᠭᠳᠠᠭᠤᠯᠵᠤ᠂ ᠡᠭᠦᠨ ᠠᠴᠠ ᠭᠠᠳᠠᠨ᠎ᠠ ᠥᠪᠡᠷᠳᠡᠭᠡᠨ ᠵᠠᠰᠠᠬᠤ ᠤᠷᠤᠨ ᠤ ᠲᠠᠮᠢᠷ | ᠤᠨ ᠳᠤᠪᠴᠢᠶ᠎ᠠ ᠠᠴᠠ ᠮᠠᠨ ᠤ ᠬᠤᠰᠢᠭᠤ ᠶᠢ ︽ᠰᠢᠳᠠᠷ᠎ᠠ ᠶᠢᠨ ᠦᠯᠦᠬᠡᠢ︾ ᠬᠡᠮᠡᠨ ᠨᠡᠷᠡᠶᠢᠳᠪᠡ᠃ ᠷᠠᠳᠢᠤ᠋ ᠲᠧᠯᠸᠢᠰ | ᠤᠨ ᠶᠡᠷᠥᠩᠬᠡᠶᠢᠯᠡᠭᠰᠡᠨ ᠪᠦᠷᠬᠦᠴᠡ 99% ᠳᠤ ᠬᠦᠷᠪᠡ᠃ ᠦᠵᠡᠯ ᠤᠬᠠᠮᠰᠠᠷ ᠤᠨ ᠲᠦᠷᠰᠦ ᠪᠡᠶᠢᠳᠠᠯ ᠤᠨ | ᠬᠦᠷᠢᠶᠡᠨ ᠳᠠᠬᠢ ᠠᠵᠢᠯ ᠲᠠᠰᠤᠷᠠᠯᠳᠠ ᠦᠬᠡᠢ ᠴᠢᠩᠭᠠᠷᠠᠨ᠂ ᠤᠯᠠᠨ ᠲᠥᠮᠡᠨᠴᠢ ᠤᠶᠤᠨ ᠤ ᠪᠤᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠯᠠᠪᠳᠠᠭᠤᠨ ᠪᠠᠳᠤᠳᠠᠢ ᠥᠷᠨᠢᠵᠦ᠂ ᠥᠪᠡᠷᠳᠡᠭᠡᠨ ᠵᠠᠰᠠᠬᠤ ᠤᠷᠤᠨ ᠤ ︽ᠪᠤᠯᠪᠠᠰᠤᠨ | ᠬᠤᠰᠢᠭᠤ ᠰᠢᠶᠠᠨ︾ ᠤ ᠬᠢᠨᠠᠨ ᠰᠢᠯᠭᠠᠯᠳᠠ ᠳᠤ ᠳᠠᠬᠢᠨᠳᠠ ᠬᠢᠷᠢ ᠲᠡᠩᠴᠡᠪᠡ᠃ ᠤᠯᠤᠰ ᠤᠨ ᠪᠠᠳᠤᠯᠠᠨ ᠬᠠᠮᠠᠭᠠᠯᠠᠯᠳᠠ | ᠪᠠ ᠬᠤᠶᠠᠷ ᠢ ᠬᠦᠷᠢᠶᠡᠯᠡᠬᠦ ᠠᠵᠢᠯ ᠤᠨ ᠦᠷ᠎ᠡ ᠪᠦᠳᠦᠮᠵᠢ ᠢᠯᠡᠷᠬᠡᠢ ᠪᠠᠶᠢᠵᠤ᠂ ︽ᠥᠪᠡᠷᠳᠡᠭᠡᠨ ᠵᠠᠰᠠᠬᠤ ᠤᠷᠤᠨ ᠤ | ᠬᠤᠶᠠᠷ ᠢ ᠬᠦᠷᠢᠶᠡᠯᠡᠬᠦ ᠵᠢᠱᠢᠶ᠎ᠡ ᠦᠵᠡᠬᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠦᠷ᠎ᠡ ᠪᠦᠳᠦᠭᠡᠯ | ᠦᠷᠭᠦᠯᠵᠢᠯᠡᠨ ᠪᠠᠬᠢᠵᠢᠪᠡ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠦᠢᠯᠡᠰ ᠢ ᠳᠤᠭᠳᠠᠭᠤᠨ ᠢᠶᠠᠷ | ᠠᠬᠢᠭᠤᠯᠵᠤ᠂ ᠱᠠᠰᠢᠨ ᠰᠤᠷᠳᠠᠬᠤᠨ ᠶᠢ ᠨᠡᠶᠢᠭᠡᠮ ᠵᠢᠷᠤᠮᠳᠣ ᠨᠡᠶᠢᠭᠡᠮ ᠯᠦᠭᠡ ᠬᠠᠷᠢᠯᠴᠠᠨ ᠵᠣᠬᠢᠴᠠᠭᠤᠯᠬᠤ ᠶᠢ | ᠢᠳᠡᠪᠬᠢᠳᠡᠢ ᠵᠢᠯᠤᠭᠤᠳᠪᠠ᠃ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠳᠠᠩᠰᠠ ᠡᠪᠬᠡᠮᠡᠯ᠂ ᠳᠡᠣᠬᠡ | ᠤᠶᠢᠯᠠᠯᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠤᠳᠬ᠎ᠠ ᠵᠤᠬᠢᠶᠠᠯ ᠤᠷᠠᠯᠢᠭ᠂ ᠡᠮᠡᠭᠳᠡᠶᠢᠴᠦᠳ ᠬᠡᠦᠭᠡᠳ᠂ | ᠬᠤᠶᠢᠴᠢ ᠦᠶ᠎ᠡ ᠶᠢ ᠬᠠᠯᠠᠮᠵᠢᠯᠠᠬᠤ᠂ ᠨᠠᠰᠣᠳᠠᠶᠢᠴᠣᠳ ᠤᠨ ᠲᠠᠮᠢᠷ ᠤᠨ ᠨᠡᠶᠢᠭᠡᠮᠯᠢᠭ᠂ ᠨᠠᠰᠣᠳᠠᠶᠢᠴᠣᠳ ᠤᠨ | ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠡᠯᠡᠰᠦ ᠶᠢ ᠵᠠᠰᠠᠬᠤ ᠨᠡᠶᠢᠭᠡᠮᠯᠢᠭ ᠵᠡᠷᠭᠡ ᠡᠯ᠎ᠠ ᠲᠥᠷᠥᠯ ᠤᠨ ᠠᠵᠢᠯ ᠰᠢᠨ᠎ᠡ | ᠠᠮᠵᠢᠯᠳᠠ ᠤᠯᠪᠠ᠃ | —— ᠨᠡᠶᠢᠭᠡᠮ ᠤᠨ ᠡᠶ᠎ᠡ ᠵᠤᠬᠢᠴᠠᠯ ᠳᠤᠭᠳᠠᠭᠤᠨ ᠪᠠᠶᠢᠳᠠᠯ ᠢ ᠪᠠᠳᠣᠯᠠᠪᠠ᠃ ᠭᠠᠵᠠᠷ ᠤᠨ ᠲᠡᠰ | ᠤᠨ ᠤᠳᠤᠷᠢᠳᠤᠯᠭ᠎ᠠ ᠠᠴᠠ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠪᠠ ︽1328︾ ᠵᠠᠬᠢᠳᠠᠯ | ᠰᠤᠷᠪᠤᠯᠵᠢᠯᠠᠭ᠎ᠠ ᠶᠢᠨ ᠬᠤᠯᠪᠤᠭᠠᠳᠤ ᠬᠤᠷᠠᠯ ᠤᠨ ᠳᠦᠷᠢᠮ ᠢ ᠳᠤᠭᠳᠠᠭᠠᠵᠤ ᠴᠢᠩᠭ᠎ᠠ ᠬᠡᠷᠡᠭᠵᠢᠭᠦᠯᠦᠨ᠂ ᠦᠨᠳᠦᠰᠦᠨ | ᠠᠴᠠ ᠨᠢ ᠵᠠᠰᠠᠬᠤ ᠶᠢ ᠴᠢᠩᠭᠠᠳᠬᠠᠵᠤ᠂ ᠤᠯᠠᠨ ᠲᠥᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ | ᠪᠦᠳᠦᠮᠵᠢᠳᠡᠢ ᠬᠠᠮᠠᠭᠠᠯᠠᠪᠠ᠃ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠳᠡᠢ ᠪᠠᠶᠢᠭᠤᠯᠤᠨ᠂ | ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠪᠦᠳᠦᠮᠵᠢᠳᠡᠢ ᠪᠠᠳᠣᠯᠠᠪᠠ᠃ | ᠨᠡᠶᠢᠭᠡᠮ ᠤᠨ ᠠᠮᠤᠷ ᠳᠦᠪᠰᠢᠨ ᠢ ᠶᠡᠷᠥᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠦᠷᠢᠴᠠᠯ ᠢ ᠪᠠᠶᠢᠴᠠᠭᠠᠨ ᠨᠠᠮᠳᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ 110 | ᠨᠡᠶᠢᠭᠡᠮ ᠤᠨ ᠬᠤᠯᠪᠤᠭᠠᠯᠠᠨ ᠬᠦᠳᠡᠯᠥᠯᠴᠡᠬᠦ ᠳᠤᠭᠳᠠᠴᠠ ᠶᠢ ᠪᠠᠶᠢᠭᠤᠯᠵᠤ᠂ ᠤᠯᠠᠨ ᠤᠳᠠᠭᠠᠨ ᠤ ︽ᠰᠡᠷᠡᠮᠵᠢᠯᠡᠭᠦᠯᠬᠦ︾ | ᠰᠢᠷᠢᠰ ᠠᠵᠢᠯᠯᠠᠭ᠎ᠠ ᠶᠢ ᠥᠷᠨᠢᠬᠦᠯᠦᠨ᠂ ᠨᠡᠶᠢᠭᠡᠮ ᠤᠨ ᠳᠤᠭᠳᠠᠭᠤᠨ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠂ ᠨᠡᠶᠢᠳᠡ ᠶᠢᠨ ᠠᠮᠤᠷ ᠳᠦᠪᠰᠢᠨ ᠤ ᠭᠡᠮ ᠰᠣᠭᠤᠭ | ᠢ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ᠂ ᠡᠯ᠎ᠠ ᠠᠵᠢᠯ ᠲᠥᠷᠥᠯ ᠤᠨ ᠬᠦᠷᠢᠶ᠎ᠡ | ᠴᠠᠷᠠᠭᠠᠨ ᠤ ᠳᠤᠰᠬᠠᠢ ᠴᠡᠭᠴᠡᠯᠡᠯᠲᠠ ᠵᠡᠷᠭᠡ ᠠᠵᠢᠯᠯᠠᠭ᠎ᠠ ᠶᠢ ᠥᠷᠨᠢᠬᠦᠯᠵᠦ᠂ ᠠᠶᠤᠯᠭᠦᠢ ᠦᠢᠯᠡᠳᠪᠦᠷᠢᠯᠡᠯ ᠤᠨ | ᠳᠤᠭᠳᠠᠭᠤᠨ ᠪᠠᠶᠢᠳᠠᠯ ᠢ ᠪᠠᠳᠤᠯᠠᠪᠠ᠃ ᠪᠦᠳᠦᠬᠡᠭᠳᠡᠬᠦᠨ ᠤ ᠶᠠᠰᠣ ᠴᠢᠨᠠᠷ ᠵᠢᠴᠢ ᠢᠳᠡᠭᠡᠨ ᠤᠮᠳᠠᠭᠠᠨ ᠡᠮ ᠤᠨ | ᠵᠦᠢᠯᠡᠰ ᠤᠨ ᠠᠮᠦᠷ ᠳᠦᠪᠰᠢᠨ ᠤ ᠶᠡᠭᠡ ᠪᠠᠶᠢᠴᠠᠭᠠᠯᠳᠠ ᠶᠢ ᠥᠷᠨᠢᠬᠦᠯᠵᠦ᠂ ᠢᠳᠡᠬᠡᠨ ᠤᠮᠳᠠᠭᠠᠨ ᠡᠮ ᠤᠨ ᠵᠦᠢᠯᠡᠰ | ᠢ ᠳᠦᠷᠭᠡᠨ ᠪᠠᠶᠢᠴᠠᠭᠠᠨ ᠬᠡᠮᠵᠢᠬᠦ ᠳᠠᠰᠤᠭ ᠢ ᠪᠠᠶᠢᠭᠤᠯᠤᠨ᠂ ᠠᠷᠠᠳ ᠤᠯᠠᠨ ᠤ ᠢᠳᠡᠭᠡᠨ ᠤᠮᠳᠠᠭᠠᠨ᠂ ᠡᠮ ᠤᠨ | ᠵᠦᠢᠯᠡᠰ ᠤᠨ ᠬᠡᠷᠡᠭᠯᠡᠭᠡᠨ ᠤ ᠠᠮᠤᠷ ᠳᠦᠪᠰᠢᠨ ᠢ ᠪᠠᠳᠤᠯᠠᠪᠠ᠃ | —— ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠦᠷᠭᠦᠯᠵᠢᠯᠡᠨ ᠴᠢᠩᠭᠠᠳᠬᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠳᠤᠭᠳᠠᠭᠠᠯ ᠢ | ᠨᠠᠷᠢᠨ ᠨᠢᠮᠪᠠᠢ ᠬᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ | ᠳᠤ ᠠᠵᠢᠯ ᠢᠶᠠᠨ ᠬᠠᠤᠯᠢ ᠶᠤᠰᠤ ᠪᠠᠷ ᠬᠠᠷᠢᠭᠤ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠤᠯᠤᠨ | ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠥᠯᠥᠭ ᠤᠨ ᠪᠤᠰᠤ ᠬᠦᠮᠦᠰ ᠪᠠ ᠠᠷᠠᠳ ᠤᠨ ᠪᠦᠯᠬᠦᠮ ᠤᠨ | ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠪᠠ᠃ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠥᠪᠯᠡᠭᠴᠢ | ᠶᠢᠨ ᠳᠦᠷᠢᠮ ᠢ ᠪᠠᠶᠢᠭᠤᠯᠪᠠ᠃ ︽ ᠵᠢᠷᠭᠤᠳᠤᠭᠠᠷ ᠲᠠᠪᠤᠨ ᠵᠢᠯ︾ ᠤᠨ ᠬᠠᠤᠯᠢ ᠲᠥᠭᠡᠮᠡᠯᠵᠢᠬᠦᠯᠬᠦ ᠠᠵᠢᠯ ᠢ | ᠠᠮᠵᠢᠯᠳᠠᠳᠠᠢ ᠪᠡᠶᠡᠯᠡᠬᠦᠯᠦᠨ᠂ ︽ᠳᠤᠯᠤᠳᠤᠭᠠᠷ ᠲᠠᠪᠤᠨ ᠵᠢᠯ︾ ᠤᠨ ᠬᠠᠤᠯᠢ ᠲᠥᠭᠡᠮᠡᠯᠵᠢᠬᠦᠯᠬᠦ ᠠᠵᠢᠯ ᠢ ᠪᠦᠬᠦ ᠲᠠᠯ᠎ᠠ | ᠪᠠᠷ ᠦᠷᠨᠢᠭᠦᠯᠦᠭᠡᠳ᠂ ᠮᠠᠨ ᠤ ᠬᠤᠰᠢᠭᠤ ᠨᠢ ᠪᠦᠬᠦ ᠤᠯᠤᠰ ᠤᠨ ᠬᠠᠤᠯᠢ ᠪᠠᠷ ᠵᠠᠰᠠᠬᠤ ᠤᠬᠠᠭᠤᠯᠬ᠎ᠠ ᠬᠦᠮᠦᠵᠢᠯ ᠤᠨ | ᠲᠡᠷᠢᠬᠦᠨ ᠤ ᠬᠤᠰᠢᠭᠤ ᠪᠠᠷ ᠨᠡᠷᠡᠶᠢᠳᠦᠭᠳᠡᠪᠡ᠃ ︽ᠵᠠᠰᠠᠭ ᠤᠨ ᠤᠷᠳᠤᠨ ᠤ ᠤᠴᠢᠷ ᠶᠠᠪᠤᠳᠠᠯ ᠢ ᠵᠥᠪᠯᠡᠬᠦ ᠳᠦᠷᠢᠮ︾ | ᠪᠠ ︽ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠤᠴᠢᠷ ᠶᠠᠪᠤᠳᠠᠯ ᠢ ᠵᠥᠪᠯᠡᠬᠦ ᠳᠦᠷᠢᠮ︾ ᠳᠤ ᠰᠢᠨ᠎ᠡ | ᠪᠠᠷ ᠵᠠᠰᠠᠪᠤᠷᠢ ᠤᠷᠤᠭᠤᠯᠵᠤ᠂ ︽ᠭᠤᠷᠪᠠᠨ ᠴᠢᠬᠤᠯᠠ ᠨᠢᠭᠡ ᠳᠤᠮᠤ︾ ᠬᠠᠮᠳᠤᠪᠠᠷ ᠤᠴᠢᠷ ᠶᠠᠪᠤᠳᠠᠯ ᠵᠥᠪᠯᠡᠨ | ᠰᠢᠢᠳᠪᠦᠷᠢᠳᠦ ᠪᠤᠳᠤᠯᠭ᠎ᠠ ᠲᠤᠭᠳᠠᠭᠠᠬᠤ ᠳᠦᠷᠢᠮ ᠢ ᠨᠠᠷᠢᠨ ᠨᠢᠮᠪᠠᠢ ᠨᠠᠶᠢᠳᠠᠪᠤᠷᠢᠵᠢᠭᠤᠯᠪᠠ᠃ ᠥᠭᠡᠷᠡᠴᠢᠯᠡᠯᠳᠡ ᠶᠢ | ᠬᠦᠨᠵᠡᠭᠡᠶᠢᠷᠡᠬᠦᠯᠬᠦ ᠶᠢ ᠪᠦᠬᠦ ᠲᠠᠯ᠎ᠠ ᠪᠠᠷ ᠠᠬᠢᠭᠤᠯᠪᠠ᠃ ᠠᠵᠤ ᠠᠬᠤᠢ᠂ ᠠᠮᠢ ᠠᠬᠤᠢ ᠪᠤᠯᠤᠨ ᠨᠡᠶᠢᠭᠡᠮ ᠤᠨ | ᠪᠦᠳᠦᠴᠡ ᠶᠢᠨ ᠥᠭᠡᠷᠡᠴᠢᠯᠡᠯᠳᠡ ᠶᠢ 67 ᠪᠡᠶᠡᠯᠡᠬᠦᠯᠦᠨ᠂ 171 ᠲᠥᠷᠥᠯ ᠢ ᠢᠳᠡᠪᠬᠢᠳᠡᠢ ᠠᠬᠢᠭᠤᠯᠪᠠ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠵᠠᠰᠠᠭ ᠤᠨ | ᠤᠷᠳᠤᠨ ᠬᠤᠳᠠᠯᠳᠤᠨ ᠠᠪᠬᠤ ᠪᠠ ᠳᠠᠭᠠᠭᠠᠴᠢᠯᠠᠯᠳᠠ ᠵᠠᠷᠯᠠᠨ ᠬᠦᠯᠢᠶᠡᠨ ᠠᠪᠬᠤ ᠶᠠᠪᠤᠴᠠ ᠶᠢ ᠳᠦᠷᠢᠮᠵᠢᠬᠦᠯᠪᠠ᠃ | ᠮᠠᠨ ᠤ ᠬᠤᠰᠢᠭᠤ ᠨᠢ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠠ ᠪᠤᠯᠭᠠᠬᠤ ᠶᠢ ᠪᠠᠷᠢᠮᠵᠢᠶᠠᠵᠢᠭᠤᠯᠤᠨ | ᠳᠦᠷᠢᠮᠵᠢᠬᠦᠯᠬᠦ ᠥᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠪᠤᠯᠪᠠ᠃ ᠠᠯᠪᠠᠨ ᠳᠤ ᠬᠡᠷᠡᠭᠯᠡᠬᠦ ᠭᠡᠷ ᠪᠠ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠮᠠᠰᠢᠨ ᠲᠡᠷᠭᠡᠨ ᠤ ᠳᠦᠷᠢᠮ ᠤᠨ ᠥᠭᠡᠷᠡᠴᠢᠯᠡᠯᠳᠡ ᠶᠢ | ᠪᠡᠶᠡᠯᠡᠬᠦᠯᠪᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠪᠠ ︽ | ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ | ︽ᠭᠤᠷᠪᠠᠨ ᠴᠢᠩᠭ᠎ᠠ ᠭᠤᠷᠪᠠᠨ ᠪᠤᠳᠠᠳᠠᠢ︾ ᠳᠤᠰᠬᠠᠢ ᠰᠡᠳᠦᠪᠳᠦ ᠬᠦᠮᠦᠵᠢᠯ ᠢ ᠬᠦᠨᠵᠡᠭᠡᠢ ᠥᠷᠨᠢᠬᠦᠯᠦᠨ᠂ ︽ | ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠶᠢ | ᠪᠠᠶᠢᠩᠭᠤᠵᠢᠭᠤᠯᠤᠨ ᠲᠦᠷᠢᠮᠵᠢᠭᠦᠯᠬᠦ ᠶᠢ ᠠᠬᠢᠭᠤᠯᠵᠦ᠂ ︽ᠲᠥᠪ ᠤᠨ ᠨᠠᠢᠮᠠᠨ ᠳᠤᠭᠳᠠᠭᠠᠯ︾ ᠤᠨ ᠵᠤᠷᠢᠭ ᠰᠠᠨᠠᠭ᠎ᠠ | ᠪᠠ ᠤᠷᠤᠨ᠂ ᠠᠶᠢᠮᠠᠭ᠂ ᠬᠤᠰᠢᠭᠤᠨ ᠤ ᠳᠦᠬᠦᠷ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠳᠦᠷᠪᠡᠨ | ᠰᠤᠷᠳᠠᠯ︾ ᠤᠨ ᠳᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠵᠠᠰᠠᠨ ᠴᠡᠭᠴᠡᠯᠡᠵᠦ᠂ ᠵᠠᠰᠠᠭ ᠤᠨ ᠰᠤᠷᠳᠠᠯ᠂ | ᠠᠵᠢᠯ ᠲᠦᠷᠦᠯ ᠤᠨ ᠰᠤᠷᠳᠠᠯ ᠢ ᠢᠯᠡᠷᠬᠡᠢ ᠰᠠᠶᠢᠵᠢᠷᠠᠭᠤᠯᠤᠨ᠂ ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠦᠨ ᠢ | ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠪᠢᠳᠡ ᠬᠦᠴᠢᠷ ᠢ ᠳᠤᠭᠤᠯᠤᠨ᠂ ᠡᠷᠡᠯᠭᠡᠭᠯᠡᠨ ᠲᠡᠮᠡᠴᠡᠵᠦ᠂ | ᠠᠵᠤ ᠠᠬᠤᠢ ᠨᠡᠶᠢᠭᠡᠮ ᠤᠨ ᠬᠦᠭᠵᠢᠯᠳᠡ ᠰᠢᠨ᠎ᠡ ᠦᠰᠦᠷᠦᠯᠳᠡ ᠶᠢ ᠪᠡᠶᠡᠯᠡᠬᠦᠯᠪᠠ᠃ ᠲᠠᠪᠤᠨ ᠵᠢᠯ ᠤᠨ ᠬᠦᠭᠵᠢᠯᠳᠡ | ᠪᠠᠨ ᠡᠷᠬᠢᠴᠡᠬᠦᠯᠪᠡᠯ᠂ ᠡᠨᠡᠬᠦ ᠲᠠᠪᠤᠨ ᠵᠢᠯ ᠪᠤᠯ ᠮᠠᠨ ᠤ ᠬᠤᠰᠢᠭᠤᠨ ᠤ ᠠᠵᠤ ᠠᠬᠤᠢ᠂ ᠤᠯᠤᠰ ᠲᠦᠷᠦ᠂ ᠰᠤᠶᠤᠯ᠂ | ᠨᠡᠶᠢᠭᠡᠮ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠭᠰᠠᠨ | ᠲᠠᠪᠤᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠥᠭᠡᠷᠡᠴᠢᠯᠡᠯᠳᠡ ᠶᠢ ᠪᠦᠬᠦ ᠲᠠᠯ᠎ᠠ ᠪᠠᠷ | ᠬᠦᠨᠵᠡᠭᠡᠶᠢᠷᠡᠬᠦᠯᠤᠨ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠭᠰᠠᠨ ᠠᠴᠠ ᠡᠯ᠎ᠠ ᠲᠥᠷᠥᠯ ᠤᠨ ᠠᠵᠢᠯ ᠵᠤᠬᠢᠴᠠᠩᠭᠤᠢ ᠪᠠᠷ ᠬᠦᠭᠵᠢᠭᠰᠡᠨ ᠲᠠᠪᠤᠨ ᠵᠢᠯ᠂ ᠰᠠᠭᠤᠷᠢ | ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠳᠦᠷᠭᠡᠳᠬᠡᠨ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠢ | ᠲᠡᠩᠴᠡᠭᠦᠷᠢᠳᠡᠢ ᠬᠦᠭᠵᠢᠭᠦᠯᠦᠨ᠂ ᠠᠷᠠᠳ ᠤᠯᠠᠨ ᠤ ᠬᠦᠷᠳᠡᠭᠡᠯ ᠤᠨ ᠬᠡᠮᠵᠢᠶ᠎ᠡ ᠮᠡᠳᠡᠭᠳᠡᠮ᠎ᠠ ᠨᠡᠮᠡᠭᠳᠡᠭᠰᠡᠨ ᠲᠠᠪᠤᠨ ᠵᠢᠯ | ᠪᠤᠯᠤᠨ᠎ᠠ᠃ ᠡᠳᠡᠭᠡᠷ ᠠᠮᠵᠢᠯᠳᠠ ᠶᠢ ᠤᠯᠤᠭᠰᠠᠨ ᠶᠠᠪᠣᠳᠠᠯ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠪᠦᠬᠦ ᠬᠤᠰᠢᠭᠤᠨ ᠤ ᠡᠯ᠎ᠠ | ᠦᠨᠳᠦᠰᠦᠳᠡᠨ ᠤ ᠺᠠᠳ᠋ᠷ ᠤᠯᠠᠨ ᠲᠥᠮᠡᠨ ᠪᠦᠯᠬᠦᠮᠳᠡᠨ ᠨᠢᠬᠳᠠᠷᠠᠵᠤ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠥᠩ | ᠪᠤᠯᠬᠤ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠬᠥᠪᠡᠭᠡᠲᠦ ᠰᠢᠷ᠎ᠠ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠷᠭ᠎ᠠ ᠪᠤᠳᠤᠯᠭ᠎ᠠ ᠭᠠᠷᠭᠠᠨ᠂ ᠰᠢᠷᠭᠠᠭᠤ | ᠬᠠᠳᠠᠭᠤᠵᠢᠯᠲᠠᠢ ᠠᠵᠢᠯᠯᠠᠵᠤ᠂ ᠢᠳᠡᠪᠬᠢᠲᠡᠢ ᠨᠡᠮᠡᠷᠢ ᠬᠠᠨᠳᠢᠪ ᠢᠶᠠᠨ ᠡᠷᠭᠦᠭᠰᠡᠨ ᠡᠯ᠎ᠡ ᠠᠵᠢᠯ ᠲᠦᠷᠦᠯ ᠶᠢᠨ ᠬᠢᠨ᠂ | ᠡᠯ᠎ᠡ ᠠᠵᠢᠯ ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠥᠮᠡᠨ᠂ ᠬᠦᠪᠡᠭᠡᠲᠦ | ᠰᠢᠷ᠎ᠠ ᠬᠤᠰᠢᠭᠤᠨ ᠤ ᠬᠦᠭᠵᠢᠯᠳᠡ ᠪᠠ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ | ᠬᠢᠨ ᠳᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠠ︕ | ᠪᠢᠳᠡ ᠠᠮᠵᠢᠯᠳᠠ ᠪᠠᠨ ᠤᠯᠵᠤ ᠬᠠᠷᠠᠬᠤ ᠶᠢᠨ ᠳᠠᠭᠠᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ | ᠤᠨ ᠬᠦᠭᠵᠢᠯᠳᠡ ᠳᠤ ᠤᠷᠤᠰᠢᠵᠦ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢ ᠰᠡᠷᠬᠡᠭ ᠢᠶᠠᠷ ᠤᠯᠵᠦ | ᠲᠠᠨᠢᠬᠤ ᠬᠡᠷᠡᠭᠳᠡᠢ᠃ ᠨᠢᠭᠡ ᠳᠤ᠂ ᠬᠦᠭᠵᠢᠯᠳᠡ ᠶᠢᠨ ᠶᠠᠰᠣ ᠴᠢᠨᠠᠷ ᠪᠤᠯᠤᠨ ᠦᠷ᠎ᠡ ᠠᠰᠢᠭ ᠲᠤᠤᠷ᠎ᠠ᠂ ᠠᠵᠤ ᠠᠬᠤᠢ | ᠶᠢᠨ ᠶᠡᠷᠥᠩᠬᠡᠢ ᠬᠡᠮᠵᠢᠶ᠎ᠡ ᠪᠠᠭ᠎ᠠ᠂ ᠠᠵᠦ ᠦᠢᠯᠡᠰ ᠤᠨ ᠲᠡᠰ ᠳᠠᠪᠬᠤᠷᠭ᠎ᠠ ᠳᠤᠤᠷ᠎ᠠ᠂ ᠮᠠᠯ ᠠᠵᠤ ᠠᠬᠤᠢ ᠶᠢᠨ ᠨᠡᠷ᠎ᠡ | ᠳᠡᠮᠳᠡᠭ ᠤᠨ ᠦᠷ᠎ᠡ ᠠᠰᠢᠭ ᠢᠯᠡᠷᠬᠡᠢ ᠪᠤᠰᠤ᠂ ᠡᠬᠢ ᠪᠠᠶᠠᠯᠢᠭ ᠤᠨ ᠪᠤᠰᠤ ᠠᠵᠦ ᠦᠢᠯᠡᠰ ᠪᠠ ᠪᠦᠬᠦ ᠤᠷᠤᠨ ᠪᠦᠰᠡ | ᠶᠢᠨ ᠵᠢᠭᠤᠯᠴᠢᠯᠠᠯ ᠢᠶᠠᠷ ᠭᠤᠤᠯ ᠪᠤᠯᠭᠠᠭᠰᠠᠨ ᠣᠳᠣᠭᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ | ᠪᠦᠷᠢᠨ ᠪᠣᠰᠣ ᠪᠠᠶᠢᠨ᠎ᠠ᠃ ᠬᠤᠶᠠᠷ ᠲᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠣᠭᠠᠰᠣ ᠨᠡᠯᠢᠶᠡᠳ ᠶᠡᠭᠡ᠂ ᠡᠳ᠋ | ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠯᠢᠶᠡᠳ ᠳᠤᠪᠤᠶᠢᠮ᠎ᠠ᠂ ᠤᠷᠤᠨ ᠨᠤᠳᠤᠭ ᠤᠨ ᠴᠢᠨᠠᠷᠳᠠᠢ | ᠥᠷᠢ ᠰᠢᠷᠢ ᠶᠢᠨ ᠳᠠᠷᠣᠭᠠᠰᠣ ᠨᠡᠯᠢᠶᠡᠳ ᠬᠦᠨᠳᠦ ᠪᠠᠶᠢᠨ᠎ᠠ᠃ ᠭᠤᠷᠪᠠ ᠳᠤ᠂ ᠰᠠᠭᠤᠷᠢ ᠳᠦᠭᠦᠭᠡᠷᠥᠮᠵᠢ ᠶᠢᠨ | ᠪᠦᠳᠦᠭᠡᠨ ᠪᠠᠶᠢᠭᠤᠯᠤᠯᠳᠠ ᠨᠡᠯᠢᠶᠡᠳ ᠬᠤᠴᠤᠷᠤᠩᠭᠤᠢ᠂ ᠬᠦᠭᠵᠢᠯᠳᠡ ᠶᠢ ᠳᠤᠯᠭᠠᠷᠢᠯᠠᠭᠤᠯᠬᠤ ᠪᠠᠳᠤᠯᠠᠭ᠎ᠠ ᠶᠢᠨ | ᠴᠢᠳᠠᠪᠤᠷᠢ ᠠᠨᠠᠢ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠪᠠᠰᠠ ᠪᠠᠭ᠎ᠠ ᠪᠤᠰᠤ ᠪᠠᠭᠤᠷᠠᠢ ᠲᠠᠯ᠎ᠠ | ᠤᠷᠤᠰᠢᠵᠤ᠂ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠲᠠᠯ᠎ᠠ ᠳᠤ ᠪᠠᠭ᠎ᠠ ᠪᠣᠰᠣ ᠠᠰᠠᠭᠤᠳᠠᠯ ᠣᠷᠣᠰᠢᠵᠤ᠂ | ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠭᠦᠷᠭᠡ ᠬᠦᠨᠳᠦ ᠪᠠᠶᠢᠨ᠎ᠠ᠃ ᠪᠢᠳᠡ ᠵᠠᠪᠠᠯ | ᠬᠠᠷᠢᠭᠤᠴᠠᠯᠭᠠᠳᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠣᠬᠠᠮᠰᠠᠷ ᠢᠶᠠᠨ ᠤᠯᠠᠮ ᠴᠢᠩᠭᠠᠳᠬᠠᠨ᠂ ᠬᠦᠴᠦᠲᠠᠢ | ᠠᠷᠭ᠎ᠠ ᠬᠡᠮᠵᠢᠶ᠎ᠡ ᠶᠢ ᠠᠪᠴᠤ ᠡᠳᠡᠭᠡᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ | ᠤᠭᠳᠣ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠲᠡᠢ᠃ | ᠬᠤᠶᠠᠷ᠂ ᠬᠤᠶᠢᠰᠢᠲᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠡᠮᠡᠴᠡᠬᠦ ᠬᠠᠷᠠᠯᠲᠠ | ᠪᠤᠯᠤᠨ ᠠᠵᠢᠯ ᠤᠨ ᠭᠤᠤᠯᠳᠠᠯᠭ᠎ᠠ | ᠬᠤᠶᠢᠰᠢᠲᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠦᠷᠢᠲᠦ ᠴᠠᠭ ᠬᠤᠭᠤᠴᠠᠭ᠎ᠠ᠂ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠠᠵᠤ ᠠᠬᠤᠢ ᠶᠢᠨ | ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠤᠨ᠂ ᠪᠤᠭᠤᠮᠲᠠ ᠰᠢᠪᠲᠤᠯᠬᠤ | ᠴᠠᠭ ᠬᠤᠭᠤᠴᠠᠭ᠎ᠠ ᠪᠤᠯᠤᠨ᠎ᠠ᠃ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠥᠩᠬᠡᠢ | ᠰᠡᠳᠬᠢᠴᠡ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ | ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠲᠡ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ︽ | ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠤᠨ᠂ | ᠰᠢᠨ᠎ᠡ ᠶᠢ ᠡᠭᠦᠳᠬᠦ᠂ ᠵᠤᠬᠢᠴᠠᠭᠤᠯᠬᠤ᠂ ᠪᠤᠬᠢᠷᠳᠣᠯ ᠦᠭᠡᠢ᠂ ᠨᠡᠬᠡᠬᠡᠯᠲᠡᠲᠦ᠂ ᠬᠠᠮᠳᠣᠪᠠᠷ ᠡᠳ᠋ᠯᠡᠬᠦ ᠬᠦᠭᠵᠢᠯᠲᠡ ᠶᠢᠨ | ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠤᠨ᠂ ᠲᠤᠭᠲᠠᠭᠤᠨ ᠤ ᠲᠤᠮᠳᠠ ᠣᠷᠣᠭᠰᠢᠯᠠᠬᠤ ᠠᠵᠢᠯ ᠤᠨ | ᠶᠡᠷᠥᠩᠬᠡᠢ ᠬᠦᠭ ᠠᠶᠠᠰ ᠢ ᠪᠠᠷᠢᠮᠲᠠᠯᠠᠵᠤ᠂ ᠦᠨᠳᠦᠷ ᠶᠠᠰᠣ ᠴᠢᠨᠠᠷ ᠪᠦᠬᠦᠢ ᠬᠦᠭᠵᠢᠯᠲᠡ ᠶᠢᠨ ᠱᠠᠭᠠᠷᠳᠠᠯᠭ᠎ᠠ ᠪᠠᠷ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠣᠭᠤᠮ ᠪᠤᠯᠭᠠᠨ᠂ | ᠬᠦᠭᠵᠢᠯᠲᠡ᠂ ᠠᠮᠢ ᠠᠬᠤᠢ᠂ ᠠᠷᠠᠳ ᠤᠨ ᠠᠮᠢᠳᠣᠷᠠᠯ ᠵᠡᠷᠭᠡ ᠭᠤᠷᠪᠠᠨ ᠱᠣᠭᠤᠮ ᠢ ᠪᠠᠲᠤ ᠰᠠᠬᠢᠨ᠂ ᠰᠢᠨ᠎ᠡ ᠬᠡᠯᠪᠡᠷᠢ | ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ ᠪᠠᠯᠭᠠᠰᠣᠵᠢᠯᠲᠠ᠂ ᠮᠠᠯ ᠠᠵᠤ ᠠᠬᠤᠢ ᠤᠨ | ᠣᠳᠣᠬᠢᠴᠢᠯᠠᠯᠲᠠ ᠶᠢ ᠵᠡᠷᠭᠡᠪᠡᠷ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠬᠦ | ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠰᠠᠭᠤᠷᠢ ᠲᠦᠭᠦᠭᠡᠷᠦᠮᠵᠢ᠂ ᠰᠠᠭᠤᠷᠢ ᠠᠵᠤ ᠦᠢᠯᠡᠰ᠂ ᠦᠨᠳᠦᠰᠦᠨ | ᠱᠠᠲᠤᠨ ᠤ ᠠᠵᠢᠯ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠭᠤᠷᠠᠢ ᠲᠠᠯ᠎ᠠ ᠶᠢ ᠨᠦᠬᠦᠪᠦᠷᠢᠯᠡᠵᠦ᠂ | ᠠᠵᠤ ᠠᠬᠤᠢ ᠶᠢᠨ ᠶᠡᠷᠥᠩᠬᠡᠶᠢᠯᠡᠭᠰᠡᠨ ᠪᠤᠳᠠᠳᠣ ᠬᠦᠴᠦᠨ ᠢ ᠲᠠᠰᠣᠷᠠᠯᠲᠠ ᠦᠭᠡᠢ ᠨᠡᠮᠡᠭᠳᠡᠭᠦᠯᠦᠨ᠂ ᠠᠷᠠᠳ ᠤᠨ | ᠠᠮᠢᠳᠣᠷᠠᠯ ᠢ ᠦᠷᠬᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠠᠬᠢᠭᠤᠯᠤᠨ᠎ᠠ᠃ | ᠭᠤᠤᠯ ᠲᠡᠮᠡᠴᠡᠬᠦ ᠬᠠᠷᠠᠯᠲᠠ ᠪᠤᠯ᠄ 2022 ᠤᠨ ᠪᠤᠯᠬᠤ ᠳᠤ᠂ ᠪᠦᠬᠦ ᠬᠤᠰᠢᠭᠤᠨ ᠤ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠥᠩᠬᠡᠢ ᠦᠷᠳᠡᠭ ᠢ 34.8 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ | ᠪᠠᠷ 8% ᠪᠠᠷ ᠨᠡᠮᠡᠭᠳᠡᠭᠦᠯᠦᠨ᠎ᠡ᠃ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 38.4 ᠳ᠋ᠦᠩᠰᠢᠭᠤᠷ | ᠲᠦᠭᠦᠷᠢᠭ ᠲᠤ ᠭᠦᠷᠭᠡᠵᠤ᠂ ᠵᠢᠯ ᠳᠤ ᠳᠣᠮᠳᠠᠴᠢ ᠪᠠᠷ 15% ᠪᠠᠷ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠡᠳ᠋ | ᠤᠨ ᠵᠠᠰᠠᠭ ᠤᠨ ᠲᠦᠰᠦᠪ ᠤᠨ ᠣᠷᠣᠯᠭ᠎ᠠ ᠶᠢ 2.18 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ | ᠳᠣᠮᠳᠠᠴᠢ ᠪᠠᠷ 6.6% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ | ᠬᠤᠳᠠᠯᠳᠣᠬᠤ ᠶᠠᠷᠥᠩᠬᠡᠢ ᠬᠡᠮᠵᠢᠶ᠎ᠡ ᠶᠢ 9.1 ᠳ᠋ᠦᠩᠰᠢᠭᠤᠷ ᠲᠦᠭᠦᠷᠢᠭ ᠲᠤ ᠬᠦᠷᠭᠡᠵᠦ᠂ ᠵᠢᠯ ᠳᠤ ᠳᠣᠮᠳᠠᠴᠢ ᠪᠠᠷ 8. | 4% ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠳᠣᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ 52600 ᠲᠦᠭᠦᠷᠢᠭ ᠲᠤ ᠬᠦᠷᠭᠡᠵᠤ᠂ ᠵᠢᠯ ᠳᠤ | ᠳᠣᠮᠳᠠᠴᠢ ᠪᠠᠷ 8% ᠪᠠᠷ ᠨᠡᠮᠡᠭᠳᠡᠭᠦᠯᠵᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ | ᠳᠣᠮᠳᠠᠴᠢ ᠵᠢᠨᠲ᠋ᠤᠬᠢᠷᠠᠭᠤᠯᠵᠤ ᠪᠤᠯᠬᠤᠶᠢᠴᠠ ᠣᠷᠣᠯᠭ᠎ᠠ ᠶᠢ 20300 ᠲᠦᠭᠦᠷᠢᠭ ᠲᠤ ᠬᠦᠷᠭᠡᠵᠦ᠂ ᠵᠢᠯ ᠳᠤ | ᠳᠣᠮᠳᠠᠴᠢ ᠪᠠᠷ 9% ᠪᠠᠷ ᠨᠡᠮᠡᠭᠳᠡᠭᠦᠯᠦᠨ᠎ᠡ᠃ | ᠵᠢᠱᠢᠭᠰᠡᠨ ᠬᠠᠷᠠᠯᠲᠠ ᠶᠢ ᠲᠤᠭᠳᠠᠭᠠᠬᠤ ᠳᠠᠭᠠᠨ᠂ ᠶᠡᠷᠥᠩᠬᠡᠢ ᠬᠡᠮᠵᠢᠶ᠎ᠡ ᠶᠢ ᠨᠡᠮᠡᠭᠳᠡᠭᠦᠯᠬᠦ ᠪᠠ ᠪᠦᠲᠦᠴᠡ | ᠶᠢ ᠰᠢᠯᠢᠳᠡᠭᠵᠢᠭᠦᠯᠬᠦ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠ ᠨᠡᠬᠡᠬᠡᠯᠲᠡ ᠬᠢᠵᠤ ᠰᠢᠨ᠎ᠡ ᠶᠢ ᠡᠬᠦᠳᠬᠦ᠂ | ᠪᠤᠬᠢᠷᠳᠣᠯ ᠦᠭᠡᠢ ᠣᠷᠴᠢᠨ ᠲᠤᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠡᠶ᠎ᠡ ᠵᠤᠬᠢᠴᠠᠯ ᠵᠡᠷᠭᠡ ᠡᠯ᠎ᠡ ᠲᠠᠯ᠎ᠠ ᠶᠢᠨ | ᠬᠦᠴᠦᠨ ᠵᠦᠢᠯ ᠢ ᠭᠦᠢᠴᠡᠳ ᠪᠤᠳᠣᠯᠬᠢᠯᠠᠵᠤ᠂ ᠴᠢᠳᠠᠯ ᠤᠨ ᠬᠢᠷᠢ ᠪᠠᠷ ᠬᠢᠵᠤ᠂ ᠢᠳᠡᠪᠬᠢᠲᠡᠢ ᠤᠷᠤᠭᠰᠢᠯᠠᠨ | ᠳᠠᠪᠰᠢᠬᠤ ᠵᠠᠷᠴᠢᠮ ᠢ ᠪᠠᠷᠢᠮᠲᠠᠯᠠᠪᠠ᠂ ᠭᠡᠪᠡᠴᠦ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠰᠢᠷᠭᠠᠭᠤ ᠬᠠᠲᠠᠭᠤᠵᠢᠯᠲᠠᠢ | ᠴᠢᠷᠮᠠᠶᠢᠯᠭ᠎ᠠ ᠱᠠᠭᠠᠷᠳᠠᠭᠳᠠᠨ᠎ᠠ᠃ | ︵ᠨᠢᠭᠡ︶ ᠰᠢᠨ᠎ᠡ ᠶᠢ ᠡᠭᠦᠳᠦᠨ ᠬᠦᠭᠵᠢᠭᠦᠯᠬᠦ ᠪᠠᠷ ᠬᠦᠳᠡᠯᠭᠡᠬᠦ ᠬᠦᠴᠦᠨ ᠪᠤᠯᠭᠠᠨ᠂ ᠠᠵᠤ ᠦᠢᠯᠡᠰ | ᠤᠨ ᠬᠦᠭᠵᠢᠯᠲᠡ ᠶᠢᠨ ᠳᠡᠰ ᠳᠠᠪᠬᠤᠷᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ | ᠭᠦᠭᠵᠢᠯᠲᠡ ᠶᠢ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠪᠤᠯᠭᠠᠨ᠂ ᠠᠵᠤ ᠦᠢᠯᠡᠰ᠂ ᠨᠡᠷᠡᠲᠦ ᠲᠡᠮᠳᠡᠭ᠂ | ᠲᠦᠷᠢᠮ ᠵᠡᠷᠭᠡ ᠬᠦᠷᠢᠶ᠎ᠡ ᠴᠠᠷᠠᠭᠠᠨ ᠳᠤ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠤᠨ᠂ ᠠᠵᠤ ᠠᠬᠤᠢ ᠶᠢᠨ | ᠬᠦᠭᠵᠢᠯᠲᠡ ᠶᠢᠨ ᠳᠣᠲᠤᠭᠠᠳᠣ ᠬᠦᠳᠡᠯᠭᠡᠬᠦ ᠬᠦᠴᠦᠨ ᠢ ᠪᠤᠢ ᠪᠤᠯᠭᠠᠨ᠂ ᠠᠵᠤ ᠦᠢᠯᠡᠰ ᠶᠢ ᠤᠶᠤᠨᠴᠢ᠂ | ᠪᠠᠶᠢᠭᠠᠯᠢᠯᠢᠭ᠂ ᠦᠢᠯᠡᠴᠢᠯᠡᠭᠡ᠂ ᠦᠨᠳᠦᠷ ᠳᠡᠰ ᠲᠡᠰᠢ ᠬᠤᠪᠢᠷᠠᠭᠤᠯᠬᠤ ᠶᠢ ᠠᠬᠢᠭᠤᠯᠵᠤ᠂ ᠣᠯᠠᠮᠵᠢᠯᠠᠯᠲᠣ ᠠᠵᠤ | ᠦᠢᠯᠡᠰ ᠢ ᠰᠢᠨ᠎ᠡ ᠬᠡᠯᠪᠡᠷᠢᠵᠢᠭᠦᠯᠦᠨ᠂ ᠰᠢᠨ᠎ᠡ ᠪᠠᠷ ᠬᠦᠭᠵᠢᠭᠰᠡᠨ ᠠᠵᠣ ᠦᠢᠯᠡᠰ ᠢ ᠬᠡᠪᠴᠢᠶᠡᠵᠢᠭᠦᠯᠦᠨ᠂ | ᠲᠤᠯᠭᠠᠭᠤᠷᠢᠯᠠᠬᠤ ᠠᠵᠤ ᠦᠢᠯᠡᠰ ᠢ ᠣᠯᠠᠨ ᠡᠰᠢᠵᠢᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠢᠳᠡᠭ ᠢᠳᠡᠭ ᠢᠶᠠᠷ ᠪᠠᠶᠢᠭᠤᠯᠤᠨ᠎ᠠ᠃ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠨ ᠬᠦᠭᠵᠢᠭᠦᠯᠦᠨ᠎ᠡ᠃ | ᠦᠨᠳᠦᠷ ᠦᠷ᠎ᠡ ᠠᠰᠢᠭᠲᠦ᠂ ᠠᠮᠢ ᠠᠬᠤᠢ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ | ᠬᠦᠭᠵᠢᠬᠦᠯᠬᠦ ᠪᠠᠷ ᠭᠤᠤᠯ ᠰᠢᠪᠳᠣᠯᠣᠯᠲᠠ ᠪᠤᠯᠭᠠᠨ᠂ ︽ᠬᠤᠨᠢ ᠶᠢ ᠴᠦᠬᠡᠴᠢᠯᠡᠨ ᠦᠬᠡᠷ ᠢ ᠨᠡᠮᠡᠭᠳᠡᠭᠦᠯᠬᠦ᠂ ᠴᠢᠨᠠᠷ ᠢ | ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ︾ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠴᠦᠬᠡᠨ ᠮᠠᠯᠵᠢᠬᠤ | ᠨᠠᠷᠢᠯᠢᠭ ᠮᠠᠯᠵᠢᠬᠤ ᠨᠡᠷ᠎ᠡ ᠲᠡᠮᠳᠡᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠴᠠᠬᠠᠷ ᠬᠤᠨᠢᠨ ᠤ ᠨᠡᠷ᠎ᠡ | ᠲᠡᠮᠳᠡᠭ ᠢ ᠡᠭᠦᠳᠴᠦ᠂ ︽ᠬᠤᠶᠠᠷ ᠲᠤᠭᠤᠷᠢᠭ ᠬᠤᠶᠠᠷ ᠪᠦᠰᠡ︾ ᠶᠢᠨ ᠰᠠᠶᠢᠨ ᠡᠭᠦᠯᠳᠡᠷ ᠤᠨ ᠦᠬᠡᠷ ᠲᠡᠵᠢᠭᠡᠨ | ᠦᠷᠡᠵᠢᠭᠦᠯᠬᠦ ᠭᠤᠤᠯᠳᠠᠯᠭᠠᠲᠤ ᠣᠷᠣᠨ ᠲᠤᠭᠤᠷᠢᠭ ᠢ ᠲᠤᠭᠲᠠᠭᠠᠵᠤ᠂ ᠴᠠᠬᠠᠷ ᠬᠤᠨᠢ ᠪᠠ ᠰᠢᠯᠢᠳᠡᠭ ᠡᠭᠦᠯᠳᠡᠷ ᠤᠨ | ᠮᠢᠬᠠᠨ ᠦᠬᠡᠷ ᠢ ᠲᠡᠵᠢᠭᠡᠨ ᠦᠷᠡᠵᠢᠭᠦᠯᠬᠦ ᠶᠢ ᠰᠠᠶᠢᠲᠣᠷ ᠠᠳᠬᠤᠵᠤ᠂ ᠰᠠᠭᠠᠯᠢ ᠶᠢᠨ ᠦᠨᠢᠶ᠎ᠡ ᠠᠷᠠᠴᠢᠯᠠᠨ ᠮᠠᠯᠵᠢᠬᠤ | ᠬᠦᠷᠢᠶ᠎ᠡ ᠬᠡᠪᠴᠢᠶ᠎ᠡ ᠶᠢ ᠲᠤᠭᠲᠠᠪᠤᠷᠢᠵᠢᠭᠤᠯᠤᠨ᠂ ᠣᠯᠠᠨ ᠬᠡᠯᠪᠡᠷᠢ ᠶᠢᠨ ᠵᠤᠬᠢᠰᠲᠠᠢ ᠬᠡᠪᠴᠢᠶᠡᠵᠢᠭᠦᠯᠦᠨ ᠡᠵᠡᠩᠨᠡᠬᠦ ᠶᠢ | ᠵᠤᠷᠢᠭᠵᠢᠭᠤᠯᠤᠨ᠂ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠵᠦ᠂ | ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠤᠨ᠂ ︽ᠠᠵᠤ ᠠᠬᠤᠶᠢᠯᠠᠯ | + ᠬᠤᠷᠰᠢᠶᠠᠵᠢᠯ + ᠰᠠᠭᠤᠷᠢᠨ ᠭᠠᠵᠠᠷ + ᠲᠡᠵᠢᠭᠡᠨ ᠦᠷᠡᠵᠢᠭᠦᠯᠬᠦ ᠡᠷᠦᠬᠡ︾ ᠶᠢᠨ ᠬᠡᠪ ᠵᠠᠬᠠᠪᠤᠷ ᠢ ᠳᠡᠯᠭᠡᠷᠡᠭᠦᠯᠵᠦ | ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠤᠨ᠎ᠠ᠃ ᠨᠠᠷᠠ ᠰᠠᠯᠬᠢᠨ ᠤ ᠴᠡᠪᠡᠷ | ᠡᠨᠧᠷᠬᠢ ᠶᠢᠨ ᠠᠵᠤ ᠦᠢᠯᠡᠰ ᠢ ᠢᠳᠡᠪᠬᠢᠲᠡᠢ ᠬᠦᠭᠵᠢᠭᠦᠯᠵᠦ᠂ ᠵᠠᠭᠤᠨ ᠲᠦᠮᠡᠨ ᠺᠢᠯᠤᠸᠠᠲ ᠶᠢᠨ ᠨᠠᠷᠠ ᠰᠠᠯᠬᠢᠨ ᠤ | ᠰᠢᠨ᠎ᠡ ᠡᠨᠧᠷᠬᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠵᠤ᠂ ᠴᠢᠯᠠᠭᠤᠨ | ᠲᠤᠰᠣᠨ ᠤ ᠠᠵᠤ ᠠᠬᠤᠶᠢᠯᠠᠯ ᠢ ᠮᠡᠷᠭᠡᠵᠢᠯ ᠢᠶᠠᠨ ᠰᠢᠨᠡᠴᠢᠯᠡᠨ ᠭᠠᠷᠣᠯᠲᠠ ᠪᠠᠨ ᠲᠤᠭᠳᠠᠪᠤᠷᠢᠵᠢᠭᠤᠯᠬᠤ ᠶᠢ | ᠵᠤᠷᠢᠭᠵᠢᠭᠤᠯᠤᠨ᠎ᠠ︔ ᠨᠡᠭᠦᠷᠡᠰᠦ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠦᠨᠳᠦᠷ ᠨᠡᠮᠡᠯᠲᠡ ᠦᠷᠲᠡᠭ | ᠪᠦᠬᠦᠢ ᠪᠦᠲᠦᠭᠡᠭᠳᠡᠭᠦᠨ ᠢ ᠰᠣᠳᠣᠯᠣᠨ ᠬᠦᠭᠵᠢᠬᠦᠯᠬᠦ ᠶᠢ ᠳᠡᠮᠵᠢᠨ᠂ ᠠᠯᠲᠠ᠂ ᠨᠢᠣᠪᠢ ᠲᠠᠨᠲ᠋ᠠᠯ᠂ ᠸᠣᠯᠹᠷᠠᠮ᠂ | ᠪᠢᠰᠮᠦ᠋ᠲ᠂ ᠮᠦᠩᠭᠦ ᠵᠡᠷᠭᠡ ᠲᠡᠮᠦᠷᠯᠢᠭ ᠢ ᠰᠣᠩᠭᠤᠨ ᠪᠤᠯᠪᠠᠰᠣᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ | ᠪᠤᠬᠢᠷᠳᠣᠯ ᠦᠭᠡᠢ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠂ | ᠣᠯᠠᠨ ᠲᠣᠶᠢᠯᠵᠢᠭᠤᠯᠤᠨ ᠲᠤᠯᠭᠠᠭᠤᠷᠢᠯᠠᠭᠤᠯᠬᠤ᠂ ᠤᠯᠠᠨ ᠡᠰᠢᠵᠢᠭᠦᠯᠦᠨ ᠬᠦᠭᠵᠢᠬᠦᠯᠬᠦ᠂ ᠣᠷᠴᠢᠯᠳᠣᠭᠤᠯᠤᠨ | ᠠᠰᠢᠭᠯᠠᠬᠤ᠂ ᠦᠷ᠎ᠡ ᠠᠰᠢᠭ ᠲᠤᠪᠤᠶᠢᠮ᠎ᠠ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠦᠨ᠎ᠡ᠃ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠰᠣᠶᠣᠯ ᠵᠢᠭᠤᠯᠴᠢᠯᠠᠯ ᠤᠨ | ᠦᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠢᠵᠠᠭᠤᠷ ᠰᠣᠶᠤᠯ ᠪᠠ ᠴᠠᠬᠠᠷ ᠰᠣᠶᠣᠯ ᠤᠨ ᠡᠬᠢ ᠪᠠᠶᠠᠯᠢᠭ ᠢ | ᠭᠦᠨᠵᠡᠭᠡᠢ ᠠᠭᠤᠳᠠᠯᠠᠨ᠂ ᠰᠣᠶᠣᠯ ᠪᠠ ᠵᠢᠭᠤᠯᠴᠢᠯᠡᠯ ᠤᠨ ᠦᠢᠯᠡᠰ ᠢ ᠠᠭᠤᠰᠣᠯᠴᠠᠭᠤᠯᠤᠨ ᠬᠦᠭᠵᠢᠭᠦᠯᠵᠤ᠂ ᠰᠠᠭᠤᠷᠢ | ᠲᠦᠭᠦᠭᠡᠷᠦᠮᠵᠢ ᠪᠠ ᠲᠦᠭᠦᠷ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠂ ᠠᠮᠢ ᠠᠬᠤᠢ ᠶᠢ ᠪᠡᠶᠡᠴᠢᠯᠡᠨ | ᠣᠶᠢᠯᠠᠭᠠᠬᠤ᠂ ᠰᠡᠯᠡᠭᠦᠴᠡᠯ᠂ ᠰᠣᠶᠤᠯ ᠲᠤᠭᠯᠠᠭᠠᠮ᠂ ᠡᠷᠡᠭᠦᠯᠵᠢᠯ ᠰᠣᠪᠢᠯᠠᠯᠲᠠ ᠵᠡᠷᠭᠡ ᠵᠢᠭᠤᠯᠴᠢᠯᠠᠯ ᠤᠨ ᠲᠦᠷᠦᠯ | ᠵᠦᠢᠯ ᠢ ᠶᠡᠬᠡᠪᠡᠷ ᠬᠦᠭᠵᠢᠭᠦᠯᠵᠦ᠂ ᠵᠢᠭᠤᠯᠴᠢᠯᠠᠯ ᠤᠨ ᠰᠢᠯᠢᠳᠡᠭ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠯᠠᠨ ᠲᠦᠷᠦᠯ ᠤᠨ ᠱᠠᠭᠠᠷᠳᠠᠯᠭ᠎ᠠ ᠳᠤ ᠨᠡᠩ ᠰᠠᠶᠢᠨ ᠢᠶᠠᠷ ᠵᠤᠬᠢᠴᠠᠭᠤᠯᠵᠤ᠂ | ︽ᠨᠢᠭᠡ ᠨᠡᠷ᠎ᠡ ᠲᠡᠮᠳᠡᠭ᠂ ᠲᠦᠷᠪᠡᠨ ᠣᠯᠠᠷᠢᠯ ᠤᠨ ᠵᠢᠭᠤᠯᠴᠢᠯᠠᠯ ᠤᠨ ᠨᠠᠶᠢᠷ︾ ᠤᠨ ᠨᠦᠯᠦᠭᠡᠯᠡᠬᠦ ᠬᠦᠴᠦᠨ ᠢ | ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠭᠦᠢᠯᠭᠡᠭᠡ᠂ ᠬᠤᠭᠤᠯᠠ ᠤᠮᠳᠠᠭᠠᠨ᠂ ᠬᠤᠨᠤᠭ | ᠪᠠᠭᠤᠳᠠᠯ᠂ ᠮᠠᠰᠢᠨ ᠲᠡᠷᠭᠡᠨ ᠤ ᠰᠡᠯᠪᠢᠨ ᠵᠠᠰᠠᠯᠲᠠ ᠵᠡᠷᠭᠡ ᠣᠯᠠᠮᠵᠢᠯᠠᠯᠲᠤ ᠦᠢᠯᠡᠴᠢᠯᠡᠭᠡᠨ ᠤ ᠦᠢᠯᠡᠰ ᠢ | ᠰᠢᠯᠢᠳᠡᠭᠵᠢᠭᠦᠯᠦᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠰᠣᠶᠤᠯ ᠤᠨ ᠡᠭᠦᠳᠣᠯᠲᠡ᠂ ᠵᠤᠬᠢᠶᠠᠮᠠᠯ ᠣᠶᠤᠨᠴᠢ | ᠴᠢᠳᠠᠪᠤᠷᠢ᠂ ᠲᠤᠮᠤ ᠳ᠋ᠡᠶᠢᠲ᠋ᠡ᠂ ᠪᠤᠳᠠᠰ ᠤᠨ ᠢᠨᠲ᠋ᠧᠷ ᠰᠦᠯᠵᠢᠶ᠎ᠡ᠂ ᠮᠦᠩᠭᠦᠨ ᠭᠦᠢᠯᠭᠡᠭᠡ ᠳᠠᠭᠠᠳᠬᠠᠯ᠂ ᠬᠠᠤᠯᠢ | ᠴᠠᠭᠠᠵᠠ ᠶᠢᠨ ᠦᠢᠯᠡᠴᠢᠯᠡᠭᠡ᠂ ᠯᠠᠪᠯᠠᠬᠤ ᠵᠠᠭᠤᠴᠢ ᠵᠡᠷᠭᠡ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ | ᠢᠳᠡᠪᠬᠢᠲᠡᠢ ᠬᠦᠭᠵᠢᠭᠦᠯᠦᠨ᠎ᠡ᠃ | ︵ᠬᠤᠶᠠᠷ︶ ᠵᠤᠬᠢᠴᠠᠭᠤᠯᠤᠨ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ ᠬᠤᠲᠠ ᠬᠦᠳᠡᠭᠡ ᠶᠢᠨ | ᠬᠦᠭᠵᠢᠯᠲᠡ ᠶᠢᠨ ᠲᠦᠷᠢ ᠲᠦᠷᠬᠦ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠤᠲᠠ ᠪᠠᠯᠭᠠᠰᠣᠵᠢᠯᠲᠠ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠦᠯᠦᠪᠵᠢᠭᠦᠯᠦᠨ ᠵᠢᠯᠤᠭᠤᠳᠬᠤ ᠶᠢ ᠳᠣᠪᠤᠶᠢᠯᠭᠠᠨ᠂ ᠣᠯᠠᠨ | ᠲᠦᠯᠦᠪᠵᠢᠭᠦᠯᠭᠡ ᠶᠢ ᠨᠢᠭᠡᠳᠬᠡᠵᠦ᠂ ︽ᠨᠢᠭᠡ ᠬᠦᠷᠢᠶᠡᠯᠡᠩ ᠬᠤᠶᠠᠷ ᠪᠦᠰᠡ ᠭᠤᠷᠪᠠᠨ ᠭᠤᠤᠯᠳᠣ ᠲᠠᠪᠤᠨ ᠬᠦᠨᠳᠡᠯᠡᠨ | ︾ ᠤ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠰᠣᠶᠤᠯ ᠤᠨ ᠠᠭᠤᠯᠬᠤᠨ ᠢ ᠳᠣᠪᠣᠶᠢᠯᠭᠠᠨ᠂ ᠠᠵᠢᠯᠯᠠᠵᠤ | ᠰᠠᠭᠤᠬᠤ ᠳᠤ ᠲᠠᠭᠠᠯᠠᠮᠵᠢᠲᠠᠢ᠂ ᠢᠯᠠ ᠲᠤᠳᠤ ᠣᠨᠴᠠᠯᠢᠭ ᠪᠦᠬᠦᠢ ᠣᠳᠣᠬᠢᠴᠢᠯᠠᠭᠰᠠᠨ ᠬᠤᠲᠠ ᠪᠠᠯᠭᠠᠰᠤ ᠶᠢ | ᠡᠭᠦᠳᠦᠨ ᠪᠠᠶᠢᠭᠤᠯᠤᠨ᠎ᠠ᠃ ᠢᠯᠴᠢ ᠬᠠᠩᠭᠠᠯᠭ᠎ᠠ᠂ ᠣᠰᠣ ᠬᠠᠩᠭᠠᠯᠭ᠎ᠠ᠂ ᠴᠢᠮᠡᠭᠡ ᠬᠤᠯᠪᠤᠭ᠎ᠠ᠂ ᠵᠠᠮ ᠵᠡᠷᠭᠡ ᠰᠠᠭᠤᠷᠢ | ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠤᠭᠤᠭᠠᠷᠠᠭᠤᠯᠤᠯᠲᠠ᠂ ᠭᠡᠭᠡᠷᠡᠭᠦᠯᠦᠯᠲᠡ᠂ ᠭᠤᠸᠠᠵᠢᠭᠤᠯᠤᠯᠲᠠ᠂ | ᠴᠡᠪᠡᠷᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠂ ︽ᠣᠶᠤᠨᠴᠢ ᠬᠤᠲᠠ︾ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠤᠲᠠ ᠪᠠᠯᠭᠠᠰᠣᠨ ᠤ ᠶᠡᠷᠥᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠨᠡᠮᠡᠭᠳᠡᠭᠦᠯᠦᠨ᠎ᠡ | ᠃ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠦᠯᠲᠡ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠢ | ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ | ᠨᠦᠭᠦᠴᠡᠯ ᠪᠠ ᠣᠷᠴᠢᠨ ᠲᠤᠭᠤᠷᠢᠨ ᠤ ᠦᠩᠭᠡ ᠲᠦᠷᠰᠦ ᠶᠢ ᠦᠷᠬᠦᠯᠵᠢᠯᠡᠨ ᠰᠠᠶᠢᠵᠢᠷᠠᠭᠤᠯᠵᠤ᠂ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠣᠷᠣᠨ ᠳᠤ ᠬᠡᠷᠡᠭᠵᠢᠭᠦᠯᠬᠦ ᠶᠢ ᠠᠬᠢᠭᠤᠯᠤᠨ᠂ ᠨᠡᠶᠢᠭᠡᠮ ᠤᠨ | ᠠᠵᠢᠯ ᠦᠢᠯᠡᠰ ᠢ ᠪᠦᠬᠦ ᠲᠠᠯ᠎ᠠ ᠪᠠᠷ ᠲᠡᠩᠴᠡᠭᠦᠷᠢᠲᠠᠢ ᠬᠦᠭᠵᠢᠭᠦᠯᠬᠦ ᠶᠢ ᠠᠬᠢᠭᠤᠯᠵᠤ᠂ ᠬᠤᠲᠠ ᠬᠦᠳᠡᠭᠡ ᠶᠢᠨ | ᠵᠦᠷᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠲᠤᠮᠤ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ | ᠰᠠᠶᠢᠲᠣᠷ ᠠᠳᠬᠤᠨ᠎ᠠ᠃ ᠰᠦᠨᠢᠳ ᠪᠠᠷᠠᠭᠤᠨ ᠬᠤᠰᠢᠭᠤ ᠠᠴᠠ ᠴᠢᠭᠤᠯᠭᠠᠲᠤ ᠬᠠᠭᠠᠯᠭ᠎ᠠ ᠬᠦᠷᠬᠦ ᠦᠨᠳᠦᠷ | ᠬᠤᠷᠳᠣᠴᠠᠲᠦ ᠵᠠᠰᠠᠮᠠᠯ ᠵᠠᠮ᠂ ᠮᠤᠵᠢ ᠶᠢᠨ ᠳᠡᠰ ᠤᠨ 313 ᠱᠣᠭᠤᠮ᠂ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ | ᠪᠠᠭᠤᠳᠠᠯ ᠪᠤᠯᠤᠨ ᠠᠭᠠᠷ ᠤᠨ ᠠᠵᠤ ᠦᠢᠯᠡᠰ ᠤᠨ ᠬᠦᠷᠢᠶᠡᠯᠡᠩ᠂ ᠵᠢᠷᠦᠬᠡ ᠠᠴᠠ ᠬᠤᠸᠠᠳᠧ ᠬᠦᠷᠬᠦ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠂ ᠲᠦᠷᠪᠡᠨ ᠵᠦᠭ ᠲᠤ ᠨᠡᠪᠲᠡᠷᠡᠬᠦ ᠵᠠᠰᠠᠮᠠᠯ ᠵᠠᠮ | ᠪᠠ ︽ᠠᠭᠠᠷ ᠠᠶᠠᠯᠠᠯ ᠤᠨ ᠱᠣᠭᠤᠮ︾ ᠢ ᠨᠡᠪᠲᠡᠷᠡᠭᠦᠯᠦᠨ᠂ ᠳᠦᠭᠦᠮ ᠳᠦᠲᠡ ᠵᠠᠮ ᠬᠠᠷᠢᠯᠴᠠᠭᠠᠨ ᠤ ᠵᠦᠭᠡᠭᠡᠪᠦᠷᠢ | ᠶᠢᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠴᠠᠬᠢᠯᠭᠠᠨ ᠬᠦᠴᠦᠨ᠂ ᠴᠢᠮᠡᠭᠡ ᠬᠤᠯᠪᠤᠭᠠᠨ ᠤ ᠰᠠᠭᠤᠷᠢ | ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠬᠦᠭᠵᠢᠯᠲᠡ ᠶᠢᠨ ᠪᠠᠲᠤᠯᠠᠭᠠᠨ ᠤ ᠲᠦᠪᠰᠢᠨ ᠢ ᠤᠯᠠᠮ ᠳᠡᠭᠡᠭᠰᠢᠯᠡᠭᠦᠯᠦᠨ᠎ᠡ | ᠃ | ︵ᠭᠤᠷᠪᠠ︶ ᠪᠤᠬᠢᠷᠳᠣᠯ ᠦᠭᠡᠢ ᠬᠦᠭᠵᠢᠯᠲᠡ ᠪᠠᠷ ᠣᠷᠢᠳᠠᠯ ᠪᠤᠯᠭᠠᠨ᠂ ᠠᠮᠢ ᠠᠬᠤᠢ ᠶᠢᠨ ᠠᠮᠣᠷ | ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠴᠣᠭᠴᠠᠯᠠᠨ᠎ᠠ᠃ ᠪᠠᠶᠢᠭᠠᠯᠢ ᠶᠢᠨ ᠵᠢᠮ᠎ᠠ ᠶᠤᠰᠤ ᠶᠢ ᠵᠢᠷᠣᠮᠯᠠᠨ᠂ | ᠬᠠᠶᠢᠷᠠᠯᠠᠨ ᠬᠠᠮᠠᠭᠠᠯᠠᠬᠤ ᠤᠶᠢᠯᠠᠭᠠᠭᠳᠠᠬᠤᠨ ᠢ ᠪᠠᠳᠣ ᠪᠤᠢ ᠪᠤᠯᠭᠠᠨ᠂ ᠬᠦᠭᠵᠢᠬᠦᠯᠬᠦ ᠪᠠ ᠬᠠᠮᠠᠭᠠᠯᠠᠬᠤ ᠬᠠᠷᠢᠴᠠᠭ᠎ᠠ ᠶᠢ | ᠵᠦᠪ ᠰᠢᠢᠳᠪᠦᠷᠢᠯᠡᠵᠦ᠂ ᠪᠤᠬᠢᠷᠳᠣᠯ ᠦᠭᠡᠢ ᠲᠤᠤᠷ᠎ᠠ ᠨᠡᠭᠦᠷᠡᠰᠦᠳᠦᠷᠦᠭᠴᠢᠲᠦ᠂ ᠪᠤᠯᠪᠠᠰᠣᠨ ᠡᠷᠡᠭᠦᠯ ᠴᠢᠬᠢᠷᠠᠭ | ᠠᠮᠢᠳᠣᠷᠠᠯ ᠤᠨ ᠬᠡᠯᠪᠡᠷᠢ ᠶᠢ ᠰᠣᠷᠳᠠᠯᠴᠢᠯᠠᠨ᠂ ᠵᠠᠰᠠᠭ ᠤᠨ ᠣᠷᠳᠣᠨ ᠢᠶᠠᠷ ᠭᠤᠤᠯ ᠵᠢᠯᠤᠭᠤᠳᠣᠮᠵᠢ ᠪᠤᠯᠭᠠᠬᠤ᠂ ᠠᠵᠤ | ᠠᠬᠤᠶᠢᠯᠠᠯ ᠢᠶᠠᠷ ᠭᠤᠤᠯ ᠴᠣᠭᠴᠠ ᠪᠤᠯᠭᠠᠬᠤ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠪᠠᠷ | ᠢᠶᠠᠨ ᠬᠠᠮᠲᠦ ᠣᠷᠣᠯᠴᠠᠬᠤ ᠣᠷᠴᠢᠨ ᠲᠤᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠰᠢᠨ᠎ᠡ ᠨᠢᠭᠡ | ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ | ᠪᠤᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠵᠠᠰᠠᠯᠲᠠ ᠶᠢᠨ ᠡᠯ᠎ᠡ ᠲᠦᠷᠦᠯ ᠤᠨ ᠢᠨᠵᠧᠨᠧᠷᠢᠩ | ᠢ ᠬᠡᠷᠡᠭᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠤᠭᠤᠷᠢᠨ ᠢ ᠦᠷᠬᠦᠯᠵᠢᠯᠡᠨ ᠰᠠᠶᠢᠵᠢᠷᠠᠭᠤᠯᠬᠤ | ᠶᠢ ᠠᠬᠢᠭᠤᠯᠤᠨ᠎ᠠ᠃ ᠲᠦᠷᠦᠯ ᠬᠤᠪᠢᠶᠠᠨ ᠵᠢᠯᠤᠭᠤᠳᠬᠤ᠂ ᠠᠷᠭ᠎ᠠ ᠪᠤᠳᠣᠯᠭ᠎ᠠ ᠶᠢ ᠶᠡᠷᠥᠩᠬᠡᠶᠢᠯᠡᠨ ᠬᠡᠷᠡᠭᠵᠢᠭᠦᠯᠬᠦ ᠶᠢ | ᠪᠠᠷᠢᠮᠲᠠᠯᠠᠨ᠂ ᠠᠭᠠᠷ ᠮᠠᠨᠳᠠᠯ᠂ ᠣᠰᠣ ᠪᠠ ᠬᠦᠷᠦᠰᠦ ᠰᠢᠷᠣᠢ ᠶᠢᠨ ᠪᠤᠬᠢᠷᠳᠣᠯ ᠢ ᠰᠡᠷᠭᠡᠶᠢᠯᠡᠨ ᠵᠠᠰᠠᠬᠤ ᠠᠵᠢᠯ ᠢ | ᠰᠠᠶᠢᠲᠣᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠣᠯᠲᠠ ᠪᠤᠯᠤᠨ ᠠᠮᠢ ᠠᠬᠤᠢ | ᠶᠢᠨ ᠣᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ | ᠣᠯᠠᠭᠠᠨ ᠱᠣᠭᠤᠮ ᠤᠨ ᠬᠠᠮᠠᠭᠠᠯᠠᠯᠲᠠ ᠪᠠ ᠬᠤᠲᠠ ᠪᠠᠯᠭᠠᠰᠤᠨ ᠤ ᠨᠡᠬᠡᠬᠡᠯᠲᠡ ᠬᠢᠬᠦ ᠵᠠᠭᠠᠭ ᠱᠣᠭᠤᠮ ᠤᠨ ᠲᠦᠷᠢᠮ ᠢ | ᠴᠢᠩᠭ᠎ᠠ ᠬᠡᠷᠡᠭᠵᠢᠭᠦᠯᠦᠨ᠎ᠡ᠃ ᠵᠤᠬᠢᠴᠠᠭᠤᠯᠤᠨ ᠬᠤᠯᠪᠤᠭᠠᠯᠠᠬᠤ ᠶᠢ ᠪᠠᠶᠢᠩᠭᠤᠵᠢᠭᠤᠯᠤᠭᠰᠠᠨ ᠶᠡᠷᠥᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢᠨ ᠲᠤᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠬᠢᠨᠠᠨ ᠬᠠᠮᠢᠶᠠᠷᠣᠯᠲᠠ ᠶᠢᠨ ᠴᠢᠳᠠᠪᠬᠢ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ᠂ ᠠᠵᠢᠯ ᠲᠦᠷᠦᠯ ᠤᠨ ᠰᠠᠯᠠᠭ᠎ᠠ ᠮᠦᠴᠢᠷ ᠤᠨ ᠡᠨᠧᠷᠬᠢ ᠶᠢ ᠠᠷᠪᠢᠯᠠᠨ | ᠬᠤᠷᠣᠭᠳᠠᠯ ᠢ ᠪᠠᠭᠠᠰᠬᠠᠬᠤ ᠬᠠᠷᠢᠭᠤᠴᠠᠯᠭ᠎ᠠ ᠶᠢ ᠴᠢᠩᠭ᠎ᠠ ᠬᠡᠷᠡᠭᠵᠢᠭᠦᠯᠦᠨ᠂ ᠡᠨᠧᠷᠬᠢ ᠶᠢ ᠠᠷᠪᠢᠯᠠᠨ ᠪᠤᠬᠢᠷᠳᠣᠯ ᠢ | ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ︵ᠲᠦᠷᠪᠡ︶ ᠨᠡᠬᠡᠬᠡᠯᠲᠡ ᠬᠢᠵᠤ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ ᠲᠤᠳᠣᠭᠠᠳᠣ ᠭᠠᠳᠠᠭᠠᠳᠣ | ᠬᠦᠭᠵᠢᠯᠲᠡ ᠶᠢᠨ ᠣᠷᠣᠨ ᠵᠠᠢ ᠶᠢ ᠪᠦᠬᠦ ᠲᠠᠯ᠎ᠠ ᠪᠠᠷ ᠦᠷᠭᠡᠳᠬᠡᠨ᠎ᠡ᠃ ᠣᠷᠣᠨ ᠪᠠᠶᠢᠴᠠ᠂ ᠡᠬᠢ ᠪᠠᠶᠠᠯᠢᠭ᠂ ᠠᠵᠤ | ᠦᠢᠯᠡᠰ᠂ ᠲᠦᠷᠦ ᠶᠢᠨ ᠪᠤᠳᠣᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠷᠢᠶᠡᠨ ᠬᠤᠲᠠ ᠶᠢᠨ ᠣᠯᠣᠰ | ᠤᠨ ᠭᠤᠤᠯᠳᠠᠯᠭ᠎ᠠ ᠲᠠᠢ ᠨᠡᠬᠡᠬᠡᠨ ᠬᠦᠭᠵᠢᠭᠦᠯᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ ᠳᠤ | ᠬᠠᠮᠤᠷᠤᠭᠤᠯᠬᠤ ᠪᠠᠷ ᠴᠢᠷᠮᠠᠶᠢᠵᠤ᠂ ᠮᠠᠨ ᠤ ᠬᠤᠰᠢᠭᠤ ᠪᠠᠨ ︽ᠨᠢᠭᠡ ᠪᠦᠰᠡ ᠨᠢᠭᠡ ᠵᠠᠮ︾ ᠤᠨ ᠣᠮᠠᠷᠠᠰᠢ | ᠴᠢᠯᠦᠭᠡᠲᠡᠢ ᠬᠦᠭᠵᠢᠬᠦᠯᠬᠦ ᠴᠢᠬᠤᠯᠠ ᠴᠡᠭ ᠪᠠ ᠲᠤᠮᠤ ᠪᠤᠳᠠᠰ ᠤᠨ ᠭᠦᠢᠯᠭᠡᠭᠡᠨ ᠤ ᠳᠠᠮᠵᠢᠭᠤᠯᠭ᠎ᠠ ᠶᠢᠨ ᠰᠠᠭᠤᠷᠢᠨ | ᠭᠠᠵᠠᠷ ᠪᠤᠯᠭᠠᠨ ᠪᠠᠶᠢᠭᠤᠯᠤᠨ᠎ᠠ᠃ ᠠᠷᠠᠯᠵᠢᠶᠠᠴᠢᠨ ᠣᠷᠢᠵᠤ ᠪᠠᠯᠠ ᠲᠠᠲᠠᠬᠤ ᠠᠵᠢᠯ ᠢ ᠰᠠᠶᠢᠳᠣᠷ ᠠᠳᠬᠤᠵᠤ᠂ | ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠬᠢᠰ ᠤᠨ ᠡᠷᠭᠢᠨ ᠲᠤᠭᠤᠷᠢᠨ ᠭᠠᠵᠠᠷ ᠣᠷᠣᠨ ᠯᠤᠭ᠎ᠠ ᠶᠢᠨ ᠠᠵᠤ | ᠦᠢᠯᠡᠰ ᠤᠨ ᠵᠤᠯᠭᠠᠯᠴᠠᠭ᠎ᠠ ᠪᠠᠨ ᠴᠢᠩᠭᠠᠳᠬᠠᠨ᠂ ᠭᠠᠷᠴᠤ ᠶᠠᠪᠤᠬᠤ ᠪᠠ ᠤᠷᠢᠨ ᠤᠷᠤᠭᠤᠯᠬᠤ ᠶᠢ ᠵᠡᠷᠭᠡ ᠳᠤᠨᠢ | ᠴᠢᠬᠤᠯᠠᠴᠢᠯᠠᠨ᠂ ᠬᠠᠮᠳᠣᠪᠠᠷ ᠵᠦᠪᠳᠡᠯᠴᠡᠨ ᠬᠠᠮᠳᠣᠪᠡᠷ ᠪᠠᠶᠢᠭᠤᠯᠵᠤ ᠬᠠᠮᠳᠣᠪᠡᠷ ᠡᠳ᠋ᠯᠡᠬᠦ ᠵᠠᠷᠴᠢᠮ ᠢ ᠪᠠᠷᠢᠮᠲᠠᠯᠠᠵᠤ᠂ | ᠲᠡᠷᠢᠭᠦᠨ ᠤ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠲᠠᠢ ᠢᠳᠡᠪᠬᠢᠲᠡᠢ ᠵᠤᠯᠭᠠᠯᠴᠠᠭᠤᠯᠵᠤ᠂ ᠪᠠᠯᠠ | ᠣᠷᠣᠭᠤᠯᠤᠯᠲᠠ ᠶᠢᠨ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠦᠨᠳᠦᠷ ᠡᠨᠧᠷᠬᠢ ᠶᠢᠨ ᠬᠤᠷᠤᠭᠳᠠᠯ ᠲᠤᠤᠷ᠎ᠠ | ᠪᠤᠬᠢᠷᠳᠣᠯ ᠲᠠᠢ ᠪᠠ ᠲᠦᠭᠦᠭᠡᠢ ᠮᠠᠲ᠋ᠧᠷᠢᠶᠠᠯ ᠢ ᠭᠠᠳᠠᠨ᠎ᠠ ᠠᠴᠠ ᠣᠷᠣᠭᠤᠯᠵᠤ᠂ ᠬᠤᠰᠢᠭᠤᠨ ᠳᠠᠭᠠᠨ | ᠪᠤᠯᠪᠠᠰᠣᠷᠠᠭᠤᠯᠤᠨ᠂ ᠳᠠᠬᠢᠨ ᠭᠠᠳᠠᠭᠰᠢ ᠪᠠᠨ ᠪᠤᠷᠤᠯᠠᠭᠤᠯᠬᠤ ᠵᠡᠷᠭᠡ ᠡᠬᠢ ᠪᠠᠶᠠᠯᠢᠭ ᠤᠨ ᠪᠤᠰᠤ ᠬᠡᠯᠪᠡᠷᠢ ᠶᠢᠨ | ᠲᠦᠷᠦᠯ ᠵᠦᠢᠯ ᠢ ᠬᠦᠴᠦᠯᠡᠨ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠦᠨᠳᠦᠷ | ᠳᠡᠰ ᠤᠨ ᠵᠠᠬ᠎ᠠ ᠳᠡᠯᠭᠡᠭᠦᠷ ᠲᠤ ᠬᠠᠨᠲᠤᠭᠤᠯᠤᠨ ᠪᠤᠬᠢᠷᠳᠣᠯ ᠦᠭᠡᠢ ᠣᠷᠭᠠᠨᠢᠭ ᠢᠳᠡᠭᠡᠨ ᠣᠮᠳᠠᠭᠠᠨ᠂ ᠡᠷᠡᠭᠦᠯ | ᠴᠢᠬᠢᠷᠠᠭ ᠰᠡᠯᠡᠭᠦᠴᠡᠯ᠂ ᠠᠮᠠᠷᠠᠯᠲᠠ ᠰᠣᠪᠢᠯᠠᠯᠲᠠ ᠵᠡᠷᠭᠡ ᠠᠵᠤ ᠦᠢᠯᠡᠰᠵᠢᠯᠲᠡ ᠶᠢᠨ ᠲᠦᠷᠦᠯ ᠵᠦᠢᠯ ᠢ ᠲᠦᠰᠦᠪᠯᠡᠨ | ᠬᠡᠷᠡᠭᠵᠢᠭᠦᠯᠵᠦ᠂ ᠭᠠᠳᠠᠭᠰᠢ ᠬᠠᠨᠲᠤᠭᠤᠯᠤᠭᠰᠠᠨ ᠠᠵᠤ ᠦᠢᠯᠡᠰ ᠤᠨ ᠪᠦᠯᠦᠭᠵᠢᠯ ᠢ ᠡᠭᠦᠳᠦᠨ ᠪᠠᠶᠢᠭᠤᠯᠤᠨ᠎ᠠ᠃ | ᠮᠤᠩᠭᠤᠯ ᠣᠷᠣᠰ ᠤᠨ ᠬᠠᠮᠢᠶ᠎ᠠ ᠪᠦᠬᠦᠢ ᠭᠠᠵᠠᠷ ᠣᠷᠣᠨ ᠯᠦᠭᠡ ᠶᠢᠨ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠬᠢᠯᠢ ᠠᠯᠣᠰᠯᠠᠭᠰᠠᠨ ᠡᠯᠧᠺᠲᠷᠤᠨ ᠬᠤᠳᠠᠯᠳᠤᠭ᠎ᠠ᠂ ᠵᠢᠭᠤᠯᠴᠢᠯᠠᠯ᠂ ᠪᠤᠳᠠᠰ ᠤᠨ ᠭᠦᠢᠯᠭᠡᠭᠡ᠂ ᠡᠳ᠋ᠰᠢᠭᠦᠯᠦᠯᠲᠡ ᠵᠡᠷᠭᠡ | ᠪᠠᠷ ᠠᠴᠢᠶᠠᠯᠠᠪᠤᠷᠢ ᠪᠤᠯᠭᠠᠨ᠂ ᠠᠷᠠᠯᠵᠢᠶᠠᠨ ᠤ ᠰᠢᠨ᠎ᠡ ᠬᠡᠪ ᠵᠠᠬᠠᠪᠤᠷ ᠢ ᠪᠤᠶᠢᠵᠢᠭᠤᠯᠤᠨ᠎ᠠ᠃ | ︵ᠲᠠᠪᠤ︶ ᠬᠦᠭᠵᠢᠯᠲᠡ ᠶᠢ ᠬᠠᠮᠳᠣᠪᠠᠷ ᠡᠳ᠋ᠯᠡᠬᠦ ᠪᠠᠷ ᠬᠠᠷᠠᠯᠲᠠ ᠪᠤᠯᠭᠠᠨ᠂ ᠠᠷᠠᠳ ᠤᠨ ᠠᠮᠢᠳᠣᠷᠠᠯ ᠢ | ᠪᠦᠬᠦ ᠲᠠᠯ᠎ᠠ ᠪᠠᠷ ᠪᠠᠳᠣᠯᠠᠨ ᠰᠠᠶᠢᠵᠢᠷᠠᠭᠤᠯᠤᠨ᠎ᠠ᠃ ᠣᠳᠣᠬᠠᠨ ᠤ ᠨᠡᠶᠢᠭᠡᠮ ᠤᠨ ᠭᠤᠤᠯ ᠵᠦᠷᠢᠴᠡᠯ ᠢ ᠭᠦᠨᠵᠡᠭᠡᠢ | ᠣᠶᠢᠯᠠᠭᠠᠨ ᠡᠵᠡᠮᠰᠢᠵᠤ᠂ ᠠᠷᠠᠳ ᠲᠦᠮᠡᠨ ᠤ ᠵᠤᠯ ᠵᠢᠷᠭᠠᠯᠲᠦ ᠠᠮᠢᠳᠣᠷᠠᠯ ᠤᠨ ᠬᠦᠰᠡᠯ ᠢᠶᠠᠷ ᠲᠡᠮᠡᠴᠡᠬᠦ ᠬᠠᠷᠠᠯᠲᠠ | ᠪᠠᠨ ᠪᠤᠯᠭᠠᠨ᠂ ᠠᠷᠠᠳ ᠣᠯᠠᠨ ᠤ ᠠᠵᠤ ᠠᠬᠤᠢ᠂ ᠣᠯᠣᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠵᠡᠷᠭᠡ | ᠲᠠᠯ᠎ᠠ ᠪᠠᠷ ᠬᠢ ᠡᠳᠣᠷ ᠢᠷᠡᠭᠦᠶ᠎ᠡ ᠨᠡᠮᠡᠭᠳᠡᠵᠦ ᠪᠦᠬᠦᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ᠎ᠠ᠃ | ᠠᠷᠠᠳ ᠤᠨ ᠠᠮᠢᠳᠣᠷᠠᠯ ᠤᠨ ᠵᠠᠷᠣᠯᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠂ ᠠᠵᠢᠯ ᠣᠯᠭᠤᠯᠲᠠ᠂ ᠰᠣᠷᠭᠠᠨ | ᠬᠦᠮᠦᠵᠢᠯ᠂ ᠡᠮ ᠡᠮᠨᠡᠯᠭᠡ᠂ ᠨᠠᠰᠣᠵᠢᠯ᠂ ᠰᠣᠶᠤᠯ᠂ ᠰᠢᠨᠵᠢᠯᠡᠭᠡ ᠮᠡᠷᠭᠡᠵᠢᠯ ᠪᠠ ᠨᠡᠶᠢᠭᠡᠮ ᠤᠨ ᠪᠠᠳᠣᠯᠠᠭ᠎ᠠ ᠵᠡᠷᠭᠡ | ᠠᠷᠠᠳ ᠣᠯᠠᠨ ᠤ ᠬᠠᠮᠤᠭ ᠠᠴᠠ ᠰᠠᠨᠠᠭᠠᠰᠢᠷᠠᠳᠠᠭ ᠬᠠᠮᠤᠭ ᠤᠨ ᠰᠢᠭᠤᠳ ᠪᠤᠳᠠᠳᠣ ᠠᠰᠢᠭ ᠲᠤᠰᠠ ᠶᠢᠨ ᠠᠰᠠᠭᠤᠳᠠᠯ | ᠢ ᠰᠠᠶᠢᠲᠤᠷ ᠰᠢᠢᠳᠪᠦᠷᠢᠯᠡᠨ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠠᠵᠠᠷ ᠣᠷᠤᠨ ᠤ | ᠠᠮᠤᠷ ᠳᠦᠪᠰᠢᠨ ᠢ ᠬᠠᠮᠠᠭᠠᠯᠠᠨ᠂ ᠠᠷᠠᠳ ᠤᠯᠠᠨ ᠲᠦᠮᠡᠨ ᠤ ᠬᠠᠮᠳᠤᠪᠠᠷ ᠪᠠᠶᠢᠭᠤᠯᠤᠨ ᠬᠠᠮᠳᠤᠪᠠᠷ ᠡᠳ᠋ᠯᠡᠬᠦ | ᠬᠦᠭᠵᠢᠯᠲᠡ ᠳᠤᠮᠳᠠ ᠨᠡᠩ ᠤᠯᠠᠨ ᠤᠯᠤᠯᠲᠠ ᠶᠢᠨ ᠰᠡᠳᠬᠢᠯᠭᠡ᠂ ᠠᠵᠨ ᠵᠢᠷᠭᠠᠯ ᠤᠨ ᠰᠡᠳᠬᠢᠯᠭᠡ ᠪᠠ ᠠᠮᠤᠷ | ᠳᠦᠪᠰᠢᠨ ᠤ ᠰᠡᠳᠬᠢᠯᠭᠡ ᠲᠠᠢ ᠪᠠᠶᠢᠬᠤ ᠶᠢ ᠪᠠᠳᠤᠯᠠᠨ᠎ᠠ᠃ ᠶᠠᠳᠠᠭᠤ ᠶᠢ ᠳᠡᠳᠬᠦᠬᠦ ᠪᠤᠭᠤᠮᠳᠠ ᠰᠢᠪᠳᠤᠯᠬᠤ | ᠳᠠᠶᠢᠯᠠᠯᠳᠤᠭᠠᠨ ᠤ ᠢᠯᠠᠯᠲᠠ ᠶᠢ ᠡᠷᠡᠰ ᠤᠯᠵᠤ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠡ ᠨᠢ | ᠶᠠᠳᠠᠭᠤ ᠠᠴᠠ ᠠᠩᠬᠢᠵᠢᠷᠠᠬᠤ ᠶᠢ ᠪᠠᠷᠢᠮᠳᠠᠯᠠᠨ᠂ ᠶᠠᠳᠠᠭᠤ ᠶᠢ ᠳᠡᠳᠬᠦᠬᠦ ᠳᠡᠭᠡᠨ ᠡᠷᠴᠢ ᠵᠤᠷᠢᠭ ᠢ ᠳᠡᠳᠬᠦᠬᠦ᠂ ᠤᠶᠤᠨ | ᠰᠠᠨᠠᠭ᠎ᠠ ᠶᠢ ᠳᠡᠳᠬᠦᠬᠦ ᠶᠢ ᠤᠶᠠᠯᠳᠤᠭᠤᠯᠬᠤ ᠶᠢ ᠴᠢᠬᠤᠯᠠᠴᠢᠯᠠᠨ᠂ ᠶᠠᠳᠠᠭᠤ ᠬᠦᠴᠢᠷᠳᠡᠯᠲᠠᠢ ᠬᠦᠮᠦᠰ ᠤᠨ ᠦᠪᠡᠷ ᠤᠨ | ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ ᠨᠡᠮᠡᠭᠳᠡᠭᠦᠯᠵᠤ᠂ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠬᠤ | ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠨᠢ ᠶᠠᠳᠠᠭᠤ ᠠᠴᠠ ᠠᠩᠬᠢᠵᠢᠷᠠᠨ᠂ ᠬᠤᠰᠢᠭᠤ ᠨᠤᠳᠤᠭ ᠨᠢ ᠶᠠᠳᠠᠭᠤ | ᠶᠢᠨ ᠨᠡᠷ᠎ᠡ ᠪᠠᠨ ᠳᠠᠶᠠᠭᠳᠠᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠦᠨ᠎ᠡ᠃ | ᠭᠤᠷᠪᠠ᠂ 2018 ᠤᠨ ᠤ ᠭᠤᠤᠯ ᠠᠵᠢᠯ ᠤᠨ ᠪᠠᠶᠢᠷᠢᠯᠠᠭᠤᠯᠤᠯᠲᠠ | 2018 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠳᠤᠰᠢᠶᠠᠯ ᠡᠭᠦᠷᠭᠡᠯᠡᠬᠦ ᠡᠬᠢᠯᠡᠯᠲᠠ | ᠶᠢᠨ ᠵᠢᠯ᠂ ᠮᠦᠨᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠤᠭᠤᠮᠳᠠ ᠰᠢᠪᠳᠤᠯᠬᠤ ᠵᠢᠯ | ᠪᠤᠯᠬᠤᠷ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠨᠢ ᠲᠦᠢᠯ ᠤᠨ ᠴᠢᠬᠤᠯᠨ | ᠠᠴᠢ ᠬᠤᠯᠪᠤᠭᠳᠠᠯ ᠲᠠᠢ ᠶᠤᠮ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 25.6 ᠳ᠋ᠦᠩᠰᠢᠭᠤᠷ | ᠲᠦᠭᠦᠷᠢᠭ ᠲᠤ ᠬᠦᠷᠭᠡᠵᠤ᠂ 8% ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠤᠭᠡᠷ ᠠᠵᠤ ᠦᠢᠯᠡᠰ ᠤᠨ ᠨᠡᠮᠡᠭᠳᠡᠯ | ᠦᠷᠳᠡᠭ ᠢ 4 ᠳ᠋ᠦᠩᠰᠢᠭᠤᠷ ᠲᠦᠭᠦᠷᠢᠭ ᠲᠤ ᠬᠦᠷᠭᠡᠵᠤ᠂ 5.3% ᠪᠠᠷ ᠨᠡᠮᠡᠭᠳᠡᠭᠦᠯᠦᠨ᠎ᠡ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠦᠷᠳᠡᠭ ᠢ 8.2 ᠳ᠋ᠦᠩᠰᠢᠭᠤᠷ ᠲᠦᠭᠦᠷᠢᠭ ᠲᠤ ᠬᠦᠷᠭᠡᠵᠤ᠂ 7.9% ᠪᠠᠷ ᠨᠡᠮᠡᠭᠳᠡᠭᠦᠯᠦᠨ᠎ᠡ | ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 13.4 ᠳ᠋ᠦᠩᠰᠢᠭᠤᠷ ᠲᠦᠭᠦᠷᠢᠭ ᠲᠤ ᠬᠦᠷᠭᠡᠵᠤ᠂ | 9% ᠪᠠᠷ ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 2.1 | ᠳ᠋ᠦᠩᠰᠢᠭᠤᠷ ᠲᠦᠭᠦᠷᠢᠭ ᠲᠤ ᠬᠦᠷᠭᠡᠵᠤ᠂ 6% ᠪᠠᠷ ᠨᠡᠮᠡᠭᠳᠡᠭᠦᠯᠦᠨ᠎ᠡ︔ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠶᠢ 22 ᠳ᠋ᠦᠩᠰᠢᠭᠤᠷ ᠲᠦᠭᠦᠷᠢᠭ ᠲᠤ ᠬᠦᠷᠭᠡᠵᠤ᠂ 15% ᠪᠠᠷ ᠨᠡᠮᠡᠭᠳᠡᠭᠦᠯᠦᠨ᠎ᠡ᠃ ᠪᠦᠬᠦ | ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 6.6 ᠳ᠋ᠦᠩᠰᠢᠭᠤᠷ | ᠲᠦᠭᠦᠷᠢᠭ ᠲᠤ ᠬᠦᠷᠭᠡᠵᠤ᠂ 10% ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠨ ᠤᠷᠤᠯᠭ᠎ᠠ ᠶᠢ 38780 | ᠲᠦᠭᠦᠷᠢᠭ ᠲᠤ ᠬᠦᠷᠭᠡᠵᠤ᠂ 8.2% ᠪᠠᠷ ᠨᠡᠮᠡᠭᠳᠡᠭᠦᠯᠦᠨ᠎ᠡ︔ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ | ᠠᠮᠨ ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 14320 ᠲᠦᠭᠦᠷᠢᠭ ᠲᠤ | ᠬᠦᠷᠭᠡᠵᠤ᠂ 8.5% ᠪᠠᠷ ᠨᠡᠮᠡᠭᠳᠡᠭᠦᠯᠦᠨ᠎ᠡ᠃ | ᠬᠠᠷᠠᠯᠳᠠ ᠡᠭᠦᠷᠭᠡ ᠶᠢᠨ ᠲᠤᠭᠤᠷᠢᠨ ᠳᠤ᠂ ᠲᠤᠤᠷᠠᠬᠢ ᠠᠷᠪᠠᠨ ᠲᠠᠯ᠎ᠠ ᠶᠢᠨ ᠠᠵᠢᠯ ᠢ ᠴᠢᠬᠤᠯᠠᠴᠢᠯᠠᠨ ᠰᠠᠶᠢᠳᠤᠷ | ᠠᠳᠬᠤᠨ᠎ᠠ᠃ | ︵ᠨᠢᠭᠡ︶ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠤ᠂ ᠠᠵᠤ ᠠᠬᠤᠢ ᠶᠢᠨ ᠬᠦᠭᠵᠢᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠠᠵᠤ ᠦᠢᠯᠡᠰ ᠤᠨ ᠲᠤᠬᠠᠢ ᠳᠡᠭᠡᠲᠤ ᠱᠠᠲᠤᠨ ᠤ ᠲᠦᠷᠦ ᠶᠢᠨ ᠪᠤᠳᠤᠯᠭ᠎ᠠ ᠪᠠ ᠪᠡᠯᠨ ᠤᠷᠤᠭᠤᠯᠤᠯᠲᠠ ᠶᠢᠨ | ᠭᠤᠤᠯᠳᠠᠯᠭ᠎ᠠ ᠶᠢ ᠬᠦᠨᠵᠡᠭᠡᠢ ᠰᠤᠳᠤᠯᠵᠤ᠂ ᠳᠡᠭᠡᠲᠤ ᠱᠠᠲᠤ ᠲᠠᠢ ᠵᠤᠬᠢᠴᠠᠯᠳᠤᠨ ᠲᠦᠷᠦᠯ ᠵᠦᠢᠯ ᠲᠡᠮᠡᠴᠡᠨ ᠤᠯᠬᠤ | ᠬᠦᠴᠦᠯᠡᠴᠨ ᠪᠠᠨ ᠨᠡᠮᠡᠭᠳᠡᠭᠦᠯᠦᠨ᠂ ᠤᠯᠤᠰ᠂ ᠤᠷᠤᠨ ᠪᠤᠯᠤᠨ ᠳᠡᠭᠡᠲᠤ ᠱᠠᠲᠤᠨ ᠤ ᠰᠠᠯᠠᠭ᠎ᠠ ᠮᠦᠴᠢᠷ ᠤᠨ | ᠳᠡᠮᠵᠢᠯᠭᠡ ᠶᠢ ᠠᠯᠢ ᠪᠤᠯᠬᠤᠶᠢᠴᠨ ᠪᠠᠷ ᠳᠡᠮᠡᠴᠡᠨ ᠤᠯᠤᠨ᠎ᠠ᠃ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ | ᠨᠢᠭᠡ ᠤᠳᠤᠷᠢᠳᠬᠤ ᠪᠠᠭ︾ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠲᠦᠷᠢᠮ ᠪᠠ ᠬᠡᠪᠰᠢᠭᠰᠡᠨ | ᠲᠤᠬᠢᠷᠠᠭᠤᠯᠤᠯᠲᠠ ᠶᠢᠨ ᠲᠤᠭᠳᠠᠴᠨ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠲᠦᠭᠡᠨ ᠪᠠᠶᠢᠭᠤᠯᠤᠯᠲᠠ ᠲᠤᠮᠳᠠ | ᠲᠤᠬᠢᠶᠠᠯᠳᠤᠭᠰᠠᠨ ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ᠂ ᠡᠮᠤᠨᠡᠬᠢ ᠬᠤᠭᠤᠴᠠᠭᠠᠨ ᠤ ᠭᠠᠷ | ᠬᠦᠢᠴᠡᠳᠭᠡᠯ ᠢ ᠬᠤᠷᠳᠤᠬᠠᠨ ᠬᠠᠷᠢᠯᠴᠠᠨ ᠬᠦᠢᠴᠡᠳᠬᠡᠵᠤ᠂ ᠠᠵᠢᠯ ᠡᠬᠢᠯᠡᠭᠦᠯᠬᠦ ᠨᠦᠬᠦᠴᠡᠯ ᠪᠠ ᠪᠠᠳᠤᠯᠠᠭ᠎ᠠ ᠶᠢᠨ | ᠨᠦᠬᠦᠴᠡᠯ ᠢ ᠢᠳᠡᠪᠬᠢᠲᠠᠢ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠳᠤᠭᠳᠠᠭᠠᠬᠤ ᠠᠷᠭ᠎ᠠ ᠶᠢ ᠬᠡᠷᠡᠭᠯᠡᠨ | ᠂ 37 ᠭᠤᠤᠯᠳᠠᠯᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠳᠤᠬᠠᠢ ᠳᠤᠨᠢ ᠳᠦᠯᠬᠢᠨ | ᠠᠬᠢᠭᠤᠯᠵᠤ᠂ ᠪᠦᠬᠦ ᠵᠢᠯ ᠤᠨ ᠳᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠡᠬᠦᠷᠭᠡ ᠪᠠᠨ ᠪᠡᠶᠡᠯᠡᠬᠦᠯᠬᠦ | ᠶᠢ ᠪᠠᠲᠤᠯᠠᠨ᠎ᠠ᠃ | ᠠᠷᠠᠯᠵᠢᠶᠠᠴᠢᠨ ᠤᠷᠢᠵᠤ ᠪᠡᠯᠨ ᠳᠠᠳᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠦᠷᠦ ᠶᠢᠨ ᠪᠤᠳᠤᠯᠭ᠎ᠠ ᠶᠢᠨ | ᠳᠡᠮᠵᠢᠯᠭᠡ ᠪᠠ ᠦᠢᠯᠡᠴᠢᠯᠡᠭᠡᠨ ᠤ ᠪᠠᠳᠤᠯᠠᠭ᠎ᠠ ᠶᠢ ᠴᠢᠩᠭᠠᠳᠬᠠᠵᠤ᠂ ︽ᠤᠶᠢᠷ᠎ᠠ ᠳᠤᠳᠤᠨᠤ︾ ︽ᠠᠷᠢᠭᠤᠨ ᠴᠢᠭᠡᠴᠢ︾ | ᠵᠠᠰᠠᠭ ᠪᠤᠯᠤᠨ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠨ ᠤᠷᠤᠭᠤᠯᠤᠨ ᠦᠢᠯᠡᠰ ᠡᠷᠬᠢᠯᠡᠬᠦ ᠤᠬᠢ ᠰᠠᠶᠢᠨ | ᠤᠷᠴᠢᠨ ᠲᠤᠭᠤᠷᠢᠨ ᠢ ᠪᠤᠢ ᠪᠤᠯᠭᠠᠨ᠎ᠠ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ | ᠤᠯᠠᠮ ᠳᠡᠭᠦᠯᠳᠡᠷᠵᠢᠭᠦᠯᠵᠤ᠂ ᠠᠷᠠᠯᠵᠢᠶᠠᠴᠢᠨ ᠤᠷᠢᠵᠤ ᠪᠡᠯᠨ ᠳᠠᠳᠠᠬᠤ ᠠᠷᠭ᠎ᠠ ᠬᠡᠯᠪᠡᠷᠢ ᠶᠢ ᠰᠢᠨᠡᠴᠢᠯᠡᠨ᠂ | ᠴᠢᠭᠯᠡᠭᠦᠯᠤᠯᠲᠤ ᠴᠢᠨᠠᠷ ᠪᠠ ᠪᠤᠳᠠᠳᠤ ᠦᠷ᠎ᠠ ᠠᠰᠢᠭᠲᠤ ᠴᠢᠨᠠᠷ ᠢ ᠨᠡᠮᠡᠭᠳᠡᠭᠦᠯᠵᠤ᠂ ᠨᠢᠭᠡ ᠪᠦᠯᠦᠭ ᠡᠬᠢ ᠪᠠᠶᠠᠯᠢᠭ ᠶᠢ | ᠶᠡᠷᠦᠩᠬᠡᠶᠢᠯᠡᠨ ᠠᠰᠢᠭᠯᠠᠬᠤ ᠨᠤᠷᠮ᠎ᠠ ᠪᠠᠷ ᠦᠨᠳᠤᠷ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠦᠷᠦᠯ ᠵᠦᠢᠯ | ᠪᠠ ︽ᠲᠦᠬᠦᠬᠡᠢ ᠮᠠᠲ᠋ᠧᠷᠢᠶᠠᠯ ᠢ ᠤᠷᠤᠭᠤᠯᠤᠨ᠂ ᠬᠤᠰᠢᠭᠤᠨ ᠳᠤ ᠪᠠᠨ ᠡᠳ᠋ᠰᠢᠬᠦᠯᠵᠤ᠂ ᠳᠠᠬᠢᠨ ᠭᠠᠳᠠᠭᠰᠢ | ᠪᠤᠷᠤᠯᠠᠭᠤᠯᠬᠤ︾ ᠡᠬᠢ ᠪᠠᠶᠠᠯᠢᠭ ᠤᠨ ᠪᠤᠰᠤ ᠬᠡᠯᠪᠡᠷᠢ ᠶᠢᠨ ᠲᠦᠷᠦᠯ ᠵᠦᠢᠯ ᠢ ᠢᠳᠡᠪᠬᠢᠲᠠᠢ ᠤᠷᠤᠭᠤᠯᠵᠤ᠂ ᠵᠢᠯ ᠤᠨ | ᠳᠤᠳᠤᠷ᠎ᠠ ᠠᠶᠢᠮᠠᠭ ᠤᠨ ᠭᠠᠳᠠᠨᠠᠬᠢ ᠪᠡᠯᠨ ᠮᠦᠩᠭᠦ ᠶᠢ14.5 ᠳ᠋ᠦᠩᠰᠢᠭᠤᠷ ᠲᠦᠭᠦᠷᠢᠭ ᠤᠷᠤᠭᠤᠯᠬᠤ ᠪᠠᠷ ᠲᠡᠮᠡᠴᠡᠨ᠎ᠡ | ᠃ | ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠲᠦᠷᠦᠯ ᠵᠦᠢᠯ | ᠤᠨ ᠪᠦᠲᠦᠭᠡᠨ ᠪᠠᠶᠢᠭᠤᠯᠤᠯᠲᠠ ᠪᠤᠯᠤᠨ ᠠᠵᠤ ᠠᠬᠤᠶᠢᠯᠠᠯ ᠤᠨ ᠬᠦᠭᠵᠢᠯᠲᠡ ᠶᠢᠨ ᠱᠠᠭᠠᠷᠳᠠᠯᠭ᠎ᠠ ᠶᠢᠨ ᠲᠤᠭᠤᠷᠢᠨ ᠳᠤ | ᠂ ᠵᠠᠰᠠᠭ ᠤᠨ ᠤᠷᠳᠤᠨ᠂ ᠪᠠᠩᠬᠢ᠂ ᠠᠵᠤ ᠠᠬᠤᠶᠢᠯᠠᠯ ᠬᠠᠷᠢᠯᠴᠠᠭ᠎ᠠ ᠪᠠᠨ ᠴᠢᠩᠭᠠᠳᠬᠠᠵᠤ᠂ ᠮᠦᠩᠬᠦᠨ ᠬᠦᠢᠯᠭᠡᠭᠡᠨ ᠤ | ᠪᠤᠳᠠᠳᠦ ᠴᠤᠭᠴᠠ ᠶᠢᠨ ᠠᠵᠤ ᠠᠬᠤᠢ ᠶᠢ ᠳᠡᠮᠵᠢᠬᠦ ᠦᠢᠯᠡᠳᠦᠯ ᠢ ᠰᠠᠶᠢᠳᠤᠷ ᠪᠠᠳᠠᠷᠠᠭᠤᠯᠵᠤ᠂ ᠠᠵᠤ ᠠᠬᠤᠶᠢᠯᠠᠯ ᠤᠨ | ᠬᠦᠷᠦᠩᠭᠡ᠂ ᠵᠢᠭᠡᠯᠡᠯᠭᠡ ᠶᠢᠨ ᠲᠡᠮᠳᠡᠭ ᠵᠡᠷᠭᠡ ᠵᠠᠬ᠎ᠠ ᠳᠡᠯᠭᠡᠬᠦᠷ ᠲᠤ ᠰᠢᠭᠤᠳ ᠪᠡᠯᠡ ᠨᠡᠶᠢᠯᠡᠬᠦᠯᠬᠦ ᠶᠢ | ᠵᠤᠷᠢᠭᠵᠢᠭᠤᠯᠤᠨ ᠳᠡᠮᠵᠢᠨ᠎ᠡ᠃ ᠡᠳ᠋ ᠤᠨ ᠵᠠᠰᠠᠭ ᠤᠨ ᠪᠡᠯᠡ ᠮᠦᠩᠬᠦᠨ ᠤ ᠳᠦᠯᠬᠢᠴᠡ ᠦᠢᠯᠡᠳᠦᠯ ᠢ ᠪᠠᠳᠠᠷᠠᠭᠤᠯᠵᠤ᠂ | ᠪᠡᠯᠡ ᠨᠡᠶᠢᠯᠡᠬᠦᠯᠬᠦ ᠳᠠᠪᠴᠠᠩ ᠪᠤᠯᠤᠨ ᠪᠠᠲᠤᠯᠠᠭᠠᠨ ᠤ ᠪᠠᠶᠢᠭᠤᠯᠤᠮᠵᠢ ᠶᠢᠨ ᠪᠡᠯᠡ ᠨᠡᠶᠢᠯᠡᠬᠦᠯᠬᠦ ᠬᠡᠪᠴᠢᠶ᠎ᠡ ᠶᠢ | ᠦᠷᠭᠡᠳᠬᠡᠨ᠎ᠡ᠃ ᠠᠷᠠᠳ ᠤᠨ ᠳᠤᠮᠳᠠᠬᠢ ᠪᠡᠯᠡ ᠤᠷᠤᠭᠤᠯᠤᠯᠲᠠ ᠶᠢᠨ ᠡᠯ᠎ᠡ ᠲᠦᠷᠦᠯ ᠤᠨ ᠲᠦᠷᠦ ᠶᠢᠨ ᠪᠤᠳᠤᠯᠭ᠎ᠠ | ᠠᠷᠭ᠎ᠠ ᠠᠪᠷᠢᠯ ᠢ ᠨᠠᠷᠢᠨ ᠬᠢᠨᠡᠮᠡᠭᠠᠢ ᠨᠠᠶᠢᠳᠠᠪᠤᠷᠢᠵᠢᠭᠤᠯᠤᠨ ᠠᠬᠢᠭᠤᠯᠵᠤ᠂ ᠨᠡᠶᠢᠭᠡᠮ ᠤᠨ ᠪᠡᠯᠡ ᠮᠦᠩᠬᠦ ᠶᠢ ᠳᠠᠳᠠᠨ | ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ | ᠤ ᠲᠦᠷᠦᠯ ᠵᠦᠢᠯ ᠳᠤ ᠤᠷᠤᠯᠴᠠᠭᠤᠯᠤᠨ᠎ᠠ᠃ PPP ᠲᠦᠷᠦᠯ ᠵᠦᠢᠯ ᠤᠨ ᠲᠦᠷᠦ ᠶᠢᠨ ᠪᠤᠳᠤᠯᠭ᠎ᠠ ᠶᠢ ᠬᠦᠨᠵᠡᠭᠡᠢ | ᠰᠤᠳᠤᠯᠤᠨ᠂ ᠲᠦᠷᠦᠯ ᠵᠦᠢᠯ ᠤᠨ ᠭᠤᠤᠯᠳᠠᠯᠭᠠᠳᠠᠢ ᠪᠡᠯᠡ ᠤᠷᠤᠭᠤᠯᠬᠤ ᠬᠦᠷᠢᠶ᠎ᠡ ᠬᠡᠪᠴᠢᠶ᠎ᠡ ᠳᠤ ᠠᠩᠬᠠᠷᠤᠯ ᠢᠶᠠᠨ | ᠲᠦᠪᠯᠡᠷᠡᠬᠦᠯᠵᠤ᠂ ᠨᠢᠭᠡ ᠪᠦᠯᠦᠭ ᠦᠨᠳᠦᠷ ᠴᠢᠨᠠᠷ ᠴᠢᠨᠰᠠᠭ᠎ᠠ ᠲᠠᠢ ᠲᠦᠷᠦᠯ ᠵᠦᠢᠯ ᠢ ᠳᠦᠰᠦᠪᠯᠡᠨ ᠴᠢᠨᠠᠷᠵᠢᠭᠤᠯᠵᠤ᠂ | ᠤᠯᠤᠰ᠂ ᠦᠪᠡᠷᠳᠡᠭᠡᠨ ᠵᠠᠰᠠᠬᠤ ᠤᠷᠤᠨ ᠤ ᠲᠦᠷᠦᠯ ᠵᠦᠢᠯ ᠤᠨ ᠬᠦᠮᠦᠷᠭᠡ ᠳᠤ ᠤᠷᠤᠭᠤᠯᠬᠤ ᠪᠠᠷ ᠲᠡᠮᠡᠴᠡᠨ᠎ᠡ᠃ | ︵ᠬᠤᠶᠠᠷ︶ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠨ ᠶᠢᠨ ᠴᠢᠨᠠᠷᠲᠠᠢ | ᠦᠭᠡᠷᠡᠴᠢᠯᠡᠯᠲᠡ ᠶᠢ ᠬᠦᠨᠵᠡᠭᠡᠢ ᠲᠦᠯᠬᠢᠨ ᠠᠬᠢᠭᠤᠯᠵᠤ᠂ ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠠ | ᠶᠢᠨ ᠳᠦᠪᠰᠢᠨ ᠢ ᠳᠡᠭᠡᠭᠰᠢᠯᠡᠬᠦᠯᠦᠨ᠎ᠡ | ᠮᠠᠯ ᠠᠵᠤ ᠠᠬᠤᠢ ᠶᠢᠨ ᠪᠦᠲᠦᠴᠨ ᠶᠢ ᠨᠢᠭᠡᠳᠤᠯᠲᠠᠢ ᠲᠦᠯᠦᠪᠵᠢᠭᠦᠯᠦᠨ ᠲᠤᠬᠢᠷᠠᠭᠤᠯᠤᠨ᠎ᠠ᠃ ᠰᠢᠯᠢᠳᠡᠭ | ᠡᠭᠦᠯᠳᠡᠷ ᠤᠨ ᠮᠢᠬᠠᠨ ᠤ ᠦᠬᠡᠷ ᠤᠨ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠵᠢᠯ ᠤᠨ ᠳᠤᠳᠤᠷ᠎ᠠ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ 1000 ᠲᠤᠯᠤᠭᠠᠢ | ᠠᠴᠠ ᠳᠡᠭᠡᠭᠰᠢ ᠲᠦᠪᠯᠡᠷᠡᠭᠦᠯᠦᠨ ᠤᠷᠤᠭᠤᠯᠵᠤ᠂ 1 ᠲᠦᠮᠡᠨ ᠲᠤᠯᠤᠭᠠᠢ ᠦᠭᠡᠷ ᠲᠤ ᠢᠴᠡᠭᠡᠯ ᠦᠷ᠎ᠡ ᠶᠢᠨ | ᠬᠡᠭᠡᠯᠳᠦᠯᠭᠡ ᠬᠢᠬᠦ ᠡᠭᠦᠷᠭᠡ ᠶᠢ ᠪᠡᠶᠡᠯᠡᠭᠦᠯᠦᠨ᠂4 ᠳᠤᠰᠬᠠᠢ ᠬᠤᠷᠰᠢᠶᠠᠵᠢᠯ ᠢ ᠪᠠᠶᠢᠭᠤᠯᠵᠤ᠂50 ᠡᠷᠦᠬᠡ ᠶᠢᠨ | ᠪᠤᠬᠢᠷᠳᠤᠯ ᠦᠭᠡᠢ ᠮᠢᠬᠠᠨ ᠤ ᠦᠭᠡᠷ ᠮᠠᠯᠵᠢᠬᠤ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ ᠪᠠᠶᠢᠭᠤᠯᠤᠨ᠎ᠠ᠃ ᠰᠠᠭᠠᠯᠢ | ᠶᠢᠨ ᠦᠨᠢᠶ᠎ᠡ ᠲᠠᠵᠢᠭᠡᠨ ᠦᠷᠡᠵᠢᠬᠦᠯᠬᠦ ᠦᠢᠯᠡᠰ ᠢ ᠳᠤᠭᠲᠠᠭᠤᠨ ᠢᠶᠠᠷ ᠬᠦᠭᠵᠢᠬᠦᠯᠦᠨ᠎ᠡ᠃ ᠴᠠᠬᠠᠷ ᠦᠷ᠎ᠡ ᠶᠢᠨ | ᠬᠤᠴᠠᠨ ᠤ ᠲᠠᠯᠠᠪᠠᠢ ᠶᠢᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠴᠠᠬᠠᠷ ᠡᠭᠦᠯᠳᠡᠷ ᠤᠨ ᠬᠤᠨᠢ ᠶᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠪᠠ ᠴᠠᠪᠠᠷ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ | ᠰᠢᠰᠲ᠋ᠧᠮ ᠢ ᠳᠡᠭᠦᠯᠳᠡᠷᠵᠢᠭᠦᠯᠦᠨ᠂ ᠠᠷᠠᠴᠢᠯᠠᠨ ᠮᠠᠯᠵᠢᠬᠤ ᠬᠦᠷᠢᠶ᠎ᠡ ᠬᠡᠪᠴᠢᠶ᠎ᠡ ᠶᠢ ᠦᠷᠭᠡᠳᠬᠡᠵᠤ᠂ ᠡᠨᠡ ᠵᠢᠯ | ᠦᠯᠡᠳᠡᠭᠡᠬᠦ ᠮᠠᠯ ᠤᠨ ᠲᠤᠭ᠎ᠠ ᠶᠢ 22 ᠲᠦᠮᠨ ᠳᠤ ᠬᠦᠷᠭᠡᠨ᠎ᠡ᠃ ᠬᠤᠷᠠᠭ᠎ᠠ ᠶᠢ ᠪᠡᠯᠴᠢᠭᠡᠬᠦ ᠶᠢᠨ ᠳᠠᠭᠠᠤ ᠪᠤᠷᠳᠤᠭ᠎ᠠ | ᠨᠦᠬᠦᠪᠦᠷᠢᠯᠡᠵᠤ ᠤᠷᠢᠳᠴᠢᠯᠠᠨ ᠵᠠᠷᠤᠴᠠᠭᠤᠯᠬᠤ ᠶᠢ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠠᠷᠭ᠎ᠠ ᠮᠠᠶ᠋ᠢᠭ ᠢᠶᠠᠨ ᠬᠤᠪᠢᠷᠠᠭᠤᠯᠬᠤ ᠭᠤᠤᠯ ᠴᠢᠭᠯᠡᠯ ᠪᠤᠯᠭᠠᠨ ᠠᠳᠬᠤᠵᠤ᠂ ︽ᠳᠦᠷᠪᠡᠨ ᠤᠯᠠᠷᠢᠯ ᠳᠤ | ᠵᠠᠷᠤᠴᠠᠭᠤᠯᠵᠤ᠂ ᠵᠠᠬ᠎ᠠ ᠳᠡᠯᠭᠡᠬᠦᠷ ᠲᠤ ᠲᠡᠩᠴᠡᠬᠦᠷᠢᠲᠠᠢ ᠭᠠᠷᠭᠠᠬᠤ︾ ᠬᠡᠪ ᠵᠠᠭᠪᠤᠷ ᠢ ᠰᠦᠪᠡᠭᠴᠢᠯᠡᠨ ᠪᠠᠶᠢᠭᠤᠯᠤᠨ᠎ᠠ | ᠃ | ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠠᠬᠢᠴᠨ ᠶᠢ ᠲᠦᠯᠬᠢᠨ ᠠᠬᠢᠭᠤᠯᠤᠨ᠎ᠠ᠃ ᠮᠠᠯ ᠤᠨ | ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠭᠦᠯᠬᠦ᠂ ᠪᠤᠷᠤᠯᠠᠭᠤᠯᠬᠤ ᠵᠡᠷᠭᠡ ᠭᠤᠭᠴᠤᠭᠠᠨ ᠤ ᠲᠤᠭᠤᠷᠢᠨ ᠳᠤ᠂ | ᠲᠦᠷᠦ ᠶᠢᠨ ᠪᠤᠳᠤᠯᠭ᠎ᠠ᠂ ᠠᠵᠤ ᠦᠢᠯᠡᠰ ᠪᠠ ᠲᠦᠷᠦᠯ ᠵᠦᠢᠯ ᠢᠶᠠᠷ ᠳᠡᠳᠬᠦᠬᠦ ᠶᠢ ᠰᠠᠶᠢᠳᠤᠷ ᠠᠳᠬᠤᠵᠤ᠂ ᠮᠠᠯ ᠤᠨ | ᠠᠰᠢᠭ ᠰᠢᠮ᠎ᠡ ᠶᠢ ᠡᠳ᠋ᠰᠢᠭᠦᠯᠬᠦ ᠪᠤᠳᠠᠳᠤ ᠬᠦᠴᠦᠨ ᠲᠠᠢ ᠠᠵᠤ ᠠᠬᠤᠶᠢᠯᠠᠯ ᠢ ᠢᠳᠡᠪᠬᠢᠲᠠᠢ ᠤᠷᠤᠭᠤᠯᠤᠨ᠂ ᠦᠭᠡᠷ | ᠬᠤᠨᠢᠨ ᠤ ᠶᠠᠰᠤ ᠮᠢᠬ᠎ᠠ᠂ ᠳᠤᠳᠤᠷ ᠡᠷᠬᠡᠲᠠᠨ᠂ ᠠᠷᠠᠰᠤ ᠨᠤᠤᠰᠤ ᠵᠡᠷᠭᠡ ᠳᠠᠭᠠᠯᠲᠠ ᠪᠦᠲᠦᠭᠡᠭᠳᠡᠭᠦᠨ ᠢ ᠨᠠᠷᠢᠯᠢᠭ | ᠬᠦᠨ ᠡᠳ᠋ᠰᠢᠭᠦᠯᠬᠦ ᠪᠠ ᠦᠨᠳᠤᠷ ᠳᠠᠭᠠᠯᠲᠠ ᠨᠡᠮᠡᠭᠳᠡᠯ ᠦᠷᠳᠡᠭ ᠤᠨ ᠪᠦᠲᠦᠭᠡᠭᠳᠡᠭᠦᠨ ᠢ ᠰᠤᠳᠤᠯᠤᠨ ᠬᠦᠭᠵᠢᠭᠦᠯᠬᠦ ᠶᠢ | ᠠᠬᠢᠭᠤᠯᠤᠨ᠂ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | 5 ᠲᠦᠮᠡᠨ ᠴᠠᠬᠠᠷ ᠬᠤᠨᠢᠨ ᠤ ᠪᠦᠬᠦᠶᠢᠯᠨ ᠠᠵᠤ ᠦᠢᠯᠡᠰ ᠤᠨ ᠬᠡᠯᠬᠢᠶᠡᠰᠤ ᠶᠢᠨ ᠮᠦᠷᠳᠡᠨ ᠪᠠᠶᠢᠴᠠᠭᠠᠬᠤ ᠰᠢᠰᠲ᠋ᠧᠮ | ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠴᠠᠬᠠᠷ ᠬᠤᠨᠢᠨ ᠮᠢᠬ᠎ᠠ︾ ᠶᠢᠨ ᠤᠯᠤᠰ ᠤᠨ ᠭᠠᠵᠠᠷ ᠤᠷᠤᠨ ᠤ | ᠳᠡᠮᠳᠡᠭᠲᠤ ᠬᠠᠮᠠᠭᠠᠯᠠᠯᠲᠠ ᠶᠢᠨ ᠪᠦᠲᠦᠭᠡᠭᠳᠡᠭᠦᠨ ᠤ ᠨᠡᠷ᠎ᠡ ᠳᠡᠮᠳᠡᠭ ᠤᠨ ᠦᠢᠯᠡᠳᠤᠯ ᠢ ᠬᠦᠢᠴᠡᠳ ᠪᠠᠳᠠᠷᠠᠭᠤᠯᠤᠨ᠎ᠠ᠃ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠨ ᠶᠢ ᠢᠳᠡᠪᠬᠢᠲᠠᠢ ᠪᠤᠢ ᠪᠤᠯᠭᠠᠨ᠎ᠠ᠃ ᠨᠤᠳᠤᠭ | ᠪᠡᠯᠴᠢᠭᠡᠷ ᠢ ᠰᠢᠯᠵᠢᠭᠦᠯᠬᠦ ᠳᠠᠪᠴᠠᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠤᠯᠠᠨ ᠵᠦᠢᠯ ᠤᠨ ᠬᠡᠯᠪᠡᠷᠢ | ᠪᠦᠬᠦᠢ ᠵᠤᠬᠢᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢ ᠵᠤᠷᠢᠭᠵᠢᠭᠤᠯᠤᠨ ᠬᠦᠭᠵᠢᠭᠦᠯᠵᠤ᠂ ᠨᠤᠳᠤᠭ ᠪᠡᠯᠴᠢᠭᠡᠷ ᠢ | ᠳᠤᠰᠬᠠᠶᠢᠵᠢᠭᠰᠠᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠳᠠᠯᠠᠪᠠᠢ ᠵᠡᠷᠭᠡ ᠡᠯ᠎ᠡ ᠲᠦᠷᠦᠯ ᠤᠨ ᠡᠵᠡᠩᠨᠡᠯᠲᠡ | ᠶᠢᠨ ᠭᠤᠤᠯ ᠴᠤᠭᠴᠨ ᠳᠡᠰᠢ ᠲᠦᠯᠦᠪᠦᠷᠢ ᠲᠠᠢ ᠰᠢᠯᠵᠢᠭᠦᠯᠬᠦ ᠶᠢ ᠠᠬᠢᠭᠤᠯᠤᠨ᠂ ᠮᠠᠯᠴᠢᠳ ᠤᠨ ᠳᠤᠰᠬᠠᠢ | ᠬᠤᠷᠰᠢᠶᠠᠵᠢᠯ ᠢᠶᠠᠨ ᠲᠦᠷᠢᠮᠵᠢᠭᠦᠯᠦᠨ ᠡᠮᠬᠢ ᠳᠢᠭᠯᠢᠮ ᠲᠠᠢ ᠬᠦᠭᠵᠢᠭᠦᠯᠬᠦ ᠶᠢ ᠵᠢᠯᠤᠭᠤᠳᠤᠨ᠎ᠠ᠃ ᠡᠵᠡᠩᠨᠡᠯᠲᠡ᠂ | ᠬᠠᠮᠢᠶᠠᠷᠤᠯᠲᠠ ᠬᠢᠬᠦ ᠳᠡᠭᠡᠨ ᠴᠢᠳᠠᠮᠠᠭᠠᠢ ᠮᠠᠯᠵᠢᠬᠤ ᠤᠷᠤᠨ ᠤ ᠵᠠᠭᠤᠴᠢ ᠶᠢᠨ ᠡᠩᠨᠡᠭᠡ ᠶᠢ ᠪᠠᠶᠢᠭᠤᠯᠵᠤ᠂ ᠰᠢᠨ᠎ᠡ | ᠬᠡᠯᠪᠡᠷᠢ ᠶᠢᠨ ᠳᠤᠰᠬᠠᠢ ᠮᠡᠷᠭᠡᠵᠢᠯ ᠤᠨ ᠮᠠᠯᠴᠢᠨ ᠢ ᠪᠤᠢ ᠪᠤᠯᠭᠠᠨ ᠬᠦᠮᠦᠵᠢᠬᠦᠯᠵᠤ᠂ ᠮᠠᠯ ᠠᠵᠤ ᠠᠬᠤᠢ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠮᠠᠯ ᠠᠵᠤ ᠠᠬᠤᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠦᠷᠬᠦᠯᠵᠢᠯᠡᠨ ᠳᠡᠭᠦᠯᠳᠡᠷᠵᠢᠭᠦᠯᠦᠨ᠎ᠡ᠃ ᠠᠵᠤ | ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠯ ᠤᠨ ᠫᠧᠩ ᠬᠤᠷᠤᠭ᠎ᠠ᠂ ᠡᠪᠡᠰᠦᠨ ᠫᠧᠩ | ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠰᠠᠶᠢᠳᠤᠷ ᠠᠳᠬᠤᠵᠤ᠂ | ᠡᠪᠡᠰᠦᠨ ᠵᠠᠬ᠎ᠠ ᠳᠡᠯᠭᠡᠬᠦᠷ ᠤᠨ 5000 ᠲᠤᠨ ᠤ ᠨᠤᠭᠤᠭᠠᠨ ᠳᠠᠷᠤᠰᠢ ᠶᠢᠨ ᠵᠤᠭᠤᠷᠢ ᠪᠤᠯᠤᠨ ᠤᠩᠭᠤᠨ ᠠᠭᠤᠯᠠ | ᠰᠤᠮᠤ᠂ ᠪᠠᠶᠠᠨᠲᠠᠯ᠎ᠠ ᠪᠠᠯᠭᠠᠰᠤ ᠶᠢᠨ ᠡᠪᠡᠰᠦ ᠪᠤᠷᠳᠤᠭ᠎ᠠ ᠨᠦᠭᠡᠴᠡᠯᠡᠬᠦ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠬᠦᠯᠵᠤ᠂ ᠤᠳᠤ ᠪᠠᠶᠢᠭ᠎ᠠ ᠦᠨᠳᠦᠷ ᠤᠨᠠᠯᠳᠠᠳᠦ ᠪᠤᠷᠳᠤᠭᠠᠨ ᠰᠠᠭᠤᠷᠢᠨ ᠭᠠᠵᠠᠷ ᠤᠨ ᠲᠠᠷᠢᠮᠠᠯ ᠤᠨ ᠠᠵᠢᠯ | ᠪᠤᠯᠤᠨ ᠬᠠᠳᠤᠯᠠᠩ ᠤᠨ ᠲᠠᠯᠠᠪᠠᠢ ᠶᠢ ᠡᠳᠡᠭᠡᠨ ᠬᠠᠮᠠᠭᠠᠯᠠᠬᠤ ᠠᠵᠢᠯ ᠢ ᠰᠠᠶᠢᠳᠤᠷ ᠠᠳᠬᠤᠨ᠂ ᠪᠠᠶᠢᠭᠠᠯᠢ ᠶᠢᠨ ᠭᠠᠮᠰᠢᠭ | ᠢ ᠡᠰᠡᠷᠭᠦᠴᠡᠬᠦ ᠴᠢᠳᠠᠪᠦᠷᠢ ᠶᠢ ᠨᠡᠮᠡᠭᠳᠡᠬᠦᠯᠦᠨ᠎ᠡ᠃ | ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠤᠨ᠎ᠠ᠃ ᠮᠠᠯ ᠠᠵᠤ | ᠠᠬᠤᠢ ᠶᠢᠨ ᠦᠢᠯᠡᠳᠪᠦᠷᠢᠯᠡᠯ᠂ ᠦᠨᠳᠤᠰᠤᠳᠠᠨ ᠤ ᠵᠠᠩ ᠦᠢᠯᠨ ᠰᠤᠶᠤᠯ᠂ ᠪᠠᠶᠢᠭᠠᠯᠢ ᠶᠢᠨ ᠦᠩᠭᠡ ᠦᠵᠡᠮᠵᠢ | ᠵᠡᠷᠭᠡ ᠡᠬᠢ ᠪᠠᠶᠠᠯᠢᠭ ᠤᠨ ᠳᠠᠪᠠᠭᠤᠯᠢᠭ ᠲᠠᠭᠠᠨ ᠳᠦᠰᠢᠭᠯᠡᠨ᠂ ︽ᠮᠠᠯᠵᠢᠬᠤ ᠳᠤ ᠲᠤᠬᠢᠷᠠᠮᠵᠢᠲᠠᠢ ᠪᠤᠯ ᠮᠠᠯᠵᠢᠬᠤ᠂ | ᠠᠵᠢᠯ ᠬᠢᠬᠦ ᠳᠤ ᠵᠤᠬᠢᠰᠲᠠᠢ ᠪᠤᠯ ᠠᠵᠢᠯᠯᠠᠬᠤ᠂ ᠬᠤᠳᠠᠯᠳᠤᠭ᠎ᠠ ᠬᠢᠬᠦ ᠵᠤᠬᠢᠰᠲᠠᠢ ᠪᠤᠯ ᠬᠤᠳᠠᠯᠳᠤᠭ᠎ᠠ ᠬᠢᠬᠦ᠂ | ᠵᠢᠭᠤᠯᠴᠢᠯᠠᠯ ᠡᠷᠬᠢᠯᠡᠬᠦ ᠳᠤ ᠲᠤᠬᠢᠷᠠᠮᠵᠢᠲᠠᠢ ᠪᠤᠯ ᠵᠢᠭᠤᠯᠴᠢᠯᠠᠯ ᠡᠷᠬᠢᠯᠡᠬᠦ︾ ᠵᠠᠷᠴᠢᠮ ᠶᠤᠰᠤᠭᠠᠷ᠂ ᠵᠠᠬ᠎ᠠ ᠳᠡᠯᠭᠡᠭᠦᠷ | ᠤᠨ ᠵᠢᠮ᠎ᠡ ᠶᠤᠰᠤ ᠶᠢ ᠵᠢᠷᠤᠮᠯᠠᠯᠠᠨ᠂ ᠬᠦᠭᠵᠢᠯᠲᠡ ᠶᠢᠨ ᠲᠦᠯᠦᠪᠵᠢᠭᠦᠯᠭᠡ ᠳᠤᠭᠳᠠᠭᠠᠵᠤ᠂ ᠨᠦᠬᠦᠴᠡᠯ ᠢᠶᠠᠷ | ᠬᠠᠷᠢᠴᠠᠩᠭᠤᠢ ᠪᠤᠯᠪᠠᠰᠤᠷᠠᠩᠭᠤᠢ ᠪᠠᠶᠢᠭ᠎ᠠ 8 — 10 ᠭᠠᠴᠠᠭ᠎ᠠ ᠶᠢ ᠰᠤᠩᠭᠤᠨ᠂ ᠠᠳᠠᠯᠢ ᠪᠤᠰᠤ ᠲᠦᠷᠦᠯ ᠤᠨ | ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠤᠷᠤᠨ ᠵᠠᠢ ᠶᠢ ᠢᠳᠡᠪᠬᠢᠲᠠᠢ ᠦᠷᠭᠡᠳᠬᠡᠨ᠎ᠡ᠃ ᠮᠠᠯ ᠠᠵᠤ | ᠠᠬᠤᠢ ᠪᠠᠷ ᠤᠷᠤᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ᠢ ᠬᠦᠨᠵᠡᠭᠡᠢ ᠠᠭᠤᠳᠠᠯᠯᠠᠵᠤ᠂ ᠡᠵᠡᠩᠨᠡᠯᠲᠡ ᠶᠢᠨ | ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ ᠶᠢ ᠴᠢᠷᠮᠠᠶᠢᠨ ᠨᠡᠮᠡᠭᠳᠡᠬᠦᠯᠦᠨ᠎ᠡ︔᠂ ᠰᠢᠯᠵᠢᠵᠤ ᠬᠤᠳᠠ | ᠤᠷᠤᠭᠰᠠᠨ ᠬᠦᠮᠦᠰ ᠤᠨ ᠦᠪᠡᠷᠳᠡᠭᠡᠨ ᠠᠵᠢᠯ ᠰᠤᠩᠭᠤᠨ ᠦᠢᠯᠡᠰ ᠡᠷᠬᠢᠯᠡᠬᠦ ᠶᠢ ᠵᠤᠷᠢᠭᠵᠢᠭᠤᠯᠤᠨ ᠳᠡᠮᠵᠢᠵᠤ᠂ | ᠲᠤᠯᠤᠭᠠᠶᠢᠯᠠᠬᠤ ᠠᠵᠤ ᠠᠬᠤᠶᠢᠯᠠᠯ ᠬᠢᠭᠡᠳ ᠮᠠᠯᠴᠢᠳ ᠠᠰᠢᠭ ᠳᠤᠰᠨ ᠪᠠᠷ ᠢᠶᠠᠨ ᠬᠤᠯᠪᠤᠯᠳᠤᠬᠤ ᠳᠤᠭᠳᠠᠴᠨ ᠶᠢ | ᠳᠡᠭᠦᠯᠳᠡᠷᠵᠢᠭᠦᠯᠦᠨ᠂ ᠴᠠᠯᠢᠩ ᠤᠨ ᠴᠢᠨᠠᠷᠲᠠᠢ ᠤᠷᠤᠯᠭ᠎ᠠ ᠶᠢ ᠳᠠᠰᠤᠷᠠᠯᠲᠠ ᠦᠭᠡᠢ ᠨᠡᠮᠡᠭᠳᠡᠬᠦᠯᠦᠨ᠎ᠡ︔ ᠮᠠᠯᠵᠢᠯ ᠳᠤ | ᠬᠤᠯᠪᠤᠭᠳᠠᠭᠰᠠᠨ ᠮᠠᠯᠵᠢᠬᠤ ᠦᠢᠯᠡᠰ ᠢ ᠬᠠᠷᠠᠭᠠᠯᠵᠠᠭᠰᠠᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ | ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠨᠦᠬᠦᠪᠦᠷᠢ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ | ᠤᠯᠭᠤᠨ ᠦᠭᠴᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠤᠷᠤᠯᠭ᠎ᠠ ᠶᠢ ᠪᠠᠳᠤᠯᠠᠨ᠎ᠠ᠃ ᠮᠠᠯᠴᠢᠳ ᠢ ᠬᠠᠪᠰᠤᠷᠤᠨ | ᠵᠤᠭᠤᠰ ᠵᠤᠭ᠎ᠠ ᠶᠢᠨ ᠲᠠᠯ᠎ᠠ ᠪᠠᠷ ᠳᠠᠩᠰᠠ ᠶᠢ ᠰᠠᠶᠢᠳᠤᠷ ᠪᠤᠳᠤᠵᠤ ᠦᠭᠭᠦᠨ᠂ ᠰᠢᠨᠵᠢᠯᠡᠬᠦ ᠤᠬᠠᠭᠠᠨᠴᠢ ᠵᠦᠪ | ᠤᠨᠤᠪᠴᠢᠲᠠᠢ ᠬᠡᠷᠡᠭᠯᠡᠭᠡᠨ ᠤ ᠤᠬᠠᠮᠰᠠᠷ ᠢ ᠪᠤᠢ ᠪᠤᠯᠭᠠᠨ᠂ ᠠᠷᠠᠳ ᠤᠨ ᠬᠤᠭᠤᠷᠤᠨᠳᠤᠬᠢ ᠵᠢᠭᠡᠯᠡᠯᠭᠡ ᠳᠠᠯᠪᠢᠬᠤ | ᠠᠵᠢᠯᠯᠠᠭ᠎ᠠ ᠶᠢ ᠰᠡᠷᠬᠡᠶᠢᠯᠡᠬᠦ ᠪᠤᠶᠤ ᠡᠶᠡᠳᠡᠬᠦᠯᠵᠤ᠂ ᠦᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ ᠨᠢ | ᠨᠡᠮᠡᠭᠳᠡᠭᠦᠯᠦᠨ᠎ᠡ᠃ | ︵ᠭᠤᠷᠪᠠ︶ ᠤᠨᠴᠠᠯᠢᠭᠲᠤ ᠠᠵᠤ ᠦᠢᠯᠡᠰ ᠢ ᠢᠳᠡᠪᠬᠢᠲᠠᠢ ᠪᠤᠶᠢᠵᠢᠭᠤᠯᠵᠤ᠂ ᠠᠵᠤ ᠠᠬᠤᠢ ᠶᠢᠨ | ᠬᠦᠭᠵᠢᠯᠲᠡ ᠶᠢᠨ ᠨᠦᠭᠡᠴᠨ ᠬᠦᠴᠦᠨ ᠢ ᠳᠠᠰᠤᠷᠠᠯᠲᠠ ᠦᠭᠡᠢ ᠨᠡᠮᠡᠭᠳᠡᠭᠦᠯᠦᠨ᠎ᠡ᠃ | ᠳᠠᠪᠠᠭᠤᠯᠢᠭ ᠤᠨᠴᠠᠯᠢᠭᠲᠤ ᠠᠵᠤ ᠦᠢᠯᠡᠰ ᠢ ᠬᠦᠴᠦᠯᠡᠨ ᠪᠤᠶᠢᠵᠢᠭᠤᠯᠤᠨ ᠭᠦᠭᠵᠢᠭᠦᠯᠵᠤ᠂ ᠠᠵᠤ | ᠠᠬᠤᠢ ᠶᠢᠨ ᠬᠦᠭᠵᠢᠯᠲᠠ ᠶᠢᠨ ᠰᠢᠨ᠎ᠡ ᠬᠦᠳᠡᠯᠭᠡᠭᠦᠷ ᠢ ᠴᠢᠷᠮᠠᠶᠢᠨ ᠡᠭᠦᠳᠴᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ ᠴᠡᠪᠡᠷ ᠡᠨᠧᠷᠬᠢ ᠶᠢᠨ ᠠᠵᠤ | ᠦᠢᠯᠡᠰ ᠤᠨ ᠳᠠᠯ᠎ᠠ ᠪᠠᠷ᠂ ᠳ᠋ᠠ ᠲᠠᠩ ᠤᠯᠠᠨ ᠤᠯᠤᠰ ᠤᠨ15 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠲᠦᠷᠦᠯ ᠵᠦᠢᠯ᠂ ᠱᠧᠩ ᠱᠢ ᠰᠢᠨ ᠶᠤᠸᠠᠨ12.5 ᠲᠦᠮᠡᠨ ᠺᠢᠯᠤᠸᠠᠲ ᠤᠨ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠤᠷᠴᠢᠯᠠᠨ ᠴᠠᠬᠢᠯᠭᠠᠨ ᠭᠠᠷᠭᠠᠬᠤ᠂ ᠰᠢᠶᠧ ᠰᠢᠨ 12. | 5 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠱᠧᠩ ᠨᠧᠩ40 | ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠬᠡᠰᠡᠭ ᠳᠤᠤᠷᠴᠢᠯᠠᠨ | ᠴᠠᠬᠢᠯᠭᠠᠨ ᠭᠠᠷᠭᠠᠬᠤ᠂ ᠵᠢᠩ ᠨᠧᠩ᠂ ᠡᠷᠢᠶᠠᠨ ᠬᠤᠲᠠ ᠶᠢᠨ ᠪᠢᠴᠢᠯ ᠴᠠᠬᠢᠯᠭᠠᠨ ᠲᠤᠤᠷ ᠤᠨ ᠲᠦᠷᠦᠯ ᠵᠦᠢᠯ ᠢ | ᠢᠳᠡᠪᠬᠢᠲᠠᠢ ᠲᠦᠯᠬᠢᠨ ᠠᠬᠢᠭᠤᠯᠵᠤ᠂ ᠵᠢᠯ ᠳᠤᠳᠤᠷ᠎ᠠ ᠰᠢᠨ᠎ᠡ ᠡᠨᠧᠷᠬᠢ ᠶᠢᠨ ᠲᠤᠤᠷᠴᠢᠯᠠᠨ ᠴᠠᠬᠢᠯᠭᠠᠨ ᠭᠠᠷᠭᠠᠬᠤ | ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ50 ᠲᠦᠮᠡᠨ ᠺᠢᠯᠤᠸᠠᠲ ᠴᠠᠭ ᠲᠤ ᠬᠦᠷᠭᠡᠨ᠎ᠡ᠃ ᠨᠡᠭᠦᠷᠡᠰᠤᠨ ᠤ ᠠᠵᠤ | ᠦᠢᠯᠡᠰ ᠤᠨ ᠲᠠᠯ᠎ᠠ ᠪᠠᠷ᠂ ᠪᠦᠬᠦ ᠵᠢᠯ ᠳᠤ 60 ᠲᠤᠨ ᠨᠡᠭᠦᠷᠡᠰᠤ ᠦᠢᠯᠡᠳᠪᠦᠷᠢᠯᠡᠬᠦ ᠴᠢᠳᠠᠪᠦᠷᠢ ᠶᠢ | ᠳᠤᠭᠳᠠᠪᠤᠷᠢᠵᠢᠭᠤᠯᠤᠨ᠂ ᠢᠳᠡᠪᠬᠢᠵᠢᠭᠦᠯᠦᠭᠰᠡᠨ ᠨᠡᠭᠦᠷᠡᠰᠤ᠂ ᠰᠠᠪᠬᠠᠨ ᠨᠡᠭᠦᠷᠡᠰᠤ᠂ ᠦᠨᠳᠤᠷ ᠺᠷᠠᠳᠦ᠋ᠰ ᠤᠨ ᠵᠤᠤᠬᠠᠨ | ᠤ ᠰᠦᠷᠴᠢᠨ ᠦᠯᠢᠶᠡᠬᠦ ᠨᠡᠭᠦᠷᠠᠰᠤ᠂ ᠨᠡᠭᠦᠷᠠᠰᠤᠨ ᠴᠢᠯᠠᠭᠤ ᠶᠢ ᠶᠡᠷᠦᠩᠭᠡᠶᠢᠯᠡᠨ ᠠᠰᠢᠭᠯᠠᠵᠤ ᠪᠤᠯᠪᠠᠰᠤᠷᠠᠭᠤᠯᠬᠤ ᠵᠡᠷᠭᠡ | ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ | ᠨᠡᠶᠢᠯᠡᠮᠡᠯ ᠬᠠᠪᠳᠠᠰᠤ᠂ ᠤᠨᠴᠠᠭᠠᠢ ᠬᠡᠯᠪᠡᠷᠢᠲᠤ ᠡᠳ᠋ᠰᠢᠭᠦᠯᠦᠯᠲᠠ᠂ ᠴᠠᠬᠢᠯᠭᠠᠨ ᠢᠶᠠᠷ ᠵᠠᠳᠠᠯᠤᠬᠤ ᠵᠡᠷᠭᠡ ᠤᠷ᠎ᠡ ᠮᠡᠷᠭᠡᠵᠢᠯ | ᠢ ᠲᠦᠭᠡᠮᠡᠯᠵᠢᠭᠦᠯᠦᠨ᠂ ᠤᠷᠠᠯᠠᠨ ᠴᠢᠮᠡᠭᠯᠡᠬᠦ᠂ ᠴᠢᠯᠠᠭᠤᠨ ᠮᠠᠲ᠋ᠧᠷᠢᠶᠠᠯ ᠢ ᠤᠷᠠᠯᠠᠨ ᠪᠦᠲᠦᠭᠡᠬᠦ ᠵᠡᠷᠭᠡ ᠴᠢᠯᠠᠭᠤᠨ | ᠮᠠᠲ᠋ᠧᠷᠢᠶᠠᠯ ᠤᠨ ᠡᠬᠢ ᠪᠠᠶᠠᠯᠢᠭ ᠢ ᠬᠦᠨ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠳᠠᠳᠠᠨ ᠤᠷᠤᠭᠤᠯᠵᠤ᠂ | ᠶᠠᠷᠤᠩᠭᠡᠶᠢᠯᠡᠨ ᠠᠰᠢᠭᠯᠠᠬᠤ ᠨᠤᠷᠮ᠎ᠠ ᠪᠠ ᠪᠦᠲᠦᠭᠡᠭᠳᠡᠭᠦᠨ ᠤ ᠳᠠᠭᠠᠯᠲᠠ ᠨᠡᠮᠡᠭᠳᠡᠯ ᠦᠷᠳᠡᠭ ᠢ ᠨᠡᠮᠡᠭᠳᠡᠭᠦᠯᠦᠨ᠂ ᠠᠵᠢᠯ | ᠲᠦᠷᠦᠯ ᠤᠨ ᠨᠡᠶᠢᠭᠡᠮᠯᠢᠭ ᠤᠨ ᠦᠢᠯᠡᠳᠤᠯ ᠢ ᠪᠠᠳᠠᠷᠠᠭᠤᠯᠵᠤ᠂ ᠪᠦᠲᠦᠭᠡᠭᠳᠡᠭᠦᠨ ᠢ ᠳᠠᠨᠢᠯᠴᠠᠭᠤᠯᠬᠤ ᠪᠠ ᠵᠠᠬ᠎ᠠ | ᠳᠡᠯᠭᠡᠭᠦᠷ ᠲᠤ ᠡᠵᠡᠩᠨᠡᠨ ᠪᠤᠷᠤᠯᠠᠭᠤᠯᠬᠤ ᠠᠵᠢᠯ ᠢ ᠰᠠᠶᠢᠳᠤᠷ ᠠᠳᠬᠤᠨ᠂ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ | ᠶᠢ ᠦᠷᠭᠡᠳᠬᠡᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠳᠤᠭᠳᠠᠪᠤᠷᠢᠵᠢᠭᠤᠯᠤᠨ᠎ᠠ᠃ ᠴᠢᠯᠠᠭᠤᠨ | ᠳᠤᠰᠤ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ ᠦᠢᠯᠡᠰ ᠤᠨ ᠲᠠᠯ᠎ᠠ ᠪᠠᠷ᠂ ᠤᠩᠭᠤᠨ ᠠᠭᠤᠯᠨ ᠴᠢᠯᠠᠭᠤᠨ | ᠳᠤᠰᠤᠨ ᠤ ᠲᠤᠭᠤᠷᠢᠭ ᠢ ᠪᠦᠬᠦᠶᠢᠯᠨ ᠴᠤᠭᠴᠠ ᠪᠠᠷ ᠨᠡᠭᠡᠭᠡᠨ ᠬᠦᠭᠵᠢᠭᠦᠯᠬᠦ ᠠᠵᠢᠯ ᠢ ᠲᠦᠯᠬᠢᠨ ᠠᠬᠢᠭᠤᠯᠵᠤ᠂ | ᠪᠠᠶᠠᠨᠲᠠᠯ᠎ᠠ ᠴᠢᠯᠠᠭᠤᠨ ᠳᠤᠰᠤᠨ ᠤ ᠲᠤᠭᠤᠷᠢᠭ ᠤᠨ ᠵᠢᠵᠢᠭ ᠠᠵᠤ ᠠᠬᠤᠶᠢᠯᠠᠯ ᠢ ᠨᠡᠶᠢᠯᠡᠭᠦᠯᠦᠨ ᠳᠠᠬᠢᠨ ᠪᠠᠶᠢᠭᠤᠯᠬᠤ | ᠠᠬᠢᠴᠠ ᠶᠢ ᠲᠦᠷᠭᠡᠳᠬᠡᠨ᠂ ᠲᠡᠷᠢᠭᠦᠨ ᠤ ᠮᠡᠷᠭᠡᠵᠢᠯ ᠢ ᠲᠦᠭᠡᠮᠡᠯᠵᠢᠭᠦᠯᠦᠨ᠂ ᠬᠠᠭᠤᠴᠢᠨ ᠬᠤᠳᠳᠤᠭ ᠤᠨ ᠳᠤᠰᠤᠨ | ᠤ ᠭᠠᠷᠤᠯᠲᠠ ᠶᠢ ᠲᠤᠭᠳᠠᠪᠤᠷᠢᠵᠢᠭᠤᠯᠵᠤ᠂ ᠪᠦᠬᠦ ᠵᠢᠯ ᠳᠤ 20 ᠴᠢᠯᠠᠭᠤᠨ ᠳᠤᠰᠤᠨ ᠬᠤᠳᠳᠤᠭ ᠬᠠᠶᠢᠨ ᠰᠢᠨᠵᠢᠵᠤ | ᠦᠷᠦᠮᠳᠦᠬᠦ ᠶᠢ ᠪᠡᠶᠡᠯᠡᠭᠦᠯᠦᠨ᠂ 4 ᠲᠦᠮᠡᠨ ᠲᠤᠨ ᠲᠦᠬᠦᠬᠡᠢ ᠳᠤᠰᠤ ᠦᠢᠯᠡᠳᠪᠦᠷᠢᠯᠡᠨ᠎ᠡ᠃ ᠲᠡᠮᠦᠷᠯᠢᠭ ᠤᠨ | ᠠᠭᠤᠷᠬᠠᠢ ᠶᠢ ᠬᠠᠶᠢᠨ ᠰᠤᠩᠭᠤᠬᠤ ᠪᠠ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠤᠨ ᠲᠠᠯ᠎ᠠ ᠪᠠᠷ᠂ ᠴᠠᠬᠢᠯᠭᠠᠨ | ᠬᠦᠴᠦᠨ ᠤ ᠲᠤᠮᠤ ᠬᠡᠷᠡᠭᠯᠡᠯᠲᠡ ᠶᠢᠨ ᠡᠷᠦᠬᠡ ᠶᠢᠨ ᠰᠢᠭᠤᠳ ᠬᠠᠩᠭᠠᠯᠭ᠎ᠠ ᠶᠢ ᠠᠬᠢᠭᠤᠯᠤᠨ᠂ ᠲᠡᠮᠦᠷᠯᠢᠭ | ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠪᠠᠳᠤᠯᠠᠵᠤ᠂ ᠨᠢᠤᠪᠢ ᠲᠠᠨᠲ᠋ᠠᠯ ᠤᠨ | ᠠᠭᠤᠷᠬᠠᠢ᠂ ᠸᠤᠯᠹᠷᠠᠮ ᠪᠢᠰᠮᠦ᠋ᠲ ᠮᠦᠩᠭᠦ ᠤᠯᠠᠨ ᠲᠡᠮᠦᠷᠯᠢᠭ ᠤᠨ ᠠᠭᠤᠷᠬᠠᠢ ᠶᠢ ᠬᠠᠶᠢᠨ ᠰᠤᠩᠭᠤᠬᠤ ᠲᠦᠷᠦᠯ | ᠵᠦᠢᠯ ᠪᠠ ᠠᠯᠳᠠ ᠵᠢᠴᠢ ᠤᠯᠠᠨ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ ᠲᠦᠷᠦᠯ ᠵᠦᠢᠯ ᠢ ᠲᠦᠯᠬᠢᠨ | ᠠᠬᠢᠭᠤᠯᠤᠨ᠎ᠠ᠃ ᠰᠢᠨ᠎ᠡ ᠮᠠᠲ᠋ᠧᠷᠢᠶᠠᠯ ᠰᠢᠨ᠎ᠡ ᠠᠵᠤ ᠦᠢᠯᠡᠰ ᠤᠨ ᠲᠠᠯ᠎ᠠ ᠪᠠᠷ᠂ ᠦᠭᠡᠭᠦᠵᠢᠯ ᠢ ᠪᠠᠭᠤᠷᠠᠭᠤᠯᠤᠨ | ᠡᠯᠢᠭᠡ ᠶᠢ ᠬᠠᠮᠠᠭᠠᠯᠠᠬᠤ ᠰᠢᠨ᠎ᠡ ᠡᠭᠦᠳᠤᠯᠳᠠ ᠴᠠᠢ ᠵᠢᠴᠢ ᠳᠡᠭᠡᠳᠤ ᠳᠡᠰ ᠤᠨ ᠤᠭᠤᠳᠠᠨ ᠴᠠᠢ ᠶᠢ ᠰᠤᠳᠤᠯᠤᠨ | ᠦᠢᠯᠡᠳᠬᠦ ᠪᠠ ᠨᠤᠨᠳᠠᠭ ᠨᠡᠭᠦᠷᠡᠰᠤ ᠶᠢ ᠠᠰᠢᠭᠯᠠᠨ ᠤᠷᠴᠢᠨ ᠲᠤᠭᠤᠷᠢᠨ ᠢ ᠬᠠᠮᠠᠭᠠᠯᠠᠬᠤ ᠲᠤᠭᠤᠰᠬ᠎ᠠ ᠦᠢᠯᠡᠳᠴᠤ | ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠳᠤᠮᠳᠠ ᠳᠡᠭᠡᠲᠤ ᠳᠡᠰ ᠤᠨ ᠬᠡᠷᠡᠭᠯᠡᠭᠡᠨ᠂ ᠰᠢᠨ᠎ᠡ | ᠡᠭᠦᠳᠤᠯᠳᠠ ᠪᠠᠷ ᠳᠠᠭᠠᠭᠤᠯᠬᠤ᠂ ᠪᠤᠬᠢᠷᠳᠤᠯ ᠦᠭᠡᠢ ᠲᠤᠤᠷ᠎ᠠ ᠨᠡᠭᠦᠷᠠᠰᠤᠳᠦ᠋ᠷᠦᠭᠴᠢ ᠵᠡᠷᠭᠡ ᠬᠦᠷᠢᠶ᠎ᠠ ᠴᠠᠷᠠᠭᠠᠨ ᠳᠤ | ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃ | ︵ᠲᠦᠷᠪᠠ︶ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠠᠷᠢᠴᠠᠯ ᠢ ᠪᠦᠬᠦ ᠬᠦᠴᠦᠨ ᠢᠶᠠᠷ | ᠳᠡᠭᠡᠭᠰᠢᠯᠡᠭᠦᠯᠵᠤ᠂ ᠠᠵᠤ ᠠᠬᠤᠢ ᠶᠢᠨ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠳᠠᠰᠤᠷᠠᠯᠲᠠ ᠦᠭᠡᠢ | ᠨᠡᠮᠡᠭᠳᠡᠭᠦᠯᠦᠨ᠎ᠡ᠃ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠡᠷᠡᠭᠦᠯ ᠬᠦᠭᠵᠢᠯᠲᠡ ᠶᠢ | ᠠᠬᠢᠭᠤᠯᠤᠨ᠎ᠠ᠃ ︽ᠨᠢᠭᠡ ᠨᠡᠷᠡᠲᠤ ᠳᠡᠮᠳᠡᠭ ᠲᠦᠷᠪᠠᠨ ᠭᠤᠭᠴᠤᠭ᠎ᠠ︾ ᠶᠢᠨ ᠨᠡᠷᠡᠲᠤ ᠳᠡᠮᠳᠡᠭ ᠤᠨ ᠪᠠᠶᠢᠭᠤᠯᠤᠯᠳᠠ | ᠶᠢ ᠤᠯᠠᠮ ᠪᠦᠷᠢᠨᠰᠢᠭᠦᠯᠵᠤ᠂ ᠵᠢᠷᠭᠤᠭᠠᠨ ᠲᠤᠮᠤ ᠵᠢᠭᠤᠯᠴᠢᠯᠠᠯ ᠤᠨ ᠲᠤᠭᠤᠷᠢᠭ ᠪᠠ ᠵᠢᠷᠭᠤᠭᠠᠨ ᠵᠤᠷᠪᠤᠰ | ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠦᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭᠠᠨ | ᠨᠢᠭᠡ︾ ᠶᠢᠨ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠳᠤᠷ ᠶᠠᠪᠤᠭᠳᠠᠭᠤᠯᠤᠨ᠂ ︽ | ︾ ᠨᠡᠷᠡᠲᠤ ᠳᠡᠮᠳᠡᠭ ᠢ ᠪᠦᠬᠦ ᠬᠦᠴᠦᠨ ᠢᠶᠠᠷ ᠪᠠᠶᠢᠭᠤᠯᠬᠤ ᠪᠠ ︽ | ᠬᠠᠪᠤᠷ ᠤᠨ ᠤᠯᠠᠷᠢᠯ ᠤᠨ ᠶᠠᠪᠠᠭᠠᠯᠠᠨ ᠠᠯᠬᠤᠵᠤ ᠪᠡᠶ᠎ᠡ ᠪᠠᠨ ᠴᠢᠭᠢᠷᠠᠭᠵᠢᠭᠤᠯᠬᠤ ᠪᠠᠶᠠᠷ᠂ ᠵᠤᠨ ᠤ ᠤᠯᠠᠷᠢᠯ ᠤᠨ | ᠬᠦᠳᠡᠭᠡ ᠨᠤᠳᠤᠭ ᠤᠨ ᠳᠠᠭᠤᠤ ᠬᠦᠭᠵᠢᠮ ᠤᠨ ᠨᠠᠶᠢᠷ᠂ ᠰᠢᠷᠭᠠᠯ ᠨᠠᠮᠤᠷ ᠤᠨ ᠳᠠᠯ᠎ᠠ ᠨᠤᠳᠤᠭ ᠤᠨ ᠦᠨᠢᠷ | ᠦᠰᠤᠯᠲᠠ ᠶᠢᠨ ᠪᠠᠶᠠᠷ᠂ ᠡᠪᠤᠯ ᠤᠨ ᠤᠯᠠᠷᠢᠯ ᠤᠨ ᠴᠠᠭᠠᠨ ᠰᠦᠯᠳᠠ ᠶᠢᠨ ᠰᠤᠶᠤᠯ ᠤᠨ ᠨᠠᠶᠢᠷ︾ ᠢ ᠡᠷᠬᠢᠯᠡᠨ | ᠶᠠᠪᠤᠭᠳᠠᠭᠤᠯᠵᠤ᠂ ᠪᠦᠬᠦ ᠤᠷᠤᠨ ᠳᠤᠭᠤᠷᠢᠭ᠂ ᠪᠦᠬᠦ ᠴᠠᠭ᠂ ᠪᠦᠬᠦ ᠠᠷᠠᠳ ᠤᠷᠤᠯᠴᠠᠭᠰᠠᠨ ᠵᠢᠭᠤᠯᠴᠢᠯᠠᠯ ᠤᠨ | ᠰᠢᠨ᠎ᠠ ᠪᠠᠶᠢᠷᠢᠰᠢᠯ ᠢ ᠪᠠᠶᠢᠭᠤᠯᠤᠨ᠎ᠠ᠃ ᠭᠤᠴᠤ ᠰᠠᠶᠢᠬᠠᠨ ᠲᠠᠯ᠎ᠠ ᠨᠤᠳᠤᠭ ᠤᠨ ᠦᠩᠭᠡ ᠦᠵᠡᠮᠵᠢ ᠪᠠ ᠤᠷᠤᠨ | ᠨᠤᠳᠤᠭ ᠤᠨ ᠤᠨᠴᠠᠯᠢᠭᠲᠤ ᠠᠷᠠᠳ ᠤᠨ ᠵᠠᠩ ᠳᠠᠳᠬᠠᠯ ᠳᠤ ᠳᠦᠰᠢᠭᠯᠡᠨ᠂ ᠵᠠᠯᠠᠭᠤᠴᠤᠳ ᠪᠠᠭᠠᠴᠤᠤᠨ ᠤᠨ | ᠵᠢᠭᠤᠯᠴᠢᠯᠠᠯ ᠤᠨ ᠵᠤᠰᠠᠯᠠᠩ ᠢ ᠪᠦᠬᠦ ᠤᠷᠤᠨ ᠲᠤᠭᠤᠷᠢᠭ ᠤᠨ ᠵᠢᠭᠤᠯᠴᠢᠯᠠᠯ ᠢ ᠲᠦᠯᠬᠢᠨ ᠠᠬᠢᠭᠤᠯᠬᠤ ᠭᠤᠤᠯ ᠠᠵᠢᠯ | ᠪᠤᠯᠭᠠᠨ ᠠᠳᠬᠤᠵᠤ᠂ᠦᠨᠳᠤᠰᠤᠳᠠᠨ ᠤ ᠤᠷᠤᠨ ᠨᠤᠳᠤᠭ ᠤᠨ ᠤᠨᠴᠠᠯᠢᠭᠲᠤ ᠰᠤᠶᠤᠯ ᠵᠢᠭᠤᠯᠴᠢᠯᠠᠯ ᠤᠨ ᠲᠦᠷᠦᠯ | ᠵᠦᠢᠯ ᠪᠠ ᠵᠢᠭᠤᠯᠴᠢᠯᠠᠯ ᠤᠨ ᠳᠠᠸᠠᠷ ᠪᠦᠲᠦᠭᠡᠭᠳᠡᠭᠦᠨ ᠢ ᠢᠳᠡᠪᠬᠢᠲᠠᠢ ᠨᠡᠭᠡᠭᠡᠨ ᠬᠦᠭᠵᠢᠭᠦᠯᠵᠤ᠂ ᠵᠢᠭᠤᠯᠴᠢᠯᠠᠯ ᠤᠨ | ᠰᠢᠯᠢᠳᠡᠭ ᠴᠢᠨᠠᠷ ᠤᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠤ᠂ ᠵᠤᠭᠠᠴᠠᠭᠰᠠᠳ ᠤᠨ ᠦᠢᠯᠡᠴᠢᠯᠡᠭᠡᠨ ᠤ | ᠲᠦᠪ ᠢ ᠪᠠᠶᠢᠭᠤᠯᠤᠨ᠂ ᠵᠢᠭᠤᠯᠴᠢᠯᠠᠯ ᠤᠨ ᠬᠦᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠤᠯᠠᠮᠵᠢᠯᠠᠯᠲᠤ ᠪᠠ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠠᠭᠤᠰᠴᠠᠭᠤᠯᠤᠨ ᠬᠦᠭᠵᠢᠭᠦᠯᠬᠦ ᠶᠢ ᠲᠦᠯᠬᠢᠨ | ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠢ ᠳᠡᠳᠬᠦᠨ ᠬᠦᠭᠵᠢᠭᠦᠯᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠢᠳᠡᠭᠡᠨ ᠤᠮᠳᠠᠭᠠᠨ᠂ ᠪᠠᠭᠤᠳᠠᠯ᠂ ᠵᠢᠵᠢᠭᠯᠡᠨ ᠬᠤᠳᠠᠯᠳᠤᠬᠤ ᠵᠡᠷᠭᠡ ᠠᠮᠢᠳᠤᠷᠠᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠤᠨ ᠳᠡᠰ ᠵᠡᠷᠭᠡ ᠶᠢ ᠨᠡᠮᠡᠭᠳᠡᠭᠦᠯᠵᠤ︔ ᠠᠵᠤ ᠦᠢᠯᠡᠰ ᠤᠨ ᠬᠦᠭᠵᠢᠯᠲᠠ ᠶᠢᠨ | ᠬᠦᠷᠢᠶᠡᠯᠡᠩ ᠢ ᠲᠦᠯᠦᠪᠵᠢᠭᠦᠯᠦᠨ ᠭᠦᠭᠵᠢᠭᠦᠯᠵᠤ᠂ ᠭᠠᠩᠨᠠᠭᠤᠷ᠂ ᠮᠠᠰᠢᠨ ᠳᠡᠷᠭᠡᠨ ᠤ ᠰᠡᠯᠪᠢᠨ ᠵᠠᠰᠠᠬᠤ ᠵᠡᠷᠭᠡ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠡᠷᠴᠢᠮᠲᠠᠢ ᠬᠦᠭᠵᠢᠬᠦ ᠶᠢ ᠠᠬᠢᠭᠤᠯᠤᠨ᠎ᠠ᠃ ︽ | ᠢᠨᠲ᠋ᠧᠷ ᠬᠤᠯᠪᠤᠭᠠᠯᠠᠬᠤ ᠰᠦᠯᠵᠢᠶᠠᠨ︾ ᠤ ᠵᠠᠭᠪᠤᠷ ᠢ ᠲᠦᠭᠡᠮᠡᠯᠵᠢᠭᠦᠯᠦᠨ᠂ ᠬᠤᠯᠪᠤᠭᠠᠲᠤ ᠡᠵᠡᠩᠨᠡᠯᠲᠠ᠂ | ᠡᠯᠧᠺᠲᠷᠤᠨ ᠬᠤᠳᠠᠯᠳᠤᠭ᠎ᠠ ᠶᠢ ᠬᠦᠭᠵᠢᠭᠦᠯᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠬᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠦᠨ᠂ ᠤᠷᠤᠨ ᠨᠤᠳᠤᠭ ᠤᠨ ᠤᠨᠴᠠᠯᠢᠭᠲᠤ ᠮᠢᠬᠠᠨ ᠢᠳᠡᠭᠡᠨ᠂ | ᠴᠠᠭᠠᠨ ᠢᠳᠡᠭᠡᠨ᠂ ᠦᠨᠳᠤᠰᠤᠳᠠᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠭᠦᠨ ᠵᠡᠷᠭᠡ ᠶᠢ ᠦᠨᠳᠤᠷ | ᠳᠡᠰ ᠤᠨ ᠵᠠᠬ᠎ᠠ ᠳᠡᠯᠭᠡᠭᠦᠷ ᠲᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠪᠤᠳᠠᠰ ᠤᠨ ᠬᠦᠢᠯᠭᠡᠭᠡᠨ ᠤ | ᠬᠦᠷᠢᠶᠡᠯᠡᠩ ᠤᠨ ᠬᠠᠳᠠᠭᠠᠯᠠᠬᠤ᠂ ᠬᠦᠷᠭᠡᠭᠦ ᠦᠢᠯᠡᠴᠢᠯᠡᠭᠡᠨ ᠤ ᠴᠢᠳᠠᠮᠵᠢ ᠶᠢ ᠤᠯᠠᠮ ᠳᠡᠭᠦᠯᠳᠡᠷᠵᠢᠭᠦᠯᠵᠤ᠂ | ᠬᠡᠯᠬᠢᠶᠡᠰᠤᠨ ᠪᠤᠳᠠᠰ ᠤᠨ ᠬᠦᠢᠯᠭᠡᠭᠡ ᠶᠢ ᠢᠳᠡᠪᠬᠢᠲᠠᠢ ᠳᠡᠭᠦᠯᠳᠡᠷᠵᠢᠭᠦᠯᠵᠤ᠂ ᠬᠡᠯᠬᠢᠶᠡᠰᠤᠨ ᠪᠤᠳᠠᠰ ᠤᠨ ᠬᠦᠢᠯᠭᠡᠭᠡ | ᠶᠢ ᠢᠳᠡᠪᠬᠢᠲᠠᠢ ᠬᠦᠭᠵᠢᠭᠦᠯᠦᠨ᠂ ᠴᠢᠨᠠᠷ ᠰᠠᠶᠢᠳᠠᠢ ᠳᠠᠸᠠᠷ ᠪᠠ ᠵᠠᠳᠠᠭᠠᠢ ᠪᠠᠷᠠᠭᠠᠨ ᠤ ᠪᠤᠳᠠᠰ ᠤᠨ ᠬᠦᠢᠯᠭᠡᠭᠡᠨ ᠤ | ᠤᠯᠠᠨ ᠬᠡᠯᠪᠡᠷᠢ ᠪᠦᠬᠦᠢ ᠬᠤᠯᠪᠤᠭᠠᠯᠠᠨ ᠵᠦᠭᠡᠭᠡᠪᠦᠷᠢᠯᠡᠬᠦ ᠤᠳᠤ ᠦᠶ᠎ᠡ ᠶᠢᠨ ᠬᠦᠢᠯᠭᠡᠭᠡᠨ ᠤ ᠪᠤᠳᠠᠰ ᠤᠨ ᠠᠵᠤ | ᠦᠢᠯᠡᠰ ᠤᠨ ᠰᠢᠰᠲ᠋ᠧᠮ ᠢ ᠪᠤᠢ ᠪᠤᠯᠭᠠᠨ᠎ᠠ᠃ ᠨᠡᠶᠢᠭᠡᠮ ᠤᠨ ᠬᠦᠷᠦᠩᠭᠡ ᠶᠢᠨ ᠪᠡᠯᠨ ᠤᠷᠤᠭᠤᠯᠤᠯᠲᠠ ᠨᠠᠰᠤᠵᠢᠯ ᠤᠨ | ᠦᠢᠯᠡᠴᠢᠯᠡᠭᠡᠨ ᠤ ᠠᠵᠤ ᠦᠢᠯᠡᠰ ᠢ ᠵᠤᠷᠢᠭᠵᠢᠭᠤᠯᠤᠨ᠂ ᠪᠤᠳᠠᠳᠤ ᠬᠦᠴᠦᠨ ᠲᠠᠢ ᠠᠵᠤ ᠠᠬᠤᠶᠢᠯᠠᠯ ᠢ ᠳᠠᠳᠠᠨ | ᠤᠷᠤᠭᠤᠯᠵᠤ᠂ ᠰᠠᠭᠤᠭᠠᠯᠢ ᠲᠤᠭᠤᠷᠢᠭ ᠤᠨ ᠠᠳᠠᠯ ᠦᠢᠯᠡᠰ ᠪᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ | ᠢ ᠬᠦᠭᠵᠢᠭᠦᠯᠦᠨ᠎ᠡ᠃ ᠯᠠᠪᠯᠠᠨ ᠠᠰᠠᠭᠤᠬᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠰᠤᠶᠤᠯ ᠤᠨ ᠡᠭᠦᠳᠤᠯᠲᠠ | ᠵᠡᠷᠭᠡ ᠳᠡᠭᠡᠲᠤ ᠳᠡᠰ ᠤᠨ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ | ︵ᠳᠠᠪᠤ︶ ᠬᠤᠳᠠ ᠬᠦᠳᠡᠭᠡ ᠶᠢ ᠵᠤᠬᠢᠴᠠᠭᠤᠯᠤᠨ ᠭᠦᠭᠵᠢᠭᠦᠯᠬᠦ ᠶᠢ ᠨᠢᠭᠡᠳᠤᠯᠲᠠᠢ ᠲᠦᠯᠦᠪᠵᠢᠭᠦᠯᠦᠨ᠂ | ᠤᠳᠤᠬᠢᠴᠢᠯᠠᠭᠰᠠᠨ ᠠᠬᠢᠴᠨ ᠶᠢ ᠳᠦᠷᠭᠡᠳᠭᠡᠨ᠎ᠡ᠃ | ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ | ᠰᠤᠷᠭᠠᠨ ᠬᠦᠮᠦᠵᠢᠯ ᠤᠨ ᠤᠷᠤᠨ ᠲᠤᠭᠤᠷᠢᠭ᠂ ᠠᠵᠤ ᠦᠢᠯᠡᠳᠪᠦᠷᠢ ᠶᠢᠨ ᠤᠷᠤᠨ ᠲᠤᠭᠤᠷᠢᠭ᠂ ᠰᠤᠶᠤᠯ ᠤᠨ ᠠᠵᠤ | ᠦᠢᠯᠡᠰᠵᠢᠯᠲᠡ ᠶᠢᠨ ᠤᠷᠤᠨ ᠲᠤᠭᠤᠷᠢᠭ᠂ ᠦᠢᠯᠡᠰ ᠪᠤᠰᠬᠠᠬᠤ ᠤᠷᠤᠨ ᠲᠤᠭᠤᠷᠢᠭ ᠵᠡᠷᠭᠡ ︽ | ᠲᠦᠷᠪᠠᠨ ᠤᠷᠤᠨ ᠲᠤᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠰᠤᠶᠤᠯ᠂ | ᠵᠢᠭᠤᠯᠴᠢᠯᠠᠯ᠂ ᠠᠷᠠᠳ ᠤᠨ ᠠᠮᠢᠳᠤᠷᠠᠯ ᠵᠡᠷᠭᠡ ︽ᠭᠤᠷᠪᠠ ᠶᠢ ᠨᠢᠭᠡ ᠴᠤᠭᠴᠠᠵᠢᠭᠤᠯᠬᠤ︾ ᠪᠦᠲᠦᠭᠡᠨ | ᠪᠠᠶᠢᠭᠤᠯᠤᠯᠲᠠ ᠶᠢᠨ ᠦᠢᠯᠠᠭᠠᠭᠳᠠᠬᠤᠨ ᠢ ᠳᠤᠪᠤᠶᠢᠯᠭᠠᠨ᠂ ᠬᠤᠳᠠ ᠪᠠᠯᠭᠠᠰᠤᠨ ᠤ ᠲᠦᠯᠦᠪᠵᠢᠭᠦᠯᠭᠡ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠭᠤᠤᠯ ᠳᠠᠭᠠᠤ ᠶᠢᠨ ᠦᠵᠡᠮᠵᠢ ᠶᠢᠨ ᠤᠷᠤᠨ ᠤ ᠨᠤᠭᠤᠭᠠᠷᠠᠭᠤᠯᠤᠯᠲᠠ ᠪᠠ ᠭᠤᠤᠯᠳᠠᠯᠭ᠎ᠠ ᠲᠠᠢ | ᠵᠠᠮ ᠱᠤᠭᠤᠮ᠂ ᠭᠤᠤᠯᠳᠠᠯᠭ᠎ᠠ ᠲᠠᠢ ᠤᠷᠤᠨ ᠲᠤᠭᠤᠷᠢᠭ ᠢ ᠤᠶᠢᠵᠢᠭᠤᠯᠤᠨ ᠴᠢᠨᠠᠷ ᠳᠡᠰ ᠢ ᠨᠡᠮᠡᠭᠳᠡᠭᠦᠯᠬᠦ | ᠢᠨᠵᠧᠨᠧᠷᠢᠩ ᠢ ᠰᠠᠶᠢᠳᠤᠷ ᠠᠳᠬᠤᠵᠤ᠂ ᠶᠠᠪᠠᠭᠠᠨ ᠵᠠᠮ ᠢ ᠳᠠᠪᠢᠰᠬᠦ᠂ ᠳᠠᠮᠢᠷ ᠤᠨ ᠳᠠᠯᠠᠪᠠᠢ ᠶᠢᠨ ᠳᠡᠰ ᠳᠠᠪᠰᠢᠭᠦᠯᠦᠨ | ᠦᠭᠡᠷᠡᠴᠢᠯᠡᠬᠦ ᠪᠠ ᠬᠤᠶᠢᠨ᠎ᠠ ᠳᠠᠯ᠎ᠠ ᠶᠢᠨ ᠬᠤᠲᠠ ᠲᠤᠭᠤᠷᠢᠭᠰᠠᠨ ᠵᠠᠮ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ | ᠪᠡᠶᠡᠯᠡᠭᠦᠯᠵᠤ᠂ ᠬᠠᠭᠤᠴᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠦᠭᠡᠷᠡᠴᠢᠯᠠᠨ ᠵᠠᠰᠠᠨ᠎ᠠ᠃ ᠰᠤᠶᠤᠯ ᠤᠨ | ᠠᠵᠤ ᠦᠢᠯᠡᠰᠵᠢᠯᠲᠠ ᠶᠢᠨ ᠤᠷᠤᠨ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠡᠬᠢᠯᠡᠭᠦᠯᠵᠤ | ᠂ ᠡᠪᠡᠰᠤᠳᠤ ᠬᠦᠷᠢᠶᠡᠯᠡᠩ ᠪᠠ ᠨᠠᠮᠤᠭᠲᠤ ᠴᠡᠴᠡᠷᠯᠢᠭ ᠢ ᠪᠠᠶᠢᠭᠤᠯᠤᠨ᠎ᠠ᠃ ᠬᠤᠲᠠ ᠶᠢᠨ ᠶᠡᠷᠦᠩᠭᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ︽ᠤᠶᠤᠳᠤ ᠬᠤᠳᠠ︾ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ | ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢᠨ ᠬᠡᠪ ᠵᠠᠭᠪᠤᠷ ᠶᠢ ᠳᠠᠳᠠᠨ ᠤᠷᠤᠭᠤᠯᠵᠤ᠂ ᠬᠤᠳᠠ | ᠪᠠᠯᠭᠠᠰᠤᠨ ᠤ ᠬᠠᠮᠢᠶᠠᠷᠤᠯᠲᠠ ᠶᠢ ᠨᠠᠷᠢᠯᠢᠭᠵᠢᠭᠤᠯᠬᠤ ᠳᠦᠪᠰᠢᠨ ᠢ ᠳᠡᠭᠡᠭᠰᠢᠯᠡᠭᠦᠯᠦᠨ᠎ᠡ᠃ | ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ | ᠦᠵᠡᠰᠭᠦᠯᠡᠩᠲᠤ ᠰᠠᠶᠢᠬᠠᠨ ᠭᠠᠴᠠᠭ᠎ᠠ ᠳᠤᠰᠬᠤᠨ ᠢ ᠪᠠᠶᠢᠭᠤᠯᠬᠤ ᠪᠠᠷ ᠭᠠᠷᠳᠠᠴᠨ ᠪᠤᠯᠭᠠᠨ᠂ ᠰᠢᠨ᠎ᠡ ᠮᠠᠯᠵᠢᠬᠤ | ᠤᠷᠤᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠳᠡᠰ ᠢ ᠬᠦᠴᠦᠲᠠᠢ ᠠᠬᠢᠭᠤᠯᠤᠨ᠎ᠠ᠃132 ᠤᠰᠤ ᠬᠠᠳᠠᠭᠠᠯᠠᠬᠤ | ᠵᠤᠭᠤᠷᠢ᠂140 ᠤᠰᠤᠨ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠶᠢᠭᠤᠯᠤᠨ᠂750 ᠬᠦᠮᠦᠨ᠂ 3.4 ᠲᠦᠮᠡᠨ | ᠮᠠᠯ ᠤᠨ ᠤᠤᠭᠤᠬᠤ ᠤᠰᠤᠨ ᠤ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠨ᠎ᠡ᠃ 30 ᠺᠢᠯᠤᠮᠧᠲᠷ ᠤᠨ | ᠳᠠᠷᠢᠶᠠᠯᠠᠩ ᠤᠨ ᠲᠤᠤᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠭᠠᠴᠠᠭ᠎ᠠ ᠳᠤᠰᠬᠤᠨ ᠳᠤ ᠨᠡᠪᠳᠡᠷᠡᠬᠦ | 60 ᠺᠢᠯᠤᠮᠧᠲᠷ ᠤᠨ ᠱᠦᠢᠨᠢ ᠵᠠᠮ᠂ 50 ᠺᠢᠯᠤᠮᠧᠲᠷ ᠤᠨ ︽ᠳᠤᠰᠬᠠᠢ ᠶᠠᠪᠤᠳᠠᠯ ᠢ ᠳᠤᠰᠬᠠᠶᠢᠯᠠᠨ ᠵᠦᠪᠯᠡᠬᠦ︾ | ᠬᠠᠶᠢᠷ ᠴᠢᠯᠠᠭᠤᠨ ᠵᠠᠮ ᠢ ᠵᠠᠰᠠᠵᠤ᠂ 20 ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠤᠨ᠎ᠠ | ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠷᠦᠩᠭᠡᠶᠢᠯᠡᠨ ᠵᠠᠰᠠᠬᠤ ᠠᠵᠢᠯ ᠢ ᠬᠦᠨᠵᠡᠭᠡᠢ ᠦᠷᠨᠢᠭᠦᠯᠵᠤ᠂ | ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠤ ᠲᠤᠭᠳᠠᠴᠨ ᠶᠢ | ᠪᠠᠶᠢᠭᠤᠯᠤᠨ ᠳᠡᠭᠦᠯᠳᠡᠷᠵᠢᠭᠦᠯᠵᠤ᠂ ᠨᠤᠭᠤᠭᠠᠷᠠᠭᠤᠯᠤᠯᠲᠠ᠂ ᠭᠤᠸᠠᠵᠢᠭᠤᠯᠤᠯᠲᠠ᠂ ᠴᠡᠪᠠᠷᠵᠢᠭᠦᠯᠦᠯᠲᠠ ᠶᠢᠨ ᠳᠦᠪᠰᠢᠨ | ᠢ ᠤᠯᠠᠮ ᠳᠡᠭᠡᠭᠰᠢᠯᠡᠭᠦᠯᠦᠨ᠎ᠡ᠃ ᠮᠠᠯᠵᠢᠬᠤ ᠤᠷᠤᠨ ᠤ ᠰᠤᠷᠭᠠᠨ ᠬᠦᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠤᠨ | ᠦᠨᠳᠤᠰᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠪᠰᠢᠨ ᠢ ᠪᠦᠬᠦ ᠲᠠᠯ᠎ᠠ ᠪᠠᠷ ᠠᠬᠢᠭᠤᠯᠤᠨ᠂ ᠰᠢᠨᠵᠢᠯᠡᠭᠡ | ᠮᠡᠷᠭᠡᠵᠢᠯ᠂ ᠴᠢᠳᠠᠪᠤᠷᠢᠳᠠᠨ ᠵᠡᠷᠭᠡ ᠬᠦᠴᠦᠨ ᠵᠦᠢᠯ ᠤᠨ ᠳᠤᠯᠭᠠᠭᠤᠷᠢᠯᠠᠯ ᠢ ᠡᠷᠴᠢᠮᠵᠢᠭᠦᠯᠵᠤ᠂ ᠮᠠᠯᠴᠢᠨ ᠲᠦᠮᠡᠨ ᠤ | ᠠᠮᠢᠳᠤᠷᠠᠯ ᠤᠨ ᠴᠢᠨᠠᠷᠵᠢᠯ ᠪᠠ ᠠᠵᠨ ᠵᠢᠷᠭᠠᠯ ᠤᠨ ᠵᠢᠭᠠᠯᠳᠠ ᠲᠤᠭ᠎ᠠ ᠶᠢ ᠨᠡᠮᠡᠭᠳᠡᠭᠦᠯᠦᠨ᠎ᠡ᠃ | ᠴᠢᠬᠤᠯᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠲᠦᠯᠬᠢᠨ | ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠤᠯᠤᠭᠠᠨ ᠳᠤᠤᠷᠴᠢᠯᠠᠯᠲᠠ︾ ᠶᠢᠨ ᠰᠢᠰᠲ᠋ᠧᠮ ᠤᠨ | ᠪᠠᠶᠢᠭᠤᠯᠤᠯᠲᠠ ᠶᠢᠨ ᠪᠠᠶᠢᠷᠢᠰᠢᠭᠤᠯᠤᠯ ᠤᠨ ᠲᠤᠭᠤᠷᠢᠨ ᠳᠤ᠂ ᠴᠢᠬᠤᠯᠨ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃ ᠰᠦᠨᠢᠳ ᠪᠠᠷᠠᠭᠤᠨ ᠬᠤᠰᠢᠭᠤᠨ ᠠᠴᠠ | ᠴᠢᠭᠤᠯᠭᠠᠲᠤ ᠬᠠᠭᠠᠯᠭ᠎ᠠ ᠬᠦᠷᠬᠦ ᠲᠦᠷᠭᠡᠨ ᠵᠠᠮ ᠤᠨ ᠬᠦᠪᠡᠭᠡᠲᠤ ᠰᠢᠷ᠎ᠠ ᠬᠤᠰᠢᠭᠤᠨ ᠤ ᠬᠡᠰᠡᠭ᠂ ᠮᠤᠵᠢ ᠶᠢᠨ ᠵᠠᠮ | ᠤᠨ313 ᠱᠤᠭᠤᠮ ᠤᠨ ᠬᠦᠪᠡᠭᠡᠲᠤ ᠰᠢᠷ᠎ᠠ ᠬᠤᠰᠢᠭᠤᠨ ᠤ ᠬᠡᠰᠡᠭ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ | ᠪᠠᠭᠤᠳᠠᠯ ᠪᠠ ᠠᠭᠠᠷ ᠤᠨ ᠵᠦᠭᠡᠭᠡᠪᠦᠷᠢ ᠶᠢᠨ ᠠᠵᠤ ᠦᠢᠯᠡᠰᠵᠢᠯᠲᠠ ᠶᠢᠨ ᠬᠦᠷᠢᠶᠡᠯᠡᠩ᠂ ᠵᠢᠷᠦᠬᠡ ᠠᠴᠠ ᠬᠤᠸᠠᠳᠧ | ᠬᠦᠷᠬᠦ ᠲᠡᠮᠤᠷ ᠵᠠᠮ᠂ ᠰᠢᠨᠡᠪᠤᠯᠠᠭ220 ᠺᠢᠯᠤᠸᠠᠲ ᠤᠨ ᠴᠠᠬᠢᠯᠭᠠᠨ ᠬᠦᠴᠦᠳᠡᠯ ᠬᠤᠪᠢᠰᠬᠠᠬᠤ ᠢᠨᠵᠧᠨᠧᠷᠢᠩ ᠢ | ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠶᠡᠷᠦᠩᠭᠡᠢ ᠲᠦᠯᠦᠪᠵᠢᠭᠦᠯᠭᠡ ᠪᠠ | ᠠᠵᠤ ᠦᠢᠯᠡᠰ ᠤᠨ ᠬᠦᠭᠵᠢᠯᠲᠠ ᠶᠢᠨ ᠲᠦᠯᠦᠪᠵᠢᠭᠦᠯᠭᠡ ᠳᠤ ᠵᠠᠰᠠᠪᠤᠷᠢ ᠤᠷᠤᠭᠤᠯᠤᠨ ᠨᠠᠶᠢᠷᠠᠭᠤᠯᠵᠤ᠂ ᠠᠵᠤ | ᠦᠢᠯᠡᠳᠪᠦᠷᠢ ᠶᠢᠨ ᠲᠤᠭᠤᠷᠢᠭ ᠤᠨ ᠬᠢᠵᠠᠭᠠᠷᠯᠠᠯ ᠤᠨ ᠴᠢᠨᠠᠷᠲᠠᠢ ᠨᠠᠷᠢᠨ ᠲᠦᠷᠢᠮ ᠪᠠ ᠭᠠᠵᠠᠷ ᠰᠢᠷᠤᠢ ᠶᠢ | ᠡᠷᠴᠢᠮᠵᠢᠭᠦᠯᠦᠨ ᠠᠰᠢᠭᠯᠠᠬᠤ ᠦᠨᠡᠯᠡᠯᠲᠠ ᠶᠢ ᠨᠠᠶᠢᠷᠠᠭᠤᠯᠤᠨ ᠳᠤᠭᠳᠠᠭᠠᠵᠤ᠂ ᠲᠤᠭᠤᠷᠢᠭ ᠤᠨ ᠢᠯᠴᠢ ᠬᠠᠩᠭᠠᠯᠭ᠎ᠠ᠂ | ᠬᠠᠳᠠᠷᠠᠭᠤᠯᠤᠯᠲᠠ᠂ ᠭᠡᠭᠡᠷᠡᠭᠦᠯᠦᠯᠲᠡ᠂ ᠨᠤᠭᠤᠭᠠᠷᠠᠭᠤᠯᠤᠯᠲᠠ ᠶᠢ ᠪᠡᠶᠡᠯᠡᠭᠦᠯᠦᠨ᠂ ᠶᠡᠷᠦᠩᠭᠡᠶᠢᠯᠡᠭᠰᠡᠨ ᠳᠠᠭᠠᠭᠠᠴᠨ ᠶᠢᠨ | ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠂ | ᠦᠷᠭᠦᠯᠵᠢᠯᠡᠬᠦ ᠬᠦᠭᠵᠢᠯᠲᠡ ᠶᠢ ᠠᠬᠢᠭᠤᠯᠤᠨ᠎ᠠ᠃ | ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠬᠦᠴᠦᠯᠡᠴᠨ ᠶᠢ ᠨᠡᠮᠡᠭᠳᠡᠭᠦᠯᠦᠨ᠎ᠡ᠃ ︽ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ ᠲᠤᠭᠳᠠᠭᠠᠬᠤ ᠲᠦᠰᠦᠯ︾ ᠪᠤᠯᠤᠨ ︽ᠡᠬᠢ | ᠪᠠᠶᠠᠯᠢᠭ ᠬᠦᠷᠦᠩᠭᠡ ᠶᠢᠨ ᠦᠷᠢ ᠰᠢᠷᠢ ᠶᠢᠨ ᠬᠦᠰᠦᠨᠦᠭ︾ ᠢ ᠨᠠᠶᠢᠷᠠᠭᠤᠯᠤᠨ ᠲᠤᠭᠳᠠᠭᠠᠨ᠎ᠠ᠃ ᠰᠢᠨ᠎ᠡ ᠨᠢᠭᠡ | ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠡᠪᠡᠰᠤᠨ ᠤ | ᠳᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠰᠡᠯᠭᠦᠨ ᠮᠠᠯᠵᠢᠬᠤ ᠪᠠ ᠲᠤᠭᠤᠷᠢᠭ ᠬᠤᠪᠢᠶᠠᠨ | ᠡᠭᠡᠯᠵᠢᠯᠡᠨ ᠮᠠᠯᠵᠢᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠩᠭᠤᠷ ᠠᠭᠤᠯᠨ ᠠᠶᠢᠮᠠᠭ ᠤᠨ ᠳᠡᠰ ᠤᠨ ᠪᠠᠶᠢᠭᠠᠯᠢ | ᠶᠢᠨ ᠬᠠᠮᠠᠭᠠᠯᠠᠯᠲᠠ ᠶᠢᠨ ᠤᠷᠤᠨ ᠪᠠ ᠠᠮᠢ ᠠᠬᠤᠢ ᠶᠢᠨ ᠭᠤᠤᠯᠳᠠᠯᠭᠠᠲᠤ ᠴᠢᠳᠠᠪᠬᠢᠳᠤ ᠤᠷᠤᠨ ᠤ ᠬᠢᠨᠠᠯᠲᠠ | ᠬᠠᠮᠢᠶᠠᠷᠤᠯᠲᠠ ᠶᠢ ᠰᠠᠶᠢᠳᠤᠷ ᠠᠳᠬᠤᠨ᠂ ᠲᠠᠯ᠎ᠠ ᠨᠤᠳᠤᠭ ᠤᠨ ᠠᠮᠢ ᠠᠬᠤᠢ ᠶᠢᠨ ᠬᠦᠷᠢᠶ᠎ᠠ ᠴᠠᠷᠠᠭᠠᠨ ᠳᠠᠬᠢ ᠬᠠᠤᠯᠢ | ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠨᠤᠳᠤᠭ ᠪᠡᠯᠴᠢᠭᠡᠷ ᠢ ᠡᠵᠡᠯᠡᠨ ᠬᠡᠷᠡᠭᠯᠡᠬᠦ ᠶᠢ | ᠵᠦᠪᠰᠢᠶᠡᠷᠡᠬᠦ ᠭᠠᠷ ᠬᠦᠢᠴᠡᠳᠭᠡᠯ ᠢ ᠲᠦᠷᠢᠮᠵᠢᠭᠦᠯᠦᠨ᠂ ᠲᠠᠯ᠎ᠠ ᠨᠤᠳᠤᠭ ᠤᠨ ᠠᠮᠢ ᠠᠬᠤᠢ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠩᠭᠤᠵᠢᠭᠰᠠᠨ ᠲᠤᠭᠳᠠᠴᠨ ᠶᠢ ᠪᠠᠶᠢᠭᠤᠯᠤᠨ᠎ᠠ᠃ | ᠠᠮᠢ ᠠᠬᠤᠢ ᠶᠢᠨ ᠢᠨᠵᠧᠨᠧᠷᠢᠩ ᠪᠦᠲᠤᠬᠡᠨ ᠪᠠᠶᠢᠭᠤᠯᠤᠯᠲᠠ ᠶᠢ ᠡᠮᠬᠢ ᠵᠢᠷᠤᠮ ᠲᠠᠢ ᠲᠦᠯᠬᠢᠨ | ᠠᠬᠢᠭᠤᠯᠤᠨ᠎ᠠ᠃ ᠬᠤᠶᠠᠲᠤᠭᠠᠷ ᠬᠤᠭᠤᠴᠠᠭᠠᠨ ᠤ ᠪᠡᠬᠡᠵᠢᠩ ᠲᠢᠶᠠᠨᠵᠢᠨ ᠤᠨ ᠰᠠᠯᠬᠢ ᠡᠯᠡᠰᠤᠨ ᠤ ᠡᠬᠢ ᠶᠢ ᠵᠠᠰᠠᠬᠤ | ᠵᠡᠷᠬᠡ ᠭᠤᠤᠯᠲᠠᠯᠭᠠᠲᠤ ᠠᠮᠢ ᠠᠬᠤᠢ ᠵᠢᠨᠢᠨᠵᠧᠨᠧᠷᠢᠩ ᠪᠡ ᠭᠤᠤᠯᠲᠠᠯᠭᠠᠲᠤ ᠤᠷᠤᠨ ᠲᠤᠭᠤᠷᠢᠭ ᠤᠨ | ᠨᠤᠭᠤᠭᠠᠷᠠᠭᠤᠯᠤᠯᠲᠠ ᠶᠢᠨ ᠲᠦᠷᠦᠯ ᠵᠤᠶᠢᠯ ᠢ ᠨᠠᠷᠢᠨ ᠬᠢᠨᠡᠮᠡᠭᠠᠢ ᠬᠡᠷᠡᠭᠵᠢᠬᠦᠯᠵᠤ᠂ ᠠᠮᠢ ᠠᠬᠤᠢ ᠶᠢᠨ ᠵᠠᠰᠠᠯᠲᠠ | ᠶᠢ12.1 ᠲᠦᠮᠡᠨ ᠮᠤ᠋᠂ ᠭᠤᠤᠯᠲᠠᠯᠭᠠᠲᠤ ᠤᠷᠤᠨ ᠲᠤᠭᠤᠷᠢᠭ ᠤᠨ ᠨᠤᠭᠤᠭᠠᠷᠭᠤᠯᠤᠯᠲᠠ ᠶᠢ1000 ᠮᠤ᠋ | ᠪᠡᠶᠡᠯᠡᠬᠦᠯᠵᠤ᠂ ᠬᠦᠷᠤᠰᠤ ᠰᠢᠷᠤᠢ ᠶᠢᠨ ᠢᠲᠡᠭᠲᠡᠯ ᠢ18 ᠲᠡᠭᠰᠢᠲ᠋ᠦ᠋ᠷᠪᠡᠯᠵᠢᠨ ᠺᠢᠯᠤᠮᠧᠲᠷ ᠵᠠᠰᠠᠨ᠎ᠠ᠃ ᠭᠤᠤᠯ ᠤᠨ | ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠤ᠂ ᠤᠷᠤᠰᠬᠠᠯ ᠭᠤᠤᠯ ᠤᠨ ᠤᠰᠤᠨ ᠤ ᠰᠢᠰᠲ᠋ᠧᠮ ᠤᠨ | ᠬᠠᠮᠠᠭᠠᠯᠠᠯᠲᠠ ᠶᠢ ᠰᠠᠶᠢᠲᠤᠷ ᠠᠳᠬᠤᠨ᠎ᠠ᠃ ︽ᠭᠤᠷᠪᠠᠨ ᠲᠤᠭᠤᠷᠢᠭ ᠬᠤᠶᠠᠷ ᠱᠤᠭᠤᠮ︾ ᠤᠨ ᠭᠠᠵᠠᠷ ᠰᠢᠨᠵᠢᠯᠡᠬᠡᠨ | ᠤ ᠤᠷᠴᠢᠨ ᠲᠤᠭᠤᠷᠢᠨ ᠢ ᠵᠠᠰᠠᠬᠤ ᠪᠠ ᠲᠡᠮᠦᠷᠯᠢᠭ ᠤᠨ ᠪᠤᠰᠤ ᠠᠭᠤᠷᠬᠠᠢ ᠢ ᠶᠡᠷᠤᠩᠬᠡᠶᠢᠯᠡᠨ ᠵᠠᠰᠠᠬᠤ ᠲᠦᠷᠤᠯ ᠵᠤᠶᠢᠯ | ᠢ ᠬᠡᠷᠡᠭᠵᠢᠬᠦᠯᠤᠨ᠎ᠠ᠃ ᠠᠵᠤ ᠠᠬᠤᠶᠢᠯᠠᠯ ᠢ ᠱᠠᠭᠠᠷᠲᠠᠨ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ | ᠢ ᠶᠡᠷᠤᠩᠬᠡᠶᠢᠯᠡᠨ ᠵᠠᠰᠠᠬᠤ ᠪᠤᠯᠤᠨ ᠨᠤᠭᠤᠭᠠᠷᠠᠭᠤᠯᠵᠤ ᠰᠡᠷᠬᠦᠬᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ | ᠨᠠᠶᠢᠲᠠᠪᠤᠷᠢᠵᠢᠭᠤᠯᠵᠤ᠂ ᠠᠭᠤᠷᠬᠠᠢ ᠶᠢᠨ ᠤᠷᠴᠢᠨ ᠲᠤᠭᠤᠷᠢᠨ ᠪᠤᠯᠤᠨ ᠬᠠᠶᠠᠭᠲᠠᠮᠠᠯ ᠤᠨ ᠠᠭᠤᠷᠬᠠᠢ ᠶᠢᠨ ᠴᠢᠭ ᠢ | ᠵᠠᠰᠠᠬᠤ ᠠᠵᠢᠯ ᠢ ᠰᠠᠶᠢᠲᠤᠷ ᠠᠳᠬᠤᠨ᠎ᠠ᠃ | ᠪᠤᠬᠢᠷᠲᠤᠯ ᠦᠬᠡᠢ ᠲᠤᠤᠷ᠎ᠠ ᠨᠡᠬᠦᠷᠡᠰᠤᠳᠦ᠋ᠷᠦᠭᠴᠢᠲᠤ ᠤᠷᠴᠢᠯᠲᠤ ᠬᠦᠭᠵᠢᠯᠲᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ ᠠᠷᠪᠢᠴᠢ ᠬᠡᠯᠪᠡᠷᠢ ᠶᠢᠨ ᠪᠠᠶᠢᠭᠤᠯᠤᠯᠭ᠎ᠠ᠂ ᠪᠤᠬᠢᠷᠲᠤᠯ ᠦᠬᠡᠢ ᠬᠡᠷ ᠪᠦᠯᠢ᠂ ᠪᠤᠬᠢᠷᠲᠤᠯ | ᠦᠬᠡᠢ ᠰᠤᠷᠭᠠᠭᠤᠯᠢ᠂ ᠪᠤᠬᠢᠷᠲᠤᠯᠦᠬᠡᠢ ᠨᠡᠶᠢᠬᠡᠮ ᠲᠤᠭᠤᠷᠢᠭ ᠢ ᠡᠬᠦᠲᠤᠨ ᠪᠠᠶᠢᠭᠤᠯᠬᠤ ᠪᠠ ᠪᠤᠬᠢᠷᠲᠤᠯ ᠦᠬᠡᠢ | ᠠᠶᠠᠯᠠᠯ ᠵᠡᠷᠬᠡ ᠠᠵᠢᠯᠯᠠᠭ᠎ᠠ ᠶᠢ ᠢᠲᠡᠪᠬᠢᠲᠠᠢ ᠦᠷᠨᠢᠬᠦᠯᠵᠤ᠂ ᠶᠡᠬᠡᠪᠡᠷ ᠪᠦᠷᠢᠯᠬᠡᠨ ᠰᠤᠶᠢᠳᠬᠡᠬᠦ ᠪᠠ ᠵᠤᠬᠢᠰ ᠦᠬᠡᠢ | ᠵᠠᠷᠤᠲᠠᠯ ᠢ ᠡᠰᠡᠷᠬᠦᠴᠠᠨ᠂ ᠪᠤᠬᠢᠷᠲᠤᠯ ᠦᠬᠡᠢ ᠲᠤᠤᠷ᠎ᠠ ᠨᠡᠬᠦᠷᠡᠰᠤᠳᠦᠷᠦᠭᠴᠢᠲᠤ ᠠᠮᠢᠲᠤᠷᠠᠯ ᠤᠨ ᠬᠡᠯᠪᠡᠷᠢ ᠶᠢ | ᠰᠠᠨᠠᠭᠠᠴᠢᠯᠠᠨ᠎ᠠ᠃ ᠠᠭᠠᠷ ᠤᠨ ᠪᠤᠬᠢᠷᠲᠤᠯ ᠢ ᠰᠡᠷᠬᠡᠶᠢᠯᠡᠨ ᠵᠠᠰᠠᠬᠤ ᠲᠦᠯᠤᠪᠯᠡᠭᠡ ᠪᠠ ᠤᠰᠤᠨ ᠰᠤᠷᠪᠤᠯᠵᠢ ᠶᠢᠨ | ᠬᠠᠮᠶᠠᠷᠤᠯᠲᠠ ᠶᠢᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠭᠤᠤᠯᠲᠠᠯᠭ᠎ᠠ ᠲᠠᠢ ᠠᠵᠢᠯ ᠲᠦᠷᠤᠯ᠂ | ᠭᠤᠤᠯᠲᠠᠯᠭ᠎ᠠ ᠲᠠᠢ ᠠᠵᠤ ᠠᠬᠤᠶᠢᠯᠠᠯ ᠶᠢᠨ ᠡᠨᠧᠷᠬᠢ ᠶᠢ ᠠᠷᠪᠢᠯᠠᠵᠤ ᠬᠤᠷᠤᠭᠲᠠᠯ ᠢ ᠪᠠᠭᠠᠰᠬᠠᠬᠤ ᠮᠡᠷᠬᠡᠵᠢᠯ ᠤᠨ | ᠦᠬᠡᠷᠡᠴᠢᠯᠡᠯᠲᠠ ᠶᠢ ᠠᠬᠢᠭᠤᠯᠵᠤ᠂ ᠡᠨᠧᠷᠬᠢ ᠶᠢ ᠠᠷᠪᠢᠯᠠᠵᠤ ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢ | ᠪᠠᠭᠤᠷᠠᠭᠤᠯᠬᠤ ᠤᠨ ᠤ ᠡᠬᠦᠷᠬᠡ ᠶᠢ ᠪᠠᠶᠡᠯᠡᠬᠦᠯᠤᠨ᠎ᠠ᠃ | ︵ᠲᠤᠯᠤᠭ᠎ᠠ︶ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠪᠠᠲᠤᠯᠠᠨ᠂ ᠠᠷᠠᠳ ᠲᠦᠮᠠᠨ ᠤ ᠠᠵᠠ | ᠵᠢᠷᠭᠠᠯ ᠢ ᠨᠡᠮᠡᠭᠲᠡᠬᠦᠯᠤᠨ᠎ᠠ᠃ ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠦᠷᠬᠦᠯᠵᠢᠯᠠᠨ | ᠠᠬᠢᠭᠤᠯᠤᠨ᠎ᠠ᠃ ᠶᠡᠬᠡᠪᠡᠷ ᠶᠠᠲᠠᠭᠤ ᠶᠢ ᠲᠡᠳᠬᠦᠬᠦ ᠲᠠᠪᠠᠭᠤᠯᠢᠭ ᠢᠶᠠᠨ ᠪᠠᠲᠠᠷᠠᠭᠤᠯᠤᠨ᠂ ᠶᠠᠲᠠᠭᠤ ᠠᠴᠠ | ᠠᠩᠬᠢᠵᠢᠷᠠᠭᠤᠯᠤᠨ᠂ ᠦᠷᠬᠦᠯᠵᠢᠯᠠᠨ ᠪᠠᠲᠤᠳᠬᠠᠬᠤ ᠲᠤᠭᠲᠠᠴᠠ ᠶᠤᠰᠤᠭᠠᠷ᠂ ᠲᠦᠷᠤ ᠶᠢᠨ ᠪᠤᠲᠤᠯᠭ᠎ᠠ ᠬᠤᠪᠢᠷᠠᠬᠤ | ᠦᠬᠡᠢ᠂ ᠬᠦᠴᠤᠯᠡᠴᠠ ᠪᠠᠭᠤᠷᠠᠬᠤ ᠦᠬᠡᠢ᠂ ᠪᠠᠷᠢᠮᠵᠢᠶ᠎ᠡ ᠲᠤᠷᠤᠭᠰᠢᠯᠠᠬᠤ ᠦᠬᠡᠢ ᠵᠠᠷᠴᠢᠮ ᠢ ᠪᠠᠷᠢᠮᠲᠠᠯᠠᠨ᠂ ᠶᠠᠲᠠᠭᠤ | ᠠᠴᠠ ᠠᠩᠬᠢᠷᠠᠭᠤᠯᠤᠨ ᠪᠤᠭᠤᠮᠲᠠ ᠰᠢᠪᠲᠤᠯᠬᠤ ᠦᠷ᠎ᠡ ᠪᠦᠲᠤᠮᠵᠢ ᠶᠢ ᠦᠷᠬᠦᠯᠵᠢᠯᠡᠨ ᠪᠠᠲᠤᠳᠬᠠᠨ᠎ᠠ᠃ ᠨᠠᠷᠢᠯᠢᠭ | ᠤᠨᠤᠪᠴᠢᠲᠠᠢ ᠶᠠᠲᠠᠭᠤ ᠶᠢ ᠲᠡᠳᠬᠦᠨ᠂ ᠨᠠᠷᠢᠯᠢᠭ ᠤᠨᠤᠪᠴᠢᠲᠠᠢ ᠶᠠᠲᠠᠭᠤ ᠠᠴᠠ ᠠᠨᠩᠬᠢᠷᠭᠤᠯᠬᠤ ᠱᠠᠭᠠᠷᠲᠠᠯᠭ᠎ᠠ | ᠶᠤᠰᠤᠭᠠᠷ᠂ ᠬᠦᠴᠤ ᠵᠤᠷᠢᠭ᠂ ᠤᠶᠤᠨ ᠤᠬᠠᠭᠠᠨ ᠢ ᠨᠢ ᠲᠡᠳᠬᠦᠬᠦ ᠶᠢ ᠤᠶᠠᠯᠲᠤᠭᠤᠯᠬᠤ ᠶᠢ ᠴᠢᠬᠤᠯᠠᠴᠢᠯᠠᠵᠤ᠂ | ᠶᠠᠲᠠᠭᠤ ᠬᠦᠴᠢᠷᠲᠡᠯᠲᠠᠢ ᠤᠯᠠᠨ ᠲᠦᠮᠡᠨ ᠤ ᠠᠲᠠᠯᠢ ᠪᠤᠰᠤ ᠱᠠᠭᠠᠷᠲᠠᠯᠭ᠎ᠠ ᠳᠤ ᠴᠢᠭᠯᠡᠬᠦᠯᠤᠨ᠂ ᠶᠠᠲᠠᠭᠤ ᠶᠢ ᠲᠡᠳᠬᠦᠬᠦ | ᠠᠷᠭ᠎ᠠ ᠪᠠᠷᠢᠯ ᠢ ᠨᠠᠷᠢᠯᠢᠭ ᠤᠨᠤᠪᠴᠢᠲᠠᠢ ᠨᠡᠶᠢᠲᠡᠪᠤᠷᠢᠵᠢᠭᠤᠯᠤᠨ᠎ᠠ᠃ ᠶᠠᠲᠠᠭᠤ ᠶᠢ ᠲᠡᠳᠬᠦᠬᠦ ᠲᠤᠰᠬᠠᠢ ᠲᠦᠷᠤᠯ ᠤᠨ | ᠪᠡᠯᠡ ᠮᠦᠩᠬᠦ᠂ ᠮᠠᠯᠵᠢᠯ ᠳᠤ ᠬᠤᠯᠪᠤᠭᠲᠠᠬᠤ ᠪᠡᠯᠡ ᠮᠦᠩᠬᠦ ᠪᠠ ᠨᠡᠶᠢᠬᠡᠮ ᠠᠴᠠ ᠬᠠᠪᠰᠤᠷᠤᠨ ᠲᠡᠳᠬᠦᠭᠰᠡᠨ ᠪᠡᠯᠡ | ᠮᠦᠩᠬᠦ ᠶᠢ ᠢᠲᠡᠪᠬᠢᠲᠠᠢ ᠨᠢᠬᠡᠳᠬᠡᠵᠤ᠂ ᠲᠤᠬᠢᠷᠠᠮᠵᠢᠲᠠᠢ ᠭᠠᠵᠠᠷ ᠶᠠᠲᠠᠭᠤ ᠶᠢ ᠲᠡᠳᠬᠦᠨ ᠨᠡᠬᠦᠯᠬᠡᠨ ᠰᠢᠯᠵᠢᠬᠦᠯᠬᠦ᠂ | ᠠᠵᠤ ᠤᠶᠢᠯᠡᠰ ᠢᠶᠠᠷ ᠶᠠᠲᠠᠭᠤ ᠶᠢ ᠲᠡᠳᠬᠦᠬᠦ᠂ ᠮᠦᠩᠬᠦᠨ ᠬᠦᠢᠯᠬᠡᠬᠡ ᠪᠠᠷ ᠶᠠᠲᠠᠭᠤ ᠶᠢ ᠲᠡᠳᠬᠦᠬᠦ ᠵᠡᠷᠬᠡ ᠲᠦᠷᠤᠯ | ᠵᠤᠶᠢᠯ ᠢ ᠨᠢᠬᠡᠲᠤᠯᠲᠠᠢ ᠲᠦᠯᠤᠪᠵᠢᠬᠦᠯᠤᠨ ᠬᠡᠷᠡᠭᠵᠢᠬᠦᠯᠤᠨ᠎ᠠ᠃ ᠵᠢᠭᠤᠯᠴᠢᠯᠠᠯ ᠢᠶᠠᠷ ᠶᠠᠲᠠᠭᠤ ᠶᠢ ᠲᠡᠳᠬᠦᠬᠦ᠂ | ᠡᠯᠧᠺᠲᠷᠤᠨ ᠬᠤᠲᠠᠯᠲᠤᠭ᠎ᠠ ᠪᠠᠷ ᠶᠠᠲᠠᠭᠤ ᠶᠢ ᠲᠡᠳᠬᠦᠬᠦ᠂ ᠬᠡᠷᠡᠯ ᠴᠠᠬᠢᠯᠭᠠᠨ ᠢᠶᠠᠷ ᠶᠠᠲᠠᠭᠤ ᠶᠢ ᠲᠡᠳᠬᠦᠬᠦ ᠠᠷᠭ᠎ᠠ | ᠪᠠᠷᠢᠯ ᠢ ᠬᠦᠨᠵᠡᠬᠡᠢ ᠰᠤᠲᠤᠯᠵᠤ᠂ ᠠᠵᠢᠯ ᠤᠯᠭᠤᠯᠲᠠ ᠪᠠᠷ ᠶᠠᠲᠠᠭᠤ ᠶᠢ ᠲᠡᠳᠬᠦᠬᠦ᠂ ᠰᠤᠷᠭᠠᠨ ᠬᠦᠮᠤᠵᠢᠯ ᠢᠶᠠᠷ | ᠶᠠᠲᠠᠭᠤ ᠶᠢ ᠲᠡᠳᠬᠦᠬᠦ᠂ ᠡᠷᠡᠬᠦᠯ ᠴᠢᠬᠢᠷᠠᠭ ᠢᠶᠠᠷ ᠶᠠᠲᠠᠭᠤ ᠶᠢ ᠲᠡᠳᠬᠦᠬᠦ ᠪᠠ ᠨᠡᠶᠢᠬᠡᠮ ᠤᠨ ᠪᠠᠲᠤᠯᠠᠭ᠎ᠠ ᠪᠠᠷ ᠶᠠᠲᠠᠭᠤ | ᠶᠢ ᠲᠡᠳᠬᠦᠬᠦ ᠬᠦᠴᠤᠯᠡᠴᠠ ᠪᠠᠨ ᠨᠡᠮᠡᠭᠲᠡᠬᠦᠯᠤᠨ᠎ᠠ᠃ ᠭᠠᠴᠠᠭᠠᠨ ᠳᠤ ᠲᠤᠮᠢᠯᠠᠭᠰᠠᠨ ᠠᠵᠢᠯᠯᠠᠬᠤ ᠲᠤᠭᠤᠶᠢᠯᠠᠩ᠂ ︽ | ᠨᠢᠬᠡᠲᠤᠬᠡᠷ ᠱᠦᠵᠢ︾ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠤᠶᠢᠯᠡᠲᠤᠯ ᠢ ᠬᠦᠢᠴᠡᠳ ᠪᠠᠲᠠᠷᠭᠤᠯᠤᠨ᠂ | ᠶᠠᠲᠠᠭᠤ ᠠᠴᠠ ᠠᠩᠬᠢᠵᠢᠷᠠᠭᠤᠯᠬᠤ ᠲᠦᠷᠤ ᠶᠢᠨ ᠪᠤᠲᠤᠯᠭ᠎ᠠ ᠶᠢ ᠰᠠᠶᠢᠲᠤᠷ ᠤᠬᠠᠭᠤᠯᠵᠤ᠂ ᠶᠠᠲᠠᠭᠤ ᠠᠴᠠ | ᠠᠩᠬᠢᠵᠢᠷᠠᠭᠤᠯᠬᠤ ᠠᠷᠭ᠎ᠠ ᠪᠠᠷᠢᠯ ᠢ ᠨᠠᠶᠢᠲᠠᠪᠤᠷᠢᠵᠢᠭᠤᠯᠤᠨ᠂ ᠺᠠᠳ᠋ᠷ ᠤᠯᠠᠨ ᠲᠦᠮᠠᠨ ᠤ ᠬᠠᠷᠢᠴᠠᠭ᠎ᠠ ᠶᠢ | ᠨᠢᠭᠲᠠᠷᠭᠤᠯᠵᠤ᠂ ᠤᠯᠠᠨ ᠲᠦᠮᠠᠨ ᠤ ᠶᠠᠲᠠᠭᠤ ᠠᠴᠠ ᠠᠩᠬᠢᠵᠢᠷᠠᠭᠤᠯᠬᠤ ᠠᠵᠢᠯ ᠤᠨ ᠲᠤᠬᠠᠢ ᠤᠶᠢᠯᠭᠠᠯᠲᠠ | ᠮᠡᠲᠡᠷᠡᠮᠵᠢ ᠬᠡᠮᠵᠢᠶ᠎ᠡ ᠶᠢ ᠨᠡᠮᠡᠭᠲᠡᠬᠦᠯᠤᠨ᠎ᠠ᠃ | ᠤᠶᠢᠯᠡᠰ ᠪᠤᠰᠬᠠᠵᠤ ᠠᠵᠢᠯ ᠤᠯᠭᠤᠯᠲᠠ ᠶᠢᠨ ᠢᠨᠵᠧᠨᠧᠷᠢᠩ ᠢ ᠯᠠᠪᠲᠡᠭᠤᠨ ᠪᠠᠲᠤᠲᠠᠢ ᠲᠦᠯᠬᠢᠨ ᠠᠬᠢᠭᠤᠯᠤᠨ᠎ᠠ᠃ | ᠤᠯᠠᠨ ᠲᠦᠮᠡᠨᠴᠢ ᠤᠶᠢᠯᠡᠰ ᠪᠤᠰᠬᠠᠬᠤ ᠰᠢᠨ᠎ᠡ ᠶᠢ ᠡᠬᠦᠳᠬᠦ ᠶᠢ ᠬᠦᠨᠵᠡᠬᠡᠢ ᠠᠬᠢᠭᠤᠯᠵᠤ᠂ ᠤᠶᠢᠯᠡᠰ ᠪᠤᠰᠬᠠᠠᠬᠤ ᠶᠢ | ᠲᠡᠮᠵᠢᠬᠦ ᠬᠦᠴᠤᠯᠡᠴᠨ ᠪᠠᠨ ᠦᠷᠬᠦᠯᠵᠢᠯᠡᠨ ᠨᠡᠮᠡᠭᠲᠡᠬᠦᠯᠵᠤ᠂ ᠤᠶᠢᠯᠡᠰ ᠪᠤᠰᠬᠠᠬᠤ ᠬᠦᠷᠢᠶᠡᠯᠡᠩ ᠤᠨ ᠤᠶᠢᠯᠡᠴᠢᠯᠡᠬᠡᠨ | ᠤ ᠬᠢᠷᠢ ᠲᠦᠪᠰᠢᠨ ᠢ ᠲᠡᠬᠡᠭᠰᠢᠯᠡᠬᠦᠯᠵᠤ᠂ ᠵᠢᠯ ᠳᠤ᠂ ᠤᠶᠢᠯᠡᠰ ᠪᠤᠰᠬᠠᠬᠤ ᠪᠠᠷᠢᠴᠠᠭᠠᠲᠤ ᠵᠢᠬᠡᠯᠡᠯᠬᠡ ᠶᠢ1000 | ᠲᠦᠮᠡᠨ ᠲᠦᠬᠦᠷᠢᠭ ᠲᠠᠷᠬᠠᠭᠠᠨ᠎ᠠ᠃ ᠰᠤᠶᠤᠯ ᠤᠨ ᠨᠠᠮᠲᠠᠷ ᠨᠡᠯᠢᠶᠡᠳ ᠦᠨᠲᠤᠷ᠂ ᠨᠠᠰᠤ ᠵᠠᠯᠠᠭᠤ᠂ ᠰᠢᠨ᠎ᠡ ᠵᠤᠶᠢᠯᠡᠰ ᠢ | ᠬᠦᠯᠢᠶᠡᠨ ᠠᠪᠬᠤ ᠴᠢᠲᠠᠪᠤᠷᠢ ᠰᠠᠶᠢᠨ᠂ ᠤᠶᠢᠯᠡᠰ ᠡᠷᠬᠢᠯᠡᠬᠦ ᠬᠦᠰᠡᠯ ᠲᠠᠢ ᠠᠵᠢᠯ ᠤᠯᠤᠭᠠᠲᠤᠢ ᠤᠶᠤᠲᠠᠳ ᠢ | ᠬᠦᠭᠵᠢᠭᠰᠡᠨ ᠭᠠᠵᠠᠷ ᠤᠷᠤᠨ ᠤ ᠶᠡᠭᠡ ᠲᠡᠬᠡᠲᠤ ᠰᠤᠷᠭᠠᠭᠤᠯᠢ ᠳᠤ ᠤᠬᠤᠷ ᠬᠤᠭᠤᠴᠠᠭᠠᠨ ᠤ ᠪᠤᠯᠪᠠᠰᠤᠷᠠᠯ ᠬᠦᠷᠲᠡᠬᠡᠨ | ᠂ ᠦᠪᠡᠷ ᠤᠨ ᠬᠦᠴᠤᠨ ᠳᠡᠭᠡᠨ ᠲᠦᠰᠢᠭᠯᠡᠨ ᠤᠶᠢᠯᠡᠰ ᠪᠤᠰᠬᠠᠬᠤ ᠴᠢᠲᠠᠪᠤᠷᠢ ᠶᠢ ᠨᠢ ᠲᠡᠬᠡᠭᠰᠢᠯᠡᠬᠦᠯᠤᠨ᠎ᠠ᠃ ᠤᠯᠠᠨ | ᠨᠡᠶᠢᠲᠠ ᠶᠢᠨ ᠪᠤᠲᠠᠲᠤ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠤᠬᠡᠨ ᠪᠠᠶᠢᠭᠤᠯᠤᠯᠲᠠ ᠶᠢᠨ ᠲᠦᠷᠤᠯ ᠵᠤᠶᠢᠯ | ᠢ ᠢᠲᠡᠪᠬᠢᠲᠠᠢ ᠲᠡᠮᠡᠴᠠᠨ ᠤᠯᠵᠤ᠂ ᠲᠤᠬᠠᠶᠢᠯᠠᠭᠰᠠᠨ ᠠᠵᠢᠯ ᠤᠨ ᠤᠷ᠎ᠠ ᠮᠡᠷᠬᠡᠵᠢᠯ ᠤᠨ ᠪᠤᠯᠪᠠᠰᠤᠷᠠᠯ ᠢ ᠶᠡᠬᠡᠪᠡᠷ | ᠦᠷᠨᠢᠬᠦᠯᠤᠨ᠎ᠠ᠃ ᠪᠦᠬᠦ ᠬᠤᠰᠢᠭᠤᠨ ᠤ ᠭᠤᠤᠯᠲᠠᠯᠭᠠᠲᠤ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠪᠠ | ᠲᠠᠪᠠᠭᠤᠯᠢᠭ ᠤᠨᠴᠠᠯᠢᠭᠲᠤ ᠠᠵᠤ ᠤᠶᠢᠯᠡᠰ ᠤᠨ ᠲᠤᠭᠤᠷᠢᠨ ᠳᠤ ᠤᠯᠠᠨ ᠠᠷᠭ᠎ᠠ ᠵᠠᠮ ᠢᠶᠠᠷ ᠠᠵᠢᠯ ᠤᠯᠭᠤᠯᠲᠠ ᠶᠢᠨ | ᠠᠵᠢᠯ ᠤᠨ ᠪᠠᠶᠢᠷᠢ ᠶᠢ ᠨᠡᠬᠡᠬᠡᠨ ᠬᠦᠭᠵᠢᠬᠦᠯᠵᠤ᠂ ᠶᠡᠭᠡ ᠲᠡᠬᠡᠲᠤ ᠰᠤᠷᠭᠠᠭᠤᠯᠢ ᠲᠡᠬᠦᠰᠦᠭᠰᠡᠳ᠂ ᠬᠤᠲᠠ ᠪᠠᠯᠭᠠᠰᠤᠨ | ᠤ ᠠᠵᠢᠯ ᠤᠯᠤᠭᠰᠠᠨ ᠦᠬᠡᠢ ᠬᠡᠷ ᠪᠦᠯᠢ᠂ ᠰᠢᠯᠵᠢᠨ ᠬᠤᠲᠠ ᠤᠷᠤᠭᠰᠠᠨ ᠮᠠᠯᠴᠢᠳ ᠵᠡᠷᠬᠡ ᠤᠯᠠᠨ ᠲᠦᠮᠠᠨ ᠤ | ᠠᠵᠢᠯ ᠤᠯᠭᠤᠯᠲᠠ ᠶᠢ ᠨᠢᠬᠡᠲᠤᠯᠲᠠᠢ ᠲᠦᠯᠤᠪᠵᠢᠬᠦᠯᠤᠨ ᠰᠠᠶᠢᠲᠤᠷ ᠬᠢᠵᠤ᠂ ᠬᠤᠲᠠ ᠪᠠᠯᠭᠠᠰᠤᠨ ᠤ ᠠᠵᠢᠯ | ᠤᠯᠭᠤᠯᠲᠠ ᠶᠢ500 ᠬᠦᠮᠤᠨ ᠰᠢᠨ᠎ᠡ ᠪᠠᠷ ᠨᠡᠮᠡᠭᠲᠡᠬᠦᠯᠵᠤ᠂ ᠮᠠᠯᠵᠢᠬᠤ ᠤᠷᠤᠨ ᠤ ᠬᠦᠲᠡᠯᠮᠤᠷᠢ ᠬᠦᠴᠤᠨ ᠢ | ᠰᠢᠯᠵᠢᠬᠦᠯᠤᠨ900 ᠬᠦᠮᠤᠨ ᠳᠤ ᠠᠵᠢᠯ ᠤᠯᠭᠤᠨ᠂ ᠬᠤᠲᠠ ᠪᠠᠯᠭᠠᠰᠤᠨ ᠤ ᠲᠡᠩᠰᠠᠯᠠᠭᠤᠯᠤᠭᠰᠠᠨ ᠠᠵᠢᠯ | ᠠᠯᠲᠠᠭᠰᠠᠳ ᠤᠨ ᠨᠤᠷᠮ᠎ᠠ ᠶᠢ 3.2 % ᠶᠢᠨ ᠲᠤᠲᠤᠷ᠎ᠠ ᠬᠢᠵᠠᠭᠠᠷᠯᠠᠨ᠎ᠠ᠃ | ᠨᠡᠶᠢᠬᠡᠮ ᠤᠨ ᠪᠠᠲᠤᠯᠭᠠᠨ ᠤ ᠰᠢᠰᠲ᠋ᠧᠮ ᠢ ᠦᠷᠬᠦᠯᠵᠢᠯᠡᠨ ᠲᠡᠬᠦᠯᠲᠠᠷᠵᠢᠬᠦᠯᠤᠨ᠎ᠠ᠃ ᠪᠦᠬᠦ ᠠᠷᠠᠳ ᠤᠨ | ᠲᠠᠭᠠᠳᠬᠠᠯ ᠳᠤ ᠤᠷᠤᠬᠤ ᠲᠦᠯᠤᠪᠯᠡᠭᠡ ᠶᠢ ᠢᠲᠡᠪᠬᠢᠲᠠᠢ ᠨᠡᠶᠢᠲᠡᠪᠤᠷᠢᠵᠢᠭᠤᠯᠵᠤ᠂ ᠨᠡᠶᠢᠬᠡᠮ ᠤᠨ ᠲᠠᠭᠠᠳᠬᠠᠯ ᠤᠨ | ᠪᠦᠷᠬᠦᠴᠠ ᠶᠢ ᠦᠷᠬᠡᠳᠬᠡᠨ᠎ᠡ᠃ ᠡᠯ᠎ᠡ ᠲᠦᠷᠤᠯ ᠤᠨ ᠨᠡᠶᠢᠬᠡᠮ ᠤᠨ ᠲᠤᠰᠠᠯᠠᠮᠵᠢ᠂ ᠨᠡᠶᠢᠬᠡᠮ ᠤᠨ ᠠᠰᠠᠷᠠᠮᠵᠢ ᠶᠢᠨ | ᠲᠦᠷᠤ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠬᠦᠴᠢᠷ ᠵᠤᠪᠠᠯᠠᠩ ᠲᠠᠢ ᠤᠯᠠᠨ ᠲᠦᠮᠡᠨ ᠢ | ᠲᠡᠮᠵᠢᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠨᠡᠶᠢᠲᠠ ᠶᠢᠨ ᠤᠩᠭᠤᠨ ᠪᠠ ᠤᠷᠤᠰᠢᠭᠤᠯᠭ᠎ᠠ ᠶᠢᠨ ᠭᠠᠵᠠᠷ ᠤᠨ | ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠡᠬᠢᠯᠡᠬᠦᠯᠬᠦ ᠪᠠᠷ ᠴᠢᠷᠮᠠᠶᠢᠨ᠎ᠠ᠃ ᠵᠡᠮᠲᠡᠭᠴᠦᠳ ᠤᠨ ᠠᠰᠠᠷᠠᠮᠵᠢ | ᠶᠢᠨ ᠤᠶᠢᠯᠡᠴᠢᠯᠡᠬᠡᠨ ᠤ ᠲᠦᠪ ᠢ ᠪᠠᠶᠢᠭᠤᠯᠵᠤ᠂ ︽ᠲᠤᠯᠠᠭᠠᠨ︾ ᠮᠠᠯᠵᠢᠬᠤ ᠤᠷᠤᠨ ᠤ ᠨᠠᠰᠤᠲᠠᠶᠢᠴᠤᠦᠯ ᠤᠨ | ᠠᠰᠠᠷᠠᠮᠵᠢ ᠶᠢᠨ ᠬᠦᠷᠢᠶᠡᠯᠠᠩ ᠤᠨ ᠤᠶᠢᠯᠡᠴᠢᠯᠡᠬᠡᠨ ᠤ ᠴᠢᠲᠠᠪᠬᠢ ᠶᠢ ᠲᠡᠬᠡᠭᠰᠢᠯᠡᠬᠦᠯᠵᠤ᠂ ᠨᠡᠶᠢᠬᠡᠮ ᠲᠤᠭᠤᠷᠢᠭ ᠤᠨ | ᠠᠷᠠᠳ ᠲᠤ ᠲᠦᠬᠦᠮ ᠦᠵᠡᠬᠦᠯᠬᠦ ᠤᠶᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠲᠡᠬᠦᠯᠲᠡᠷᠵᠢᠬᠦᠯᠤᠨ᠎ᠠ᠃ | ᠪᠠᠲᠤᠯᠠᠭᠠᠨ ᠤ ᠴᠢᠨᠠᠷᠲᠠᠢ ᠤᠷᠤᠨ ᠰᠠᠭᠤᠴᠠ ᠶᠢᠨ ᠢᠨᠵᠧᠨᠧᠷᠢᠩ ᠢ ᠶᠡᠬᠡᠪᠡᠷ ᠠᠬᠢᠭᠤᠯᠵᠤ᠂ ᠲᠦᠬᠦᠮ ᠪᠦᠲᠤᠴᠡᠲᠤ | ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠦᠷᠲᠡᠭᠯᠡᠨ ᠲᠦᠪᠬᠢᠨᠡᠬᠦᠯᠬᠦ ᠠᠵᠢᠯ ᠢ ᠦᠷᠬᠦᠯᠵᠢᠯᠡᠨ | ᠠᠬᠢᠭᠤᠯᠵᠤ᠂ 800 ᠡᠷᠤᠬᠡ ᠶᠢᠨ ᠲᠦᠬᠦᠮ ᠪᠦᠲᠤᠴᠡᠲᠤ ᠤᠷᠤᠨ ᠰᠠᠭᠤᠴᠠ ᠶᠢ ᠦᠬᠡᠷᠡᠴᠢᠯᠡᠨ᠎ᠡ᠃ | ︵ ᠨᠠᠢᠮᠠ︶ ᠨᠡᠶᠢᠬᠡᠮ ᠤᠨ ᠠᠵᠢᠯ ᠤᠶᠢᠯᠡᠰ ᠢ ᠶᠡᠬᠡᠪᠡᠷ ᠬᠦᠭᠵᠢᠬᠦᠯᠵᠤ᠂ ᠤᠯᠠᠨ ᠨᠡᠶᠢᠲᠠ ᠶᠢᠨ | ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠤᠨ᠎ᠠ᠃ | ᠰᠤᠷᠭᠠᠨ ᠬᠦᠮᠤᠵᠢᠯ ᠰᠢᠨᠵᠢᠯᠡᠭᠡ ᠮᠡᠷᠬᠡᠵᠢᠯ ᠤᠨ ᠠᠵᠢᠯ ᠤᠶᠢᠯᠡᠰ ᠢ ᠤᠷᠢᠲᠠᠪᠠᠷ ᠬᠦᠭᠵᠢᠬᠦᠯᠤᠨ᠎ᠠ᠃ | ᠠᠯᠪᠠᠨ ᠵᠢᠷᠤᠮ ᠤᠨ ᠰᠤᠷᠭᠠᠨ ᠬᠦᠮᠤᠵᠢᠯ ᠪᠠ ᠦᠨᠲᠤᠷ ᠲᠤᠮᠲᠠᠲᠤ ᠶᠢᠨ ᠰᠤᠷᠭᠠᠨ ᠬᠦᠮᠤᠵᠢᠯ ᠢ ᠰᠠᠶᠢᠲᠤᠷ | ᠠᠳᠬᠤᠵᠤ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠲᠦᠷᠢᠮᠵᠢᠬᠦᠯᠵᠤ᠂ ᠠᠵᠢᠯ ᠮᠡᠷᠬᠡᠵᠢᠯ ᠤᠨ | ᠰᠤᠷᠭᠠᠨ ᠬᠦᠮᠤᠵᠢᠯ ᠢ ᠢᠲᠡᠪᠬᠢᠲᠠᠢ ᠬᠦᠭᠵᠢᠬᠦᠯᠤᠨ᠎ᠠ᠃ ᠰᠤᠷᠭᠠᠨ ᠬᠦᠮᠤᠵᠢᠯ ᠤᠨ ᠰᠤᠷᠠᠭ ᠵᠠᠩᠬᠢᠵᠢᠯᠲᠠ ᠶᠢ | ᠠᠬᠢᠭᠤᠯᠵᠤ᠂ ᠲᠤᠮᠲᠠᠲᠤ ᠪᠠᠭ᠎ᠠ ᠰᠤᠷᠠᠭᠠᠭᠤᠯᠢ ᠶᠢᠨ ᠰᠠᠭᠤᠷᠢ ᠲᠦᠬᠦᠬᠡᠷᠤᠮᠵᠢ ᠶᠢ ᠨᠦᠬᠦᠨ ᠪᠦᠷᠢᠨᠰᠢᠬᠦᠯᠵᠤ᠂ | ᠪᠤᠭᠲᠠ ᠶᠢᠨ ᠭᠤᠤᠯ ᠰᠤᠮᠤᠨ ᠤ ᠬᠡᠤᠬᠡᠳ ᠤᠨ ᠴᠡᠴᠡᠷᠯᠢᠭ ᠤᠨ ᠢᠨᠵᠢᠨᠧᠷᠢᠩ ᠢ ᠬᠡᠷᠡᠭᠵᠢᠬᠦᠯᠤᠨ᠎ᠠ᠃ ᠪᠠᠭᠰᠢ ᠶᠢᠨ | ᠪᠤᠯᠪᠠᠰᠤᠷᠠᠯ ᠪᠠ ᠪᠠᠴᠢᠮ ᠲᠤᠲᠠᠭᠲᠠᠵᠤ ᠪᠠᠶᠢᠭ᠎ᠠ ᠠᠵᠢᠯ ᠤᠨ ᠪᠠᠶᠢᠷᠢ ᠳᠤ ᠪᠠᠭᠰᠢ ᠡᠯᠰᠡᠬᠦ ᠠᠵᠢᠯ ᠢ ᠰᠠᠶᠢᠲᠤᠷ ᠬᠢᠵᠤ᠂ | ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠤᠨ ᠦᠬᠡᠷᠡᠴᠢᠯᠡᠯᠲᠠ ᠶᠢ ᠬᠦᠨᠵᠡᠬᠡᠢ | ᠦᠷᠨᠢᠬᠦᠯᠵᠤ᠂ ᠬᠤᠶ᠋ᠲᠤᠭᠠᠷ ᠡᠬᠡᠯᠵᠢ ᠶᠢᠨ ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠠᠷ ᠢ ᠲᠡᠬᠡᠭᠰᠢᠯᠡᠬᠦᠯᠬᠦ | ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠰᠤᠷᠭᠠᠨ ᠬᠦᠮᠤᠵᠢᠯ | ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠤᠭᠲᠠᠭᠤᠨ ᠢᠶᠠᠷ ᠲᠡᠬᠡᠭᠰᠢᠯᠡᠬᠦᠯᠤᠨ᠎ᠠ᠃ ᠰᠢᠨᠵᠢᠯᠡᠭᠡ ᠮᠡᠷᠬᠡᠵᠢᠯ ᠤᠨ | ᠲᠦᠬᠡᠮᠡᠯᠵᠢᠬᠦᠯᠤᠯᠲᠠ ᠶᠢᠨ ᠰᠢᠰᠲ᠋ᠧᠮ ᠢ ᠲᠡᠬᠦᠯᠲᠠᠷᠵᠢᠬᠦᠯᠵᠤ᠂ ᠰᠢᠨ᠎ᠡ ᠮᠡᠷᠬᠡᠵᠢᠯ᠂ ᠰᠢᠨ᠎ᠡ ᠵᠤᠶᠢᠯ ᠲᠦᠷᠤᠯ ᠢ | ᠤᠷᠤᠭᠤᠯᠵᠤ ᠲᠡᠯᠬᠡᠷᠡᠬᠦᠯᠬᠦ ᠬᠦᠴᠤᠯᠡᠴᠠ ᠪᠠᠨ ᠨᠡᠮᠡᠭᠲᠡᠬᠦᠯᠤᠨ᠂ ᠪᠦᠬᠦ ᠲᠠᠯ᠎ᠠ ᠪᠠᠷ ᠰᠢᠨ᠎ᠡ ᠶᠢ ᠡᠬᠦᠳᠬᠦ ᠶᠡᠪᠤᠴᠠ | ᠳᠠᠬᠢ ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠬᠦᠳᠬᠦ ᠵᠢᠯᠤᠭᠤᠲᠤᠨ ᠲᠠᠭᠠᠭᠤᠯᠬᠤ ᠤᠶᠢᠯᠡᠲᠤᠯ ᠢ ᠬᠦᠢᠴᠡᠳ | ᠪᠠᠲᠠᠷᠠᠭᠤᠯᠤᠨ᠎ᠠ᠃ | ᠰᠤᠶᠤᠯ ᠪᠡᠶ᠎ᠡ ᠲᠠᠮᠢᠷ ᠤᠨ ᠠᠵᠤ ᠤᠶᠢᠯᠡᠰ ᠤᠨ ᠬᠦᠭᠵᠢᠯᠲᠠ ᠶᠢ ᠲᠦᠷᠬᠡᠳᠬᠡᠨ᠎ᠡ᠃ ᠤᠯᠠᠨ ᠨᠡᠶᠢᠲᠠ | ᠶᠢᠨ ᠰᠤᠶᠤᠯ ᠤᠨ ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠵᠤ᠂ ᠰᠤᠶᠦᠯ ᠰᠤᠷᠠᠭ ᠵᠠᠩᠬᠢ ᠶᠢᠨ ᠡᠬᠢ | ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠰᠤᠮᠤ ᠪᠠᠯᠭᠠᠰᠤᠨ ᠤ ᠶᠠᠷᠤᠩᠬᠢᠯᠡᠭᠰᠡᠨ ᠰᠤᠶᠤᠯ ᠤᠨ ᠦᠷᠲᠡᠭᠡ᠂ | ᠲᠠᠯ᠎ᠠ ᠨᠤᠲᠤᠭ ᠤᠨ ᠨᠤᠮ ᠤᠨ ᠦᠷᠤᠬᠡ ᠵᠡᠷᠬᠡ ᠠᠷᠠᠳ ᠢ ᠬᠠᠷᠠᠭᠠᠯᠵᠠᠬᠤ ᠢᠨᠵᠧᠨᠧᠷᠢᠩ ᠤᠨ ᠤᠶᠢᠯᠡᠲᠤᠯ ᠢ | ᠬᠦᠢᠴᠡᠳ ᠪᠠᠲᠠᠷᠠᠭᠤᠯᠵᠤ᠂ ︽ᠭᠤᠷᠪᠠᠨ ᠤᠷᠲᠤᠨ︾ ᠤ ᠨᠡᠬᠡᠬᠡᠯᠲᠠ ᠬᠢᠬᠦ ᠨᠤᠷᠮ᠎ᠠ ᠶᠢ ᠲᠡᠬᠡᠭᠰᠢᠯᠡᠬᠦᠯᠵᠤ᠂ ᠤᠯᠠᠨ | ᠲᠦᠮᠠᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠤᠨ᠎ᠠ᠃ ᠬᠤᠶᠠᠲᠤᠭᠠᠷ ᠬᠤᠭᠤᠴᠠᠭᠠᠨ ᠤ ᠠᠰᠤᠷᠤ ᠲᠠᠯ᠎ᠠ | ᠨᠤᠲᠤᠭ ᠤᠨ ᠰᠤᠶᠤᠯ ᠤᠨ ᠨᠠᠶᠢᠷ ᠢ ᠡᠷᠬᠢᠯᠠᠵᠤ᠂ ᠪᠦᠬᠦ ᠤᠷᠤᠨ᠂ ᠪᠦᠬᠦ ᠠᠶᠢᠮᠠᠭ ᠤᠨ ᠬᠡᠪᠴᠢᠶᠠᠨ ᠤ ᠰᠤᠶᠤᠯ ᠤᠨ | ᠠᠵᠢᠯᠯᠠᠭ᠎ᠠ ᠶᠢ ᠢᠲᠠᠪᠬᠢᠲᠠᠢ ᠲᠠᠭᠠᠭᠠᠴᠢᠯᠠᠨ ᠡᠷᠬᠢᠯᠡᠨ᠎ᠠ᠃ ᠲᠡᠤᠬᠡ ᠶᠢᠨ ᠲᠤᠷᠰᠠᠬᠠᠯᠲᠤ ᠵᠤᠶᠢᠯᠡᠰ ᠢ ᠬᠠᠮᠠᠭᠠᠯᠠᠨ | ᠠᠰᠢᠭᠯᠠᠬᠤ ᠪᠠ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ᠃ ᠤᠯᠠᠨ | ᠨᠠᠶᠢᠲᠠ ᠶᠢᠨ ᠲᠠᠮᠢᠷ ᠤᠨ ᠲᠠᠯᠠᠪᠠᠢ ᠪᠠ ᠤᠯᠠᠭᠠᠨᠮᠦ᠋ᠴᠢᠷ ᠤᠨ ᠲᠤᠮᠤ ᠠᠰᠠᠷ ᠤᠨ ᠲᠦᠷᠤᠯ ᠵᠤᠶᠢᠯ ᠤᠨ ᠪᠦᠲᠤᠬᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ | ᠦᠷᠬᠡᠨ ᠲᠡᠯᠬᠡᠷᠡᠩᠬᠦᠢ ᠦᠷᠨᠢᠬᠦᠯᠵᠤ᠂ ᠤᠯᠠᠨ ᠲᠦᠮᠠᠨᠴᠢ ᠪᠡᠶ᠎ᠡ ᠲᠠᠮᠢᠷ ᠪᠠ ᠤᠷᠤᠯᠲᠤᠭᠠᠨ ᠤ ᠪᠡᠶ᠎ᠡ ᠲᠠᠮᠢᠷ ᠤᠨ | ᠬᠦᠭᠵᠢᠯᠲᠠ ᠶᠢ ᠠᠬᠢᠭᠤᠯᠤᠨ᠎ᠠ᠃ ᠤᠯᠠᠭᠠᠨᠮᠦ᠋ᠴᠢᠷ ᠪᠠ ᠤᠷᠠᠯᠢᠭᠴᠢᠳ ᠤᠨ ᠡᠩᠨᠡᠬᠡᠨ ᠤ ᠪᠠᠶᠢᠭᠤᠯᠤᠯᠲᠠ ᠶᠢ | ᠰᠠᠶᠢᠲᠤᠷ ᠠᠳᠬᠤᠵᠤ᠂ ᠦᠨᠲᠤᠷ ᠬᠢᠷᠢ ᠲᠦᠪᠰᠢᠨ ᠪᠦᠬᠦᠢ ᠵᠤᠬᠢᠶᠠᠨ ᠪᠦᠲᠤᠬᠡᠬᠦ ᠴᠢᠲᠠᠪᠤᠷᠢᠲᠠᠨ ᠢ ᠬᠦᠮᠤᠵᠢᠬᠦᠯᠤᠨ᠎ᠠ | ᠃ | ᠡᠷᠡᠬᠦᠯ ᠬᠠᠮᠠᠭᠠᠯᠠᠯ ᠲᠦᠯᠤᠪᠯᠡᠬᠡᠲᠤ ᠦᠷᠡᠵᠢᠯ ᠤᠨ ᠠᠵᠢᠯ ᠤᠶᠢᠯᠡᠰ ᠢ ᠪᠦᠬᠦ ᠲᠠᠯ᠎ᠠ ᠪᠠᠷ | ᠬᠦᠭᠵᠢᠬᠦᠯᠤᠨ᠎ᠠ᠃ ︽ᠡᠷᠡᠬᠦᠯ ᠴᠢᠬᠢᠷᠠᠭᠵᠢᠯ︾ ᠤᠨ ᠤᠶᠢᠯᠭᠠᠭᠲᠠᠬᠤᠨ ᠢ ᠪᠠᠲᠤ ᠪᠤᠢ ᠪᠤᠯᠭᠠᠵᠤ᠂ ᠡᠮ ᠡᠮᠨᠡᠯᠬᠡ | ᠡᠷᠡᠬᠦᠯ ᠬᠠᠮᠠᠭᠠᠯᠠᠯ ᠤᠨ ᠪᠦᠲᠤᠴᠡ ᠶᠢᠨ ᠦᠬᠡᠷᠡᠴᠢᠯᠡᠯᠲᠠ ᠶᠢ ᠬᠦᠨᠵᠡᠬᠡᠶᠢᠷᠡᠬᠦᠯᠣᠨ᠂ ᠡᠪᠡᠳᠴᠢᠨ ᠡᠮᠬᠡᠭ ᠢ | ᠤᠷᠢᠳᠴᠢᠯᠠᠨ ᠰᠡᠷᠬᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠮ ᠡᠮᠨᠡᠯᠬᠡ ᠪᠠᠷ ᠠᠪᠤᠷᠠᠨ | ᠵᠠᠰᠠᠬᠤ ᠪᠠᠴᠢᠮ ᠠᠪᠤᠷᠠᠯᠲᠠ ᠶᠢᠨ ᠲᠤᠤᠷ ᠰᠦᠯᠵᠢᠶᠠᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠠᠨ ᠳᠤ | ᠪᠦᠬᠦ ᠲᠠᠯ᠎ᠠ ᠶᠢᠨ ᠪᠦᠷᠢᠨ ᠬᠤᠭᠤᠴᠠᠭᠠᠲᠤ ᠡᠷᠡᠬᠦᠯ ᠴᠢᠬᠢᠷᠠᠭ ᠤᠨ ᠤᠶᠢᠯᠡᠴᠢᠯᠡᠭᠡ ᠬᠠᠩᠭᠠᠵᠤ᠂ ᠦᠪᠡᠷᠲᠡᠬᠡᠨ ᠵᠠᠰᠠᠬᠤ | ᠤᠷᠤᠨ ᠤ ᠲᠡᠰ ᠤᠨ ︽ᠡᠷᠡᠬᠦᠯ ᠴᠢᠬᠢᠷᠠᠭᠵᠢᠯ ᠢ ᠠᠬᠢᠭᠤᠯᠤᠭᠰᠠᠨ ᠬᠤᠰᠢᠭᠤ︾ ᠶᠢ ᠢᠲᠡᠪᠬᠢᠲᠠᠢ ᠡᠬᠦᠲᠤᠨ | ᠪᠠᠶᠢᠭᠤᠯᠤᠨ᠎ᠠ᠃ ᠡᠬᠡ ᠨᠢᠯᠬᠠᠰ ᠤᠨ ᠡᠷᠡᠬᠦᠯᠵᠢᠯ ᠢ ᠪᠠᠲᠤᠯᠠᠬᠤ ᠬᠤᠷᠢᠶ᠎ᠡ ᠶᠢᠨ ᠶᠡᠷᠤᠩᠬᠡᠶᠢᠯᠡᠭᠰᠡᠨ ᠠᠰᠠᠷ ᠢ | ᠪᠠᠶᠢᠭᠤᠯᠵᠤ᠂ ᠮᠤᠩᠭᠤᠯ ᠡᠮᠨᠡᠯᠬᠡ ᠶᠢᠨ ᠬᠤᠷᠢᠶᠠᠨ ᠤ ᠡᠮᠴᠢᠯᠡᠬᠡᠨ ᠤ ᠮᠡᠷᠬᠡᠵᠢᠯ ᠤᠨ ᠠᠰᠠᠷ ᠪᠠ ᠡᠷᠡᠬᠦᠯᠵᠢᠯ ᠤᠨ | ᠰᠤᠪᠢᠯᠠᠯᠲᠠ ᠶᠢᠨ ᠲᠦᠪ ᠢ ᠡᠬᠢᠯᠡᠬᠦᠯᠤᠨ᠂ ᠤᠲᠤᠬᠢᠴᠢᠯᠠᠭᠰᠠᠨ ᠡᠮᠴᠢᠯᠡᠬᠡᠨ ᠤ ᠲᠦᠬᠦᠬᠡᠷᠤᠮᠵᠢ ᠶᠢ ᠤᠷᠤᠭᠤᠯᠤᠨ᠋᠂ | ᠮᠤᠩᠭᠤᠯ ᠬᠢᠲᠠᠳ ᠡᠮ ᠡᠮᠨᠡᠯᠬᠡ ᠶᠢᠨ ᠬᠡᠷᠡᠭᠯᠡᠬᠡᠨ ᠤ ᠮᠡᠷᠬᠡᠵᠢᠯ ᠤᠨ ᠲᠡᠯᠬᠡᠷᠡᠬᠦᠯᠤᠯᠤᠲᠠ ᠶᠢ ᠰᠠᠶᠢᠲᠤᠷ ᠬᠢᠵᠤ᠂ | ᠡᠮᠴᠢᠯᠡᠬᠡᠨ ᠤ ᠤᠶᠢᠯᠡᠴᠢᠯᠡᠭᠡ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠴᠢᠷᠮᠡᠶᠢᠨ ᠲᠡᠬᠡᠭᠰᠢᠯᠡᠬᠦᠯᠵᠤ᠂ | ᠦᠨᠲᠤᠰᠤᠨ ᠤᠯᠠᠨ ᠨᠡᠶᠢᠲᠠ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠶᠢᠨ ᠲᠡᠩᠴᠡᠬᠦᠷᠢᠰᠢᠯ ᠢ ᠠᠬᠢᠭᠤᠯᠤᠨ᠎ᠠ᠃ | ᠰᠢᠨ᠎ᠡ ᠴᠠᠭ ᠦᠶ᠎ᠡ ᠳᠠᠬᠢ ᠬᠦᠮᠤᠨ ᠠᠮᠠ ᠪᠠ ᠲᠦᠯᠤᠪᠯᠡᠬᠡᠲᠤ ᠦᠷᠡᠵᠢᠯ ᠤᠨ ᠬᠠᠮᠢᠶᠠᠷᠤᠯᠲᠠ ᠶᠢᠨ ᠠᠵᠢᠯ ᠤᠨ | ᠲᠤᠭᠲᠠᠴᠠ ᠶᠢ ᠲᠠᠰᠤᠷᠠᠯᠲᠠ ᠦᠬᠡᠢ ᠲᠡᠬᠦᠯᠲᠡᠷᠵᠢᠬᠦᠯᠤᠨ᠂ ᠡᠯ᠎ᠡ ᠲᠦᠷᠦᠯ ᠤᠨ ᠱᠠᠩᠨᠠᠨ ᠲᠡᠳᠬᠦᠬᠦ ᠲᠦᠷᠦ ᠶᠢᠨ | ᠪᠤᠲᠤᠯᠭ᠎ᠠ ᠲᠦᠷᠢᠮ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠲᠦᠷᠤᠬᠦ ᠬᠦᠮᠤᠨ ᠠᠮᠡ ᠶᠢᠨ ᠬᠡᠪ ᠴᠢᠨᠠᠷ ᠢ | ᠲᠡᠬᠡᠭᠰᠢᠯᠡᠬᠦᠯᠤᠨ᠂ ᠬᠦᠮᠤᠨ ᠠᠮᠠ ᠶᠢᠨ ᠲᠡᠩᠴᠡᠬᠦᠷᠢᠲᠠᠢ ᠬᠦᠭᠵᠢᠯᠲᠠ ᠶᠢ ᠠᠬᠢᠭᠤᠯᠤᠨ᠎ᠠ᠃ | ᠦᠨᠲᠤᠰᠤᠲᠠᠨ ᠤ ᠱᠠᠰᠢᠨ ᠰᠤᠷᠲᠠᠬᠤᠨ ᠤ ᠠᠵᠢᠯ ᠢ ᠪᠦᠬᠦ ᠬᠦᠴᠤᠨ ᠢᠶᠠᠷ ᠰᠠᠶᠢᠲᠤᠷ ᠬᠢᠨ᠎ᠠ᠃ ᠨᠠᠮ ᠤᠨ | ᠦᠨᠲᠤᠰᠤᠲᠠᠨ ᠤ ᠲᠦᠷᠤ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ | ᠦᠨᠲᠤᠰᠤᠲᠠᠨ ᠤ ᠪᠦᠯᠬᠦᠮᠲᠠᠯ ᠲᠠᠪᠰᠢᠯᠲᠠ ᠶᠢᠨ ︽ᠵᠢᠷᠭᠤᠭ᠎ᠠ ᠳᠤ ᠬᠦᠷᠬᠡᠬᠦ︾ ᠠᠵᠢᠯᠯᠠᠭ᠎ᠠ ᠶᠢ ᠦᠷᠬᠦᠯᠵᠢᠯᠡᠨ | ᠠᠬᠢᠭᠤᠯᠵᠤ᠂ ᠦᠨᠲᠤᠰᠤᠲᠠᠨ ᠤ ᠪᠦᠯᠬᠦᠮᠲᠠᠯ ᠤᠨ ᠶᠡᠭᠡ ᠰᠠᠶᠢᠨ ᠲᠦᠷᠰᠤ ᠪᠠᠶᠢᠲᠠᠯ ᠢ ᠪᠠᠲᠤᠳᠬᠠᠨ᠂ ᠴᠦᠬᠡᠨ | ᠲᠤᠭᠠᠲᠤ ᠦᠨᠲᠤᠰᠤᠲᠠᠨ ᠤ ᠬᠦᠭᠵᠢᠬᠦᠯᠤᠯᠲᠠ ᠶᠢᠨ ᠪᠡᠯᠡ ᠮᠦᠩᠬᠦᠨ ᠤ ᠤᠶᠢᠯᠡᠲᠤᠯ ᠢ ᠰᠠᠶᠢᠲᠤᠷ ᠪᠠᠲᠠᠷᠠᠭᠤᠯᠵᠤ᠂ | ᠦᠨᠲᠤᠰᠤᠲᠠᠨ ᠤ ᠤᠨᠴᠠᠯᠢᠭᠲᠤ ᠠᠵᠤ ᠤᠶᠢᠯᠡᠰ ᠤᠨ ᠲᠦᠷᠬᠡᠨ ᠬᠦᠭᠵᠢᠯᠲᠠ ᠶᠢ ᠲᠡᠮᠵᠢᠨ᠎ᠡ᠃ ᠮᠤᠩᠭᠤᠯ ᠦᠬᠡ | ᠬᠡᠯᠡ ᠦᠰᠦᠭ ᠪᠢᠴᠢᠭ ᠤᠨ ᠲᠦᠷᠢᠮᠵᠢᠭᠰᠡᠨ ᠬᠡᠷᠡᠭᠯᠡᠬᠡᠨ ᠤ ᠬᠠᠮᠢᠶᠠᠷᠤᠯᠲᠠ ᠶᠢ ᠴᠢᠩᠭᠠᠳᠬᠠᠨ᠂ ᠴᠢᠬᠤᠯᠠ ᠪᠢᠴᠢᠭ | ᠮᠠᠲ᠋ᠧᠷᠢᠶᠠᠯ ᠢ ᠮᠤᠩᠭᠤᠯ ᠬᠢᠲᠠᠳ ᠬᠤᠶᠠᠷ ᠬᠡᠯᠡ ᠪᠠᠷ ᠶᠠᠪᠤᠭᠲᠠᠭᠤᠯᠬᠤ ᠶᠢ ᠪᠠᠲᠤᠯᠠᠨ᠎ᠠ᠃ ᠱᠠᠰᠢᠨ ᠰᠤᠷᠲᠠᠬᠤᠨ ᠤ | ᠬᠡᠷᠡᠭ ᠶᠠᠪᠤᠲᠠᠯ ᠢ ᠬᠠᠤᠯᠢ ᠶᠤᠰᠤᠭᠠᠷ ᠬᠠᠮᠶᠠᠷᠴᠤ᠂ ᠱᠠᠰᠢᠨ ᠰᠤᠷᠲᠠᠬᠤᠨ ᠤ ᠡᠲᠡᠬᠡᠳ ᠤᠨ ᠬᠦᠮᠤᠰ ᠪᠠ | ᠰᠢᠲᠤᠯᠬᠡᠲᠠᠨ ᠤᠯᠠᠨ ᠲᠦᠮᠠᠨ ᠤ ᠠᠵᠤ ᠠᠬᠤᠢ ᠨᠡᠶᠢᠬᠡᠮ ᠤᠨ ᠬᠦᠭᠵᠢᠯᠲᠠ ᠶᠢ ᠠᠬᠢᠭᠤᠯᠬᠤ ᠲᠤᠮᠲᠠᠬᠢ ᠢᠲᠡᠪᠬᠢ | ᠤᠶᠢᠯᠡᠲᠤᠯ ᠢ ᠬᠦᠢᠴᠡᠳ ᠪᠠᠲᠠᠷᠠᠭᠤᠯᠤᠨ᠎ᠠ᠃ | ︵ᠶᠢᠰᠤ︶ ᠨᠡᠶᠢᠬᠡᠮ ᠤᠨ ᠬᠠᠮᠢᠶᠠᠷᠤᠯᠲᠠ ᠶᠢᠨ ᠲᠦᠪᠰᠢᠨ ᠢ ᠲᠡᠬᠡᠭᠰᠢᠯᠡᠬᠦᠯᠵᠤ᠂ ᠨᠡᠶᠢᠬᠡᠮ ᠤᠨ ᠡᠶ᠎ᠡ | ᠵᠤᠬᠢᠴᠠᠯ ᠲᠤᠭᠲᠠᠭᠤᠨ ᠢ ᠠᠬᠢᠭᠤᠯᠤᠨ᠎ᠠ᠃ | ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠦᠰᠡᠯᠠᠩ | ᠢᠲᠡᠬᠡᠯ ᠪᠢᠰᠢᠷᠠᠯ ᠤᠨ ᠬᠦᠮᠤᠵᠢᠯ ᠢ ᠦᠷᠬᠡᠨ ᠲᠡᠯᠬᠡᠷ ᠦᠷᠨᠢᠬᠦᠯᠵᠤ᠂ ᠲᠤᠮᠲᠠᠲᠤ ᠶᠢᠨ ᠦᠨᠲᠤᠰᠤᠲᠠᠨ ᠤ ᠠᠭᠤᠤ | ᠶᠡᠭᠡ ᠰᠡᠷᠬᠦᠨ ᠮᠠᠨᠲᠤᠯᠲᠠ ᠶᠢᠨ ᠬᠦᠰᠡᠯ ᠵᠡᠬᠦᠲᠤ ᠪᠠ ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠠ | ᠲᠡᠬᠡᠷ᠎ᠡ ᠲᠠᠨᠢᠯᠲᠠ ᠪᠠᠨ ᠨᠢᠬᠡᠳᠬᠡᠨ ᠬᠦᠴᠤᠨ ᠢᠶᠠᠨ ᠨᠢᠭᠲᠠᠷᠠᠭᠤᠯᠬᠤ ᠶᠢ ᠪᠠᠷᠢᠮᠲᠠᠯᠠᠨ᠎ᠠ᠃ ᠡᠷᠬᠡᠲᠤ ᠠᠷᠠᠳ ᠤᠨ | ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠵᠤ᠂ ᠲᠤᠮᠲᠠᠲᠤ ᠶᠢᠨ ᠤᠯᠠᠮᠵᠢᠯᠠᠯᠲᠤ ᠰᠢᠯᠢᠲᠡᠭ | ᠶᠤᠰᠤ ᠰᠤᠷᠲᠠᠬᠤᠨ ᠢ ᠪᠠᠲᠠᠷᠠᠭᠤᠯᠵᠤ᠂ ᠨᠡᠶᠢᠬᠡᠮ ᠨᠡᠶᠢᠲᠠ ᠶᠢᠨ ᠶᠤᠰᠤ ᠰᠤᠷᠲᠠᠬᠤᠨ᠂ ᠲᠤᠬᠠᠶᠢᠯᠠᠭᠰᠠᠨ ᠠᠵᠢᠯ ᠤᠨ | ᠶᠤᠰᠤ ᠰᠤᠷᠲᠠᠬᠤᠨ᠂ ᠬᠡᠷ ᠪᠦᠯᠢ ᠶᠢᠨ ᠶᠤᠰᠤ ᠰᠤᠷᠲᠠᠬᠤᠨ᠂ ᠬᠤᠪᠢ ᠪᠡᠶ᠎ᠡ ᠶᠢᠨ ᠶᠤᠰᠤ ᠰᠤᠷᠲᠠᠬᠤᠨ ᠤ ᠬᠦᠮᠤᠵᠢᠯ | ᠢ ᠠᠬᠢᠭᠤᠯᠤᠨ᠂ ᠦᠪᠡᠷ ᠢ ᠢᠶᠠᠨ ᠬᠦᠨᠲᠤᠯᠠᠨ ᠦᠪᠡᠷ ᠢ ᠢᠲᠡᠬᠡᠬᠦ᠂ ᠤᠶᠤᠨᠴᠢ ᠡᠶᠡᠯᠲᠡᠭ᠂ ᠦᠬᠡᠲᠡᠯᠡᠨ ᠲᠠᠪᠰᠢᠬᠤ | ᠨᠡᠶᠢᠬᠡᠮ ᠤᠨ ᠬᠡᠪ ᠰᠤᠷᠲᠠᠯ ᠢ ᠪᠤᠢ ᠪᠤᠯᠭᠠᠨ᠎ᠠ᠃ ᠨᠡᠶᠢᠬᠡᠮ ᠢ ᠵᠠᠰᠠᠬᠤ ᠰᠢᠰᠲ᠋ᠧᠮ ᠢ ᠲᠡᠬᠦᠯᠲᠠᠷᠵᠢᠬᠦᠯᠤᠨ᠎ᠠ᠃ | ᠤᠯᠠᠨ ᠲᠦᠮᠠᠨ ᠤ ᠦᠪᠡᠷ ᠢ ᠢᠶᠠᠨ ᠵᠠᠰᠠᠬᠤ ᠲᠦᠷᠢᠮ ᠢ ᠪᠦᠷᠢᠨᠰᠢᠬᠦᠯᠤᠨ ᠨᠡᠶᠢᠬᠡᠮ ᠢ ᠵᠠᠰᠠᠬᠤ ᠠᠵᠢᠯ | ᠤᠨ ᠭᠤᠤᠯᠲᠠᠯᠭ᠎ᠠ ᠪᠠᠨ ᠦᠨᠲᠤᠰᠤᠨ ᠱᠠᠲᠤ ᠤᠷᠤᠭᠤ ᠰᠢᠯᠵᠢᠯᠬᠦᠯᠵᠤ᠂ ᠤᠯᠠᠨ ᠲᠦᠮᠠᠨᠴᠢ ᠵᠤᠬᠢᠶᠠᠨ ᠪᠠᠶᠢᠭᠤᠯᠤᠯᠲᠠ | ᠶᠢᠨ ᠤᠶᠢᠯᠡᠲᠤᠯ ᠢ ᠬᠦᠢᠴᠡᠳ ᠪᠠᠲᠠᠷᠭᠤᠯᠤᠨ᠂ ᠵᠠᠰᠠᠭ ᠤᠨ ᠤᠷᠲᠤᠨ ᠠᠴᠠ ᠵᠠᠰᠠᠬᠤ᠂ ᠨᠡᠶᠢᠬᠡᠮ ᠠᠴᠠ | ᠵᠤᠬᠢᠴᠠᠭᠤᠯᠬᠤ ᠪᠠ ᠰᠠᠭᠤᠭᠠᠯᠢ ᠠᠷᠠᠳ ᠦᠪᠡᠷᠲᠡᠬᠡᠨ ᠵᠠᠰᠠᠬᠤ ᠤᠬᠢ ᠰᠠᠶᠢᠨ ᠤᠷᠴᠢᠯ ᠢ ᠪᠠᠶᠡᠯᠡᠬᠦᠯᠤᠨ᠎ᠠ᠃ ᠨᠡᠶᠢᠲᠠ | ᠶᠢᠨ ᠠᠰᠠᠷᠠᠮᠵᠢ ᠪᠠ ᠨᠢᠬᠦᠯᠰᠡᠩᠬᠦᠢ ᠶᠢᠨ ᠠᠵᠢᠯ ᠤᠶᠢᠯᠡᠰ ᠤᠨ ᠡᠷᠡᠬᠦᠯ ᠬᠦᠭᠵᠢᠯᠲᠠ ᠶᠢ ᠠᠬᠢᠭᠤᠯᠵᠤ᠂ ᠰᠠᠶᠢᠨ | ᠲᠤᠷ᠎ᠠ ᠶᠢᠨ ᠤᠶᠢᠯᠡᠴᠢᠯᠡᠭᠡ ᠶᠢ ᠰᠤᠷᠲᠠᠯᠴᠢᠯᠠᠨ᠂ ᠨᠡᠶᠢᠬᠡᠮ ᠤᠨ ᠬᠠᠷᠢᠭᠤᠴᠠᠯᠭ᠎ᠠ ᠶᠢᠨ ᠤᠬᠠᠮᠰᠠᠷ ᠪᠠ | ᠤᠶᠢᠯᠡᠴᠢᠯᠡᠬᠡᠨ ᠤ ᠤᠬᠠᠮᠰᠠᠷ ᠢ ᠨᠡᠮᠡᠭᠲᠡᠬᠦᠯᠤᠨ᠎ᠠ᠃ ᠡᠮᠡᠭᠲᠡᠶᠢᠴᠤᠳ᠂ ᠬᠡᠤᠬᠡᠳ ᠪᠠᠭᠠᠴᠤᠳ᠂ ᠨᠠᠰᠤᠲᠠᠶᠢᠴᠤᠳ ᠪᠠ | ᠴᠡᠷᠢᠭ ᠤᠨ ᠬᠡᠷ ᠪᠦᠯᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠭᠠᠵᠠᠷ ᠤᠨ ᠲᠡᠰ ᠤᠨ | ᠤᠲᠤᠷᠢᠲᠤᠯᠭ᠎ᠠ ᠡᠲᠤᠷ ᠪᠤᠯᠭᠠᠨ ᠵᠠᠬᠢᠲᠠᠯ ᠰᠤᠷᠪᠤᠯᠵᠢᠯᠭ᠎ᠠ ᠬᠦᠯᠢᠶᠡᠬᠦ᠂ ︽1328︾ ᠵᠠᠬᠢᠲᠠᠯ ᠰᠤᠷᠪᠤᠯᠵᠢᠯᠭ᠎ᠠ | ᠶᠢᠨ ᠠᠵᠢᠯ ᠤᠨ ᠡᠲᠤᠷ ᠤᠨ ᠲᠦᠷᠢᠮ ᠢ ᠦᠷᠬᠦᠯᠵᠢᠯᠡᠨ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠵᠦᠢ | ᠵᠤᠬᠢᠰᠲᠠᠢ ᠭᠤᠶᠤᠴᠢᠯᠠᠯ ᠢ ᠬᠠᠤᠯᠢ ᠶᠤᠰᠤᠭᠠᠷ ᠴᠠᠭ ᠲᠤᠬᠠᠢ ᠳᠤᠨᠢ ᠰᠡᠢᠳᠪᠤᠷᠢᠯᠡᠨᠠ᠃ ᠬᠠᠤᠯᠢ ᠶᠤᠰᠤᠭᠠᠷ ᠡᠷᠬᠡ | ᠪᠠᠨ ᠬᠠᠮᠠᠭᠠᠯᠠᠬᠤ ᠲᠤᠭᠲᠠᠴᠠ ᠶᠢ ᠪᠦᠷᠢᠨᠰᠢᠬᠦᠯᠤᠨ᠂ ᠠᠷᠠᠳ ᠲᠦᠮᠠᠨ ᠤ ᠬᠠᠤᠯᠢ ᠶᠤᠰᠤᠨ ᠤ ᠡᠷᠬᠡ ᠠᠰᠢᠭ ᠢ | ᠦᠨᠡᠨᠬᠦ ᠬᠠᠮᠠᠭᠠᠯᠠᠨ᠎ᠠ᠃ ᠦᠵᠡᠯ ᠤᠬᠠᠮᠰᠠᠷ ᠤᠨ ᠤᠪᠤᠷ ᠰᠤᠷᠲᠠᠯ ᠤᠨ ᠠᠵᠢᠯ ᠢ ᠲᠡᠬᠡᠲᠤ ᠬᠡᠮᠵᠢᠶ᠎ᠡ ᠪᠠᠷ | ᠬᠦᠨᠲᠤᠳᠬᠡᠨ᠂ ᠵᠦᠪ ᠤᠨᠤᠪᠴᠢᠲᠠᠢ ᠶᠠᠷᠢᠶ᠎ᠡ ᠬᠡᠯᠡᠯᠴᠡᠬᠡᠨ ᠤ ᠵᠢᠯᠤᠭᠤᠮᠵᠢ ᠶᠢ ᠪᠠᠷᠢᠮᠲᠠᠯᠠᠨ᠂ ᠴᠡᠪᠡᠷ ᠠᠷᠢᠭᠤᠨ | ᠲᠤᠤᠷ ᠰᠦᠯᠵᠢᠶᠠᠨ ᠤ ᠤᠷᠤᠨ ᠵᠠᠢ ᠶᠢ ᠪᠦᠷᠢᠯᠲᠤᠬᠦᠯᠤᠨ᠎ᠠ᠃ ᠱᠠᠯᠢᠭᠯᠠᠬᠤ᠂ ᠵᠤᠭᠤᠰ ᠮᠦᠷᠤᠶᠢᠴᠡᠬᠦ᠂ ᠬᠠᠷ᠎ᠠ | ᠪᠦᠯᠦᠭ ᠲᠤ ᠤᠷᠤᠬᠤ᠂ ᠬᠤᠤᠷ ᠰᠠᠷᠢᠭᠠᠯᠠᠬᠤ᠂ ᠮᠡᠬᠡᠯᠡᠬᠦ ᠵᠡᠷᠬᠡ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ | ᠶᠢ ᠬᠠᠤᠯᠢ ᠶᠤᠰᠤᠭᠠᠷ ᠴᠢᠩᠭ᠎ᠠ ᠴᠤᠬᠢᠯᠲᠠ ᠦᠭᠬᠦ ᠪᠠ ᠵᠠᠯᠬᠠᠭᠠᠨ ᠵᠠᠰᠠᠵᠤ᠂ ᠪᠡᠶᠡᠴᠢᠯᠡᠭᠰᠡᠨ ᠨᠡᠶᠢᠬᠡᠮ ᠤᠨ ᠠᠮᠤᠷ | ᠲᠦᠪᠰᠢᠨ ᠢ ᠵᠠᠰᠠᠵᠤ ᠰᠡᠷᠬᠡᠶᠢᠯᠡᠨ ᠬᠤᠷᠢᠭᠯᠠᠬᠤ ᠰᠢᠰᠲ᠋ᠧᠮ ᠢ ᠪᠦᠷᠢᠯᠲᠤᠬᠦᠯᠵᠤ᠂ ᠠᠷᠠᠳ ᠤᠯᠠᠨ ᠤ ᠠᠮᠤᠷ | ᠲᠦᠪᠰᠢᠨ ᠲᠦᠷᠦᠭᠲᠠᠯ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ | ᠠᠶᠤᠯᠬᠦᠢ ᠤᠶᠢᠯᠡᠳᠪᠤᠷᠢᠯᠠᠯ ᠪᠠ ᠢᠲᠡᠬᠡᠨ ᠤᠮᠲᠠᠭᠠᠨ ᠡᠮ ᠤᠨ ᠵᠤᠶᠢᠯᠡᠰ ᠤᠨ ᠬᠢᠨᠠᠨ ᠬᠠᠮᠢᠶᠠᠷᠤᠯᠲᠠ | ᠶᠢ ᠴᠢᠩᠭᠠᠳᠬᠠᠨ᠎ᠠ᠃ ᠠᠮᠤᠷ ᠲᠦᠪᠰᠢᠨ ᠬᠦᠭᠵᠢᠬᠦᠯᠤᠯᠲᠠ ᠶᠢᠨ ᠤᠶᠢᠯᠭᠠᠭᠲᠠᠬᠤᠨ ᠢ ᠪᠠᠲᠤ ᠪᠤᠢ ᠪᠤᠯᠭᠠᠵᠤ᠂ ᠠᠮᠢ | ᠨᠠᠰᠤ ᠶᠠᠭᠤᠨ ᠠᠴᠠ ᠴᠤ ᠡᠷᠬᠢᠮ᠂ ᠠᠮᠤᠷ ᠲᠦᠪᠰᠢᠨ ᠲᠠᠷᠢᠬᠦᠨ ᠳᠤ ᠲᠠᠯᠪᠢᠬᠤ ᠱᠠᠭᠠᠷᠲᠠᠯᠭ᠎ᠠ ᠶᠤᠰᠤᠭᠠᠷ ᠤᠯᠠᠨ | ᠨᠡᠶᠢᠲᠠ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠵᠤ᠂ ᠠᠶᠤᠯᠬᠦᠢ ᠤᠶᠢᠯᠡᠳᠪᠤᠷᠢᠯᠠᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠤᠨ᠂ ᠬᠡᠮ ᠰᠤᠭᠤᠭ ᠢ ᠪᠠᠶᠢᠴᠠᠭᠠᠨ ᠲᠤᠲᠤᠯᠠᠬᠤ ᠪᠠ ᠲᠤᠰᠬᠠᠢ | ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠬᠦᠯᠵᠤ᠂ ᠤᠨᠴᠠ | ᠬᠦᠨᠲᠤ ᠲᠤᠮᠤ ᠠᠮᠤᠷ ᠲᠦᠪᠰᠢᠨ ᠤ ᠬᠡᠷᠡᠭ ᠤᠴᠢᠷ ᠡᠬᠦᠰᠬᠦ ᠶᠢ ᠡᠷᠡᠰ ᠬᠢᠵᠠᠭᠠᠷᠯᠠᠵᠤ᠂ ᠬᠡᠨᠡᠳᠲᠠ ᠶᠢᠨ ᠬᠡᠷᠡᠭ | ᠤᠴᠢᠷ ᠢ ᠪᠠᠴᠢᠮ ᠰᠡᠢᠳᠪᠤᠷᠢᠯᠡᠬᠦ ᠴᠢᠲᠠᠪᠤᠷᠢ ᠶᠢ ᠲᠡᠬᠡᠭᠰᠢᠯᠡᠬᠦᠯᠤᠨ᠎ᠠ᠃ ᠬᠡᠷ ᠪᠦᠯᠢ ᠶᠢᠨ ᠤᠮᠲᠠᠭᠠᠨ ᠡᠳ᠋ᠰᠢᠬᠦᠯᠤᠨ | ᠪᠤᠯᠪᠠᠰᠤᠷᠠᠭᠤᠯᠬᠤ ᠤᠷᠤᠨ ᠲᠤᠭᠤᠷᠢᠭ ᠢ ᠲᠦᠯᠤᠪᠵᠢᠬᠦᠯᠤᠨ ᠪᠠᠶᠢᠭᠤᠯᠤᠨ᠎ᠠ᠃ ᠬᠢᠨᠠᠨ ᠬᠠᠮᠶᠠᠷᠬᠤ ᠠᠷᠭ᠎ᠠ ᠪᠠᠷᠢᠯ ᠢ | ᠰᠢᠨᠡᠳᠬᠡᠨ᠂ ᠵᠠᠬ᠎ᠠ ᠲᠡᠯᠬᠡᠬᠦᠷ ᠤᠨ ᠬᠢᠨᠡᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠯᠠᠨ ᠤ ᠢᠲᠡᠬᠡᠨ | ᠤᠮᠲᠠᠭᠠᠨ ᠡᠮ ᠤᠨ ᠬᠡᠷᠡᠭᠯᠡᠬᠡᠨ ᠤ ᠠᠮᠤᠷ ᠲᠦᠪᠰᠢᠨ ᠢ ᠪᠠᠲᠤᠯᠠᠨ᠎ᠠ᠃ ᠶᠠᠰᠤ ᠴᠢᠨᠠᠷ ᠢ ᠲᠡᠬᠡᠭᠰᠢᠯᠡᠬᠦᠯᠬᠦ ᠠᠵᠢᠯᠯᠠᠭ᠎ᠠ | ᠶᠢ ᠦᠷᠬᠡᠨ ᠲᠡᠯᠬᠡᠷᠡᠩᠬᠦᠢ ᠦᠷᠨᠢᠬᠦᠯᠵᠤ᠂ ᠪᠦᠲᠤᠬᠡᠭᠲᠡᠬᠦᠨ ᠪᠠ ᠤᠶᠢᠯᠡᠴᠢᠯᠡᠬᠡᠨ ᠤ ᠶᠠᠰᠤ ᠴᠢᠨᠠᠷ ᠢ ᠪᠦᠬᠦ ᠲᠠᠯ᠎ᠠ ᠪᠠᠷ | ᠲᠡᠬᠡᠭᠰᠢᠯᠡᠬᠦᠯᠤᠨ᠂ ᠨᠠᠷᠢᠯᠢᠭ᠂ ᠬᠢᠨᠠᠮᠠᠭᠠᠢ᠂ ᠤᠬᠢ ᠰᠢᠯᠢᠲᠡᠭ ᠠᠵᠢᠯ ᠲᠦᠷᠤᠯ ᠤᠨ ᠬᠡᠪ ᠰᠤᠷᠲᠠᠯ ᠢ ᠢᠲᠡᠪᠬᠢᠲᠠᠢ | ᠪᠦᠷᠢᠯᠲᠤᠬᠦᠯᠤᠨ᠎ᠠ᠃ | ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠲᠦᠮᠠᠨ ᠬᠠᠨᠤᠮᠵᠢᠲᠠᠢ | ᠵᠠᠰᠠᠭ ᠤᠨ ᠤᠷᠲᠤᠨ ᠢ ᠪᠠᠶᠢᠭᠤᠯᠤᠨ᠎ᠠ᠃ | ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠬᠦ ᠶᠢ ᠪᠠᠷᠢᠮᠲᠠᠯᠠᠨ᠎ᠠ᠃ ᠠᠷᠠᠳ ᠤᠨ ᠲᠦᠯᠤᠬᠡᠯᠡᠭᠴᠢᠳ | ᠤᠨ ᠶᠡᠭᠡ ᠬᠤᠷᠠᠯ ᠵᠢᠴᠢ ᠲᠠᠬᠦᠨ ᠤ ᠪᠠᠶᠢᠩᠭᠤ ᠶᠢᠨ ᠬᠤᠷᠢᠶ᠎ᠡ ᠶᠢᠨ ᠬᠠᠤᠯᠢ ᠴᠠᠭᠠᠵᠠ ᠶᠢᠨ ᠬᠢᠨᠡᠯᠲᠠ᠂ ᠤᠯᠤᠰ | ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ᠂ ᠨᠡᠶᠢᠬᠡᠮ ᠪᠠ ᠶᠡᠷᠢᠶ᠎ᠡ | ᠬᠡᠯᠡᠯᠴᠡᠬᠡᠨ ᠤ ᠬᠢᠨᠠᠯᠲᠠ ᠶᠢ ᠬᠦᠲᠡᠯᠤᠩᠬᠦᠢ ᠬᠦᠯᠢᠶᠡᠵᠤ᠂ ︽ᠭᠤᠷᠪᠠᠨ ᠴᠢᠬᠤᠯᠠ ᠨᠢᠬᠡ ᠲᠤᠮᠤ︾ ᠬᠠᠮᠲᠤᠪᠡᠷ | ᠵᠦᠪᠯᠡᠬᠦ ᠵᠤᠬᠢᠴᠡᠮᠵᠢ ᠶᠢ ᠨᠡᠶᠢᠲᠡᠪᠤᠷᠢᠵᠢᠭᠤᠯᠵᠤ᠂ ᠤᠶᠢᠯᠡᠳᠪᠤᠷᠢ ᠬᠤᠲᠠᠯᠲᠤᠭᠠᠨ ᠤ ᠬᠤᠯᠪᠤᠭ᠎ᠠ᠂ ᠨᠠᠮ ᠪᠦᠯᠦᠭ ᠤᠨ | ᠪᠤᠰᠤ ᠬᠦᠮᠤᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠦᠷᠬᠡᠨ ᠲᠡᠯᠬᠡᠷᠡᠩᠬᠦᠢ ᠰᠤᠨᠤᠰᠴᠤ᠂ | ᠰᠢᠢᠳᠪᠤᠷᠢᠯᠡᠬᠦ ᠪᠤᠲᠤᠯᠭ᠎ᠠ ᠶᠢᠨ ᠬᠠᠤᠯᠢᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠠᠷᠠᠳᠴᠢᠯᠠᠭᠰᠠᠨ ᠬᠢᠷᠢ | ᠲᠦᠪᠰᠢᠨ ᠢ ᠲᠡᠬᠡᠭᠰᠢᠯᠡᠬᠦᠯᠤᠨ᠎ᠠ᠃ ︽ᠲᠤᠯᠤᠲᠤᠭᠠᠷ ᠲᠠᠪᠤᠨ ᠵᠢᠯ︾ ᠤᠨ ᠬᠠᠤᠯᠢ ᠲᠦᠬᠡᠮᠵᠢᠬᠦᠯᠬᠦ ᠪᠠ ᠤᠯᠠᠨ | ᠨᠡᠶᠢᠲᠠ ᠶᠢᠨ ᠬᠠᠤᠯᠢ ᠴᠠᠭᠠᠵᠠ ᠶᠢᠨ ᠤᠶᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ | ᠺᠠᠲᠠᠷ ᠤᠯᠠᠨ ᠲᠦᠮᠠᠨ ᠤ ᠬᠠᠤᠯᠢ ᠪᠠᠷ ᠵᠰᠠᠬᠤ ᠤᠶᠢᠯᠭᠠᠭᠲᠠᠬᠤᠨ ᠪᠠ ᠬᠠᠤᠯᠢ ᠶᠤᠰᠤᠭᠠᠷ ᠬᠡᠷᠡᠭ ᠤᠴᠢᠷ | ᠰᠢᠢᠳᠪᠤᠷᠢᠯᠡᠬᠦ ᠴᠢᠲᠠᠪᠤᠷᠢ ᠶᠢ ᠨᠡᠮᠡᠭᠲᠡᠬᠦᠯᠤᠨ᠎ᠠ᠃ | ᠦᠬᠡᠷᠡᠴᠢᠯᠡᠯᠲᠠ ᠶᠢ ᠬᠦᠨᠵᠡᠬᠡᠶᠢᠷᠡᠬᠦᠯᠬᠦ ᠶᠢ ᠠᠬᠢᠭᠤᠯᠤᠨ᠎ᠠ᠃ ᠡᠯ᠎ᠡ ᠬᠦᠷᠢᠶ᠎ᠡ ᠴᠠᠷᠠᠭᠠᠨ ᠳᠠᠬᠢ | ᠦᠬᠡᠷᠡᠴᠢᠯᠡᠯᠲᠠ ᠶᠢᠨ ᠭᠤᠤᠯᠲᠠᠯᠭ᠎ᠠ ᠶᠢᠨ ᠲᠤᠭᠤᠷᠢᠨ ᠳᠤ ᠡᠬᠢ ᠪᠠᠶ᠋ᠯᠢᠭ ᠤᠨ ᠬᠦᠴᠤᠨ ᠢ ᠨᠢᠬᠡᠲᠤᠯᠲᠠᠢ | ᠲᠤᠬᠢᠷᠠᠭᠤᠯᠵᠤ᠂ ᠡᠯ᠎ᠡ ᠲᠦᠷᠤᠯ ᠤᠨ ᠦᠬᠡᠷᠡᠴᠢᠯᠡᠯᠲᠠ ᠶᠢᠨ ᠡᠬᠦᠷᠬᠡ ᠶᠢᠨ ᠨᠡᠶᠢᠲᠠᠪᠤᠷᠢᠵᠢᠭᠤᠯᠤᠯᠲᠠ ᠶᠢ | ᠠᠬᠢᠭᠤᠯᠤᠨ᠎ᠠ᠃ ᠵᠠᠰᠠᠭ ᠤᠨ ᠶᠠᠪᠤᠲᠠᠯ ᠤᠨ ᠤᠶᠢᠯᠡᠴᠢᠯᠡᠬᠡᠨ ᠤ ᠲᠦᠪ ᠤᠨ ᠤᠶᠢᠯᠡᠴᠢᠯᠡᠬᠡᠨ ᠤ ᠴᠢᠲᠠᠪᠬᠢ ᠶᠢ | ᠲᠡᠬᠦᠯᠲᠡᠷᠵᠢᠬᠦᠯᠵᠤ᠂ ︽ᠲᠠᠯᠪᠢᠬᠤ ᠬᠠᠮᠶᠠᠷᠬᠤ ᠤᠶᠢᠯᠡᠴᠢᠯᠡᠬᠦ︾ ᠦᠬᠡᠷᠡᠴᠢᠯᠡᠯᠲᠠ ᠶᠢᠨ ᠡᠯ᠎ᠡ ᠲᠦᠷᠤᠯ ᠤᠨ ᠠᠷᠭ᠎ᠠ | ᠪᠠᠷᠢᠯ ᠢ ᠨᠠᠶᠢᠲᠠᠪᠤᠷᠢᠵᠢᠭᠤᠯᠤᠨ᠎ᠠ᠃ ᠤᠯᠤᠰ ᠤᠨ ᠲᠡᠰ ᠤᠨ ᠵᠠᠰᠠᠭ ᠤᠨ ᠶᠠᠪᠤᠲᠠᠯ ᠢ ᠢᠯᠡ ᠪᠤᠯᠭᠠᠬᠤ ᠶᠢ | ᠪᠠᠷᠢᠮᠵᠢᠶᠠᠵᠢᠭᠤᠯᠤᠨ ᠲᠦᠷᠢᠮᠵᠢᠬᠦᠯᠬᠦ ᠦᠬᠡᠷᠡᠴᠢᠯᠡᠯᠲᠠ ᠲᠤᠷᠰᠢᠯᠲᠠ ᠶᠢᠨ ᠴᠢᠭ ᠤᠨ ᠠᠵᠢᠯ ᠢ ᠪᠠᠶᠡᠯᠡᠬᠦᠯᠤᠨ᠎ᠠ᠃ ︽ | ᠬᠤᠷᠢᠨ ᠨᠠᠶᠢᠮᠠᠨ ᠦᠨᠡᠮᠯᠡᠯ ᠢ ᠨᠢᠬᠡᠲᠤᠷᠡᠬᠦᠯᠬᠦ︾ ᠵᠡᠷᠬᠡ ᠠᠷᠠᠯᠵᠢᠶᠠᠨ ᠤ ᠶᠠᠪᠤᠲᠠᠯ ᠤᠨ ᠲᠦᠷᠢᠮ ᠤᠨ ᠦᠬᠡᠷᠡᠴᠢᠯᠡᠯᠲᠠ | ᠪᠠ ︽ ᠬᠤᠤᠰ**** ᠨᠢᠬᠡ ᠶᠢ ᠢᠯᠡ ᠪᠤᠯᠭᠠᠬᠤ︾ ᠶᠢᠨ ᠬᠢᠨᠠᠨ ᠬᠠᠮᠢᠶᠠᠷᠤᠯᠲᠠ ᠶᠢ ᠠᠬᠢᠭᠤᠯᠤᠨ᠎ᠠ᠃ | ᠤᠷᠤᠯᠭ᠎ᠠ ᠵᠠᠷᠤᠯᠭ᠎ᠠ ᠶᠢᠨ ᠬᠠᠮᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠭᠠᠶᠢᠯᠢ ᠶᠢᠨ | ᠤᠷᠤᠯᠭ᠎ᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠠᠬᠢᠭᠤᠯᠵᠤ᠂ ᠵᠢᠯ ᠤᠨ ᠡᠳ᠋ ᠤᠨ ᠵᠠᠰᠠᠭ ᠤᠨ ᠭᠠᠶᠢᠯᠢ ᠶᠢᠨ | ᠤᠷᠤᠯᠭ᠎ᠠ ᠶᠢᠨ ᠡᠬᠦᠷᠬᠡ ᠪᠠᠨ ᠦᠨᠲᠤᠷ ᠴᠢᠨᠰᠠᠭ᠎ᠠ ᠲᠠᠢ ᠪᠡᠶᠡᠯᠡᠬᠦᠯᠤᠨ᠎ᠠ᠃ ᠡᠳ᠋ ᠤᠨ ᠵᠠᠰᠠᠭ ᠤᠨ ᠡᠬᠢ ᠪᠡᠶᠠᠯᠢᠭ ᠢ | ᠰᠢᠨᠵᠢᠯᠡᠬᠦ ᠤᠬᠠᠭᠠᠨᠴᠢ ᠪᠠᠷ ᠲᠤᠬᠢᠷᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠶᠠᠷᠤᠯᠲᠠ ᠶᠢ ᠴᠢᠩᠭᠠᠳᠬᠠᠵᠤ | ᠂ ᠴᠠᠯᠢᠩ ᠢ ᠪᠠᠲᠤᠯᠠᠨ᠂ ᠡᠷᠬᠢᠯᠲᠠ ᠶᠢ ᠪᠠᠲᠤᠯᠠᠵᠤ᠂ ᠦᠨᠲᠤᠰᠤᠨ ᠠᠷᠠᠳ ᠤᠨ ᠠᠮᠢᠲᠤᠷᠠᠯ ᠢ ᠪᠠᠲᠤᠯᠠᠨ᠎ᠠ᠃ ᠵᠠᠰᠠᠭ | ᠤᠨ ᠤᠷᠲᠤᠨ ᠤ ᠦᠷᠢ ᠰᠢᠷᠢ ᠶᠢᠨ ᠬᠠᠮᠢᠶᠠᠷᠤᠯᠲᠠ ᠶᠢ ᠲᠦᠷᠢᠮᠵᠢᠬᠦᠯᠤᠨ᠂ ᠭᠠᠵᠠᠷ ᠤᠷᠤᠨ ᠤ ᠴᠢᠨᠠᠷ ᠲᠠᠢ ᠵᠠᠰᠠᠭ | ᠤᠨ ᠤᠷᠲᠤᠨ ᠤ ᠦᠷᠢ ᠰᠢᠷᠢ ᠪᠠ ︽ᠠᠷᠪᠠ ᠶᠢ ᠨᠡᠶᠢᠲᠠᠮ ᠪᠦᠷᠬᠦᠬᠦᠯᠬᠦ︾ ᠶᠢᠨ ᠦᠷᠢ ᠰᠢᠷᠢ ᠶᠢ ᠨᠠᠮᠲᠠᠭᠤᠯᠬᠤ | ᠲᠦᠰᠤᠯ ᠢ ᠨᠠᠶᠢᠲᠠᠪᠤᠷᠢᠵᠢᠭᠤᠯᠵᠤ᠂ ᠬᠠᠲᠠᠭᠠᠯᠠᠭᠲᠠᠵᠤ ᠪᠦᠬᠦᠢ ᠦᠷᠢ ᠰᠢᠷᠢ ᠶᠢ ᠢᠲᠡᠪᠬᠢᠲᠠᠢ ᠵᠦᠢ ᠵᠤᠬᠢᠰᠲᠠᠢ | ᠨᠠᠮᠲᠠᠭᠤᠯᠤᠨᠠ᠃ ᠬᠢᠨᠠᠨ ᠪᠤᠲᠤᠵᠤ ᠬᠢᠨᠡᠯᠲᠠ ᠲᠠᠯᠪᠢᠬᠤ ᠶᠢ ᠴᠢᠩᠭᠠᠳᠬᠠᠨ᠂ ᠪᠠᠷᠢᠯᠭ᠎ᠠ ᠪᠦᠲᠤᠬᠡᠨ ᠪᠠᠶᠢᠭᠤᠯᠤᠯᠲᠠ | ᠪᠠ ᠺᠠᠳ᠋ᠷ ᠤᠨ ᠲᠤᠰᠢᠶᠠᠯ ᠠᠴᠠ ᠪᠠᠨ ᠰᠠᠯᠬᠤ ᠬᠢᠨᠠᠨ ᠪᠤᠲᠤᠯᠲᠠ ᠶᠢ ᠰᠠᠶᠢᠲᠤᠷ ᠠᠳᠬᠤᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠡᠨ ᠦᠬᠡ ᠬᠡᠯᠡᠵᠤ ᠂ ᠪᠤᠲᠠᠲᠤ ᠶᠠᠪᠤᠲᠠᠯ ᠬᠢᠨ | ᠂ ᠪᠤᠲᠠᠲᠤ ᠠᠷᠭ᠎ᠠ ᠬᠡᠮᠵᠢᠶ᠎ᠡ ᠠᠪᠴᠤ᠂ ᠪᠤᠲᠠᠲᠤ ᠦᠷ᠎ᠡ ᠠᠰᠢᠭ ᠢ ᠴᠢᠬᠤᠯᠠᠴᠢᠯᠠᠬᠤ ᠶᠢ ᠪᠠᠷᠢᠮᠲᠠᠯᠠᠨ᠂ ᠪᠤᠲᠤᠲᠠᠢ ᠲᠠᠢ | ᠤᠶᠠᠯᠲᠤᠭᠤᠯᠤᠨ ᠪᠦᠲᠤᠬᠡᠯᠴᠢ ᠴᠢᠨᠠᠷ ᠲᠠᠢ ᠠᠵᠢᠯ ᠢᠶᠠᠨ ᠦᠷᠨᠢᠬᠦᠯᠵᠤ᠂ ᠵᠠᠰᠠᠭ ᠵᠠᠬᠢᠷᠭᠠᠨ ᠤ ᠪᠦᠲᠤᠮᠵᠢ ᠴᠢᠲᠠᠪᠬᠢ | ᠪᠠ ᠤᠶᠢᠯᠡᠴᠢᠯᠡᠬᠡᠨ ᠤ ᠰᠢᠰᠲ᠋ᠧᠮ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃ ᠬᠢᠨᠠᠨ ᠰᠢᠯᠭᠠᠵᠤ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠨ᠂ ᠶᠡᠷᠤᠮᠲᠡᠭ᠂ ᠬᠤᠶᠢᠷᠭᠤ᠂ ᠨᠠᠵᠠᠭᠠᠢ ᠪᠠᠷ ᠵᠠᠰᠠᠭ ᠪᠠᠷᠢᠬᠤ ᠤᠶᠢᠯᠡ ᠠᠵᠢᠯᠯᠠᠭ᠎ᠠ ᠶᠢ | ᠴᠢᠩᠭ᠎ᠠ ᠴᠡᠭᠴᠡᠯᠡᠵᠤ᠂ ᠱᠠᠲᠤ ᠲᠠᠷᠭᠠᠯᠠᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠡᠯ᠎ᠡ ᠲᠦᠷᠤᠯ ᠤᠨ ᠠᠵᠢᠯ | ᠤᠨ ᠡᠬᠦᠷᠬᠡ ᠪᠠᠨ ᠴᠤᠴᠠᠯᠲᠠ ᠦᠬᠡᠢ ᠨᠠᠶᠢᠲᠠᠪᠤᠷᠢᠵᠢᠭᠤᠯᠬᠤ ᠶᠢ ᠪᠠᠲᠤᠯᠠᠨ᠎ᠠ᠃ ᠵᠤᠷᠢᠭᠵᠢᠭᠤᠯᠬᠤ ᠪᠠ ᠪᠤᠷᠤᠭᠤ ᠶᠢ | ᠨᠢ ᠵᠠᠯᠠᠷᠠᠭᠤᠯᠬᠤ ᠵᠤᠬᠢᠴᠠᠮᠵᠢ ᠶᠢ ᠪᠦᠷᠢᠨᠰᠢᠬᠦᠯᠤᠨ᠂ ᠺᠠᠳ᠋ᠷ ᠠᠵᠢᠯᠲᠠᠳ ᠤᠨ ᠤᠷᠬᠢᠯᠤᠮ᠎ᠠ ᠬᠠᠯᠠᠭᠤᠨ ᠠᠵᠢᠯ ᠤᠨ | ᠰᠡᠳᠬᠢᠯᠬᠡ ᠶᠢ ᠲᠠᠶᠢᠴᠢᠯᠠᠵᠤ᠂ ᠠᠵᠢᠯ ᠬᠢᠵᠤ ᠤᠶᠢᠯᠡᠰ ᠪᠦᠲᠤᠬᠡᠬᠦ ᠤᠬᠢ ᠰᠢᠯᠢᠲᠡᠭ ᠠᠭᠤᠷ ᠠᠮᠢᠰᠬᠤᠯ ᠢ ᠪᠤᠢ | ᠪᠤᠯᠭᠠᠨ᠎ᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢᠶᠠᠨ ᠪᠦᠬᠦᠢ | ᠲᠠᠯ᠎ᠠ ᠪᠠᠷ ᠴᠢᠩᠭ᠎ᠠ ᠵᠠᠰᠠᠬᠤ ᠱᠠᠭᠠᠷᠲᠠᠯᠭ᠎ᠠ ᠶᠢ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠡᠬᠦᠷᠬᠡᠯᠡᠬᠦ︾ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠠᠰᠢᠭ ᠲᠤᠰᠠ ᠶᠢ ᠲᠦᠪ ᠪᠤᠰᠤ | ᠰᠤᠷᠲᠠᠯ ᠪᠠ ᠡᠯ᠎ᠡ ᠲᠦᠷᠤᠯ ᠤᠨ ᠬᠠᠤᠯᠢ ᠰᠠᠬᠢᠯᠭ᠎ᠠ ᠶᠢ ᠵᠦᠷᠢᠴᠡᠬᠦ ᠠᠰᠠᠭᠤᠲᠠᠯ ᠢ ᠡᠷᠡᠰ ᠲᠡᠪᠴᠢᠵᠤ᠂ ᠲᠦᠪ ᠤᠨ | ᠨᠠᠶᠢᠮᠠᠨ ᠵᠤᠷᠪᠤᠰ ᠲᠤᠭᠲᠠᠭᠠᠯ ᠶᠢᠨ ᠵᠤᠷᠢᠭ ᠰᠠᠨᠠᠭ᠎ᠠ ᠪᠠ ᠤᠷᠤᠨ᠂ ᠠᠶᠢᠮᠠᠭ᠂ ᠬᠤᠰᠢᠭᠤᠨ ᠤ ᠲᠦᠬᠦᠷ ᠬᠡᠷᠡᠭᠵᠢᠬᠦᠯᠬᠦ | ᠨᠠᠷᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠺᠠᠳ᠋ᠷ ᠨᠢ ᠠᠷᠢᠭᠤᠨ᠂ ᠵᠠᠰᠠᠭ ᠨᠢ ᠴᠢᠬᠡᠴᠢ᠂ ᠤᠯᠤᠰ ᠲᠦᠷᠤ ᠨᠢ | ᠢᠯᠡ ᠲᠤᠲᠤᠷᠬᠠᠢ ᠪᠠᠶᠢᠬᠤ ᠶᠢ ᠠᠬᠢᠭᠤᠯᠤᠨ᠎ᠠ᠃ | ᠦᠷᠬᠡᠨ ᠤᠯᠠᠨ ᠲᠦᠯᠤᠬᠡᠯᠡᠭᠴᠢᠳ ᠡ︕ ᠬᠠᠷᠠᠯᠲᠠ ᠡᠬᠦᠷᠬᠡ ᠪᠢᠲᠠᠨ ᠤ ᠡᠷᠯᠬᠢᠯᠠᠨ ᠤᠷᠤᠭᠰᠢᠯᠠᠬᠤ | ᠤᠷᠮ᠎ᠠ ᠵᠤᠷᠢᠭ ᠢ ᠬᠦᠭᠵᠢᠬᠡᠨ᠂ ᠲᠠᠷᠬᠠᠨ ᠬᠠᠷᠢᠭᠤᠴᠠᠯᠭ᠎ᠠ ᠦᠩᠬᠡ ᠬᠡᠷᠡᠯᠲᠠᠢ ᠮᠦᠷᠲᠡᠬᠡᠨ ᠬᠠᠲᠠᠭᠤᠵᠢᠯᠲᠠᠢ ᠪᠠᠶᠢᠨ᠎ᠠ᠃ | ᠪᠢᠲᠠ ᠵᠠᠪᠠᠯ ᠰᠢᠨ᠎ᠡ ᠴᠠᠭ ᠦᠶ᠎ᠡ ᠶᠢᠨ ᠵᠤᠭᠰᠤᠴᠠ ᠠᠴᠠ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ ᠰᠢᠨ᠎ᠡ | ᠠᠮᠵᠢᠯᠲᠠ ᠪᠦᠲᠤᠮᠵᠢ ᠶᠢ ᠬᠠᠷᠠᠭᠤᠯᠬᠤ ᠬᠡᠷᠡᠭᠲᠠᠢ᠃ ᠡᠷᠡᠯᠬᠡᠶᠢᠯᠡᠨ ᠤᠷᠤᠭᠰᠢᠯᠠᠬᠤ ᠡᠷᠴᠢ ᠬᠦᠴᠤ ᠶᠢ ᠪᠠᠲᠠᠷᠠᠭᠤᠯᠤᠨ᠂ | ᠬᠠᠲᠠᠭᠤᠵᠢᠯᠲᠠᠢ ᠠᠵᠢᠯᠯᠠᠨ ᠬᠡᠵᠢᠶᠡᠲᠠ ᠰᠢᠨᠲᠠᠷᠠᠬᠤ ᠦᠬᠡᠢ ᠵᠤᠷᠢᠭ ᠰᠠᠨᠠᠭ᠎ᠠ ᠪᠠᠷ ᠪᠦᠬᠦ ᠬᠤᠰᠢᠭᠤᠨ ᠤ ᠡᠯ᠎ᠡ | ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠠᠬᠦᠯᠤᠨ ᠲᠠᠶᠢᠴᠢᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ | ᠪᠠᠷ ᠪᠠᠶᠢᠭᠤᠯᠬᠤ ᠰᠡᠶᠢᠳᠪᠤᠷᠢᠲᠤ ᠢᠯᠠᠯᠲᠠ᠂ ᠠᠷᠠᠳ ᠲᠦᠮᠠᠨ ᠤ ᠵᠤᠯ ᠵᠢᠷᠭᠠᠯᠲᠤ ᠠᠮᠢᠲᠤᠷᠠᠯ ᠤᠨ ᠬᠦᠰᠡᠯ | ᠡᠷᠡᠮᠡᠵᠡᠯᠡᠯ ᠢ ᠪᠡᠶᠡᠯᠡᠬᠦᠯᠬᠦ ᠶᠢᠨ ᠲᠦᠯᠤᠬᠡ ᠦᠷᠬᠦᠯᠵᠢᠯᠡᠨ ᠲᠡᠮᠡᠴᠡᠵᠢᠬᠡᠶᠡ︕ |