ᠬᠦᠪᠡᠭᠡᠲᠦ ᠰᠢᠷ᠎ᠠ ᠬᠤᠰᠢᠭᠤᠨ ᠤ  ᠪᠠᠶᠠᠨᠲᠠᠯ᠎ᠠ ᠪᠠᠯᠭᠠᠰᠤᠨ ᠤ ᠤᠪᠤᠭᠠᠨᠭᠤᠤᠯ ᠭᠠᠴᠠᠭ᠎ᠠ ᠶᠢᠨ ᠬᠤᠨᠢᠨ ᠤ ᠡᠬᠦᠯᠳᠡᠷ ᠰᠠᠶᠢᠵᠢᠷᠠᠭᠤᠯᠤᠯᠳᠠ ᠶᠢᠨ ᠨᠤᠷᠮ᠎ᠠ 93% ᠳᠤ ᠬᠦᠷᠪᠡ
ᠨᠡᠶᠢᠲᠡᠯᠡᠭᠰᠡᠨ ᠴᠠᠭ᠄
2019-12-31
                                           ᠤᠨᠴᠠ ᠤᠷᠢᠭᠰᠠᠨ ᠴᠢᠮᠡᠭᠡᠯᠡᠭᠴᠢ ᠲᠠᠯᠠᠨᠪᠠᠶᠠᠷ       ᠲᠠᠭᠤᠤ ᠰᠢᠯᠤᠭ᠌ ᠢᠶᠠᠷ ᠲᠤᠷᠠᠳᠬᠠᠯ ᠶᠡᠬᠡᠲᠠᠢ ᠰᠢᠲᠤᠭᠡᠨ ᠲᠡᠬᠢᠯᠭᠠᠲᠤ ᠬᠤᠩᠭᠤᠷ ᠤᠪᠤᠭᠠᠨ ᠤ ᠪᠠᠨ ᠪᠡᠯ ᠬᠤᠷᠮᠤᠢ ᠶᠢ ᠪᠠᠷᠢᠵᠤ ᠰᠠᠭᠤᠷᠢᠰᠢᠭᠰᠠᠨ ᠬᠦᠪᠡᠭᠡᠲᠤ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤ ᠶᠢᠨ ᠤᠪᠤᠭᠠᠨᠭᠤᠤᠯ ᠭᠠᠴᠠᠭ᠎ᠠ ᠪᠤᠯ ᠮᠤᠩᠭᠤᠯ ᠦᠨᠲᠤᠰᠤᠲᠡᠨ ᠢᠶᠠᠷ ᠭᠤᠤᠯᠯᠠᠵᠥ᠂ ᠬᠢᠲᠠᠳ ᠦᠨᠲᠤᠰᠤᠲᠡᠨ ᠲᠠᠢ ᠬᠤᠯᠢᠯᠲᠤᠨ ᠰᠠᠭᠤᠷᠢᠰᠢᠭᠰᠠᠨ 15 ᠬᠤᠲᠠ ᠲᠤᠭᠤᠢᠢᠯᠠᠩ ᠲᠠᠢ᠂ 398 ᠬᠦᠮᠤᠨ ᠲᠠᠢ ᠴᠤᠯ ᠮᠠᠯᠵᠢᠬᠤ ᠭᠠᠴᠠᠭ᠎ᠠ ᠪᠤᠯᠤᠨ᠎ᠠ᠃       ᠲᠤᠰ ᠭᠠᠴᠠᠭ᠎ᠠ 18.2 ᠲᠦᠮᠡᠨ ᠮᠥ ᠶᠡᠷᠥᠩᠭᠡᠢ ᠨᠤᠲᠤᠭ ᠪᠡᠯᠴᠢᠭᠡᠷ ᠲᠠᠢ ᠪᠤᠯᠪᠠᠴᠤ ᠠᠰᠢᠭᠯᠠᠵᠤ ᠪᠣᠯᠬᠤᠶᠢᠴᠠ ᠨᠤᠲᠤᠭ ᠪᠡᠯᠴᠢᠭᠡᠷ ᠨᠢ 16.8 ᠲᠦᠮᠡᠨ ᠮᠥ ᠤᠷᠴᠢᠮ ᠪᠠᠶᠢᠳᠠᠭ᠃ ᠤᠲᠠᠭᠠᠨ ᠵᠢᠯ ᠤᠨ ᠲᠤᠷᠰᠢ ᠲᠤᠰ ᠭᠠᠴᠠᠭᠠᠨ ᠤ ᠮᠠᠯᠴᠢᠳ ᠬᠤᠨᠢ ᠦᠬᠡᠷ ᠢᠶᠠᠷ ᠭᠤᠤᠯᠲᠠᠭᠰᠠᠨ 1.2 ᠲᠦᠮᠡ ᠭᠠᠷᠤᠢ ᠮᠠᠯ ᠰᠥᠷᠥᠭ ᠢᠶᠠᠨ ᠠᠷᠠᠴᠢᠯᠠᠨ ᠮᠠᠯᠵᠢᠵᠦ᠂ ᠠᠵᠤ ᠠᠮᠢᠲᠤᠷᠠᠯ ᠤᠨ ᠦᠨᠲᠤᠰᠤᠨ ᠢᠷᠡᠯᠲᠡ ᠪᠠᠨ ᠪᠣᠯᠭᠠᠭᠰᠠᠭᠠᠷ ᠢᠷᠡᠭᠰᠡᠨ ᠶᠣᠮ᠃ ᠭᠡᠬᠦ ᠳᠡᠭᠡᠨ ᠮᠠᠯ ᠰᠦᠷᠤᠭ᠌ ᠤᠨ ᠡᠬᠦᠯᠲᠡᠷ ᠰᠠᠶᠢᠵᠢᠷᠠᠭᠤᠯᠤᠯᠲᠠ ᠶᠢᠨ ᠲᠠᠯ᠎ᠠ ᠪᠠᠷ ᠲᠤᠪᠤᠶᠢᠮ᠎ᠠ ᠠᠮᠵᠢᠯᠲᠠ ᠲᠠᠢ ᠠᠵᠢᠯ ᠢ ᠨᠢ ᠤᠨᠴᠠᠭᠠᠢᠢᠯᠠᠨ ᠲᠣᠷᠠᠳᠣᠭᠤᠰᠢᠲᠠᠢ᠃ ᠦᠩᠭᠡᠷᠡᠭᠰᠠᠨ ᠳᠤ ᠲᠣᠰ ᠭᠠᠴᠠᠭ᠎ᠠ ᠡᠪᠡᠰᠤᠨ ᠲᠡᠭᠡᠷ᠎ᠡ ᠪᠠᠶᠠᠨ ᠶᠠᠲᠠᠭᠤ ᠶᠢᠨ ᠢᠯᠭᠠᠭ᠎ᠠ ᠭᠠᠷᠭᠠᠬᠤ ᠦᠭᠡᠢ ᠭᠡᠳ 2006 ᠤᠨ ᠳᠤ ᠨᠤᠲᠤᠭ ᠪᠡᠯᠴᠢᠭᠡᠷ ᠢᠶᠠᠨ ᠡᠷᠤᠬᠡ ᠳᠤ ᠬᠤᠪᠢᠶᠠᠨ ᠲᠠᠭᠠᠭᠠᠴᠢᠯᠠᠭᠤᠯᠤᠭᠰᠠᠨ ᠪᠤᠯᠬᠤᠷ ᠨᠤᠲᠤᠭ ᠪᠡᠯᠴᠢᠭᠡᠷ ᠤᠨ ᠲᠠᠯ᠎ᠠ ᠪᠠᠷ ᠦᠨᠲᠤᠰᠤᠨ ᠳᠡᠭᠡᠨ ᠶᠠᠮᠠᠷ ᠴᠤ ᠮᠠᠷᠭᠤᠭᠠᠨ ᠦᠭᠡᠢ ᠮᠥᠷᠲᠡᠭᠡᠨ ᠮᠠᠯᠴᠢᠳ ᠬᠤᠭᠤᠷᠤᠨᠲᠤ ᠪᠠᠨ ᠡᠪ ᠪᠦᠯᠬᠦᠮᠲᠡᠯ ᠲᠠᠢ ᠪᠠᠷ ᠮᠠᠯᠵᠢᠬᠤ ᠤᠶᠢᠯᠡᠳᠪᠤᠷᠢᠯᠡᠯ ᠢᠶᠠᠨ ᠡᠷᠬᠢᠯᠡᠵᠤ᠂ ᠦᠨᠢᠷ ᠦᠰᠤᠯᠲᠠ ᠪᠠᠨ ᠪᠠᠲᠤᠯᠠᠵᠤ ᠢᠷᠡᠵᠡᠢ᠃ ᠡᠭᠦᠨ ᠤ ᠲᠠᠭᠠᠥ ᠪᠦᠬᠦ ᠭᠠᠴᠠᠭ᠎ᠠ ᠪᠠᠷ ᠢᠶᠠᠨ ᠴᠠᠬᠠᠷ ᠬᠤᠨᠢ ᠪᠤᠶᠢᠵᠢᠭᠤᠯᠬᠤ ᠠᠵᠢᠯ ᠢ ᠴᠢᠩᠭ᠎ᠠ ᠠᠳᠬᠤᠭᠰᠠᠨ ᠢᠶᠠᠷ ᠪᠥᠬᠦ ᠬᠤᠰᠢᠭᠤᠨ ᠤ ᠬᠡᠪᠴᠢᠶᠡᠨ ᠳᠠᠬᠢ ᠴᠠᠬᠠᠷ ᠬᠤᠨᠢ ᠪᠤᠶᠢᠵᠢᠭᠤᠯᠬᠤ ᠭᠤᠤᠯᠲᠠᠯᠭᠠᠲᠤ ᠰᠦᠷᠤᠭ᠌ ᠤᠨ 6 ᠭᠠᠴᠠᠭᠠᠨ ᠤ ᠨᠢᠭᠡ ᠪᠤᠯᠵᠥ᠂ ᠴᠠᠬᠠᠷ ᠬᠤᠨᠢᠨ ᠤ ᠭᠤᠤᠯᠲᠠᠯᠭᠠᠲᠤ ᠰᠦᠷᠤᠭ᠌ ᠪᠤᠶᠤ ᠪᠠᠷᠢᠮᠵᠢᠶᠠᠲᠤ ᠰᠦᠷᠤᠭ᠌ ᠤᠨ ᠡᠵᠡᠳ ᠤᠯᠠᠰᠢᠷᠠᠵᠤ᠂ ᠴᠠᠬᠠᠷ ᠬᠤᠨᠢ ᠶᠢ ᠬᠡᠪᠴᠢᠶᠡᠵᠢᠬᠦᠯᠤᠨ ᠮᠠᠯᠵᠢᠵᠤ ᠂ ᠤᠲᠤ ᠬᠤᠨᠢᠨ ᠤ ᠡᠬᠦᠯᠲᠡᠷ ᠢ ᠰᠠᠶᠢᠵᠢᠷᠠᠭᠤᠯᠣᠭᠰᠠᠨ ᠨᠤᠷᠮ᠎ᠠ 93% ᠳᠤ ᠬᠦᠷᠤᠭ᠍ᠰᠡᠨ ᠢᠶᠠᠷ ᠪᠠᠷᠠᠬᠤ ᠦᠬᠡᠢ ᠦᠬᠡᠷ ᠤᠨ ᠡᠬᠦᠯᠲᠡᠷ ᠢ ᠰᠠᠶᠢᠵᠢᠷᠠᠭᠤᠯᠣᠭᠰᠠᠨ ᠨᠤᠷᠮ᠎ᠠ ᠴᠤ 75% ᠳᠤ ᠬᠦᠷᠤᠭ᠍ᠰᠠᠨ ᠪᠠᠶᠢᠨ᠎ᠠ᠃ ᠡᠨᠡ ᠨᠢ ᠴᠦᠬᠡᠨ ᠮᠠᠯ ᠠᠴᠠ ᠦᠨᠲᠤᠷ ᠦᠷ᠎ᠡ ᠠᠰᠢᠭ ᠬᠦᠷᠲᠡᠬᠦ ᠤᠲᠤ ᠦᠶ᠎ᠡ ᠶᠢᠨ ᠠᠮᠢ ᠠᠬᠤᠢ ᠶᠢᠨ ᠮᠠᠯ ᠠᠵᠤ ᠠᠬᠤᠢ ᠶᠢᠨ ᠬᠦᠭᠵᠢᠯᠲᠠ ᠶᠢ ᠡᠷᠢᠯᠬᠢᠯᠡᠭᠰᠡᠨ ᠰᠢᠨ᠎ᠠ ᠲᠤᠷᠰᠢᠴᠠ ᠬᠡᠯᠲᠡᠢ᠃        ᠮᠠᠯᠴᠢᠨ ᠴᠤᠭᠲᠤ ᠶᠢᠨ ᠬᠢ ᠪᠤᠯ ᠴᠠᠬᠠᠷ ᠬᠤᠨᠢ ᠮᠠᠯᠵᠢᠬᠤ ᠲᠠᠯ᠎ᠠ ᠪᠠᠷ ᠲᠠᠭᠤᠷᠢᠶᠠᠯ ᠦᠵᠡᠬᠦᠯᠵᠤ ᠪᠠᠶᠢᠭ᠎ᠠ ᠭᠤᠤᠯᠲᠠᠯᠭᠠᠲᠤ ᠡᠷᠤᠬᠡ ᠶᠢᠨ ᠨᠢᠭᠡ ᠪᠤᠯᠤᠨ᠎ᠠ᠃ ᠲᠡᠳᠡᠨ ᠤ ᠬᠢᠨ ᠭᠡᠴᠢᠨᠡᠨ ᠵᠢᠯ ᠤᠨ ᠲᠤᠷᠰᠢ᠂ ᠮᠢᠬ᠎ᠠ ᠨᠤᠤᠰᠤᠨ ᠤ ᠬᠤᠤᠰ ᠬᠡᠷᠡᠭᠴᠡᠭᠡᠲᠤ ᠴᠠᠬᠠᠷ ᠬᠤᠨᠢ ᠬᠢᠭᠡᠳ ᠮᠢᠬ᠎ᠠ ᠰᠦᠨ ᠤ ᠬᠤᠤᠰ ᠬᠡᠷᠡᠭᠴᠡᠭᠡᠲᠤ ᠰᠢᠮᠧᠨ᠋ᠲ᠋ᠡᠷ ᠦᠬᠡᠷ ᠮᠠᠯᠵᠢᠬᠤ ᠶᠢᠨ ᠲᠠᠭᠠᠥ ᠡᠬᠦᠯᠲᠡᠷ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠥ ᠢᠷᠡᠭᠰᠡᠨ ᠢᠶᠠᠷ ᠤᠷᠤᠯᠭ᠎ᠠ ᠶᠢᠨ ᠨᠡᠮᠡᠭᠲᠡᠯᠲᠡ ᠪᠠᠨ ᠪᠠᠲᠤᠯᠠᠵᠥ ᠴᠢᠲᠠᠭᠰᠠᠨ ᠢᠶᠠᠷ ᠦᠯᠤ ᠪᠠᠷᠠᠮ ᠦᠷᠣᠭᠡᠯ ᠪᠤᠰᠤᠳ ᠲᠤ ᠴᠥ ᠲᠠᠭᠠᠭᠤᠯᠬᠤ ᠥᠢᠯᠡᠲᠥᠯ ᠥᠵᠡᠬᠦᠯᠵᠡᠢ᠃ ᠡᠶᠢᠨ ᠬᠦ ᠤᠪᠤᠭᠠᠨᠭᠤᠤᠯ ᠭᠠᠴᠠᠭᠠᠨ ᠤ ᠮᠠᠯ ᠰᠦᠷᠤᠭ᠌ ᠤᠨ ᠡᠬᠦᠯᠲᠡᠷ ᠤᠭᠰᠠᠭ᠎ᠠ ᠶᠢ ᠰᠠᠶᠢᠵᠢᠷᠠᠭᠤᠯᠬᠤ ᠠᠵᠢᠯ ᠤᠨ ᠠᠮᠵᠢᠯᠲᠠ ᠨᠢ ᠠᠶᠢᠮᠠᠭ ᠤᠷᠤᠨ ᠤ ᠮᠠᠯ ᠠᠵᠤ ᠠᠬᠤᠢ ᠶᠢᠨ ᠰᠢᠰᠲ᠋ᠧᠮ ᠤᠨ ᠮᠡᠷᠭᠡᠵᠢᠯᠲᠡᠨ ᠤ ᠦᠨᠲᠤᠷ ᠦᠨᠡᠯᠡᠯᠲᠠ ᠶᠢ ᠬᠥᠷᠲᠡᠵᠥ ᠥᠡᠭᠭᠡᠷᠡᠭᠰᠡᠨ ᠶᠤᠮ᠃ ᠡᠨᠡ ᠲᠣᠬᠠᠢ ᠭᠠᠴᠠᠭᠠᠨ ᠤ ᠤᠲᠤᠷᠢᠲᠤᠯᠭ᠎ᠠ ᠨᠠᠷ᠄ ︽ᠮᠠᠯ ᠤᠨ ᠡᠬᠦᠯᠲᠡᠷ ᠤᠭᠰᠠᠭ᠎ᠠ ᠶᠢ ᠰᠠᠶᠢᠵᠢᠷᠠᠭᠤᠯᠬᠤ ᠠᠵᠢᠯ ᠢ ᠢᠲᠡᠪᠬᠢᠲᠡᠢ ᠬᠢᠳᠡᠭ ᠮᠠᠯᠴᠢᠳ ᠤᠯᠠᠰᠢᠷᠠᠬᠤ ᠶᠢ ᠲᠠᠭᠠᠯᠲᠤᠨ ᠤᠷᠴᠢᠮ ᠤᠨ ᠵᠢᠯ ᠠᠴᠠ ᠪᠥᠬᠦ ᠭᠠᠴᠠᠭᠠᠨ ᠤ ᠮᠠᠯ ᠰᠦᠷᠤᠭ᠌ ᠤᠨ ᠡᠬᠦᠯᠲᠡᠷ ᠰᠠᠶᠢᠵᠢᠷᠠᠭᠤᠯᠤᠯᠲᠠ ᠶᠢᠨ ᠠᠵᠢᠯ ᠵᠤᠬᠢᠬᠤ ᠠᠮᠵᠢᠯᠲᠠ ᠳᠤ ᠬᠦᠷᠴᠤ ᠪᠠᠶᠢᠨ᠎ᠠ᠃ ᠡᠨᠡ ᠨᠢ ᠨᠤᠲᠤᠭ ᠢᠪᠴᠤᠤ ᠪᠠᠶᠢᠲᠠᠯ ᠲᠤᠤᠷ᠎ᠠ ᠴᠦᠬᠡᠨ ᠮᠦᠷᠲᠡᠭᠡᠨ ᠴᠢᠨᠠᠷᠯᠢᠭ ᠮᠠᠯᠵᠢᠵᠥ᠂ ᠠᠮᠢ ᠠᠬᠤᠢ ᠪᠠ ᠠᠵᠤ ᠠᠬᠤᠢ ᠶᠢᠨ ᠬᠤᠤᠰ ᠠᠰᠢᠭ ᠬᠦ᠋ᠷᠲᠡᠬᠦ ᠠᠵᠢᠯ ᠳᠤ ᠰᠠᠭᠤᠷᠢ ᠪᠤᠯᠵᠠᠢ᠃ ᠬᠤᠶᠢᠰᠢᠲᠡ ᠡᠨᠡ ᠬᠦ ᠠᠵᠢᠯ ᠢᠶᠠᠨ ᠦᠷᠬᠦᠯᠵᠢᠯᠡᠨ ᠰᠠᠶᠢᠲᠤᠷ ᠬᠢᠬᠦ ᠶᠢᠨ ᠲᠠᠭᠠᠤ ᠰᠤᠶᠤᠯ ᠵᠢᠭᠤᠯᠴᠢᠯᠠᠯ ᠤᠨ ᠠᠵᠤ ᠤᠶᠢᠯᠡᠰ ᠢ ᠠᠭᠤᠰᠤᠯᠴᠠᠭᠤᠯᠤᠨ ᠬᠦᠭᠵᠢᠬᠦᠯᠬᠦ ᠠᠵᠢᠯ ᠢ ᠭᠤᠤᠯᠲᠠᠯᠭ᠎ᠠ ᠲᠠᠢ ᠠᠳᠬᠤᠨ᠎ᠠ᠃ ᠤᠲᠤ ᠪᠦᠬᠦ ᠭᠠᠴᠠᠭᠠᠨ ᠤ ᠬᠡᠪᠴᠢᠶᠠᠨ ᠳᠤ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢᠶᠠᠷ ᠭᠤᠤᠯ ᠪᠤᠯᠭᠠᠵᠤ᠂ ︿ᠮᠠᠯᠴᠢᠨ ᠠᠶᠢᠯ﹀ ᠵᠢᠭᠤᠯᠴᠢᠯᠠᠯ ᠤᠨ ᠤᠶᠢᠯᠡᠰ ᠡᠷᠬᠢᠯᠡᠵᠤ ᠪᠠᠶᠢᠬᠤ ᠡᠷᠤᠬᠡ 10 ᠪᠤᠢ᠂ ᠢᠷᠡᠬᠦ ᠵᠢᠯ ᠠᠴᠠ ᠲᠡᠭᠡᠲᠤ ᠱᠠᠲᠤᠨ ᠤ ᠲᠡᠮᠵᠢᠯᠭᠡ ᠪᠠᠷ ᠦᠷᠡᠭᠲᠡᠭᠰᠠᠨ ᠪᠠᠭᠠᠲᠤᠷ ᠪᠠᠶᠠᠮ᠎ᠠ ᠶᠢᠨ ᠡᠬᠡ ᠤᠷᠤᠨᠴᠢ ᠦᠵᠡᠯ ᠤᠨ ᠬᠦᠮᠤᠵᠢᠯ ᠤᠨ ᠰᠠᠭᠤᠷᠢᠨ ᠭᠠᠵᠠᠷ ᠪᠠᠶᠢᠭᠤᠯᠵᠥ᠂ ᠵᠢᠭᠤᠯᠴᠢᠯᠠᠯ ᠤᠨ ᠤᠶᠢᠯᠡᠰ ᠤᠨ ᠬᠦᠭᠵᠢᠯᠲᠠ ᠳᠤ ᠠᠰᠢᠭ ᠲᠠᠢ ᠨᠦᠬᠦᠴᠡᠯ ᠢ ᠪᠦᠷᠢᠯᠲᠤᠬᠦᠯᠬᠦ ᠪᠠᠷ ᠲᠥᠯᠥᠪᠯᠡᠵᠥ ᠪᠤᠢ︾ ᠬᠡᠵᠤ ᠶᠠᠷᠢᠵᠤ ᠪᠢᠯᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号