| ᠵᠠᠰᠠᠭ ᠤᠨ ᠣᠷᠳᠣᠨ ᠤ ᠠᠵᠢᠯ ᠤᠨ ᠢᠯᠡᠳᠬᠡᠯ | — — ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠲᠤᠭᠠᠷ ᠤᠳᠠᠭᠠᠨ ᠤ ᠬᠤᠷᠠᠯᠳᠣᠭᠠᠨ ᠳᠡᠭᠡᠷ᠎ᠡ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ | ᠬᠤᠪᠢᠰᠬᠠᠯᠲᠤ | ( 2019 ᠤᠨ ᠤ 3 ᠰᠠᠷ᠎ᠠ ᠶᠢᠨ 18 ᠤ ᠡᠳᠤᠷ) | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ | ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ 2018 ᠤᠨ ᠤ ᠠᠵᠢᠯ ᠤᠨ ᠡᠷᠬᠢᠴᠡᠭᠦᠯᠦᠯ | ᠥᠩᠭᠡᠷᠡᠭᠰᠡᠨ ᠨᠢᠭᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ᠂ ᠮᠥᠨᠴᠦ ᠲᠤᠰ ᠬᠤᠭᠤᠴᠠᠭᠠᠨ ᠤ ᠵᠠᠰᠠᠭ ᠤᠨ ᠤᠷᠳᠤᠨ ᠬᠠᠤᠯᠢ | ᠶᠤᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠣᠭᠠᠷ ᠵᠢᠯ ᠪᠤᠯᠤᠨ᠎ᠠ᠃ ᠠᠵᠤ ᠠᠬᠤᠢ ᠶᠢᠨ | ᠪᠠᠭᠤᠷᠠᠯᠲᠠ ᠶᠢᠨ ᠳᠠᠷᠤᠭᠠᠰᠤ ᠦᠷᠭᠦᠯᠵᠢᠯᠡᠨ ᠨᠡᠮᠡᠭᠳᠡᠭᠰᠡᠨ ᠪᠠ ᠤᠷᠢᠳ ᠡᠮᠦᠨ᠎ᠡ ᠪᠠᠶᠢᠭ᠎ᠠ ᠦᠭᠡᠢ ᠪᠤᠳᠤᠯᠢᠶᠠᠨᠲᠠᠢ᠂ | ᠬᠦᠨᠳᠦ ᠨᠤᠴᠢᠲᠠᠢ ᠪᠠᠶᠢᠳᠠᠯ ᠳᠤ ᠴᠢᠭᠯᠡᠭᠦᠯᠦᠨ᠂ ᠪᠢᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤ | ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠤᠤᠷ᠎ᠠ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠥᠮᠡᠨ ᠢ ᠪᠦᠯᠬᠦᠮᠳᠡᠭᠦᠯᠦᠨ ᠳᠠᠭᠠᠭᠤᠯᠵᠤ᠂ | ᠴᠢᠷᠮᠠᠶᠢᠨ ᠲᠡᠮᠡᠴᠡᠵᠦ᠂ ᠪᠤᠭᠤᠮᠲᠠ ᠰᠢᠪᠲᠤᠯᠤᠨ ᠬᠦᠴᠢᠷ ᠢ ᠢᠯᠠᠨ ᠳᠠᠪᠠᠵᠤ᠂ ᠲᠤᠭᠳᠠᠭᠤᠨ ᠤ ᠳᠤᠮᠳᠠ | ᠤᠷᠤᠭᠰᠢᠯᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠠᠷᠢᠮᠲᠠᠯᠠᠨ᠂ ᠳᠤᠭᠲᠠᠭᠤᠨ ᠢᠶᠠᠷ ᠨᠡᠮᠡᠭᠳᠡᠭᠦᠯᠬᠦ᠂ | ᠥᠭᠡᠷᠡᠴᠢᠯᠡᠯᠲᠡ ᠶᠢ ᠠᠬᠢᠭᠤᠯᠬᠤ᠂ ᠪᠥᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ | ᠳᠦᠭᠰᠢᠭᠦᠷᠢ ᠠᠴᠠ ᠰᠡᠷᠭᠡᠶᠢᠯᠡᠬᠦ ᠡᠯ᠎ᠡ ᠲᠠᠯ᠎ᠠ ᠶᠢᠨ ᠠᠵᠢᠯ ᠢ ᠨᠢᠭᠡᠳᠦᠯᠲᠠᠢ ᠠᠬᠢᠭᠤᠯᠵᠤ᠂ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠨᠢ ᠳᠤᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠤᠬᠢ ᠰᠠᠶᠢᠨ ᠪᠠᠶᠢᠳᠠᠯ ᠢ | ᠪᠠᠲᠤᠯᠠᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠳᠤ ᠴᠢᠬᠤᠯᠠ ᠰᠠᠭᠤᠷᠢ ᠶᠢ ᠳᠠᠯᠪᠢᠪᠠ᠃ ᠪᠥᠬᠦ | ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 21.3 ᠳ᠋ᠦᠩᠰᠢᠭᠤᠷ ᠲᠤ ᠬᠦᠷᠴᠦ | ᠂ 0.7% ᠪᠠᠷ ᠨᠡᠮᠡᠭᠳᠡᠪᠡ︔ ᠡᠩ ᠤᠨ ᠨᠠᠶᠢᠲᠠ ᠶᠢᠨ ᠳᠥᠰᠥᠪ ᠤᠨ ᠤᠷᠤᠯᠭ᠎ᠠ 1.83 ᠳ᠋ᠦᠩᠰᠢᠭᠤᠷ ᠲᠥᠭᠦᠷᠢᠭ | ᠢ ᠪᠡᠶᠡᠯᠡᠭᠦᠯᠵᠦ᠂ 15.7% ᠪᠠᠷ ᠨᠡᠮᠡᠭᠳᠡᠪᠡ︔ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ | ᠵᠠᠷᠤᠯᠭ᠎ᠠ ᠠᠩᠬᠠᠳᠤᠭᠴᠢ ᠤᠳᠠᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ 17.7% ᠪᠠᠷ ᠨᠡᠮᠡᠭᠳᠡᠪᠡ᠃ ᠪᠥᠬᠦ | ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠲᠡᠭ 7 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 6.7% ᠪᠠᠷ ᠨᠡᠮᠡᠭᠳᠡᠪᠡ︔ ᠳᠤᠭᠲᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠶᠢ | 10.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠲᠠᠯ ᠤᠨ ᠬᠤᠷᠳᠣᠴᠠ ᠨᠢ ᠪᠦᠬᠦ ᠠᠶᠢᠮᠠᠭ ᠲᠤ ᠨᠢᠭᠡᠳᠦᠭᠡᠷ | ᠲᠤ ᠣᠷᠣᠪᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠳᠤᠬᠢᠷᠠᠭᠤᠯᠵᠤ | ᠪᠤᠯᠬᠤᠶᠢᠴᠠ ᠤᠷᠤᠯᠭ᠎ᠠ 38675 ᠲᠥᠭᠦᠷᠢᠭ ᠲᠤ ᠬᠦᠷᠴᠦ᠂ 7.8% ᠪᠠᠷ ᠨᠡᠮᠡᠭᠳᠡᠪᠡ︔ ᠮᠠᠯᠵᠢᠬᠤ ᠤᠷᠤᠨ ᠤ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ 14507 ᠲᠥᠭᠦᠷᠢᠭ | ᠲᠤ ᠬᠦᠷᠴᠦ᠂ 9.8% ᠪᠠᠷ ᠨᠡᠮᠡᠭᠳᠡᠪᠡ᠃ | — — ᠭᠤᠷᠪᠠᠨ ᠲᠤᠮᠤ ᠪᠤᠭᠤᠮᠲᠠ ᠰᠢᠪᠲᠤᠯᠬᠤ ᠳᠠᠶᠢᠯᠠᠯᠳᠤᠭᠠᠨ ᠢᠯᠡᠷᠬᠡᠢ ᠦᠷ᠎ᠡ ᠪᠥᠲᠥᠮᠵᠢ ᠤᠯᠪᠠ᠃ | ᠥᠷᠢ ᠰᠢᠷᠢ ᠶᠢ ᠴᠡᠪᠡᠷᠯᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ 2.24 ᠳ᠋ᠦᠩᠰᠢᠭᠤᠷ ᠲᠥᠭᠦᠷᠢᠭ ᠤᠨ ᠵᠠᠰᠠᠭ | ᠤᠨ ᠤᠷᠳᠤᠨ ᠤ ᠥᠷᠢ ᠰᠢᠷᠢ ᠶᠢ ᠴᠡᠪᠡᠷᠯᠡᠵᠦ ︵︽ᠠᠷᠪᠠ ᠶᠢ ᠪᠥᠷᠭᠦᠬᠦᠯᠬᠦ︾ ᠢᠨᠵᠧᠨᠧᠷᠢᠩ ᠵᠢᠴᠢ ᠳᠠᠭᠠᠯᠲᠠ | ᠲᠥᠷᠥᠯ ᠵᠦᠢᠯ ᠤᠨ ᠥᠷᠢ ᠰᠢᠷᠢ ᠶᠢ ᠪᠥᠬᠦᠨ ᠢ ᠴᠡᠪᠡᠷᠯᠡᠪᠡ︶᠂ ᠥᠷᠢ ᠰᠢᠷᠢ ᠶᠢ ᠴᠡᠪᠡᠷᠯᠡᠭᠰᠡᠨ ᠨᠤᠷᠮ᠎ᠠ ᠵᠢᠯ ᠤᠨ | ᠡᠬᠢᠨ ᠤ ᠡᠭᠦᠷᠭᠡ ᠶᠢᠨ 417% ᠳᠤ ᠬᠦᠷᠴᠦ᠂ ᠳᠡᠭᠡᠳᠦ ᠱᠠᠲᠤᠨ ᠤ ᠳᠤᠰᠬᠠᠢ ᠲᠥᠷᠥᠯ ᠤᠨ ᠱᠠᠩᠨᠠᠯ ᠤᠨ ᠮᠥᠩᠭᠦ | ᠶᠢ 1841 ᠲᠥᠮᠡᠨ ᠲᠥᠭᠦᠷᠢᠭ ᠬᠦᠷᠲᠡᠪᠡ᠃ ᠤᠷᠤᠨ ᠨᠤᠲᠤᠭ ᠤᠨ ᠵᠠᠰᠠᠭ ᠤᠨ ᠤᠷᠳᠤᠨ ᠠᠴᠠ ᠪᠡᠯᠡ | ᠤᠷᠤᠭᠤᠯᠤᠭᠰᠠᠨ ᠲᠥᠷᠥᠯ ᠵᠦᠢᠯ ᠢ ᠴᠢᠩᠭ᠎ᠠ ᠳᠦᠷᠢᠮᠵᠢᠭᠦᠯᠦᠨ᠂ ᠥᠷᠢ ᠰᠢᠷᠢ ᠰᠢᠨ᠎ᠡ ᠪᠠᠷ ᠨᠡᠮᠡᠭᠳᠡᠬᠦ ᠳᠦᠭᠰᠢᠭᠦᠷᠢ | ᠶᠢ ᠪᠥᠲᠥᠮᠵᠢᠲᠠᠢ ᠰᠡᠷᠭᠡᠶᠢᠯᠡᠪᠡ᠃ ᠮᠠᠯᠵᠢᠬᠤ ᠤᠷᠤᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠳᠤ | ᠶᠡᠷᠦᠩᠬᠡᠶᠢᠯᠡᠭᠰᠡᠨ ᠴᠡᠭᠴᠡᠯᠡᠯᠲᠡ ᠬᠢᠬᠦ ᠶᠢ ᠴᠢᠩᠭᠠᠳᠬᠠᠨ᠂ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠡᠷᠦᠬᠡ | ᠶᠢᠨ ᠲᠤᠭ᠎ᠠ᠂ ᠵᠢᠭᠡᠯᠡᠯᠭᠡ ᠶᠢᠨ ᠬᠡᠪᠴᠢᠶ᠎ᠡ ᠳᠤᠰᠪᠤᠷᠢ 64% ᠪᠠ 66% ᠪᠠᠷ ᠪᠠᠭᠤᠷᠠᠪᠠ᠃ ᠶᠠᠳᠠᠭᠤ ᠠᠴᠠ | ᠠᠩᠬᠢᠵᠢᠷᠠᠭᠤᠯᠬᠤ ᠬᠠᠷᠠᠯᠲᠠ ᠶᠢ ᠲᠤᠭᠲᠠᠭᠠᠭᠰᠠᠨ ᠳᠠᠭᠠᠨ ᠪᠡᠶᠡᠯᠡᠬᠦᠯᠪᠡ᠃ ᠰᠣᠷᠭᠠᠨ ᠬᠦᠮᠦᠵᠢᠯ ᠢᠶᠠᠷ ᠶᠠᠳᠠᠭᠤ ᠶᠢ | ᠳᠡᠳᠬᠦᠬᠦ᠂ ᠡᠷᠡᠭᠦᠯ ᠬᠠᠮᠠᠭᠠᠯᠠᠯ ᠢᠶᠠᠷ ᠶᠠᠳᠠᠭᠤ ᠶᠢ ᠳᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ᠂ | ᠴᠡᠭ ᠲᠤᠭᠲᠠᠭᠠᠨ ᠶᠠᠳᠠᠭᠤ ᠶᠢ ᠲᠡᠳᠬᠦᠬᠦ᠂ ᠨᠡᠶᠢᠭᠡᠮ ᠠᠴᠠ ᠬᠠᠪᠰᠣᠷᠬᠤ ᠪᠠ ᠪᠦᠬᠦᠨ ᠢ ᠬᠠᠮᠤᠷᠬᠤ ᠪᠠᠲᠤᠯᠠᠭ᠎ᠠ ᠶᠢᠨ | ᠡᠯ᠎ᠡ ᠲᠦᠷᠦᠯ ᠤᠨ ᠠᠵᠢᠯ ᠢ ᠯᠠᠪᠳᠠᠭᠤᠨ ᠦᠷᠨᠢᠭᠦᠯᠪᠡ᠃ 2016 ᠤᠨ ᠪᠠ 2017 ᠤᠨ ᠳᠤ ᠲᠤᠬᠢᠲᠠᠢ ᠭᠠᠵᠠᠷ | ᠪᠠ ᠬᠠᠮᠲᠤ ᠳᠤᠨᠢ ᠨᠡᠭᠦᠯᠭᠡᠨ ᠰᠢᠯᠵᠢᠭᠦᠯᠬᠦ ᠠᠵᠢᠯ ᠢ ᠪᠡᠶᠡᠯᠡᠭᠦᠯᠪᠡ᠃ ᠭᠠᠵᠠᠷ ᠤᠷᠤᠨ ᠤ ᠤᠨᠴᠠᠯᠢᠭ ᠲᠤ | ᠲᠤᠬᠢᠷᠠᠭᠤᠯᠤᠨ ᠴᠠᠬᠠᠷ ᠬᠤᠨᠢ ᠪᠠ ᠰᠢᠮᠧᠨ᠋ᠲ᠋ᠧᠷ ᠦᠬᠡᠷ ᠲᠡᠵᠢᠭᠡᠨ ᠦᠷᠡᠵᠢᠭᠦᠯᠬᠦ ᠪᠠ ᠴᠠᠭᠠᠨ ᠢᠳᠡᠭᠡ | ᠪᠤᠯᠪᠠᠰᠤᠷᠠᠭᠤᠯᠬᠤ ᠪᠠᠷ ᠭᠤᠤᠯ ᠪᠤᠯᠭᠠᠭᠰᠠᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ | ᠬᠡᠷᠡᠭᠵᠢᠭᠦᠯᠵᠦ᠂ ᠶᠠᠳᠠᠭᠤ ᠬᠦᠴᠢᠷᠲᠠᠢ ᠡᠷᠦᠭᠡ ᠶᠢᠨ ᠦᠪᠡᠷᠲᠡᠭᠡᠨ ᠳᠡᠭᠵᠢᠷᠡᠬᠦ ᠴᠢᠳᠠᠪᠤᠷᠢ ᠣᠯᠠᠮ ᠴᠢᠩᠭᠠᠷᠠᠪᠠ᠃ | ᠤᠯᠤᠰ ᠤᠨ ᠶᠠᠳᠠᠭᠤ ᠶᠢ ᠳᠡᠳᠬᠦᠬᠦ ᠦᠷ᠎ᠡ ᠪᠥᠲᠦᠮᠵᠢ ᠶᠢᠨ ᠬᠢᠨᠠᠨ ᠰᠢᠯᠭᠠᠯᠲᠠ ᠵᠢᠴᠢ ᠡᠯ᠎ᠡ ᠱᠠᠲᠤᠨ ᠤ ᠱᠠᠭᠠᠷᠳᠠᠨ | ᠪᠠᠶᠢᠴᠠᠭᠠᠯᠲᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠪᠥᠬᠦᠨ ᠢ ᠵᠠᠰᠠᠨ ᠴᠡᠭᠴᠡᠯᠡᠵᠦ᠂ ᠶᠠᠳᠠᠭᠤᠷᠠᠯᠲᠠ ᠶᠢᠨ | ᠨᠤᠷᠮ᠎ᠠ 0.37% ᠪᠤᠯᠵᠤ ᠪᠠᠭᠤᠷᠠᠨ᠂ ᠥᠪᠡᠷᠲᠡᠭᠡᠨ ᠵᠠᠰᠠᠬᠤ ᠤᠷᠤᠨ ᠤ ᠶᠠᠳᠠᠭᠤ ᠬᠦᠴᠢᠷᠳᠡᠯᠲᠡᠢ ᠬᠤᠰᠢᠭᠤ | ᠰᠢᠶᠠᠨ ᠤ ᠡᠩᠨᠡᠬᠡᠨ ᠠᠴᠠ ᠭᠠᠷᠪᠠ᠃ ᠪᠤᠬᠢᠷᠳᠤᠯ ᠢ ᠰᠡᠷᠭᠡᠶᠢᠯᠡᠨ ᠴᠡᠭᠴᠡᠯᠡᠬᠦ ᠠᠵᠢᠯ ᠤᠨ ᠡᠭᠦᠷᠭᠡ ᠶᠢ ᠪᠥᠬᠦ ᠲᠠᠯ᠎ᠠ | ᠪᠠᠷ ᠪᠡᠶᠡᠯᠡᠭᠦᠯᠪᠡ᠃ ᠰᠢᠨᠡᠪᠤᠯᠠᠭ ᠪᠠᠯᠭᠠᠰᠤᠨ ᠤ ᠪᠤᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠵᠢᠴᠢ ᠪᠤᠬᠢᠷ ᠤᠰᠤ | ᠶᠢ ᠨᠠᠷᠢᠯᠢᠭ ᠴᠡᠪᠡᠷᠰᠢᠭᠦᠯᠬᠦ ᠲᠥᠷᠥᠯ ᠵᠦᠢᠯ ᠲᠤᠭᠲᠠᠭᠤᠨ ᠢᠶᠠᠷ ᠶᠠᠪᠤᠭᠳᠠᠪᠠ᠃ ᠮᠠᠯ ᠤᠨ ᠠᠰᠢᠭ ᠰᠢᠮ᠎ᠡ ᠶᠢ | ᠪᠤᠯᠪᠠᠰᠤᠷᠠᠭᠤᠯᠬᠤ ᠠᠵᠤ ᠠᠬᠤᠶᠢᠯᠠᠯ ᠨᠢ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠴᠠᠢ᠃ | ᠨᠡᠭᠦᠷᠡᠰᠦᠨ ᠠᠭᠤᠷᠬᠠᠢ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ | ᠬᠠᠶᠠᠭᠳᠠᠮᠠᠯ ᠤᠰᠤ ᠪᠥᠬᠦᠨ ᠢᠶᠠᠷ ᠢᠶᠠᠨ ᠡᠷᠬᠢᠯᠲᠡᠲᠦ ᠠᠰᠢᠭᠯᠠᠯᠲᠠ ᠶᠢ ᠪᠡᠶᠡᠯᠡᠭᠦᠯᠪᠡ᠃ ᠴᠢᠯᠠᠭᠤᠨ ᠲᠤᠰᠤᠨ ᠤ | ᠠᠵᠤ ᠠᠬᠤᠶᠢᠯᠠᠯ ᠤᠨ ᠬᠠᠶᠠᠭᠳᠠᠮᠠᠯ ᠪᠤᠬᠢᠷ ᠤᠰᠤ ᠵᠢᠴᠢ ᠭᠠᠵᠠᠷ ᠭᠤᠭᠤᠵᠢᠭᠰᠠᠨ ᠲᠤᠰᠣ ᠶᠢ ᠨᠠᠷᠢᠯᠢᠭ | ᠲᠦᠪᠯᠡᠷᠡᠭᠦᠯᠦᠨ ᠰᠢᠢᠳᠪᠦᠷᠢᠯᠡᠪᠡ᠃ ᠲᠤᠰᠤ ᠨᠡᠮᠡᠬᠦ 7 ᠥᠷᠲᠡᠭᠡᠨ ᠤ ᠲᠤᠰᠤ ᠬᠠᠳᠠᠭᠠᠯᠠᠬᠤ ᠬᠥᠮᠦᠷᠭᠡ ᠶᠢᠨ ᠨᠡᠪᠴᠢᠬᠦ | ᠠᠴᠠ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠦᠨ᠂ 3 ᠲᠤᠭᠤᠰᠬᠠᠨ ᠤ ᠦᠢᠯᠡᠳᠪᠦᠷᠢ ᠶᠢ ᠬᠠᠤᠯᠢ ᠶᠤᠰᠤᠭᠠᠷ | ᠪᠢᠲᠡᠭᠦᠮᠵᠢᠯᠡᠨ ᠵᠣᠭᠰᠣᠭᠠᠪᠠ᠃ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠪᠤᠳᠠᠰ ᠤᠨ ᠲᠠᠯᠠᠪᠠᠢ ᠶᠢᠨ ᠲᠤᠭᠤᠰᠤ ᠶᠢ | ᠰᠡᠷᠭᠡᠶᠢᠯᠡᠵᠦ ᠬᠤᠷᠢᠭᠯᠠᠬᠤ ᠠᠷᠭ᠎ᠠ ᠠᠪᠴᠠᠯ ᠢ ᠲᠡᠭᠦᠯᠳᠡᠷᠵᠢᠭᠦᠯᠦᠨ᠂ ᠬᠤᠭ ᠲᠤᠭᠤᠰᠤ ᠡᠭᠦᠰᠳᠡᠭ ᠠᠵᠤ ᠠᠬᠤᠶᠢᠯᠠᠯ | ᠤᠨ ᠲᠤᠭᠤᠰᠤᠨ ᠤ ᠪᠤᠬᠢᠷᠳᠤᠯ ᠢ ᠰᠠᠶᠢᠲᠤᠷ ᠰᠡᠷᠭᠡᠶᠢᠯᠡᠪᠡ᠃ ᠪᠥᠬᠦ ᠵᠢᠯ ᠳᠤ 40 ᠲᠥᠮᠡᠨ ᠲᠤᠨ ᠴᠢᠯᠠᠭᠤᠨ | ᠮᠠᠲ᠋ᠧᠷᠢᠶᠠᠯ ᠤᠨ ᠬᠠᠶᠠᠭᠳᠠᠮᠠᠯ ᠪᠤᠳᠠᠰ᠂ ᠴᠢᠯᠠᠭᠤᠨ ᠤ ᠦᠷᠦᠳᠡᠰᠦ ᠪᠠ ᠨᠡᠭᠦᠷᠡᠰᠦᠨ ᠤ ᠨᠤᠨᠳᠠᠭ ᠢ ᠰᠢᠢᠳᠪᠦᠷᠢᠯᠡᠨ | ᠪᠤᠬᠢᠷᠳᠣᠯ ᠦᠭᠡᠢ ᠲᠤᠭᠤᠰᠬ᠎ᠠ ᠦᠢᠯᠡᠳᠪᠦᠷᠢᠯᠡᠬᠦ ᠲᠥᠷᠥᠯ ᠵᠦᠢᠯ ᠠᠵᠢᠯ ᠢᠶᠠᠨ ᠡᠬᠢᠯᠡᠭᠦᠯᠪᠡ᠃ ᠪᠥᠬᠦ ᠤᠯᠤᠰ ᠤᠨ | ᠬᠤᠶᠠᠳᠤᠭᠠᠷ ᠤᠳᠠᠭᠠᠨ ᠤ ᠪᠤᠬᠢᠷᠳᠤᠯ ᠤᠨ ᠰᠤᠷᠪᠤᠯᠵᠢ ᠶᠢᠨ ᠨᠡᠶᠢᠳᠡᠮ ᠤᠨ ᠪᠠᠶᠢᠴᠠᠭᠠᠯᠲᠠ ᠶᠢ ᠠᠮᠵᠢᠯᠲᠠ ᠲᠠᠢ | ᠪᠡᠶᠡᠯᠡᠭᠦᠯᠪᠡ᠃ ᠲᠥᠪ᠂ ᠥᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠬᠤ ᠳᠤᠭᠤᠶᠢᠯᠠᠩ ᠤᠨ ᠬᠠᠷᠢᠭᠤ ᠳᠤᠰᠬᠠᠭᠰᠠᠨ ᠠᠰᠠᠭᠤᠳᠠᠯ ᠪᠠ ᠲᠥᠪ ᠤᠨ ᠤᠷᠴᠢᠨ ᠲᠤᠭᠤᠷᠢᠨ ᠢ | ᠬᠠᠮᠠᠭᠠᠯᠠᠬᠤ ᠬᠤᠶᠠᠳᠤᠭᠠᠷ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠬᠦ ᠤᠯᠠᠨ | ᠲᠥᠮᠡᠨ ᠤ ᠢᠯᠡᠴᠢᠯᠡᠭᠰᠡᠨ ᠠᠰᠠᠭᠤᠳᠠᠯ ᠢ ᠪᠥᠬᠦᠨ ᠢ ᠵᠠᠰᠠᠨ ᠴᠡᠭᠴᠡᠯᠡᠪᠡ᠃ ᠤᠯᠠᠨ ᠵᠢᠯ ᠤᠨ ᠬᠤᠷᠠᠮᠳᠤᠭᠰᠠᠨ ᠭᠠᠷ | ᠭᠦᠢᠴᠡᠳᠬᠡᠯ ᠦᠭᠡᠢ ᠪᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ80 ᠠᠰᠠᠭᠤᠳᠠᠯ ᠢ ᠰᠢᠢᠳᠪᠦᠷᠢᠯᠡᠵᠦ | ᠳᠠᠭᠤᠰᠬᠠᠪᠠ᠃ | — — ᠠᠵᠤ ᠠᠬᠤᠢ ᠶᠢᠨ ᠪᠥᠲᠦᠴᠡ ᠨᠡᠩ ᠲᠤᠬᠢᠷᠠᠮᠵᠢᠲᠠᠢ ᠪᠤᠯᠪᠠ᠃ ᠭᠤᠷᠪᠠᠨ ᠠᠵᠤ ᠦᠢᠯᠡᠰ ᠤᠨ | ᠪᠦᠲᠦᠴᠡ ᠶᠢᠨ ᠬᠠᠷᠢᠴᠠᠯ ᠢ 18᠄ 30᠄ 52 ᠪᠤᠯᠭᠠᠨ ᠳᠤᠬᠢᠷᠠᠭᠤᠯᠵᠤ᠂ ᠠᠵᠤ ᠠᠬᠤᠢ ᠶᠢᠨ ᠪᠦᠲᠦᠴᠡ ᠶᠢ | ᠰᠢᠯᠢᠳᠡᠭᠵᠢᠭᠦᠯᠪᠡ᠃ ᠮᠠᠯ ᠠᠵᠤ ᠠᠬᠤᠢ ᠲᠤᠭᠲᠠᠭᠤᠨ ᠢᠶᠠᠷ ᠬᠦᠭᠵᠢᠪᠡ᠃ 1250 ᠲᠤᠯᠤᠭᠠᠢ ᠰᠢᠯᠢᠳᠡᠭ ᠡᠭᠦᠯᠳᠡᠷ | ᠤᠨ ᠮᠢᠬᠠᠨ ᠤ ᠦᠬᠡᠷ ᠢ ᠤᠷᠤᠭᠤᠯᠤᠨ᠂ 2.1 ᠲᠥᠮᠡᠨ ᠦᠬᠡᠷ ᠢ ᠡᠭᠦᠯᠳᠡᠷ ᠰᠠᠶᠢᠵᠢᠷᠠᠭᠤᠯᠵᠤ᠂ 18 ᠪᠤᠬᠢᠷᠲᠤᠯ | ᠦᠭᠡᠢ ᠮᠢᠬᠠᠨ ᠤ ᠦᠭᠡᠷ ᠤᠨ ᠭᠡᠷ ᠪᠥᠯᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠶᠢᠭᠤᠯᠪᠠ᠃ ᠰᠠᠭᠠᠯᠢ ᠶᠢᠨ | ᠦᠨᠢᠶᠡᠨ ᠤ ᠲᠤᠭ᠎ᠠ 3000 ᠶᠢ ᠳᠠᠪᠠᠵᠤ᠂ ᠪᠥᠬᠦ ᠵᠢᠯ ᠳᠤ ᠰᠦᠨ ᠤ ᠭᠠᠷᠤᠯᠲᠠ 6200 ᠲᠤᠨ ᠳᠤ ᠬᠦᠷᠴᠤ᠂ | ᠴᠠᠭᠠᠨ ᠢᠳᠡᠭᠡ ᠪᠤᠯᠪᠠᠰᠤᠷᠠᠭᠤᠯᠬᠤ ᠠᠵᠤ ᠦᠢᠯᠡᠰ ᠲᠦᠷᠭᠡᠨ ᠬᠥᠭᠵᠢᠵᠦ᠂ ᠵᠢᠯ ᠤᠨ ᠤᠶᠢᠯᠡᠳᠬᠦᠨ ᠤ ᠥᠷᠲᠡᠭ | 5100 ᠲᠥᠮᠡᠨ ᠲᠥᠭᠦᠷᠢᠭ ᠲᠤ ᠬᠦᠷᠪᠡ᠃ ᠴᠠᠬᠠᠷ ᠬᠤᠨᠢᠨ ᠤ ᠡᠭᠦᠯᠳᠡᠷ ᠤᠨ ᠲᠡᠵᠢᠭᠡᠨ ᠦᠷᠡᠵᠢᠭᠦᠯᠬᠦ ᠰᠢᠰᠲ᠋ᠧᠮ | ᠤᠨ ᠪᠠᠶᠢᠭᠤᠯᠤᠯᠲᠠ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶᠡᠵᠢᠯ ᠪᠠ ᠦᠷ᠎ᠡ ᠠᠰᠢᠭ ᠢ ᠲᠠᠰᠣᠷᠠᠯᠲᠠ | ᠦᠭᠡᠢ ᠳᠡᠭᠡᠭᠰᠢᠯᠡᠭᠦᠯᠵᠤ᠂ ᠴᠠᠬᠠᠷ ᠬᠤᠨᠢ ᠶᠢ ᠲᠡᠵᠢᠭᠡᠨ ᠦᠷᠡᠵᠢᠭᠦᠯᠵᠦ ᠪᠠᠶᠢᠭ᠎ᠠ ᠬᠡᠪᠴᠢᠶ᠎ᠡ 18 ᠲᠦᠮᠡ ᠳᠤ | ᠬᠦᠷᠴᠦ᠂ ︽ᠰᠢᠯᠢ ᠶᠢᠨ ᠭᠤᠤᠯ ᠤᠨ ᠴᠠᠬᠠᠷ ᠬᠤᠨᠢᠨ ᠮᠢᠬ᠎ᠠ︾ ᠶᠢᠨ ᠨᠡᠷ᠎ᠡ ᠲᠡᠮᠳᠡᠭ ᠤᠨ ᠦᠷ᠎ᠡ ᠠᠰᠢᠭ | ᠲᠤᠪᠤᠶᠢᠮ᠎ᠠ ᠪᠤᠯᠪᠠ᠃ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠪᠠᠷ ᠳᠠᠮᠵᠢᠨ ᠣᠷᠢᠳᠴᠢᠯᠠᠨ | ᠵᠠᠷᠣᠴᠠᠭᠤᠯᠬᠤ ᠵᠠᠭᠪᠤᠷ ᠢ ᠢᠳᠡᠪᠬᠢᠲᠡᠢ ᠲᠦᠭᠡᠮᠡᠯᠵᠢᠭᠦᠯᠵᠦ᠂ ᠠᠮᠢᠲᠦ ᠮᠠᠯ ᠤᠨ ᠰᠣᠯᠢᠯᠴᠠᠭᠠᠨ ᠤ ᠵᠠᠬ᠎ᠠ ᠶᠢᠨ | ᠦᠢᠯᠡᠳᠦᠯ ᠢ ᠬᠦᠢᠴᠡᠳ ᠪᠠᠲᠠᠷᠠᠭᠤᠯᠤᠨ᠂ ᠪᠥᠬᠦ ᠵᠢᠯ ᠳᠤ 19.2 ᠲᠥᠮᠡᠨ ᠮᠠᠯ ᠢ ᠵᠠᠷᠤᠴᠠᠭᠤᠯᠪᠠ᠃ ᠬᠢᠵᠢᠭ | ᠡᠪᠡᠳᠴᠢᠨ ᠠᠴᠠ ᠰᠡᠷᠭᠡᠶᠢᠯᠡᠬᠦ ᠠᠵᠢᠯ ᠢ ᠴᠢᠬᠤᠯᠠᠴᠢᠯᠠᠨ ᠠᠳᠬᠤᠵᠤ᠂ ᠮᠠᠯ ᠤᠨ ᠬᠢᠵᠢᠭ ᠢ ᠡᠰᠡᠷᠭᠦᠴᠡᠬᠦ ᠨᠢᠭᠲᠠᠴᠠ | 100% ᠳᠤ ᠬᠦᠷᠴᠦ᠂ ᠠᠹᠧᠷᠢᠺᠡ ᠲᠢᠪ ᠤᠨ ᠭᠠᠭ᠋ᠠᠢ ᠶᠢᠨ ᠬᠢᠵᠢᠭ ᠢ ᠪᠥᠲᠥᠮᠵᠢᠲᠠᠢ ᠰᠡᠷᠭᠡᠶᠢᠯᠡᠪᠡ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠳᠤᠭᠲᠠᠭᠤᠨ ᠢᠶᠠᠷ ᠠᠬᠢᠪᠠ᠃ ᠴᠡᠪᠡᠷ ᠡᠨᠧᠷᠬᠢ ᠶᠢᠨ ᠠᠵᠤ ᠠᠬᠤᠶᠢᠯᠠᠯ ᠨᠢ | 4 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ 2.2 ᠳ᠋ᠦᠩᠰᠢᠭᠤᠷ ᠲᠥᠭᠦᠷᠢᠭ ᠤᠨ ᠦᠢᠯᠡᠳᠬᠦᠨ ᠤ | ᠥᠷᠲᠡᠭ ᠢ ᠪᠡᠶᠡᠯᠡᠭᠦᠯᠪᠡ᠃ ᠳ᠋ᠦᠩ ᠯᠢᠨ ᠨᠡᠭᠦᠷᠡᠰᠦᠨ ᠤ ᠺᠤᠮᠫᠠᠨᠢ 55 ᠲᠥᠮᠡᠨ ᠲᠤᠨ ᠤᠲᠤᠭ᠎ᠠ ᠦᠭᠡᠢ ᠨᠡᠭᠦᠷᠡᠰᠦ | ᠦᠢᠯᠡᠳᠪᠦᠷᠢᠯᠡᠵᠦ᠂ 4.4 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠴᠢᠯᠠᠭᠤᠨ | ᠮᠠᠲ᠋ᠧᠷᠢᠶᠠᠯ ᠤᠨ ᠠᠵᠤ ᠠᠬᠤᠶᠢᠯᠠᠯ ᠳᠤ 80 ᠭᠠᠷᠤᠢ ᠢᠵᠢ ᠰᠢᠨ᠎ᠡ ᠮᠡᠷᠭᠡᠵᠢᠯ ᠤᠨ ᠲᠥᠬᠦᠭᠡᠷᠦᠮᠵᠢ ᠶᠢ ᠨᠡᠮᠡᠵᠤ᠂ | ᠨᠡᠶᠢᠲᠡ 190 ᠲᠥᠮᠡᠨ ᠳᠡᠭᠰᠢ ᠲᠥᠷᠪᠡᠯᠵᠢᠨ ᠮᠧᠲᠷ ᠬᠠᠪᠲᠠᠭᠠᠢ ᠮᠠᠲ᠋ᠧᠷᠢᠶᠠᠯ ᠢ ᠪᠤᠯᠪᠠᠰᠤᠷᠠᠭᠤᠯᠵᠤ᠂ ᠦᠢᠯᠡᠳᠬᠦᠨ | ᠤ ᠥᠷᠲᠡᠭ ᠢ 1.5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠦᠬᠦᠬᠡᠢ ᠲᠤᠰᠤ᠂ ᠰᠢᠲᠠᠮᠠᠬᠠᠢ ᠬᠡᠢ ᠶᠢᠨ ᠡᠬᠢ | ᠪᠠᠶᠠᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ 2.6 ᠲᠥᠮᠡᠨ ᠲᠤᠨ ᠲᠦᠭᠦᠬᠡᠢ ᠲᠤᠰᠤ | ᠶᠢ ᠪᠤᠷᠤᠯᠠᠭᠤᠯᠵᠤ᠂ ᠦᠢᠯᠡᠳᠬᠦᠨ ᠤ ᠥᠷᠲᠡᠭ ᠢ 0.9 ᠳ᠋ᠦᠩᠰᠢᠭᠤᠷ ᠲᠥᠭᠦᠷᠢᠭ ᠪᠡᠶᠡᠯᠡᠭᠦᠯᠪᠠ᠃ ᠮᠠᠯ ᠤᠨ ᠠᠰᠢᠭ | ᠰᠢᠮ᠎ᠡ ᠶᠢ ᠪᠤᠯᠪᠠᠰᠤᠷᠠᠭᠤᠯᠬᠤ ᠠᠵᠤ ᠠᠬᠤᠶᠢᠯᠠᠯ ᠨᠢ 750 ᠲᠤᠨ ᠮᠢᠬᠠᠨ ᠤ ᠪᠦᠲᠦᠭᠡᠭᠳᠡᠭᠦᠨ ᠪᠤᠷᠤᠯᠠᠭᠤᠯᠪᠠ᠃ | ᠰᠢᠨ ᠶᠢᠨ ᠺᠤᠮᠫᠠᠨᠢ᠂ ᠭᠤᠸᠠᠩ ᠯᠦᠩ ᠮᠠᠯ ᠠᠵᠤ ᠠᠬᠤᠢ ᠶᠢᠨ ᠺᠤᠮᠫᠠᠨᠢ ᠨᠢ ᠳᠡᠰ ᠳᠠᠪᠰᠢᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠤᠨ ᠠᠵᠤ ᠠᠬᠤᠶᠢᠯᠠᠯ 7 ᠪᠤᠯᠵᠤ ᠨᠡᠮᠡᠭᠳᠡᠪᠠ᠃ ᠦᠢᠯᠡᠴᠢᠯᠡᠭᠡᠨ ᠤ ᠦᠢᠯᠡᠰ | ᠡᠷᠡᠭᠦᠯ ᠢᠶᠠᠷ ᠬᠦᠭᠵᠢᠪᠠ᠃ ︽ᠲᠤᠷᠭᠠᠨ ᠨᠤᠲᠤᠭ ᠬᠥᠪᠡᠭᠡᠲᠦ ᠰᠢᠷ᠎ᠠ ᠬᠤᠰᠢᠭᠤ — ᠠᠰᠤᠷᠤ ᠠᠶᠠᠯᠭᠤ ᠶᠢᠨ | ᠥᠯᠦᠭᠡᠢ︾ ᠰᠤᠶᠤᠯ ᠵᠢᠭᠤᠯᠴᠢᠯᠠᠯ ᠤᠨ ᠨᠡᠷᠠᠲ᠋ᠡᠮᠳᠡᠭ ᠢ ᠪᠥᠬᠦ ᠬᠦᠴᠦᠨ ᠢᠶᠠᠷ ᠡᠭᠦᠳᠴᠦ᠂ ︽ᠲᠦᠷᠪᠠᠨ ᠤᠯᠠᠷᠢᠯ | ᠤᠨ ᠨᠠᠶᠢᠷ︾ ᠪᠠ ︽ᠵᠢᠷᠭᠤᠭᠠᠨ ᠨᠢᠭᠡ︾ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠤ᠂ ᠠᠰᠤᠷᠤ ᠠᠶᠠᠯᠭᠤ | ᠶᠢᠨ ᠠᠮᠢ ᠠᠬᠤᠢ ᠶᠢᠨ ᠬᠦᠷᠢᠶᠡᠯᠡᠩ ᠪᠠ ᠰᠤᠷᠤᠨ᠎ᠠ ᠵᠤᠰᠠᠯᠠᠩ ᠤᠨ ᠭᠠᠵᠠᠷ ᠢ ᠪᠠᠶᠢᠭᠤᠯᠤᠨ᠂ ᠴᠠᠬᠠᠷ ᠮᠦᠽᠸᠢ ᠶᠢᠨ | ᠪᠠᠷᠢᠯᠭ᠎ᠠ ᠶᠢᠨ ᠢᠨᠵᠧᠨᠧᠷᠢᠩ ᠢ ᠠᠬᠢᠭᠤᠯᠵᠤ᠂ ᠵᠢᠷᠭᠤᠭᠠᠨ ᠵᠢᠭᠤᠯᠴᠢᠯᠠᠯ ᠤᠨ ᠱᠤᠭᠤᠮ ᠪᠠ ᠵᠢᠷᠭᠤᠭᠠᠨ ᠵᠢᠭᠤᠯᠴᠢᠯᠠᠯ | ᠤᠨ ᠤᠷᠤᠨ ᠲᠤᠭᠤᠷᠢᠭ ᠢ ᠪᠠᠶᠢᠭᠤᠯᠤᠨ᠂ ᠰᠤᠶᠤᠯ ᠵᠢᠭᠤᠯᠴᠢᠯᠠᠯ ᠤᠨ ᠦᠢᠯᠡᠰ ᠥᠷᠨᠢᠩᠭᠦᠢ ᠬᠦᠭᠵᠢᠵᠦ᠂ ᠪᠥᠬᠦ ᠵᠢᠯ | ᠤᠨ ᠵᠤᠭᠠᠴᠠᠭᠰᠠᠳ ᠢ ᠬᠦᠯᠢᠶᠡᠨ ᠠᠪᠤᠭᠰᠠᠨ ᠲᠤᠭ᠎ᠠ ᠪᠠ ᠵᠢᠭᠤᠯᠴᠢᠯᠠᠯ ᠤᠨ ᠤᠷᠤᠯᠭ᠎ᠠ ᠲᠤᠰᠪᠥᠷᠢ 8% ᠪᠠ | 12% ᠪᠠᠷ ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠡᠯ᠎ᠡ | ᠲᠠᠯ᠎ᠠ ᠶᠢᠨ ᠲᠥᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠯᠵᠢᠶ᠎ᠠ | ᠬᠤᠳᠠᠯᠳᠤᠭ᠎ᠠ᠂ ᠬᠤᠭᠤᠯᠠ ᠤᠮᠳᠠ᠂ ᠵᠤᠴᠢᠳ ᠤᠨ ᠪᠠᠭᠤᠳᠠᠯ᠂ ᠰᠢᠤᠳᠠᠨ ᠭᠤᠪᠢᠭᠤᠯᠭ᠎ᠠ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠠᠵᠤ ᠦᠢᠯᠡᠰ ᠬᠡᠯᠪᠡᠷᠢ ᠬᠤᠪᠢᠷᠠᠨ ᠬᠦᠭᠵᠢᠪᠡ᠃ ᠤᠲᠤᠬᠢᠴᠢᠯᠠᠭᠰᠠᠨ ᠪᠤᠲᠠᠰ ᠤᠨ ᠬᠦᠢᠯᠬᠡᠬᠡ᠂ | ᠡᠯᠧᠺᠲᠷᠤᠨ ᠬᠤᠳᠠᠯᠳᠤᠭ᠎ᠠ ᠰᠢᠨ᠎ᠡ ᠪᠠᠷ ᠬᠦᠭᠵᠢᠭᠰᠡᠨ ᠤᠶᠢᠯᠡᠴᠢᠯᠡᠬᠡᠨ ᠤ ᠤᠶᠢᠯᠡᠰ ᠲᠦᠷᠬᠡᠨ ᠬᠦᠭᠵᠢᠪᠡ᠃ | ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 8.1% ᠪᠠᠷ ᠨᠡᠮᠡᠭᠳᠡᠵᠤ᠂ | ᠵᠢᠭᠡᠯᠡᠯᠭᠡ ᠶᠢᠨ ᠦᠯᠡᠳᠡᠪᠦᠷᠢ 11.5% ᠪᠠᠷ ᠪᠠᠭᠤᠷᠠᠵᠤ᠂ ᠠᠶᠠᠨᠴᠢᠳ ᠪᠠ ᠪᠠᠷᠠᠭ᠎ᠠ ᠵᠥᠭᠡᠭᠡᠪᠦᠷᠢᠯᠡᠭᠰᠡᠨ ᠶᠡᠷᠦᠩᠬᠡᠢ | ᠬᠡᠮᠵᠢᠶ᠎ᠡ ᠲᠤᠰᠪᠥᠷᠢ 1.1% ᠪᠠ 4.3% ᠪᠠᠷ ᠨᠡᠮᠡᠭᠳᠡᠪᠡ᠃ | — — ᠬᠦᠭᠵᠢᠯᠲᠡ ᠶᠢᠨ ᠰᠠᠭᠤᠷᠢ ᠤᠯᠠᠮ ᠪᠠᠬᠢᠵᠢᠪᠡ᠃ ᠭᠤᠤᠯᠳᠠᠯᠭᠠᠲᠤ ᠲᠦᠷᠦᠯ ᠵᠦᠢᠯ ᠢ ᠲᠤᠭᠳᠠᠭᠤᠨ | ᠢᠶᠠᠷ ᠠᠬᠢᠭᠤᠯᠪᠠ᠃ 36 ᠭᠤᠤᠯᠳᠠᠯᠭᠠᠲᠤ ᠲᠦᠷᠦᠯ ᠵᠦᠢᠯ ᠠᠵᠢᠯ ᠡᠬᠢᠯᠡᠭᠦᠯᠪᠡ᠃ ᠱᠧᠩ ᠱᠢ ᠰᠢᠨ ᠶᠤᠸᠠᠨ᠂ ᠳ᠋ᠠ | ᠲᠠᠩ ᠭᠥᠸᠧ ᠵᠢᠢ᠂ ᠱᠧᠩ ᠨᠸᠡᠭ᠂ ᠰᠢᠶᠧ ᠰᠢᠨ ᠵᠡᠷᠭᠡ ᠲᠦᠷᠪᠡᠨ ᠤᠨᠴᠠ ᠦᠨᠲᠦᠷ ᠭᠦᠴᠦᠳᠡᠯᠳᠦ ᠢᠵᠢ | ᠪᠦᠷᠢᠲᠦᠭᠰᠡᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠷᠤᠭᠰᠢᠲᠠᠢ ᠶᠠᠪᠤᠭᠳᠠᠪᠠ᠃ ᠮᠧᠩ | ᠶᠢᠨ ᠠᠭᠤᠷᠬᠠᠢ ᠶᠢᠨ ᠦᠢᠯᠡᠰ ᠤᠨ ᠨᠢᠤᠪᠢ ᠲᠠᠨᠲ᠋ᠠᠯ ᠤᠨ ᠠᠭᠤᠷᠬᠠᠢ ᠶᠢᠨ ᠰᠢᠯᠢᠵᠦ ᠰᠤᠩᠭᠤᠬᠤ ᠲᠦᠷᠦᠯ ᠵᠦᠢᠯ ᠢ | ᠠᠵᠢᠯ ᠡᠬᠢᠯᠡᠭᠦᠯᠪᠡ᠃ 220 ᠺᠢᠯᠤᠸᠤᠯᠲ ᠴᠠᠬᠢᠯᠭᠠᠨ ᠭᠦᠴᠦᠳᠡᠯ ᠬᠤᠪᠢᠰᠬᠠᠬᠤ ᠢᠨᠵᠧᠨᠧᠷᠢᠩ ᠤᠨ 50% ᠶᠢ | ᠪᠡᠶᠡᠯᠡᠭᠦᠯᠪᠡ᠃ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠳᠠᠯᠠᠪᠤᠷ ᠤᠨ ᠲᠦᠷᠦᠯ ᠵᠦᠢᠯ ᠨᠢ ᠭᠦᠶᠦᠯᠲᠡ ᠶᠢᠨ ᠵᠠᠮ | ᠪᠠ ᠵᠤᠭᠰᠤᠭᠠᠯ ᠤᠨ ᠭᠠᠵᠠᠷ ᠵᠡᠷᠭᠡ ᠢᠨᠵᠧᠨᠧᠷᠢᠩ ᠢ ᠪᠡᠶᠡᠯᠡᠭᠦᠯᠵᠦ᠂ ᠶᠡᠷᠦᠩᠬᠡᠶᠢᠯᠡᠭᠰᠡᠨ ᠠᠰᠠᠷ ᠪᠠ ᠲᠡᠷᠭᠡᠨ | ᠬᠦᠮᠦᠷᠭᠡ ᠶᠢᠨ ᠪᠠᠷᠢᠯᠭ᠎ᠠ ᠵᠡᠷᠭᠡ ᠳᠠᠭᠠᠯᠲᠠ ᠲᠦᠭᠦᠭᠡᠷᠦᠮᠵᠢ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ | ᠰᠦᠨᠢᠳ ᠪᠠᠷᠠᠭᠤᠨ ᠬᠤᠰᠢᠭᠤ ᠠᠴᠠ ᠴᠢᠭᠤᠯᠤᠯᠲᠦ ᠬᠠᠭᠠᠯᠭ᠎ᠠ ᠬᠦᠷᠬᠦ ᠦᠨᠲᠦᠷ ᠬᠤᠷᠲᠤᠴᠠᠲᠤ ᠵᠠᠰᠠᠮᠠᠯ ᠵᠠᠮ ᠪᠠ | 313 ᠮᠤᠵᠢ ᠶᠢᠨ ᠵᠠᠮ ᠤᠨ ᠲᠦᠷᠦᠯ ᠵᠦᠢᠯ ᠨᠢ ᠬᠦᠷᠦᠰᠦ ᠶᠢ ᠳᠡᠭᠰᠢᠯᠡᠬᠦ ᠪᠠ ᠰᠠᠭᠤᠷᠢ ᠶᠢ ᠲᠠᠯᠪᠢᠬᠤ ᠱᠠᠲᠤᠨ ᠳᠤ | ᠣᠷᠣᠪᠠ᠃ ᠵᠢᠷᠦᠬᠡ ᠠᠴᠠ ᠬᠦᠪᠡᠭᠡᠲᠦ ᠰᠢᠷ᠎ᠠ ᠬᠤᠸᠠᠳᠧ ᠬᠦᠷᠬᠦ ᠲᠡᠮᠦᠷ ᠵᠠᠮ ᠤᠨ ᠲᠦᠷᠦᠯ ᠵᠦᠢᠯ ᠨᠢ ᠰᠢᠨ᠎ᠡ | ᠠᠬᠢᠴᠠ ᠲᠠᠢ ᠪᠤᠯᠵᠤ᠂ ᠵᠦᠩ ᠱᠦ ᠪᠠᠷᠢᠯᠭ᠎ᠠ ᠶᠢᠨ ᠺᠤᠮᠫᠠᠨᠢ ᠲᠠᠢ ᠲᠤᠶᠢᠮᠤᠴᠢᠯᠠᠭᠰᠠᠨ ᠵᠦᠪᠳᠡᠯᠴᠡᠭᠡᠷ ᠲᠤᠭᠳᠠᠪᠠ᠃ | ᠠᠵᠤ ᠤᠶᠢᠯᠡᠳᠪᠦᠷᠢ ᠶᠢᠨ ᠲᠤᠭᠤᠷᠢᠭ ᠤᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠪᠡ᠃ ᠵᠧᠵᠢᠶᠠᠩ ᠶᠡᠭᠡ | ᠰᠤᠷᠭᠠᠭᠤᠯᠢ ᠶᠢᠨ ᠬᠤᠲᠠ ᠪᠠᠯᠭᠠᠰᠤᠨ ᠤ ᠲᠥᠯᠥᠪᠵᠢᠭᠦᠯᠭᠡ ᠶᠢ ᠲᠥᠰᠥᠪᠯᠡᠨ ᠵᠢᠷᠤᠬᠤ ᠰᠤᠲᠤᠯᠭᠠᠨ ᠤ ᠬᠦᠷᠢᠶᠡᠯᠡᠩ | ᠳᠤ ᠨᠠᠶᠢᠳᠠᠵᠤ ᠠᠵᠤ ᠤᠶᠢᠯᠡᠳᠪᠦᠷᠢ ᠶᠢᠨ ᠲᠤᠭᠤᠷᠢᠭ ᠤᠨ ︽ᠶᠡᠷᠦᠩᠬᠡᠢ ᠲᠦᠯᠦᠪᠵᠢᠭᠦᠯᠭᠡ︾ ︽ᠠᠵᠤ ᠤᠶᠢᠯᠡᠰ | ᠤᠨ ᠬᠦᠭᠵᠢᠯᠲᠡ ᠶᠢᠨ ᠲᠦᠯᠦᠪᠵᠢᠭᠦᠯᠭᠡ︾ ᠪᠤᠯᠤᠨ ︽ᠭᠤᠤᠯᠳᠠᠯᠭ᠎ᠠ ᠲᠠᠢ ᠤᠷᠤᠨ ᠲᠤᠭᠤᠷᠢᠭ ᠤᠨ ᠬᠢᠵᠠᠭᠠᠷᠯᠠᠬᠤ | ᠴᠢᠨᠠᠷᠲᠠᠢ ᠨᠠᠷᠢᠨ ᠲᠦᠯᠦᠪᠵᠢᠭᠦᠯᠭᠡ︾ ᠶᠢ ᠨᠠᠶᠢᠷᠠᠭᠤᠯᠤᠨ ᠡᠮᠬᠢᠳᠬᠡᠪᠡ᠃ ᠠᠵᠤ ᠤᠶᠢᠯᠡᠳᠪᠦᠷᠢ ᠶᠢᠨ ᠲᠤᠭᠤᠷᠢᠭ | ᠲᠠᠬᠢ ᠦᠬᠦᠰᠢᠷᠡᠮᠡᠯ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠢᠲᠡᠪᠬᠢᠲᠠᠢ ᠦᠷᠨᠢᠭᠦᠯᠵᠦ᠂ 235 ᠮᠤ᠋ | ᠭᠠᠵᠠᠷ ᠢ ᠰᠡᠷᠭᠦᠭᠡᠨ ᠠᠰᠢᠭᠯᠠᠪᠠ᠃ ᠠᠵᠤ ᠤᠶᠢᠯᠡᠳᠪᠦᠷᠢ ᠶᠢᠨ ᠲᠤᠭᠤᠷᠢᠭ ᠤᠨ ᠡᠬᠢ ᠪᠠᠶᠠᠯᠢᠭ ᠢ ᠨᠢᠭᠡᠲᠦᠯᠲᠠᠢ | ᠲᠦᠯᠦᠪᠵᠢᠭᠦᠯᠦᠨ ᠨᠢᠭᠡᠳᠬᠡᠪᠡ᠃ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠲᠡᠭᠦᠯᠳᠡᠷᠵᠢᠭᠦᠯᠵᠦ᠂ 3.2 ᠲᠦᠮᠡᠨ | ᠳᠡᠭᠰᠢ ᠲᠦᠷᠪᠡᠯᠵᠢᠨ ᠮᠧᠲᠷ ᠵᠠᠰᠠᠮᠠᠯ ᠵᠠᠮ ᠢ ᠬᠠᠳᠠᠭᠤᠷᠠᠭᠤᠯᠤᠭᠰᠠᠨ ᠪᠠ ᠰᠢᠨ᠎ᠡ ᠪᠠᠷ ᠳᠡᠪᠢᠰᠴᠦ᠂ 3.3 ᠲᠦᠮᠡᠨ | ᠳᠡᠭᠰᠢ ᠲᠦᠷᠪᠡᠯᠵᠢᠨ ᠮᠧᠲᠷ ᠨᠤᠭᠤᠭᠠᠷᠠᠭᠤᠯᠤᠯᠲᠠ ᠶᠢ ᠪᠡᠶᠡᠯᠡᠬᠦᠯᠤᠨ᠂ ᠣᠶᠤᠨᠴᠢ ᠤᠷᠤᠨ ᠲᠤᠭᠤᠷᠢᠭ ᠤᠨ ᠲᠦᠷᠦᠯ | ᠵᠦᠢᠯ ᠢ ᠪᠦᠲᠦᠭᠡᠨ ᠪᠠᠶᠢᠭᠤᠯᠵᠤ ᠳᠠᠭᠤᠰᠪᠠ᠃ ᠬᠤᠲᠠ ᠪᠠᠯᠭᠠᠰᠣᠨ ᠤ ᠶᠡᠷᠥᠩᠬᠡᠶᠢᠯᠡᠭᠰᠡᠨ ᠦᠢᠯᠡᠳᠦᠯ ᠴᠢᠳᠠᠪᠬᠢ | ᠡᠳᠦᠷ ᠢᠷᠡᠭᠦᠶ᠎ᠡ ᠲᠡᠭᠦᠯᠳᠡᠷᠵᠢᠪᠡ᠃ ᠰᠢᠨᠡᠪᠤᠯᠠᠭ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ ᠲᠤᠮᠳᠠᠬᠢ | ᠬᠤᠭᠤᠴᠠᠭᠠᠨ ᠤ ᠦᠨᠡᠯᠡᠯᠲᠡ ᠶᠢ ᠪᠡᠶᠡᠯᠡᠭᠦᠯᠪᠡ᠃ 2.29 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ᠂ ︽ | ᠨᠢᠭᠡ ᠬᠦᠷᠢᠶᠡᠯᠡᠩ ᠬᠤᠶᠠᠷ ᠪᠦᠰᠡ︾ ᠵᠡᠷᠭᠡ ᠬᠤᠳᠠ ᠶᠢᠨ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠨ᠂ | ᠠᠰᠤᠷᠤ ᠠᠶᠠᠯᠭᠤ ᠶᠢᠨ ᠠᠮᠢ ᠠᠬᠤᠢ ᠶᠢᠨ ᠬᠦᠷᠢᠶᠡᠯᠡᠩ ᠤᠨ ᠪᠠᠷᠢᠯᠭ᠎ᠠ ᠶᠢᠨ ᠰᠡᠭᠦᠯ ᠬᠤᠷᠢᠶᠠᠬᠤ ᠠᠵᠢᠯ ᠢ | ᠪᠡᠶᠡᠯᠡᠭᠦᠯᠵᠦ᠂ 208 ᠮᠤᠵᠢ ᠶᠢᠨ ᠵᠠᠮ ᠪᠠ ᠵᠡᠭᠦᠨ ᠭᠤᠤᠯ ᠤᠨ ᠦᠵᠡᠮᠵᠢ ᠶᠢᠨ ᠤᠷᠤᠨ ᠢ ᠦᠭᠡᠷᠡᠴᠢᠯᠡᠨ ᠳᠡᠰ | ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠤᠨ᠂ ︽ᠭᠤᠷᠪᠠᠨ ᠭᠤᠯᠲᠤ ᠲᠠᠪᠤᠨ ᠬᠦᠨᠳᠡᠯᠡᠨ︾ ᠵᠡᠭᠡᠯᠢ ᠱᠤᠭᠤᠮ ᠪᠠ | ᠬᠤᠲᠠ ᠪᠠᠯᠭᠠᠰᠤᠨ ᠤ ᠨᠤᠭᠤᠭᠠᠷᠠᠭᠤᠯᠤᠯᠲᠠ ᠶᠢ ᠳᠡᠰ ᠳᠡᠪᠰᠢᠭᠦᠯᠦᠨ ᠦᠭᠡᠷᠡᠴᠢᠯᠡᠬᠦ ᠶᠢ ᠠᠬᠢᠭᠤᠯᠵᠤ᠂ 9.5 | ᠲᠦᠮᠡᠨ ᠳᠡᠭᠰᠢ ᠲᠦᠷᠪᠡᠯᠵᠢᠨ ᠮᠧᠲᠷ ᠶᠠᠪᠠᠭᠠᠨ ᠵᠠᠮ ᠢ ᠳᠡᠪᠢᠰᠵᠦ᠂ ᠨᠡᠶᠢᠲᠡ 75 ᠵᠡᠭᠡᠯᠢ ᠭᠤᠲᠤᠮᠵᠢ ᠪᠠ ᠠᠭᠤᠯᠵᠠᠷ | ᠬᠡᠰᠡᠭ ᠢ ᠬᠠᠲᠠᠭᠤᠷᠠᠭᠤᠯᠤᠨ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠨᠤᠭᠤᠭᠠᠷᠠᠭᠤᠯᠤᠯᠲᠠ ᠶᠢᠨ ᠲᠠᠯᠠᠪᠠᠢ | 7.64 ᠲᠦᠮᠡᠨ ᠳᠡᠭᠰᠢ ᠲᠦᠷᠪᠡᠯᠵᠢᠨ ᠮᠧᠲᠷ ᠲᠤ ᠬᠦᠷᠪᠡ᠃ ᠴᠢᠯᠠᠭᠤᠨ ᠰᠤᠶᠤᠯ ᠤᠨ ᠬᠦᠷᠢᠶᠡᠯᠡᠩ ᠪᠠ ᠪᠤᠯᠠᠭ | ᠬᠦᠷᠢᠶᠡᠯᠡᠩ ᠢ ᠰᠡᠯᠪᠢᠨ ᠵᠠᠰᠠᠵᠤ᠂ ᠠᠮᠤᠭᠤᠯᠠᠩ ᠬᠦᠭᠦᠷᠬᠡ᠂ ᠰᠢᠳᠠᠷ᠎ᠠ ᠬᠦᠭᠦᠷᠭᠡ᠂ ᠨᠠᠷᠠᠨ ᠬᠦᠭᠦᠷᠭᠡ ᠶᠢᠨ | ᠭᠡᠷᠡᠯᠲᠦᠭᠦᠯᠭᠡ ᠳᠤ ᠵᠠᠰᠠᠯᠲᠠ ᠬᠢᠪᠡ᠃ ᠤᠰᠤ ᠬᠠᠨᠭ᠍ᠭᠠᠯᠭ᠎ᠠ ᠪᠠ ᠢᠯᠴᠢ ᠬᠠᠨᠭ᠍ᠭᠠᠯᠭ᠎ᠠ ᠶᠢᠨ ᠬᠤᠭᠤᠯᠠᠢ ᠶᠢᠨ ᠲᠤᠤᠷ ᠢ | ᠦᠭᠡᠷᠡᠴᠢᠯᠡᠵᠦ᠂ ᠤᠯᠠᠨ ᠨᠡᠶᠢᠲᠡ ᠶᠢᠨ ᠳᠠᠮᠢᠷ ᠤᠨ ᠲᠠᠯᠠᠪᠠᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ | ᠶᠠᠪᠤᠭᠳᠠᠭᠤᠯᠪᠠ᠃ ᠭᠤᠷᠪᠠᠳᠤᠭᠠᠷ ᠤᠰᠤᠨ ᠰᠤᠷᠪᠤᠯᠵᠢ ᠶᠢᠨ ᠭᠠᠵᠠᠷ ᠢ ᠵᠢᠩᠭᠢᠨᠢ ᠪᠠᠷ ᠠᠰᠢᠭᠯᠠᠯᠲᠠ ᠳᠤ ᠤᠷᠤᠭᠤᠯᠪᠠ | ᠃ ᠬᠤᠳᠠ ᠪᠠᠯᠭᠠᠰᠤᠨ ᠤ ᠬᠠᠤᠯᠢ ᠬᠡᠷᠡᠭᠵᠢᠭᠦᠯᠬᠦ ᠪᠦᠲᠦᠴᠡ ᠶᠢᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠤᠷᠴᠢᠨ ᠲᠤᠭᠤᠷᠢᠨ ᠤ ᠠᠷᠢᠭᠤᠨ ᠴᠡᠪᠡᠷ ᠤᠨ ᠲᠤᠰᠬᠠᠢ ᠺᠤᠮᠫᠠᠨᠢ ᠶᠢ ᠣᠷᠣᠭᠤᠯᠵᠤ ᠠᠪᠴᠢᠷᠠᠪᠠ᠃ ᠬᠠᠭᠤᠴᠢᠨ | ᠰᠠᠭᠤᠭᠠᠯᠢ ᠠᠷᠠᠳ ᠤᠨ ᠲᠤᠭᠤᠷᠢᠭ ᠢ ᠰᠢᠨᠡᠳᠬᠡᠨ ᠵᠠᠰᠠᠬᠤ ᠲᠦᠷᠦᠯ ᠵᠦᠢᠯ ᠢ ᠶᠠᠪᠤᠭᠳᠠᠭᠤᠯᠵᠤ᠂ ᠰᠠᠭᠤᠭᠠᠯᠢ ᠠᠷᠠᠳ | ᠤᠨ ᠲᠤᠭᠤᠷᠢᠭ ᠤᠨ ᠦᠮᠴᠢᠲᠡᠨ ᠤ ᠵᠦᠪᠯᠡᠯ ᠢ ᠲᠦᠷᠢᠮᠵᠢᠬᠦᠯᠵᠤ᠂ ᠠᠳᠡᠯ ᠠᠬᠤᠢ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | — — ᠬᠦᠲᠡᠭᠡ ᠲᠤᠰᠬᠤᠨ ᠮᠠᠯᠵᠢᠬᠤ ᠤᠷᠤᠨ ᠢ ᠬᠦᠭᠵᠢᠭᠦᠯᠬᠦ ᠲᠦᠷᠦ ᠶᠢᠨ ᠪᠤᠲᠤᠯᠭ᠎ᠠ ᠶᠢ ᠠᠬᠢᠭᠤᠯᠪᠠ᠃ | ᠲᠠᠷᠬᠠᠢ ᠮᠠᠶ᠋ᠢᠭ ᠤᠨ ᠡᠪᠡᠰᠦ ᠨᠦᠬᠡᠴᠢᠯᠡᠬᠦ ᠫᠧᠩ 0.7 ᠲᠦᠮᠡᠨ ᠲᠡᠭᠰᠢ ᠲᠦᠷᠪᠡᠯᠵᠢᠨ ᠮᠧᠲᠷ᠂ ᠨᠤᠭᠤᠭᠠᠨ ᠳᠠᠷᠤᠰᠢ | ᠶᠢᠨ ᠵᠤᠭᠤᠷᠢ 0.2 ᠲᠦᠮᠡᠨ ᠪᠤᠰᠤᠭ᠎ᠠ ᠲᠦᠷᠪᠡᠯᠵᠢᠨ ᠮᠧᠲᠷ ᠰᠢᠨ᠎ᠡ ᠪᠠᠷ ᠪᠠᠶᠢᠭᠤᠯᠵᠤ᠂ ᠪᠠᠶᠠᠨᠳᠠᠯ᠎ᠠ ᠪᠠ ᠤᠡᠭᠭᠤᠨ | ᠠᠭᠤᠯᠠ ᠰᠤᠮᠤᠨ ᠳᠤ 9000 ᠳᠡᠭᠰᠢ ᠲᠦᠷᠪᠡᠯᠵᠢᠨ ᠮᠧᠲᠷ ᠤᠨ ᠡᠪᠡᠰᠦ ᠨᠦᠬᠡᠴᠢᠯᠡᠬᠦ ᠫᠧᠩ ᠢ ᠲᠤᠰᠪᠦᠷᠢ ᠨᠢᠭᠡ | ᠶᠢ ᠪᠠᠶᠢᠭᠤᠯᠪᠠ᠃ 117 ᠬᠤᠳᠲᠤᠭ ᠢ ᠰᠢᠨ᠎ᠡ ᠪᠠᠷ ᠮᠠᠯᠳᠠᠵᠤ᠂ 48 ᠳᠠᠷᠬᠠᠢ ᠮᠠᠶ᠋ᠢᠭ ᠤᠨ ᠤᠰᠤ ᠬᠠᠩᠭᠠᠯᠭ᠎ᠠ | ᠶᠢᠨ ᠢᠨᠵᠧᠨᠧᠷᠢᠩ᠂ 132 ᠤᠰᠤᠨ ᠵᠤᠭᠤᠷᠢ ᠂ 5 ᠲᠦᠭᠡᠭᠡᠯ ᠣᠰᠣᠨ ᠤ ᠢᠨᠵᠧᠨᠧᠷᠢᠩ ᠢ ᠰᠢᠨ᠎ᠡ ᠪᠠᠷ | ᠪᠠᠶᠢᠭᠤᠯᠵᠤ᠂ 1230 ᠬᠦᠮᠦᠨ᠂ 2.2 ᠲᠦᠮᠡᠨ ᠮᠠᠯ ᠤᠨ ᠠᠶᠤᠯᠬᠦᠢ ᠤᠰᠤ ᠤᠮᠳᠠ ᠶᠢᠨ ᠠᠰᠠᠭᠤᠳᠠᠯ ᠢ | ᠰᠢᠢᠳᠪᠦᠷᠢᠯᠡᠪᠡ᠃ ᠬᠦᠳᠡᠭᠡ ᠲᠤᠰᠬᠤᠨ ᠳᠤ 27.7 ᠺᠢᠯᠤᠮᠧᠲᠷ ᠴᠠᠬᠢᠯᠭᠠᠨ ᠲᠤᠤᠷ ᠤᠨ ᠦᠭᠡᠷᠡᠴᠢᠯᠡᠯᠲᠡ ᠶᠢ | ᠪᠡᠶᠡᠯᠡᠭᠦᠯᠵᠦ᠂ ᠰᠦᠯᠵᠢᠶ᠎ᠡ ᠨᠡᠪᠳᠡᠷᠡᠭᠰᠡᠨ ᠡᠷᠦᠬᠡ 44 ᠳᠤ ᠬᠦᠷᠪᠡ᠃ ︽ᠲᠦᠷᠪᠡᠨ ᠬᠦᠲᠡᠭᠡ ᠲᠤᠰᠬᠤᠨ ᠤ ᠵᠠᠮ︾ | ᠤᠨ ᠪᠦᠲᠦᠭᠡᠨ ᠪᠠᠶᠢᠭᠤᠯᠤᠯᠲᠠ ᠶᠢᠨ ᠳᠠᠪᠤᠨ ᠵᠢᠯ ᠤᠨ ᠲᠦᠯᠦᠪᠵᠢᠭᠦᠯᠭᠡ ᠶᠢ ᠲᠤᠭᠳᠠᠭᠠᠵᠤ᠂ ︽ᠲᠤᠰᠬᠠᠢ ᠵᠦᠢᠯ ᠢ | ᠲᠤᠰᠬᠠᠶᠢᠯᠠᠨ ᠵᠦᠪᠯᠡᠬᠦ︾ ᠲᠦᠷᠦᠯ ᠵᠦᠢᠯ ᠢᠶᠠᠷ10.7 ᠺᠢᠯᠤᠮᠧᠲᠷ ᠬᠠᠶᠢᠷ ᠴᠢᠯᠠᠭᠤᠨ ᠵᠠᠮ᠂ 11.7 ᠺᠢᠯᠤᠮᠧᠲᠷ | ᠱᠦᠢᠨᠢ ᠵᠠᠮ ᠵᠠᠰᠠᠵᠤ᠂ 208 ᠮᠤᠵᠢ ᠶᠢᠨ ᠵᠠᠮ ᠠᠴᠠ ᠡᠮᠦᠨ᠎ᠡ ᠬᠠᠰᠢᠶᠠᠲᠤ ᠭᠠᠴᠠᠭ᠎ᠠ ᠬᠦᠷᠬᠦ ᠵᠢᠱᠢᠶ᠎ᠡ ᠦᠵᠡᠭᠦᠯᠬᠦ | ᠵᠠᠮ ᠤᠨ ᠪᠠᠷᠢᠯᠭ᠎ᠠ ᠶᠢ ᠡᠬᠢᠯᠡᠭᠦᠯᠪᠡ᠃ ᠴᠠᠬᠢᠯᠭᠠᠨ ᠬᠤᠯᠪᠤᠭ᠎ᠠ ᠶᠢᠨ ᠲᠦᠭᠡᠮᠡᠯᠵᠢᠭᠰᠡᠨ ᠦᠢᠯᠡᠴᠢᠯᠡᠭᠡᠨ ᠤ ᠨᠦᠬᠦᠪᠦᠷᠢ | ᠣᠯᠭᠤᠬᠤ ᠲᠤᠷᠰᠢᠯᠲᠠ ᠶᠢᠨ ᠴᠢᠭ ᠤᠨ ᠲᠦᠷᠦᠯ ᠵᠦᠢᠯ ᠢ ᠪᠡᠶᠡᠯᠡᠬᠦᠯᠵᠦ᠂ ᠭᠡᠷᠡᠯᠯᠢᠭ ᠤᠳᠠᠰᠤ ᠶᠢ 830 | ᠺᠢᠯᠤᠮᠧᠲᠷ ᠳᠡᠪᠢᠰᠴᠦ᠂ ᠭᠠᠴᠠᠭ᠎ᠠ ᠲᠤᠰᠬᠤᠨ ᠤ 4G ᠲᠦᠭᠡᠮᠡᠯ ᠤᠶᠢᠯᠡᠴᠢᠯᠡᠭᠡᠨ ᠤ ᠢᠨᠵᠧᠨᠧᠷᠢᠩ ᠢ ᠡᠬᠢᠯᠡᠨ | ᠬᠡᠷᠡᠭᠵᠢᠭᠦᠯᠪᠡ᠃ ᠮᠠᠯᠵᠢᠬᠤ ᠤᠷᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠢ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠨᠢᠭᠦᠯᠵᠦ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠢᠯᠡᠳᠲᠡ ᠰᠠᠶᠢᠵᠢᠷᠠᠭᠤᠯᠪᠠ᠃ | — — ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠪᠡᠯᠴᠢᠭᠡᠷᠯᠡᠭᠦᠯᠬᠦ ᠶᠢ | ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠢᠨᠠᠨ ᠰᠢᠯᠭᠠᠬᠤ | ᠪᠠᠷᠢᠮᠵᠢᠶ᠎ᠠ ᠶᠢ ᠦᠨᠳᠦᠰᠦᠯᠡᠨ᠂ ᠰᠢᠨ᠎ᠡ ᠨᠢᠭᠡ ᠡᠭᠡᠯᠵᠢ ᠶᠢᠨ ᠳᠠᠯ᠎ᠠ ᠨᠤᠲᠤᠭ ᠤᠨ ᠠᠮᠢ ᠠᠬᠤᠢ ᠶᠢᠨ ᠤᠷᠴᠢᠨ | ᠲᠤᠭᠤᠷᠢᠨ ᠢ ᠬᠠᠮᠭᠠᠯᠠᠬᠤ ᠱᠠᠩᠨᠠᠵᠦ ᠨᠦᠬᠦᠪᠦᠷᠢᠯᠡᠬᠦ ᠪᠡᠯᠡ ᠮᠦᠡᠭᠭᠦ ᠶᠢ ᠳᠠᠷᠬᠠᠭᠠᠪᠠ᠃ ᠬᠠᠪᠤᠷ ᠤᠨ ᠤᠯᠠᠷᠢᠯ ᠤᠨ | ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠬᠠᠰᠢᠶᠠᠯᠠᠨ ᠮᠠᠯᠵᠢᠬᠤ ᠠᠵᠢᠯ ᠢ ᠠᠮᠵᠢᠯᠲᠠ ᠲᠠᠢ | ᠶᠠᠪᠤᠭᠳᠠᠭᠤᠯᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ 12.2 ᠲᠦᠮᠡᠨ ᠮᠤ᠋᠂ 1.95 ᠲᠦᠮᠡᠨ | ᠮᠤ᠋ ᠰᠠᠪᠠ ᠤᠷᠤᠰᠬᠠᠯ ᠢ ᠶᠡᠷᠦᠩᠬᠡᠶᠢᠯᠡᠨ ᠵᠠᠰᠠᠵᠤ᠂ 400 ᠮᠤ᠋ ᠭᠤᠤᠯᠳᠠᠯᠭᠠᠲᠤ ᠤᠷᠤᠨ ᠤ ᠨᠤᠭᠤᠭᠠᠷᠠᠭᠤᠯᠤᠯᠲᠠ | ᠤᠶᠢᠵᠢᠭᠤᠯᠤᠯᠲᠠ ᠶᠢ ᠪᠡᠶᠡᠯᠡᠭᠦᠯᠪᠡ᠃ 174 ᠮᠤ᠋ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠪᠠ᠃ | ᠭᠤᠤᠯ ᠤᠨ ᠳᠠᠷᠤᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠭᠤᠤᠯ ᠤᠨ | ᠳᠠᠷᠤᠭ᠎ᠠ ᠨᠡᠶᠢᠲᠡ 54 ᠤᠳᠠᠭ᠎ᠠ ᠲᠤᠭᠤᠷᠢᠨ ᠪᠠᠶᠢᠴᠠᠭᠠᠪᠠ᠃ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ | ᠵᠠᠭᠠᠭᠯᠠᠨ ᠲᠤᠭᠳᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠬᠤᠰᠢᠭᠤᠨ ᠤ ᠠᠮᠢ ᠠᠬᠤᠢ ᠶᠢᠨ | ᠤᠷᠴᠢᠨ ᠲᠤᠭᠤᠷᠢᠨ ᠢ ᠬᠠᠮᠠᠭᠠᠯᠠᠨ ᠬᠠᠮᠢᠶᠠᠷᠬᠤ ᠪᠠ ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠪᠠ᠃ | — — ᠦᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠦᠷ᠎ᠡ ᠪᠦᠲᠦᠭᠡᠯ ᠳᠣᠪᠣᠶᠢᠮ᠎ᠠ ᠪᠤᠯᠪᠠ᠃ ᠪᠦᠬᠦ ᠤᠯᠤᠰ | ᠤᠨ ᠦᠨᠲᠦᠰᠦᠨ ᠱᠠᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠤᠨ ᠲᠦᠷᠢᠮᠵᠢᠭᠦᠯᠬᠦ | ᠳᠤᠷᠰᠢᠯᠲᠠ ᠶᠢᠨ ᠴᠢᠭ ᠤᠨ ᠠᠵᠢᠯ ᠤᠯᠤᠰ ᠤᠨ ᠦᠨᠡᠯᠡᠯᠲᠡ ᠰᠢᠯᠭᠠᠯᠲᠠ ᠶᠢ ᠠᠮᠵᠢᠯᠲᠠᠲᠠᠢ ᠦᠡᠭᠭᠡᠷᠡᠭᠡᠪᠡ᠃ | ᠦᠪᠡᠷᠲᠡᠭᠡᠨ ᠵᠠᠰᠠᠬᠤ ᠤᠷᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢ ᠳᠡᠮᠵᠢᠬᠦ | ᠦᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ ᠳᠤᠭᠲᠠᠭᠤᠨ ᠢᠶᠠᠷ ᠠᠬᠢᠭᠤᠯᠵᠤ᠂ 824 ᠲᠦᠮᠡᠨ | ᠲᠦᠭᠦᠷᠢᠭ ᠤᠨ ᠪᠡᠯᠡ ᠤᠷᠤᠭᠤᠯᠵᠤ 8 ᠭᠠᠴᠠᠭᠠᠨ ᠳᠤ ᠵᠠᠯᠠᠭᠤᠴᠤᠳ ᠪᠠᠭᠠᠴᠤᠳ ᠤᠨ ᠵᠤᠰᠠᠯᠡᠩ᠂ ᠮᠢᠬᠠᠨ ᠤ | ᠦᠬᠡᠷ ᠢ ᠲᠡᠵᠢᠭᠡᠨ ᠦᠷᠡᠵᠢᠭᠦᠯᠬᠦ ᠭᠠᠵᠠᠷ᠂ ᠨᠡᠭᠦᠯᠭᠡᠨ ᠰᠢᠯᠵᠢᠭᠦᠯᠵᠦ ᠳᠦᠪᠬᠢᠨᠡᠭᠦᠯᠬᠦ᠂ ᠮᠠᠯᠴᠢᠨ ᠠᠶᠢᠯ ᠵᠤᠰᠠᠭᠠᠯ | ᠵᠡᠷᠭᠡ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠤᠳᠠᠳᠤ ᠭᠦᠴᠦᠨ | ᠢᠯᠡᠳᠲᠡ ᠨᠡᠮᠡᠭᠲᠡᠪᠡ᠃ ᠭᠠᠴᠠᠭ᠎ᠠ ᠪᠦᠬᠦᠨ ᠢᠶᠠᠷ ᠢᠶᠠᠨ ᠤᠷᠤᠯᠭ᠎ᠠ ᠲᠠᠢ ᠪᠤᠯᠪᠠ᠃ ᠦᠪᠡᠷᠲᠡᠭᠡᠨ ᠵᠠᠰᠠᠬᠤ ᠣᠷᠣᠨ ᠤ | ᠮᠠᠯᠵᠢᠬᠤ ᠣᠷᠣᠨ ᠤ ᠬᠠᠮᠲᠦ ᠶᠢᠨ ᠬᠦᠷᠦᠩᠭᠡ ᠶᠢᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢᠨ ᠲᠣᠷᠰᠢᠯᠲᠠ | ᠶᠢᠨ ᠴᠢᠭ ᠤᠨ ᠠᠵᠢᠯ ᠢ ᠠᠬᠢᠭᠤᠯᠵᠤ᠂ ᠪᠦᠬᠦ ᠬᠤᠰᠢᠭᠤᠨ ᠤ 60 ᠭᠠᠴᠠᠭᠠᠨ ᠤ ᠬᠠᠮᠲᠦ ᠶᠢᠨ ᠠᠵᠤ ᠠᠬᠤᠢ ᠶᠢᠨ | ᠳᠠᠩᠰᠠ ᠬᠦᠷᠦᠩᠭᠡ ᠶᠢ ᠴᠡᠪᠡᠷᠯᠡᠨ ᠪᠠᠶᠢᠴᠠᠭᠠᠬᠤ ᠠᠵᠢᠯ ᠢ ᠪᠡᠶᠡᠯᠡᠭᠦᠯᠪᠡ᠃ ᠤᠰᠤᠨ ᠤ ᠡᠬᠢ ᠪᠠᠶᠠᠯᠢᠭ ᠤᠨ ᠭᠠᠶᠢᠯᠢ | ᠶᠢᠨ ᠦᠭᠡᠷᠡᠴᠢᠯᠡᠯᠲᠡ ᠶᠢ ᠪᠦᠲᠦᠮᠵᠢᠲᠠᠢ ᠬᠡᠷᠡᠭᠵᠢᠭᠦᠯᠪᠠ᠃ ᠡᠯᠧᠺᠲᠷᠤᠨ ᠵᠠᠰᠠᠭ ᠤᠨ ᠶᠠᠪᠤᠳᠠᠯ ᠪᠤᠯᠤᠨ ᠭᠢᠴᠢᠶᠡᠯ ᠤᠨ | ᠲᠡᠩᠭᠢᠮ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠪᠡᠶᠡᠯᠡᠭᠦᠯᠪᠡ᠃ ︽ᠡᠷᠭᠡ ᠶᠢ ᠳᠣᠷᠤᠭᠰᠢ ᠪᠠᠭᠤᠯᠭᠠᠬᠤ᠂ | ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠨ ᠵᠦᠪᠰᠢᠶᠡᠷᠡᠬᠦ ᠶᠠᠪᠤᠴᠠ ᠪᠠ | ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠬᠢᠨᠠᠨ ᠵᠦᠪᠰᠢᠶᠡᠷᠡᠬᠦ ᠵᠦᠢᠯᠡᠰ ᠤᠨ ᠭᠦᠢᠴᠡᠳᠬᠡᠬᠦ ᠴᠠᠭ | ᠬᠤᠭᠤᠴᠠᠭ᠎ᠠ ᠶᠢ 20% ᠪᠠᠷ ᠪᠠᠭᠤᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠣᠴᠢᠷ ᠶᠠᠪᠤᠳᠠᠯ | ᠪᠦᠲᠦᠭᠡᠬᠦ ᠳᠤ ᠳᠦᠭᠦᠮ ᠦᠵᠡᠭᠦᠯᠪᠡ᠃ ︽ᠬᠤᠤᠰ ᠲᠤᠬᠢᠶᠠᠯᠳᠤᠯ ᠢᠶᠠᠷ ᠪᠠᠶᠢᠴᠠᠭᠠᠬᠤ᠂ ᠨᠢᠭᠡ ᠶᠢ ᠢᠯᠡ ᠪᠤᠯᠭᠠᠬᠤ︾ | ᠬᠢᠨᠠᠯᠲᠠ ᠬᠠᠮᠢᠶᠠᠷᠤᠯᠲᠠ ᠶᠢ ᠪᠦᠬᠦ ᠳᠠᠯ᠎ᠠ ᠪᠠᠷ ᠬᠡᠷᠡᠭᠵᠢᠭᠦᠯᠪᠡ᠃ ︽ᠤᠯᠠᠨ ᠦᠨᠡᠮᠯᠡᠯ ᠢ ᠨᠢᠬᠡᠳᠬᠡᠬᠦ︾ ᠵᠡᠷᠭᠡ | ᠤᠴᠢᠷ ᠵᠦᠪᠯᠡᠬᠦ ᠲᠦᠷᠢᠮ ᠤᠨ ᠦᠭᠡᠷᠡᠴᠢᠯᠡᠯᠲᠡ ᠶᠢ ᠠᠬᠢᠭᠤᠯᠪᠠ᠃ ᠭᠠᠶᠢᠯᠢ ᠶᠢ ᠳᠤᠷᠤᠭᠰᠢᠯᠠᠭᠤᠯᠤᠨ ᠵᠠᠷᠤᠳᠠᠯ ᠢ | ᠪᠠᠭᠠᠰᠬᠠᠬᠤ᠂ ᠮᠦᠩᠭᠦᠨ ᠭᠦᠢᠯᠭᠡᠭᠡ ᠪᠠᠷ ᠳᠡᠮᠵᠢᠬᠦ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠵᠤ᠂ 12 ᠠᠵᠦ | ᠠᠬᠤᠶᠢᠯᠠᠯ ᠢ ᠤᠯᠠᠨ ᠲᠠᠯ᠎ᠠ ᠠᠴᠠ ᠴᠠᠬᠢᠯᠭᠠᠨ ᠤ ᠦᠨ᠎ᠡ ᠶᠢᠨ ᠰᠤᠯᠢᠯᠴᠠᠭ᠎ᠠ ᠬᠢᠬᠦ ᠬᠡᠪᠴᠢᠶᠡᠨ ᠳᠤ ᠤᠷᠤᠭᠤᠯᠵᠤ᠂ | 3 ᠠᠵᠤ ᠠᠬᠤᠶᠢᠯᠠᠯ ᠨᠢ ᠦᠪᠡᠷᠲᠡᠭᠡᠨ ᠵᠠᠰᠠᠬᠤ ᠤᠷᠤᠨ ᠤ ᠰᠲ᠋ᠤᠺ ᠤᠨ ᠡᠷᠬᠡ ᠶᠢᠨ ᠠᠷᠠᠯᠵᠢᠶ᠎ᠠ ᠶᠢᠨ ᠲᠦᠪ ᠲᠤ | ᠫᠠᠶᠢᠰᠠ ᠡᠯᠭᠦᠵᠦ᠂ ᠬᠤᠩᠭᠤᠷ ᠲᠠᠷᠢᠶᠠᠯᠠᠩ ᠮᠠᠯ ᠠᠵᠤ ᠠᠬᠤᠢ ᠵᠡᠷᠭᠡ 3 ᠠᠵᠤ ᠠᠬᠤᠶᠢᠯᠠᠯ ᠨᠢ ᠠᠩᠬᠠᠳᠣᠭᠠᠷ | ᠣᠳᠠᠭᠠᠨ ᠤ ᠬᠤᠰᠢᠭᠤ ᠳᠠᠷᠤᠭ᠎ᠠ ᠨᠡᠷᠡᠮᠵᠢᠲᠦ ᠴᠢᠨᠠᠷ ᠴᠢᠨᠰᠠᠭ᠎ᠠ ᠶᠢᠨ ᠱᠠᠩᠨᠠᠯ ᠢ ᠬᠦᠷᠲᠡᠵᠦ᠂ ᠪᠦᠬᠦ ᠵᠢᠯ ᠳᠤ ᠰᠢᠨ᠎ᠡ | ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠤᠭᠴᠠ 533᠂ ᠰᠢᠨ᠎ᠡ ᠪᠠᠷ ᠳᠡᠩᠰᠠᠯᠠᠭᠤᠯᠤᠭᠰᠠᠨ ᠬᠦᠷᠦᠭᠭᠡ | ᠨᠡᠶᠢᠳᠠ 2.43 ᠳ᠋ᠦᠡᠭᠰᠢᠭᠤᠷ ᠲᠦᠭᠦᠷᠢᠭ ᠲᠤ ᠬᠦᠷᠴᠠᠢ᠃ | — — ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠯᠠᠮ ᠰᠠᠶᠢᠵᠢᠷᠠᠭᠤᠯᠪᠠ᠃ ᠠᠷᠠᠳ ᠤᠨ ᠠᠮᠢᠲᠤᠷᠠᠯ | ᠤᠨ ᠬᠦᠷᠢᠶ᠎ᠡ ᠬᠡᠪᠴᠢᠶᠡᠨ ᠳᠤ 7.6 ᠳ᠋ᠦᠡᠭᠰᠢᠭᠤᠷ ᠲᠦᠭᠦᠷᠢᠭ ᠵᠠᠷᠤᠴᠠᠭᠤᠯᠵᠤ᠂ 21.5% ᠪᠠᠷ ᠨᠡᠮᠡᠭᠳᠡᠵᠤ᠂ ᠡᠩ | ᠤᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠳᠠᠯ ᠤᠨ 74.3% ᠶᠢ ᠡᠵᠡᠯᠡᠪᠡ᠃ ᠠᠵᠢᠯ | ᠤᠯᠭᠤᠬᠤ ᠪᠠ ᠤᠶᠢᠯᠡᠰ ᠪᠤᠰᠬᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠪᠦᠬᠦ ᠵᠢᠯ ᠳᠤ ᠨᠡᠶᠢᠲᠡ 3530 | ᠠᠵᠢᠯ ᠤᠨ ᠪᠠᠶᠢᠷᠢ ᠶᠢ ᠴᠤᠭᠯᠠᠭᠤᠯᠵᠤ᠂ ᠬᠤᠳᠠ ᠪᠠᠯᠭᠠᠰᠤᠨ ᠤ 605 ᠬᠦᠮᠦᠨ ᠰᠢᠨ᠎ᠡ ᠪᠠᠷ ᠠᠵᠢᠯ ᠣᠯᠪᠠ᠃ | 37 ᠨᠡᠷ᠎ᠡ ᠤᠶᠢᠯᠡᠰ ᠪᠤᠰᠬᠠᠭᠰᠠᠨ ᠳᠠᠭᠠᠭᠤᠯᠤᠭᠴᠢ ᠶᠢ ᠵᠤᠬᠢᠶᠠᠨ ᠪᠠᠶᠢᠭᠤᠯᠵᠤ ᠱᠧᠨ᠋ᠵᠧᠨ ᠬᠤᠳᠠ ᠶᠢᠨ ᠳᠠᠠᠭᠠᠭᠠᠮᠠᠯ | ᠤᠨ ᠳᠠᠪᠳᠠᠨ ᠪᠤᠯᠪᠠᠰᠤᠷᠠᠭᠤᠯᠬᠤ ᠳᠡᠭᠡᠲᠦ ᠰᠤᠷᠭᠠᠭᠤᠯᠢ ᠶᠢᠨ ᠪᠤᠯᠪᠠᠰᠤᠷᠠᠯ ᠬᠦᠷᠲᠡᠭᠡᠪᠡ᠃ 1098 ᠲᠦᠮᠡᠨ | ᠲᠦᠭᠦᠷᠢᠭ ᠤᠨ ᠤᠶᠢᠯᠡᠰ ᠪᠤᠰᠬᠠᠬᠤ ᠪᠠᠷᠢᠴᠠᠭᠠᠲᠦ ᠵᠢᠭᠡᠯᠡᠯᠭᠡ ᠳᠠᠷᠬᠠᠭᠠᠵᠤ᠂ 318 ᠬᠦᠮᠦᠨ ᠢ ᠲᠠᠭᠠᠭᠤᠯᠤᠨ ᠠᠵᠢᠯ | ᠤᠯᠭᠤᠪᠠ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.04% ᠶᠢᠨ | ᠨᠡᠯᠢᠶᠡᠳ ᠲᠤᠤᠷ᠎ᠠ ᠲᠦᠪᠰᠢᠨ ᠳᠤ ᠬᠢᠵᠠᠭᠠᠷᠯᠠᠪᠠ᠃ ᠰᠤᠷᠭᠠᠨ ᠬᠦᠮᠦᠵᠢᠯ ᠤᠨ ᠠᠵᠢᠯ ᠤᠨ ᠦᠷ᠎ᠡ ᠪᠦᠲᠦᠮᠵᠢ | ᠳᠤᠪᠤᠶᠢᠮ᠎ᠠ ᠪᠤᠯᠪᠠ᠃ ᠡᠯ᠎ᠡ ᠲᠤᠮᠲᠠᠲᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠴᠡᠴᠡᠷᠯᠢᠭ ᠤᠨ ᠳᠠᠷᠤᠭ᠎ᠠ ᠶᠢ ᠢᠯᠡ | ᠪᠠᠷ ᠦᠷᠢᠰᠤᠯᠲᠤᠬᠦᠯᠤᠨ ᠲᠤᠰᠢᠶᠠᠯ ᠳᠤ ᠲᠤᠮᠢᠯᠠᠬᠤ ᠠᠵᠢᠯ ᠢ ᠭᠦᠢᠴᠡᠳᠬᠡᠪᠡ᠃ 13 ᠨᠡᠷ᠎ᠠ ᠲᠤᠰᠬᠠᠢ ᠮᠡᠷᠭᠡᠵᠢᠯ | ᠤᠨ ᠪᠠᠭᠰᠢ ᠶᠢ ᠨᠦᠬᠦᠨ ᠡᠯᠰᠡᠵᠦ᠂ ᠨᠡᠷᠡᠲᠦ ᠪᠠᠭᠰᠢ᠂ ᠨᠡᠷᠡᠲᠤ ᠵᠠᠬᠢᠷᠤᠯ ᠢ ᠬᠦᠮᠦᠵᠢᠭᠦᠯᠬᠦ ᠠᠵᠢᠯ ᠢ ᠯᠠᠪᠳᠠᠭᠤᠨ | ᠶᠠᠪᠤᠭᠳᠠᠭᠤᠯᠵᠤ᠂ ᠭᠢᠴᠢᠶᠡᠯ ᠤᠨ ᠳᠠᠩᠭᠢᠮ ᠤᠨ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠠᠬᠢᠭᠤᠯᠤᠨ᠂ | ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠯᠠᠪᠳᠠᠭᠤᠨ ᠲᠡᠬᠡᠭᠰᠢᠯᠡᠬᠦᠯᠵᠤ᠂ ᠶᠡᠭᠡ ᠰᠤᠷᠭᠠᠭᠤᠯᠢ ᠶᠢᠨ ᠵᠢᠩᠭᠢᠨᠢ | ᠠᠩᠭᠢ ᠳᠤ ᠳᠡᠪᠰᠢᠬᠦ ᠨᠤᠷᠮ᠎ᠠ ᠶᠢ 59% ᠳᠤ ᠭᠦᠷᠭᠡᠵᠦ᠂ ᠮᠤᠩᠭᠤᠯ ᠢᠶᠠᠷ ᠬᠢᠴᠢᠶᠡᠯᠯᠡᠭᠰᠡᠨ ᠦᠨᠲᠦᠷ ᠲᠤᠮᠲᠠ ᠳᠤ | ᠲᠡᠪᠰᠢᠬᠦ ᠰᠢᠯᠭᠠᠯᠳᠠ ᠶᠢᠨ ᠬᠢᠷᠢ ᠪᠦᠲᠦᠮᠵᠢ ᠪᠦᠬᠦ ᠠᠶᠢᠮᠠᠭ ᠤᠨ ᠲᠡᠷᠢᠬᠦᠨ ᠳᠤ ᠣᠷᠣᠪᠠ᠃ ᠪᠤᠭᠳᠠ ᠶᠢᠨ ᠭᠤᠤᠯ | ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠲᠤᠤᠷ ᠰᠦᠯᠵᠢᠶ᠎ᠡ ᠶᠢ ᠳᠡᠰ | ᠳᠡᠪᠰᠢᠭᠦᠯᠦᠨ ᠦᠭᠡᠷᠡᠴᠢᠯᠡᠪᠡ᠃ ᠰᠤᠶᠤᠯ ᠳᠠᠮᠢᠷ ᠤᠨ ᠠᠵᠦ ᠤᠶᠢᠯᠡᠰ ᠴᠡᠴᠡᠭᠯᠡᠨ ᠬᠦᠭᠵᠢᠪᠡ᠃ ᠰᠢ ᠶᠢᠨ ᠫᠢᠩ | ᠶᠡᠷᠦᠩᠬᠡᠢ ᠱᠦᠵᠢ ᠶᠢᠨ ᠤᠯᠠᠭᠠᠨᠮᠦ᠋ᠴᠢᠷ ᠲᠤ ᠢᠯᠡᠬᠡᠭᠰᠡᠨ ᠬᠠᠷᠢᠭᠤ ᠵᠠᠬᠢᠲᠠᠯ ᠤᠨ ᠴᠢᠬᠤᠯᠠ ᠵᠢᠭᠠᠪᠦᠷᠢ ᠶᠢᠨ ᠵᠤᠷᠢᠭ | ᠰᠠᠨᠠᠭ᠎ᠠ ᠶᠢ ᠨᠠᠷᠢᠨ ᠲᠤᠤᠱᠯᠠᠭᠤᠯᠵᠤ᠂ ᠤᠯᠠᠭᠠᠨᠮᠦ᠋ᠴᠢᠷ ᠤᠨ ᠠᠵᠢᠯ ᠤᠶᠢᠯᠡᠰ ᠤᠨ ᠬᠦᠭᠵᠢᠯᠲᠡ ᠶᠢ ᠪᠦᠬᠦ ᠳᠠᠯ᠎ᠠ ᠪᠠᠷ | ᠠᠬᠢᠭᠤᠯᠵᠤ᠂ ᠤᠯᠠᠭᠠᠨᠮᠦ᠋ᠴᠢᠷ ᠤᠨ ᠪᠤᠯᠪᠠᠰᠤᠷᠠᠯ ᠤᠨ ᠳᠠᠩᠭᠢᠮ ᠤᠨ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ | ᠠᠵᠢᠯ ᠢ ᠪᠡᠶᠡᠯᠡᠬᠦᠯᠤᠨ᠂ ᠤᠯᠠᠭᠠᠨᠮᠦ᠋ᠴᠢᠷ ᠤᠨ 60 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ | ᠦᠷᠨᠢᠭᠦᠯᠦᠨ᠂ ᠠᠰᠦᠷᠤ ᠶᠢᠨ ᠠᠶᠠᠯᠭᠤ ᠶᠢ ᠤᠯᠤᠰ ᠤᠨ ᠶᠡᠭᠡ ᠵᠦᠴᠦᠭᠡ ᠶᠢᠨ ᠲᠢᠶᠠᠲᠷ ᠲᠤ ᠠᠮᠵᠢᠯᠲᠠ ᠲᠠᠢ | ᠲᠤᠭᠯᠠᠪᠠ᠃ ︽ᠵᠢᠷᠭᠠᠯᠠᠩᠲᠤ ᠳᠠᠯ᠎ᠠ ᠨᠤᠲᠤᠭ᠂ ᠰᠢᠯᠢ ᠶᠢᠨ ᠭᠤᠤᠯ︾ ᠮᠤᠩᠭᠤᠯ ᠪᠦᠬᠡ ᠶᠢᠨ ᠳᠡᠰ ᠠᠴᠠ | ᠳᠠᠪᠠᠭᠰᠠᠨ ᠬᠠᠮᠲᠤᠷᠠᠭᠰᠠᠨ ᠤᠷᠤᠯᠲᠤᠭᠠᠨ᠂ ᠨᠠᠢᠮᠠᠨ ᠮᠤᠵᠢ ᠤᠷᠤᠨ ᠤ ᠠᠩᠬᠠᠲᠤᠭᠠᠷ ᠬᠤᠭᠤᠴᠠᠭᠠᠨ ᠤ ︽ᠠᠰᠤᠷᠤ | ᠬᠤᠨᠳᠠᠭᠠᠲᠤ︾ ᠠᠷᠠᠳ ᠤᠨ ᠳᠠᠭᠤᠨ ᠤ ᠤᠷᠤᠯᠲᠤᠭᠠᠨ᠂ ᠬᠦᠪᠡᠭᠡᠲᠦ ᠰᠢᠷ᠎ᠠ ᠬᠤᠰᠢᠭᠤᠨ ᠤ ᠠᠩᠬᠠᠲᠤᠭᠠᠷ | ᠬᠤᠭᠤᠴᠠᠭᠠᠨ ᠤ ᠲᠤᠮᠲᠠᠲᠤ ᠮᠤᠩᠭᠤᠯ ᠤᠷᠤᠰ ᠤᠨ ᠤᠯᠠᠨ ᠤᠯᠤᠰ ᠤᠨ ᠰᠢᠳᠠᠷ᠎ᠠ ᠶᠢᠨ ᠤᠷᠤᠯᠲᠤᠭᠠᠨ ᠢ | ᠠᠮᠵᠢᠯᠲᠠᠲᠠᠢ ᠡᠷᠬᠢᠯᠡᠨ ᠶᠠᠪᠤᠭᠳᠠᠭᠤᠯᠪᠠ᠃ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠨᠤᠮ ᠤᠡᠭᠰᠢᠬᠤ᠂ | ᠤᠯᠠᠨ ᠲᠦᠮᠡᠨᠴᠢ ᠤᠷᠠᠨ ᠰᠠᠶᠢᠬᠠᠨ ᠤ ᠲᠤᠭᠯᠠᠯᠲᠠ ᠭᠠᠷᠭᠠᠬᠤ᠂ ᠺᠢᠨᠤ᠋ ᠶᠢ ᠦᠨᠲᠦᠰᠦᠨ ᠱᠠᠲᠤᠨ ᠳᠤ ᠬᠦᠷᠭᠡᠬᠦ | ᠵᠡᠷᠭᠡ ᠰᠤᠶᠤᠯ ᠳᠠᠮᠢᠷ ᠤᠨ ᠬᠦᠳᠡᠯᠭᠡᠭᠡᠨ ᠢ ᠬᠦᠭᠵᠢᠶᠡᠨᠲᠠᠢ ᠦᠷᠨᠢᠭᠦᠯᠵᠦ᠂ ᠤᠯᠠᠨ ᠲᠦᠮᠡᠨ ᠤ ᠦᠵᠡᠯ ᠰᠠᠨᠠᠭ᠎ᠠ | ᠰᠤᠶᠤᠯ ᠤᠨ ᠠᠮᠢᠲᠤᠷᠠᠯ ᠢ ᠤᠯᠠᠮ ᠪᠠᠶᠠᠯᠢᠭᠵᠢᠭᠤᠯᠪᠠ᠃ ᠰᠤᠶᠤᠯ ᠵᠢᠭᠤᠯᠴᠢᠯᠠᠯ ᠤᠨ ᠶᠠᠮᠤᠨ ᠠᠴᠠ ᠮᠠᠨ ᠤ | ᠬᠤᠰᠢᠭᠤ ᠶᠢ ︽2018 —2020 ᠤᠨ ᠤ ᠲᠤᠮᠲᠠᠲᠤ ᠤᠯᠤᠰ ᠤᠨ ᠠᠷᠠᠳ ᠤᠨ ᠰᠤᠶᠤᠯ ᠤᠷᠠᠯᠢᠭ ᠤᠨ | ᠦᠯᠦᠭᠡᠢ︾ ᠪᠠᠷ ᠨᠡᠷᠡᠶᠢᠳᠦᠪᠡ᠃ ᠡᠮ ᠡᠮᠨᠡᠯᠭᠡ ᠡᠷᠡᠭᠦᠯ ᠬᠠᠮᠭᠠᠯᠠᠯ ᠤᠨ ᠤᠶᠢᠯᠡᠰ ᠪᠦᠬᠦ ᠳᠠᠯ᠎ᠠ ᠪᠠᠷ ᠬᠦᠭᠵᠢᠪᠡ᠃ | 1400 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠡᠮᠴᠢᠯᠡᠭᠡᠨ ᠤ ᠮᠠᠰᠢᠨ ᠲᠦᠬᠦᠷᠦᠮᠵᠢ ᠪᠠᠨ ᠰᠢᠨᠡᠳᠬᠡᠨ᠂ | ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠰᠢᠨ᠎ᠡ ᠠᠰᠠᠷ ᠤᠨ ᠪᠠᠷᠢᠯᠭ᠎ᠠ ᠨᠢ ᠵᠠᠰᠠᠨ ᠴᠢᠮᠡᠭᠯᠡᠬᠦ ᠱᠠᠲᠤᠨ ᠳᠤ | ᠣᠷᠣᠵᠣ᠂ ᠮᠤᠩᠭᠤᠯ ᠡᠮᠨᠡᠯᠭᠡ ᠶᠢᠨ ᠡᠮ ᠨᠠᠶᠢᠷᠠᠭᠤᠯᠬᠤ ᠳᠠᠰᠤᠭ ᠨᠢ ᠦᠪᠡᠷᠳᠡᠭᠡᠨ ᠵᠠᠰᠠᠬᠤ ᠤᠷᠤᠨ ᠤ ᠡᠮ ᠤᠨ | ᠵᠦᠢᠯᠡᠰ ᠢ ᠤᠶᠢᠯᠡᠳᠪᠦᠷᠢᠯᠡᠬᠦ ᠶᠠᠰᠤ ᠴᠢᠨᠠᠷ ᠤᠨ ᠲᠦᠷᠢᠮᠵᠢᠭᠰᠡᠨ ᠬᠠᠮᠢᠶᠠᠷᠤᠯᠲᠠ ᠶᠢᠨ ᠰᠢᠯᠭᠠᠯᠲᠠ ᠳᠤ ᠬᠢᠷᠢ | ᠳᠡᠩᠴᠡᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠪᠤᠯᠤᠨ ᠮᠤᠩᠭᠤᠯ ᠡᠮᠨᠡᠯᠭᠡ ᠶᠢᠨ ᠬᠤᠷᠢᠶ᠎ᠠ ᠨᠢ | ᠴᠢᠭᠤᠯᠤᠯᠲᠤ ᠬᠠᠭᠠᠯᠭ᠎ᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ 251 ᠡᠮᠨᠡᠯᠭᠡ ᠶᠢᠨ ᠬᠤᠷᠢᠶ᠎ᠠ ᠪᠤᠯᠤᠨ | ᠤᠯᠠᠭᠠᠨᠴᠠᠪ ᠬᠤᠲᠠ ᠶᠢᠨ ᠭᠤᠤᠯᠳᠠᠯᠭᠠᠲᠤ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠭᠤᠷᠪᠠᠳᠤᠭᠠᠷ ᠡᠮᠨᠡᠯᠭᠡ | ᠶᠢᠨ ᠬᠤᠷᠢᠶ᠎ᠠ᠂ ᠥᠪᠥᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠪᠡᠭᠡᠵᠢᠩ ᠬᠤᠲᠠ | ᠶᠢᠨ ᠳ᠋ᠦᠩ ᡁᠢ ᠮᠧᠨ ᠡᠮᠨᠡᠯᠭᠡ ᠶᠢᠨ ᠬᠤᠷᠢᠶ᠎ᠠ ᠲᠠᠢ ᠠᠵᠢᠯ ᠲᠦᠷᠤᠯ ᠢᠶᠠᠷ ᠬᠠᠪᠰᠤᠷᠤᠨ ᠲᠤᠰᠠᠯᠠᠯᠴᠠᠬᠤ ᠬᠠᠷᠢᠯᠴᠠᠭ᠎ᠠ | ᠪᠠᠶᠢᠭᠤᠯᠪᠠ᠃ ᠤᠷᠤᠨ ᠤ ᠳᠡᠰ ᠤᠨ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠳᠡᠰ ᠤᠨ ᠠᠷᠢᠭᠤᠨ ᠴᠡᠪᠡᠷ ᠬᠤᠰᠢᠭᠤ ᠰᠢᠶᠠᠨ ᠪᠤᠯᠬᠤ | ᠮᠡᠷᠭᠡᠵᠢᠯ ᠤᠨ ᠦᠨᠡᠯᠡᠯᠲᠡ ᠶᠢ ᠠᠮᠵᠢᠯᠲᠠᠲᠠᠢ ᠦᠩᠭᠡᠷᠡᠭᠡᠪᠡ᠃ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠭᠠᠯᠠᠯ | ᠤᠨ ᠪᠠᠴᠢᠮ ᠪᠠᠶᠢᠳᠠᠯ ᠢ ᠠᠷᠭᠠᠴᠠᠬᠤ ᠲᠦᠷᠢᠮᠵᠢᠭᠰᠡᠨ ᠬᠤᠰᠢᠭᠤ ᠪᠠ ᠤᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ | ᠬᠤᠷᠢᠭᠯᠠᠬᠤ ᠵᠢᠱᠢᠶ᠎ᠡ ᠦᠵᠡᠭᠦᠯᠦᠯᠲᠡ ᠶᠢᠨ ᠬᠤᠰᠢᠭᠤ ᠪᠠᠷ ᠴᠤᠯᠠᠯᠠᠭᠳᠠᠪᠠ᠃ ᠨᠡᠶᠢᠭᠡᠮ ᠤᠨ ᠪᠠᠳᠤᠯᠠᠭ᠎ᠠ ᠶᠢᠨ | ᠰᠢᠰᠲ᠋ᠧᠮ ᠡᠳᠦᠷ ᠢᠷᠡᠬᠦᠶ᠎ᠠ ᠲᠡᠭᠦᠯᠳᠡᠷᠵᠢᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠬᠤ ᠲᠦᠯᠦᠪᠯᠡᠭᠡ | ᠶᠢ ᠯᠠᠪᠳᠠᠭᠤᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ᠂ ᠦᠨᠳᠦᠰᠦᠨ ᠡᠮ | ᠡᠮᠨᠡᠯᠭᠡ ᠵᠡᠷᠭᠡ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠢᠳᠡᠭ ᠢᠳᠡᠭ ᠢᠶᠠᠷ ᠦᠷᠬᠡᠳᠬᠡᠪᠡ᠃ ᠠᠮᠢᠳᠣᠷᠠᠯ ᠤᠨ | ᠳᠣᠣᠷ᠎ᠠ ᠪᠠᠲᠤᠯᠠᠭ᠎ᠠ ᠶᠢᠨ ᠠᠵᠢᠯ ᠢ ᠲᠦᠷᠢᠮᠵᠢᠭᠦᠯᠦᠨ ᠬᠠᠮᠢᠶᠠᠷᠴᠤ ᠳᠡᠭᠡᠭᠰᠢᠯᠡᠬᠦᠯᠬᠦ ᠤᠨ ᠤ ᠠᠵᠢᠯᠯᠠᠭ᠎ᠠ ᠶᠢ | ᠥᠷᠨᠢᠭᠦᠯᠦᠨ᠂ ᠳᠣᠣᠷ᠎ᠠ ᠪᠠᠲᠤᠯᠠᠭ᠎ᠠ ᠶᠢᠨ ᠳᠦᠷᠢᠮᠵᠢᠭᠰᠡᠨ᠂ ᠬᠦᠳᠡᠯᠦᠩᠭᠦᠢ᠂ ᠨᠠᠷᠢᠯᠢᠭᠵᠢᠭᠰᠠᠨ᠂ ᠪᠠᠷᠢᠮᠵᠢᠶᠠᠵᠢᠭᠰᠠᠨ | ᠬᠠᠮᠢᠶᠠᠷᠤᠯᠲᠠ ᠶᠢ ᠠᠬᠢᠭᠤᠯᠪᠠ᠃ ᠬᠦᠴᠢᠷᠲᠠᠢ ᠣᠯᠠᠨ ᠲᠦᠮᠡᠨ ᠤ ᠠᠮᠢᠳᠣᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ | ᠣᠯᠠᠮ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠳᠣᠣᠷ᠎ᠠ ᠪᠠᠳᠣᠯᠠᠭ᠎ᠠ᠂ ᠲᠠᠪᠤ ᠶᠢ ᠪᠠᠲᠤᠯᠠᠬᠤ ᠠᠰᠠᠷᠠᠮᠵᠢ᠂ ︽ | ᠭᠤᠷᠪᠠᠨ ᠦᠭᠡᠢ︾ ᠠᠰᠠᠷᠠᠮᠵᠢ᠂ ᠲᠦᠷ ᠴᠠᠭ ᠤᠨ ᠠᠰᠠᠷᠠᠮᠵᠢ᠂ ᠬᠠᠷᠠᠭᠠᠯᠵᠠᠬᠤ ᠨᠢᠭᠤᠷᠯᠠᠯ ᠤᠨ ᠨᠦᠬᠦᠪᠦᠷᠢ ᠵᠡᠷᠭᠡ | ᠪᠡᠯᠡ ᠮᠦᠩᠭᠦ ᠶᠢ ᠨᠡᠶᠢᠲᠡ 1433 ᠲᠦᠮᠡᠨ ᠲᠦᠭᠦᠷᠢᠭ ᠲᠠᠷᠬᠠᠭᠠᠪᠠ᠃ ᠴᠡᠷᠢᠭ ᠠᠴᠠ ᠬᠠᠯᠠᠭᠳᠠᠭᠰᠡᠳ ᠲᠤ | ᠦᠢᠯᠡᠴᠢᠯᠡᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠲᠡᠬᠡᠲᠤ ᠱᠠᠲᠤᠨ ᠤ ᠵᠢᠯᠤᠭᠤᠳᠬᠤ ᠰᠠᠨᠠᠯ ᠢ ᠨᠢᠮᠪᠠᠢ | ᠲᠤᠤᠱᠯᠠᠭᠤᠯᠤᠨ᠂ 732 ᠨᠡᠷ᠎ᠡ ᠴᠡᠷᠢᠭ ᠠᠴᠠ ᠬᠠᠯᠠᠭᠳᠠᠭᠰᠡᠳ ᠪᠠ ᠬᠠᠷᠠᠭᠠᠯᠵᠠᠬᠤ ᠨᠢᠭᠤᠷᠯᠠᠯ ᠤᠨ ᠰᠣᠷᠠᠭ ᠵᠠᠩᠬᠢ | ᠶᠢ ᠴᠣᠭᠯᠠᠭᠤᠯᠬᠤ ᠠᠵᠢᠯ ᠢ ᠭᠦᠢᠴᠡᠳᠬᠡᠵᠦ᠂ 31 ᠨᠡᠷ᠎ᠠ ᠠᠵᠢᠯ ᠠᠴᠠ ᠪᠠᠨ ᠪᠠᠭᠤᠵᠤ ᠠᠵᠢᠯ ᠠᠯᠳᠠᠭᠰᠠᠨ ᠴᠡᠷᠢᠭ | ᠠᠴᠠ ᠬᠠᠯᠠᠭᠳᠠᠭᠰᠡᠳ ᠢ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠲᠤᠬᠢᠷᠠᠭᠤᠯᠪᠠ᠃ | ᠬᠦᠯᠦᠰᠦᠨ ᠠᠵᠢᠯᠴᠢᠨ ᠤ ᠴᠠᠯᠢᠩ ᠤᠨ ︽ᠬᠤᠶᠠᠷ ᠮᠦᠩᠭᠦ ᠭᠤᠷᠪᠠᠨ ᠲᠦᠷᠢᠮ︾ ᠵᠡᠷᠭᠡ ᠨᠠᠢᠮᠠᠨ ᠵᠤᠷᠪᠤᠰ ᠲᠦᠷᠢᠮ | ᠲᠤᠭᠲᠠᠭᠠᠯ ᠢ ᠬᠡᠷᠡᠭᠵᠢᠭᠦᠯᠤᠨ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠠᠴᠠ ᠬᠦᠯᠦᠰᠦᠨ ᠠᠵᠢᠯᠴᠢᠨ ᠤ ᠴᠠᠯᠢᠩ | ᠤᠨ ᠪᠠᠲᠤᠯᠠᠪᠤᠷᠢ ᠶᠢᠨ ᠮᠦᠩᠭᠦ 231 ᠲᠦᠮᠡᠨ ᠲᠦᠭᠦᠷᠢᠭ ᠬᠤᠷᠢᠶᠡᠪᠠ᠃ ᠵᠡᠮᠳᠡᠭᠴᠦᠳ ᠤᠨ ᠠᠰᠠᠷᠠᠮᠵᠢ ᠶᠢᠨ ᠲᠦᠪ | ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃ 218 ᠡᠷᠦᠭᠡ ᠶᠢᠨ 328 ᠨᠠᠰᠣᠲᠠᠨ ︽ᠳᠣᠯᠠᠭᠠᠨ︾ | ᠮᠠᠯᠵᠢᠬᠤ ᠣᠷᠣᠨ ᠤ ᠨᠠᠰᠣᠲᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠪᠠ ᠬᠠᠷᠢᠯᠴᠠᠨ ᠲᠤᠰᠠᠯᠠᠯᠴᠠᠬᠤ ᠵᠤᠯ | ᠵᠢᠷᠭᠠᠯ ᠤᠨ ᠬᠦᠷᠢᠶᠡᠯᠡᠩ ᠳᠤ ᠰᠠᠭᠤᠷᠢᠰᠢᠨ ᠰᠠᠭᠤᠪᠠ᠃ 803 ᠡᠷᠦᠬᠡ ᠶᠢᠨ ᠲᠦᠭᠦᠮ ᠪᠦᠲᠦᠴᠡᠲᠦ ᠣᠷᠣᠨ | ᠰᠠᠭᠤᠴᠠ ᠶᠢ ᠦᠭᠡᠷᠡᠴᠢᠯᠡᠨ᠂ ᠮᠠᠯᠵᠢᠬᠤ ᠣᠷᠣᠨ ᠤ 60 ᠨᠤᠷᠠᠬᠤ ᠠᠶᠤᠯᠲᠠᠢ ᠭᠡᠷ ᠪᠠᠶᠢᠰᠢᠩ ᠢ ᠰᠡᠯᠪᠢᠨ ᠵᠠᠰᠠᠵᠤ᠂ | 7 ᠲᠤᠭᠤᠷᠢᠭ ᠤᠨ ᠪᠠᠲᠤᠯᠠᠭᠠᠲᠦ ᠣᠷᠣᠨ ᠰᠠᠭᠤᠴᠠ ᠶᠢᠨ ᠪᠦᠷᠢᠨ ᠲᠦᠭᠦᠷ ᠰᠠᠭᠤᠷᠢ ᠲᠦᠭᠦᠭᠡᠷᠦᠮᠵᠢ ᠶᠢᠨ ᠲᠦᠷᠦᠯ | ᠵᠦᠢᠯ ᠪᠠᠷᠢᠯᠭ᠎ᠠ ᠪᠠᠨ ᠡᠬᠢᠯᠡᠭᠦᠯᠪᠡ᠃ ᠭᠡᠷ ᠪᠠᠶᠢᠰᠢᠩ ᠤᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ | ᠳᠠᠩᠰᠠᠯᠠᠨ ᠲᠡᠮᠲᠡᠭᠯᠡᠬᠦ ᠪᠠ ᠳᠦᠭᠦᠮ ᠪᠦᠲᠦᠴᠡᠲᠦ ᠣᠷᠣᠨ ᠰᠠᠭᠤᠴᠠ ᠶᠢᠨ ᠦᠬᠡᠷᠡᠴᠢᠯᠡᠯᠲᠠ ᠶᠢ ᠲᠤᠭᠲᠠᠭᠰᠠᠨ | ᠬᠤᠭᠤᠴᠠᠭᠠᠨ ᠳᠤ ᠪᠡᠶᠡᠯᠡᠬᠦᠯᠦᠭᠰᠡᠨ ᠦᠭᠡᠢ ᠠᠰᠠᠭᠤᠳᠠᠯ ᠢ ᠢᠲᠡᠪᠬᠢᠲᠠᠢ ᠰᠢᠢᠳᠪᠦᠷᠢᠯᠡᠪᠡ᠃ | — — ᠨᠡᠶᠢᠭᠡᠮ ᠤᠨ ᠡᠶ᠎ᠡ ᠵᠤᠬᠢᠴᠠᠯ ᠲᠤᠭᠲᠠᠭᠤᠨ ᠢ ᠪᠠᠲᠤᠯᠠᠪᠠ᠃ ᠭᠠᠵᠠᠷ ᠤᠨ ᠲᠡᠰ ᠤᠨ ᠤᠳᠤᠷᠢᠳᠤᠯᠭ᠎ᠠ | ᠡᠲᠤᠷ ᠪᠤᠯᠭᠠᠨ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠪᠠ ︽1328︾ ᠵᠠᠬᠢᠳᠠᠯ ᠰᠤᠷᠪᠤᠯᠵᠢᠯᠠᠭ᠎ᠠ ᠶᠢᠨ | ᠬᠤᠯᠪᠤᠭᠠᠳᠤ ᠬᠤᠷᠠᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ 162 ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ | ᠢ ᠰᠢᠢᠳᠪᠦᠷᠢᠯᠡᠨ᠂ ᠣᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠪᠡ᠃ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠭᠦᠨᠵᠡᠭᠡᠢ ᠦᠷᠨᠢᠭᠦᠯᠵᠦ᠂ ᠠᠮᠣᠷ ᠲᠦᠪᠰᠢᠨ ᠤ ᠭᠡᠮ | ᠰᠣᠭᠤᠭ ᠢ ᠴᠠᠭ ᠲᠤᠬᠠᠢ ᠳᠤ ᠨᠢ ᠠᠷᠢᠯᠭᠠᠨ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ | ᠪᠦᠳᠦᠬᠡᠭᠳᠡᠬᠦᠨ ᠤ ᠶᠠᠰᠣ ᠴᠢᠨᠠᠷ ᠵᠢᠴᠢ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠦᠷ ᠳᠦᠪᠰᠢᠨ ᠤ ᠶᠡᠭᠡ | ᠪᠠᠶᠢᠴᠠᠭᠠᠯᠳᠠ ᠶᠢ ᠥᠷᠨᠢᠬᠦᠯᠵᠦ᠂ ᠢᠳᠡᠭᠡᠨ ᠤᠮᠳᠠᠭᠠᠨ᠂ ᠡᠮ ᠤᠨ ᠵᠦᠢᠯᠡᠰ ᠲᠤ ᠠᠮᠤᠷ ᠳᠦᠪᠰᠢᠨ ᠤ ᠬᠡᠷᠡᠭ | ᠣᠴᠢᠷ ᠡᠭᠦᠰᠦᠭᠰᠡᠨ ᠦᠭᠡᠢ᠃ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠂ ᠬᠠᠷ᠎ᠠ ᠪᠦᠯᠦᠭᠲᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠤᠨ᠂ 1 ᠬᠠᠷᠬᠢᠰ ᠬᠦᠴᠦᠨ ᠤ ᠶᠠᠯᠠᠲᠦ | ᠠᠵᠢᠯᠯᠠᠭ᠎ᠠ ᠶᠢᠨ ᠪᠦᠯᠦᠭᠯᠡᠯ ᠢ ᠣᠰᠠᠳᠬᠠᠵᠤ᠂ 24 ᠬᠠᠷᠬᠢᠰ ᠬᠦᠴᠦᠨ ᠲᠠᠢ ᠬᠤᠯᠪᠤᠭᠳᠠᠬᠤ ᠬᠡᠷᠡᠭ ᠢ ᠢᠯᠡᠷᠡᠭᠦᠯᠦᠨ | ᠂ 15 ᠵᠢᠯ ᠮᠦᠷᠳᠡᠨ ᠪᠠᠶᠢᠴᠠᠭᠠᠵᠤ ᠢᠯᠡᠷᠡᠬᠦᠯᠵᠤ ᠲᠡᠶᠢᠯᠥᠭᠰᠡᠨ ᠦᠭᠡᠢ ᠠᠮᠢᠨ ᠬᠡᠷᠡᠭ 1 ᠶᠢ ᠰᠢᠢᠳᠪᠦᠷᠢᠯᠡᠵᠦ᠂ | ᠪᠦᠬᠦ ᠠᠶᠢᠮᠠᠭ ᠲᠤ ᠠᠩᠬᠠᠳᠣᠭᠠᠷ ᠤᠲᠠᠭ᠎ᠠ ︽ᠪᠦᠷᠢᠨ ᠴᠢᠳᠠᠪᠬᠢᠲᠦ ᠰᠠᠬᠢᠭᠤᠯᠰᠣᠨ︾ ᠭᠠᠵᠢᠭᠤ ᠨᠤᠮᠯᠠᠯ ᠤᠨ ᠬᠡᠷᠡᠭ | ᠢ ᠢᠯᠡᠷᠡᠭᠦᠯᠦᠨ ᠰᠢᠢᠳᠪᠦᠷᠢᠯᠡᠪᠡ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠯᠠᠪᠳᠠᠭᠤᠨ ᠠᠬᠢᠪᠠ᠃ | ᠨᠠᠮ ᠤᠨ ᠱᠠᠰᠢᠨ ᠰᠣᠷᠲᠠᠬᠤᠨ ᠤ ᠲᠦᠷᠦ ᠶᠢᠨ ᠪᠤᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠲᠤᠭ᠎ᠠ | ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ᠂ ᠴᠠᠭ ᠠᠭᠤᠷ᠂ ᠰᠢᠨᠵᠢᠯᠡᠭᠡ | ᠮᠡᠷᠭᠡᠵᠢᠯ᠂ ᠳᠠᠩᠰᠠ ᠡᠪᠬᠡᠮᠡᠯ᠂ ᠲᠡᠣᠬᠡ ᠴᠠᠳᠢᠭ᠂ ᠬᠠᠷᠢᠶᠠᠲᠦ ᠶᠢᠨ ᠶᠠᠪᠤᠳᠠᠯ ᠵᠡᠷᠭᠡ ᠠᠵᠢᠯ ᠢ ᠣᠯᠠᠮ ᠴᠢᠩᠭᠠᠳᠬᠠᠵᠤ | ᠂ ᠣᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠬᠡᠦᠬᠡᠳ᠂ ᠨᠠᠰᠣᠲᠠᠶᠢᠴᠣᠣᠯ ᠪᠠ ᠵᠡᠮᠳᠡᠭᠴᠣᠳ ᠤᠨ ᠦᠢᠯᠡᠰ ᠰᠢᠨ᠎ᠡ | ᠠᠬᠢᠴᠠ ᠲᠠᠢ ᠪᠤᠯᠪᠠ᠃ | — — ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠲᠦᠪ ᠤᠨᠨᠠᠮ | ᠢᠶᠠᠨ ᠴᠢᠩᠭ᠎ᠠ ᠪᠠᠷ ᠵᠠᠰᠠᠬᠤ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠢᠮᠪᠠᠢ ᠲᠤᠤᠱᠯᠠᠭᠤᠯᠵᠤ᠂ ︽ | ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ | ᠲᠦᠷᠢᠮᠵᠢᠬᠦᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ | ᠵᠤᠷᠪᠤᠰ ᠳᠤᠭᠳᠠᠭᠠᠯ ᠤᠨ ᠵᠤᠷᠢᠭ ᠰᠠᠨᠠᠭ᠎ᠠ ᠪᠠ ᠪᠦᠷᠢᠨ ᠳᠦᠬᠦᠷ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ︽ᠳᠦᠷᠪᠡᠨ ᠰᠤᠷᠳᠠᠯ︾ ᠤᠨ ᠠᠰᠠᠭᠤᠳᠠᠯ ᠢ ᠡᠷᠡᠰ ᠵᠠᠯᠠᠷᠠᠭᠤᠯᠵᠤ᠂ ᠡᠯ᠎ᠡ ᠲᠦᠷᠦᠯ ᠤᠨ ᠬᠠᠤᠯᠢ ᠲᠦᠷᠢᠮ ᠢ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠪᠡ᠃ ᠬᠢᠨᠠᠨ ᠪᠤᠳᠣᠯᠲᠠ ᠪᠠᠷ ᠬᠢᠨᠠᠯᠲᠠ ᠲᠠᠯᠪᠢᠬᠤ ᠶᠢ | ᠴᠢᠩᠭᠠᠳᠬᠠᠵᠤ᠂ ᠬᠢᠨᠠᠨ ᠪᠤᠳᠣᠯᠲᠠ ᠶᠢᠨ ᠲᠦᠷᠦᠯ ᠵᠦᠢᠯ 10 ᠶᠢ ᠪᠡᠶᠡᠯᠡᠭᠦᠯᠪᠡ᠃ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠤᠯᠢ ᠴᠠᠭᠠᠵᠨ ᠶᠢᠨ ᠰᠢᠰᠲ᠋ᠧᠮ ᠡᠲᠤᠷ ᠢᠷᠡᠬᠦᠶ᠎ᠡ ᠲᠡᠬᠦᠯᠲᠡᠷᠵᠢᠵᠤ᠂ ︽ᠲᠤᠯᠤᠳᠣᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠠᠬᠢᠭᠤᠯᠤᠨ᠂ 4 ᠰᠣᠮᠣ ᠪᠠᠯᠭᠠᠰᠣᠨ ᠤ ᠬᠠᠣᠯᠢ ᠴᠠᠭᠠᠵᠠ ᠶᠢᠨ | ᠰᠠᠯᠪᠦᠷᠢ ᠨᠢ ᠣᠷᠣᠨ ᠤ ᠨᠢᠭᠡᠳᠦᠭᠡᠷ ᠳᠡᠰ ᠤᠨ ᠬᠠᠣᠯᠢ ᠴᠠᠭᠠᠵᠠ ᠶᠢᠨ ᠰᠠᠯᠪᠦᠷᠢ ᠶᠢᠨ ᠪᠠᠷᠢᠮᠵᠢᠶᠠᠨ ᠳᠤ ᠬᠦᠷᠪᠡ᠃ | ᠬᠤᠰᠢᠭᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠣᠭᠠᠷ ᠬᠢᠨᠡᠯᠲᠠ ᠲᠠᠯᠪᠢᠬᠤ᠂ ᠤᠯᠤᠰ | ᠲᠦᠷᠤ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠬᠡᠮ ᠤᠨ ᠶᠡᠷᠢᠶ᠎ᠡ ᠬᠡᠯᠡᠯᠴᠡᠬᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠠᠷᠠᠳ ᠤᠨ ᠲᠦᠯᠤᠬᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠦᠷᠤ | ᠶᠢᠨ ᠵᠦᠪᠯᠡᠯᠬᠡᠨ ᠤ ᠭᠡᠰᠢᠭᠦᠳ ᠤᠨ ᠰᠠᠨᠠᠯ ᠵᠦᠪᠯᠡᠯᠭᠡ ᠶᠢ ᠪᠦᠬᠦᠨ ᠢ ᠰᠢᠢᠳᠪᠦᠷᠢᠯᠡᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢᠶᠠᠨ ᠡᠷᠬᠢᠴᠡᠭᠦᠯᠬᠦ ᠳᠤ᠂ ᠣᠯᠣᠭᠰᠠᠨ ᠠᠮᠵᠢᠯᠲᠠ ᠬᠢᠯᠪᠡᠷ ᠪᠤᠰᠣ | ᠪᠠᠶᠢᠨ᠎ᠠ᠃ ᠡᠳᠡᠭᠡᠷ ᠠᠮᠵᠢᠯᠳᠠ ᠶᠢ ᠤᠯᠤᠭᠰᠠᠨ ᠶᠠᠪᠣᠳᠠᠯ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ | ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠪᠦᠬᠦ ᠬᠤᠰᠢᠭᠤᠨ ᠤ ᠡᠯ᠎ᠠ | ᠦᠨᠳᠦᠰᠦᠳᠡᠨ ᠤ ᠺᠠᠳ᠋ᠷ ᠤᠯᠠᠨ ᠲᠥᠮᠡᠨ ᠪᠦᠯᠬᠦᠮᠳᠡᠨ ᠨᠢᠬᠳᠠᠷᠠᠵᠤ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠥᠩ | ᠪᠤᠯᠬᠤ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠬᠥᠪᠡᠭᠡᠲᠦ ᠰᠢᠷ᠎ᠠ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠷᠭ᠎ᠠ ᠪᠤᠳᠤᠯᠭ᠎ᠠ ᠭᠠᠷᠭᠠᠨ᠂ ᠰᠢᠷᠭᠠᠭᠤ | ᠬᠠᠳᠠᠭᠤᠵᠢᠯᠲᠠᠢ ᠠᠵᠢᠯᠯᠠᠵᠤ᠂ ᠢᠳᠡᠪᠬᠢᠲᠡᠢ ᠨᠡᠮᠡᠷᠢ ᠬᠠᠨᠳᠢᠪ ᠢᠶᠠᠨ ᠡᠷᠭᠦᠭᠰᠡᠨ ᠡᠯ᠎ᠡ ᠠᠵᠢᠯ ᠲᠦᠷᠦᠯ ᠤᠨ ᠬᠢᠨ᠂ | ᠡᠯ᠎ᠡ ᠠᠵᠢᠯ ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠥᠮᠡᠨ᠂ ᠬᠦᠪᠡᠭᠡᠲᠦ | ᠰᠢᠷ᠎ᠠ ᠬᠤᠰᠢᠭᠤᠨ ᠤ ᠬᠦᠭᠵᠢᠯᠳᠡ ᠪᠠ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ | ᠬᠢᠨ ᠳᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠠ︕ | ᠪᠢᠳᠡ ᠠᠮᠵᠢᠯᠳᠠ ᠪᠠᠨ ᠤᠯᠵᠤ ᠬᠠᠷᠠᠬᠤ ᠶᠢᠨ ᠳᠠᠭᠠᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠳᠤ ᠤᠷᠤᠰᠢᠵᠦ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢ ᠰᠡᠷᠬᠡᠭ ᠢᠶᠠᠷ ᠤᠯᠵᠦ ᠲᠠᠨᠢᠬᠤ | ᠬᠡᠷᠡᠭᠳᠡᠢ᠃ ᠠᠵᠤ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠪᠦᠲᠦᠴᠡ ᠠᠨᠠᠢ᠂ ᠲᠡᠰ ᠳᠠᠪᠬᠤᠷᠭ᠎ᠠ ᠳᠤᠤᠷ᠎ᠠ ᠵᠡᠷᠭᠡ | ᠲᠤᠲᠠᠭᠳᠠᠯ ᠮᠦᠨᠬᠦ ᠣᠷᠣᠰᠢᠵᠤ᠂ ᠮᠠᠯ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢᠨ ᠬᠦᠭᠵᠢᠯᠲᠡ ᠶᠢᠨ | ᠳᠠᠷᠤᠭᠠᠰᠣ ᠶᠡᠭᠡ ᠂ ᠠᠵᠤ ᠦᠢᠯᠡᠳᠪᠦᠷᠢ ᠶᠢᠨ ᠪᠦᠲᠦᠴᠡ ᠳ᠋ᠠᠩ ᠴᠣᠯᠭᠤᠢ᠂ ᠬᠡᠯᠬᠢᠶᠡᠰᠦ ᠪᠤᠭᠤᠨᠢ᠂ ᠨᠠᠷᠢᠯᠢᠭ | ᠪᠤᠯᠪᠠᠰᠣᠷᠠᠭᠤᠯᠬᠤ ᠴᠢᠳᠠᠪᠤᠷᠢ ᠠᠨᠠᠢ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠴᠢᠨᠠᠷ | ᠪᠠ ᠦᠷ᠎ᠡ ᠠᠰᠢᠭ ᠲᠤᠤᠷ᠎ᠠ ᠪᠠᠶᠢᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠵᠢᠵᠢᠭ ᠠᠵᠤ ᠠᠬᠤᠶᠢᠯᠠᠯ | ᠤᠨ ᠬᠦᠭᠵᠢᠯᠲᠡ ᠮᠠᠰᠢ ᠣᠯᠠᠨ ᠬᠦᠴᠢᠷᠳᠡᠯ ᠳᠤ ᠲᠤᠯᠭᠠᠷᠠᠵᠤ᠂ ᠠᠷᠠᠯᠵᠢᠶ᠎ᠠ ᠡᠷᠬᠢᠯᠡᠬᠦ ᠣᠷᠴᠢᠨ ᠪᠠ ᠵᠠᠬ᠎ᠠ ᠳᠡᠯᠭᠡᠭᠦᠷ | ᠤᠨ ᠱᠠᠭᠠᠷᠳᠠᠯᠭ᠎ᠠ ᠲᠠᠢ ᠪᠠᠰᠠ ᠵᠤᠬᠢᠬᠤ ᠵᠦᠷᠢᠶ᠎ᠡ ᠲᠠᠢ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ | ᠵᠦᠷᠢᠴᠡᠯ ᠨᠡᠯᠢᠶᠡᠳ ᠳᠤᠪᠤᠶᠢᠮ᠎ᠠ᠂ ᠵᠠᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢᠨ ᠳᠠᠷᠣᠭᠠᠰᠣ ᠨᠡᠯᠢᠶᠡᠳ | ᠬᠦᠨᠳᠦ ᠪᠠᠶᠢᠨ᠎ᠠ᠃ ᠠᠮᠢ ᠠᠬᠤᠢ ᠶᠢᠨ ᠰᠢᠰᠲ᠋ᠧᠮ ᠬᠡᠪᠡᠷᠡᠭ᠂ ᠣᠷᠴᠢᠨ ᠲᠤᠭᠤᠷᠢᠨ ᠤ ᠳᠠᠭᠠᠭᠠᠴᠠ ᠶᠢᠨ ᠴᠢᠳᠠᠪᠬᠢ | ᠰᠤᠯᠠ ᠳᠤᠷᠤᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠦ᠂ ᠵᠠᠰᠠᠭ | ᠵᠠᠬᠢᠷᠭᠠᠨ ᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠴᠢᠬᠤᠯᠠᠲᠠᠢ ᠪᠠᠶᠢᠨ᠎ᠠ᠃ ᠵᠠᠷᠢᠮ ᠺᠠᠳ᠋ᠷ ᠤᠨ | ᠦᠢᠯᠡᠴᠢᠯᠡᠬᠦ ᠣᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ | ᠬᠦᠷᠦᠯᠴᠡᠬᠦ ᠦᠭᠡᠢ ᠪᠠᠶᠢᠵᠤ᠂ ᠬᠦᠭᠵᠢᠯᠲᠠ ᠶᠢᠨ ᠰᠢᠨ᠎ᠡ ᠣᠶᠢᠯᠠᠭᠠᠭᠳᠠᠬᠤᠨ ᠢ ᠮᠦᠨᠬᠦ ᠪᠦᠷᠢᠮᠰᠦᠨ ᠪᠤᠢ ᠪᠤᠯᠭᠠᠵᠤ | ᠳᠡᠶᠢᠯᠦᠭᠡᠳᠦᠢ᠂ ᠦᠵᠡᠯ ᠰᠠᠨᠠᠭ᠎ᠠ ᠣᠶᠢᠯᠠᠭᠠᠭᠳᠠᠬᠤᠨ ᠨᠢ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ | ᠵᠤᠬᠢᠴᠠᠬᠤ ᠦᠭᠡᠢ ᠵᠡᠷᠭᠡ ᠦᠵᠡᠭᠳᠡᠯ ᠣᠷᠣᠰᠢᠵᠤ ᠪᠠᠶᠢᠨ᠎ᠠ᠃ ᠪᠢᠳᠡ ᠵᠠᠪᠠᠯ ᠠᠰᠠᠭᠤᠳᠠᠯ ᠪᠠ ᠦᠷᠢᠰᠦᠯᠳᠦᠭᠡᠨ ᠳᠤ | ᠬᠠᠨᠲᠤᠨ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ | ᠭᠦᠢᠴᠡᠳᠬᠡᠵᠦ᠂ ᠪᠦᠬᠦ ᠰᠡᠳᠬᠢᠯ ᠪᠦᠬᠦ ᠵᠤᠷᠢᠭ ᠢᠶᠠᠷ ᠡᠯ᠎ᠡ ᠲᠦᠷᠦᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ | ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠨ ᠠᠵᠢᠯᠯᠠᠬᠤ ᠬᠡᠷᠡᠭᠲᠡᠢ᠃ | ᠬᠤᠶᠠᠷ ᠂ 2019 ᠣᠨ ᠤ ᠭᠤᠤᠯ ᠠᠵᠢᠯ ᠤᠨ ᠪᠠᠶᠢᠷᠢᠯᠠᠭᠤᠯᠤᠯᠲᠠ | 2019 ᠤᠨ ᠪᠣᠯ ᠰᠢᠨ᠎ᠡ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ ᠢ ᠪᠡᠯᠬᠡᠯᠡᠬᠦ᠂ | ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠲᠤ ᠢᠯᠠᠯᠲᠠ ᠶᠢ ᠲᠡᠮᠡᠴᠡᠨ ᠣᠯᠬᠤ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠵᠠᠩᠬᠢᠯᠠᠭ᠎ᠠ ᠶᠢᠨ ᠵᠢᠯ ᠪᠤᠯᠤᠨ᠎ᠠ᠂ ᠡᠨᠡ ᠵᠢᠯ ᠤᠨ ᠠᠵᠤ | ᠠᠬᠤᠢ ᠨᠡᠶᠢᠭᠡᠮ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠪᠤᠯ ᠲᠤᠶᠢᠯ ᠤᠨ ᠠᠴᠢ ᠬᠤᠯᠪᠤᠭᠳᠠᠯ ᠲᠠᠢ ᠶᠤᠮ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠡᠷᠥᠩᠬᠡᠢ ᠰᠡᠳᠬᠢᠴᠡ ᠪᠤᠯ᠄ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠣᠭᠤᠳᠣᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠶᠡᠭᠡ ᠬᠤᠷᠠᠯ | ᠤᠨ ᠬᠤᠶᠠᠳᠣᠭᠠᠷ᠂ ᠭᠤᠷᠪᠠᠳᠣᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ | ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠲᠡ ᠶᠢ ᠨᠢᠭᠡᠲᠦᠯᠲᠡᠢ ᠲᠦᠯᠦᠪᠵᠢᠭᠦᠯᠦᠨ᠂ ︽ | ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ | ᠲᠤᠭᠲᠠᠭᠤᠨ ᠤ ᠲᠤᠮᠳᠠ ᠣᠷᠣᠭᠰᠢᠯᠠᠬᠤ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ | ᠤᠶᠢᠯᠠᠭᠠᠭᠳᠠᠬᠤᠨ ᠢ ᠣᠬᠠᠮᠰᠠᠷ ᠠᠴᠠ ᠪᠠᠨ ᠦᠢᠯᠡᠳᠦᠯᠭᠡᠵᠢᠭᠦᠯᠤᠨ᠂ ᠴᠢᠨᠠᠷ ᠰᠠᠶᠢᠲᠠᠢ ᠬᠦᠭᠵᠢᠯᠲᠡ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠪᠠᠷ ᠭᠤᠤᠯ ᠱᠣᠭᠤᠮ ᠪᠤᠯᠭᠠᠬᠤ ᠶᠢ ᠪᠠᠷᠢᠮᠳᠠᠯᠠᠨ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠲᠡ᠂ ᠠᠷᠠᠳ ᠤᠨ ᠠᠮᠢᠳᠣᠷᠠᠯ ᠂ ᠠᠮᠢ ᠠᠬᠤᠢ | ᠵᠡᠷᠭᠡ ᠭᠤᠷᠪᠠᠨ ᠱᠣᠭᠤᠮ ᠢ ᠡᠷᠡᠰ ᠰᠠᠬᠢᠨ᠂ ᠭᠤᠷᠪᠠᠨ ᠶᠡᠭᠡ ᠪᠤᠭᠤᠮᠲᠠ ᠰᠢᠪᠲᠤᠯᠬᠤ ᠲᠠᠶᠢᠯᠠᠯᠳᠣᠭᠠᠨ ᠢ ᠰᠠᠶᠢᠲᠤᠷ | ᠬᠢᠵᠦ᠂ ᠬᠤᠷᠸ᠎ᠠ ᠲᠤᠬᠢᠷᠠᠭᠤᠯᠤᠯᠲᠠ ᠶᠢ ᠰᠢᠨᠡᠴᠢᠯᠠᠨ ᠲᠡᠬᠦᠯᠲᠡᠷᠵᠢᠬᠦᠯᠵᠤ᠂ ᠬᠤᠮᠠᠬᠢ ᠭᠤᠤᠯ ᠴᠣᠭᠴᠠᠲᠦ ᠠᠮᠢᠵᠢᠷᠠᠯ | ᠤᠨ ᠬᠦᠴᠦᠨ ᠢ ᠬᠦᠭᠵᠢᠬᠡᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠣᠷᠠᠭ ᠵᠠᠩᠬᠢᠵᠢᠯᠲᠡ᠂ ᠬᠤᠲᠠ | ᠪᠠᠯᠭᠠᠰᠣᠵᠢᠯᠲᠠ᠂ ᠮᠠᠯ ᠠᠵᠤ ᠠᠬᠤᠢ ᠶᠢᠨ ᠣᠳᠣᠬᠢᠴᠢᠯᠠᠯᠲᠠ ᠵᠢᠭᠳᠡ ᠠᠯᠬᠤᠮ ᠢᠶᠠᠷ ᠬᠦᠭᠵᠢᠬᠦ ᠶᠢ ᠠᠬᠢᠭᠤᠯᠤᠨ᠂ | ᠨᠡᠮᠡᠭᠳᠡᠯ ᠢ ᠳᠤᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠨ ᠶᠢ ᠰᠢᠯᠢᠳᠡᠭᠵᠢᠭᠦᠯᠬᠦ᠂ ᠠᠷᠠᠳ | ᠤᠨ ᠠᠮᠢᠳᠤᠷᠠᠯ ᠢ ᠬᠠᠷᠠᠭᠠᠯᠵᠠᠬᠤ᠂ ᠳᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠨᠢᠬᠡᠲᠤᠯᠲᠠᠢ | ᠠᠬᠢᠭᠤᠯᠵᠤ᠂ ᠠᠷᠠᠳ ᠲᠦᠮᠡᠨ ᠤ ᠣᠯᠣᠯᠲᠠ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠦᠨᠡᠨᠬᠦ ᠳᠡᠭᠡᠭᠰᠢᠯᠡᠭᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠲᠦ | ᠴᠢᠨᠠᠷᠲᠠᠢ ᠰᠠᠭᠤᠷᠢ ᠶᠢ ᠲᠠᠯᠪᠢᠨ᠂ ᠰᠢᠯᠢᠳᠡᠭ ᠦᠷ᠎ᠡ ᠪᠦᠲᠦᠮᠵᠢ ᠪᠠᠷ ᠣᠯᠣᠰ ᠪᠠᠶᠢᠭᠤᠯᠤᠭᠳᠠᠭᠰᠠᠨ 70 ᠵᠢᠯ ᠤᠨ | ᠣᠢ ᠶᠢ ᠪᠡᠯᠬᠡᠯᠡᠬᠦ ᠶᠠᠪᠤᠲᠠᠯ ᠪᠤᠯᠤᠨ᠎ᠠ᠃ ᠭᠤᠤᠯ ᠲᠡᠮᠡᠴᠡᠬᠦ ᠬᠠᠷᠠᠯᠲᠠ ᠪᠤᠯ᠄ ᠪᠦᠬᠦ ᠬᠤᠰᠢᠭᠤᠨ ᠤ ᠣᠷᠣᠨ ᠨᠤᠲᠤᠭ | ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ ᠢ 6% ᠪᠠᠷ ᠨᠡᠮᠡᠭᠳᠡᠭᠦᠯᠦᠨ᠎ᠡ︔ ᠡᠩ ᠤᠨ ᠨᠡᠶᠢᠲᠡ ᠶᠢᠨ ᠡᠳ᠋ ᠤᠨ | ᠵᠠᠰᠠᠭ ᠤᠨ ᠲᠦᠰᠦᠪ ᠤᠨ ᠣᠷᠣᠯᠭ᠎ᠠ ᠶᠢ 0.5% ᠤᠷᠴᠢᠮ ᠢᠶᠠᠷ ᠨᠡᠮᠡᠭᠳᠡᠭᠦᠯᠦᠨ᠎ᠡ︔ ᠲᠤᠭᠳᠠᠮᠠᠯ ᠬᠦᠷᠦᠩᠭᠡ ᠶᠢᠨ | ᠪᠡᠯᠡ ᠣᠷᠣᠭᠤᠯᠤᠯᠲᠠ ᠶᠢ 33.3% ᠤᠷᠴᠢᠮ ᠢᠶᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ | ᠪᠤᠳᠠᠰ ᠤᠨ ᠵᠢᠵᠢᠭᠯᠡᠨ ᠬᠤᠳᠠᠯᠳᠣᠬᠤ ᠶᠠᠷᠥᠩᠬᠡᠢ ᠬᠡᠮᠵᠢᠶ᠎ᠡ ᠶᠢ 6.7% ᠤᠷᠴᠢᠮ ᠢᠶᠠᠷ ᠨᠡᠮᠡᠭᠳᠡᠭᠦᠯᠦᠨ᠎ᠡ︔ ᠬᠤᠲᠠ | ᠪᠠᠯᠭᠠᠰᠣ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ | ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ ᠲᠤᠰᠪᠤᠷᠢ 7.2% ᠪᠠ 7.5% ᠤᠷᠴᠢᠮ ᠢᠶᠠᠷ ᠨᠡᠮᠡᠭᠳᠡᠭᠦᠯᠦᠨ᠎ᠡ᠃ | ᠬᠠᠷᠠᠯᠳᠠ ᠡᠭᠦᠷᠭᠡ ᠶᠢᠨ ᠲᠤᠭᠤᠷᠢᠨ ᠳᠤ᠂ ᠲᠤᠤᠷᠠᠬᠢ ᠵᠢᠷᠭᠤᠭᠠᠨ ᠲᠠᠯ᠎ᠠ ᠶᠢᠨ ᠠᠵᠢᠯ ᠢ ᠴᠢᠬᠤᠯᠠᠴᠢᠯᠠᠨ ᠠᠳᠬᠤᠨ᠎ᠠ᠃ | | ︵ᠨᠢᠭᠡ︶ ᠠᠮᠵᠢᠯᠲᠠ ᠪᠠᠨ ᠪᠠᠬᠢᠵᠢᠭᠦᠯᠦᠨ᠂ ᠭᠤᠤᠯᠳᠠᠯᠭ᠎ᠠ ᠶᠢ ᠲᠤᠪᠤᠶᠢᠯᠭᠠᠵᠤ᠂ ︽ᠭᠤᠷᠪᠠᠨ ᠶᠡᠭᠡ | ᠲᠠᠶᠢᠯᠠᠯᠳᠣᠭᠠᠨ︾ ᠢ ᠦᠷᠬᠦᠯᠵᠢᠯᠡᠨ ᠰᠠᠶᠢᠲᠤᠷ ᠬᠢᠨ᠎ᠡ | ᠬᠦᠨᠳᠦ ᠶᠡᠭᠡ ᠲᠦᠭᠰᠢᠭᠦᠷᠢ ᠶᠢ ᠪᠦᠬᠦ ᠬᠦᠴᠦᠨ ᠢᠶᠠᠷ ᠰᠡᠷᠭᠡᠶᠢᠯᠡᠨ ᠨᠠᠮᠳᠠᠭᠤᠯᠤᠨ᠎ᠠ᠃ ᠦᠷᠢ ᠰᠢᠷᠢ ᠶᠢ | ᠨᠠᠮᠳᠠᠭᠤᠯᠬᠤ ᠠᠵᠢᠯ ᠤᠨ ᠲᠦᠰᠦᠯ ᠢ ᠰᠢᠨᠵᠢᠯᠡᠬᠦ ᠣᠬᠠᠭᠠᠨᠴᠢ ᠪᠠᠷ ᠲᠤᠭᠲᠠᠭᠠᠵᠤ᠂ ︽ᠪᠠᠲᠤ ᠪᠠᠬᠢ᠂ ᠲᠤᠬᠢᠷᠠᠮᠵᠢᠲᠠᠢ | ᠂ ᠲᠢᠭᠯᠢᠮ ᠲᠠᠢ᠂ ᠵᠤᠬᠢᠰᠲᠠᠢ︾ ᠪᠠᠶᠢᠬᠤ ᠶᠡᠷᠥᠩᠬᠡᠢ ᠱᠠᠭᠠᠷᠳᠠᠯᠭ᠎ᠠ ᠶᠤᠰᠣᠭᠠᠷ᠂ ᠡᠳ᠋ ᠤᠨ ᠵᠠᠰᠠᠭ ᠤᠨ ᠵᠠᠷᠣᠯᠭ᠎ᠠ | ᠶᠢᠨ ᠪᠦᠲᠦᠴᠡ ᠶᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠪᠡᠯᠡ ᠮᠦᠩᠬᠦ ᠶᠢ | ᠲᠡᠮᠡᠴᠡᠨ ᠣᠯᠬᠤ᠂ ᠣᠯᠣᠰ ᠤᠨ ᠦᠮᠴᠢᠯᠡᠯᠲᠦ ᠡᠳ᠋ ᠬᠦᠷᠦᠩᠭᠡ ᠶᠢ ᠵᠠᠷᠤᠴᠠᠭᠤᠯᠬᠤ᠂ ᠵᠦᠪᠳᠡᠯᠴᠡᠭᠡ ᠲᠤᠭᠲᠠᠬᠤ᠂ | ᠦᠯᠡᠳᠡᠪᠦᠷᠢ ᠬᠦᠷᠦᠩᠭᠡ ᠶᠢ ᠡᠷᠭᠢᠯᠲᠡ ᠳᠤ ᠣᠷᠣᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠨ ᠣᠯᠠᠨ ᠬᠡᠯᠪᠡᠷᠢ ᠪᠠᠷ | ᠦᠷᠢ ᠰᠢᠷᠢ ᠶᠢ ᠨᠠᠮᠳᠠᠭᠤᠯᠬᠤ ᠪᠡᠯᠡ ᠮᠦᠩᠭᠦ ᠶᠢ ᠬᠤᠷᠠᠮᠳᠣᠭᠤᠯᠵᠤ᠂ 1.23 ᠳ᠋ᠦᠩᠰᠢᠭᠤᠷ ᠲᠦᠭᠦᠷᠢᠭ ᠤᠨ ᠦᠷᠢ | ᠰᠢᠷᠢ ᠶᠢ ᠨᠠᠮᠳᠠᠭᠤᠯᠬᠤ ᠡᠭᠦᠷᠭᠡ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠬᠤ ᠲᠦᠷᠦᠯ ᠵᠦᠢᠯ | ᠤᠨ ᠦᠷᠢᠲᠡᠬᠦ ᠲᠦᠭᠰᠢᠭᠦᠷᠢ ᠶᠢᠨ ᠦᠨᠡᠯᠡᠯᠲᠡ ᠶᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠪᠡᠯᠡ ᠣᠷᠣᠭᠤᠯᠬᠤ ᠲᠦᠷᠦᠯ ᠵᠦᠢᠯ ᠢ ᠬᠠᠤᠯᠢ ᠲᠤᠭᠲᠠᠭᠠᠯ ᠶᠤᠰᠣᠭᠠᠷ ᠴᠢᠩᠭ᠎ᠠ ᠳᠦᠷᠢᠮᠵᠢᠭᠦᠯᠦᠨ᠂ ᠰᠣᠬᠤᠷ ᠪᠠᠯᠠᠢ | ᠪᠠᠷ ᠬᠡᠳᠦ ᠦᠷᠢᠳᠡᠬᠦ ᠶᠢ ᠡᠷᠡᠰ ᠬᠤᠷᠢᠭᠯᠠᠨ᠎ᠠ᠃ ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ | ᠬᠠᠤᠯᠢ ᠪᠤᠰᠦ ᠪᠠᠷ ᠪᠡᠯᠡ ᠴᠣᠭᠯᠠᠭᠤᠯᠬᠤ᠂ ᠲᠤᠤᠷ ᠰᠦᠯᠵᠢᠶᠡᠨ ᠤ ᠮᠦᠩᠭᠦᠨ ᠭᠦᠢᠯᠭᠡᠭᠡ ᠵᠡᠷᠭᠡ ᠲᠦᠭᠰᠢᠭᠦᠷᠢ ᠶᠢ | ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠲᠡᠬᠦᠯᠵᠤ᠂ ᠮᠠᠯᠵᠢᠬᠤ ᠤᠷᠤᠨ ᠤ ᠠᠷᠠᠳ ᠤᠨ ᠬᠤᠭᠤᠷᠤᠨᠳᠣᠬᠢ | ᠵᠢᠭᠡᠯᠡᠯᠭᠡ ᠶᠢ ᠶᠡᠷᠥᠩᠬᠡᠶᠢᠯᠡᠨ ᠵᠠᠰᠠᠬᠤ ᠲᠤᠭᠲᠠᠴᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠠᠣᠯᠢ ᠶᠢᠨ | ᠡᠷᠬᠡᠲᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠠᠬᠢᠭᠤᠯᠵᠤ᠂ ᠡᠷᠡᠭᠦᠯ ᠪᠤᠰᠦ | ᠵᠢᠭᠡᠯᠡᠯᠭᠡ ᠶᠢᠨ ᠨᠣᠷᠮ᠎ᠠ ᠶᠢ ᠳᠣᠷᠤᠭᠰᠢᠯᠠᠭᠤᠯᠤᠨ᠂ ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ | ᠪᠠᠲᠤᠯᠠᠨ᠎ᠠ᠃ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠦᠭᠰᠢᠭᠦᠷᠢ ᠶᠢᠨ ᠦᠨᠡᠯᠡᠯᠲᠡ ᠪᠠ ᠨᠡᠶᠢᠭᠡᠮ ᠤᠨ | ᠲᠤᠭᠲᠠᠭᠤᠨ ᠤ ᠲᠦᠭᠰᠢᠭᠦᠷᠢ ᠶᠢᠨ ᠦᠨᠡᠯᠡᠯᠲᠡ ᠶᠢᠨ ᠲᠦᠷᠢᠮ᠂ ᠮᠦᠩᠭᠦᠨ ᠭᠦᠢᠯᠭᠡᠭᠡᠨ ᠤ ᠢᠳᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠦᠷᠢ ᠰᠢᠷᠢ ᠶᠢᠨ ᠲᠦᠭᠰᠢᠭᠦᠷᠢ ᠶᠢ ᠪᠦᠳᠦᠮᠵᠢᠲᠠᠢ ᠰᠡᠷᠬᠡᠶᠢᠯᠡᠨ᠎ᠡ | ᠃ | ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠣᠯᠬᠤ ᠠᠵᠢᠯ ᠤᠨ ᠦᠷ᠎ᠡ ᠪᠦᠲᠤᠬᠡᠯ ᠢ ᠦᠷᠬᠦᠯᠵᠢᠯᠠᠨ | ᠪᠠᠬᠢᠵᠢᠭᠦᠯᠦᠨ᠎ᠡ᠃ ᠰᠢ ᠶᠢᠨ ᠫᠢᠩ ᠤᠨ ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠤᠨ | ᠲᠤᠬᠠᠢ ᠴᠢᠬᠤᠯᠠ ᠦᠬᠦᠯᠡᠯ ᠪᠠ ᠭᠠᠨᠰᠣ ᠮᠤᠵᠢ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠬᠤᠷᠠᠯ | ᠳᠤ ᠣᠷᠣᠯᠴᠠᠬᠤ ᠦᠶᠡᠰ ᠤᠨ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠰᠤᠷᠤᠯᠴᠠᠨ ᠲᠤᠤᠱᠯᠠᠭᠤᠯᠵᠤ᠂ ᠡᠯ᠎ᠡ | ᠲᠦᠷᠤᠯ ᠤᠨ ᠠᠵᠢᠯ ᠢ ᠰᠠᠶᠢᠲᠤᠷ ᠠᠳᠬᠤᠨ᠎ᠠ᠃ ᠲᠦᠪ ᠤᠨ ᠶᠠᠲᠠᠭᠤ ᠠᠴᠠ ᠠᠩᠬᠢᠵᠢᠷᠠᠭᠤᠯᠤᠨ ᠪᠤᠭᠤᠮᠲᠠ | ᠰᠢᠪᠲᠤᠯᠬᠤ ᠲᠤᠰᠬᠠᠢ ᠲᠦᠷᠤᠯ ᠢᠶᠠᠷ ᠲᠤᠭᠤᠷᠢᠨ ᠪᠠᠶᠢᠴᠠᠭᠠᠬᠤ ᠲᠤᠭᠤᠶᠢᠯᠠᠩ ᠠᠴᠠ ᠲᠤᠰᠬᠠᠭᠰᠠᠨ ᠰᠠᠨᠠᠯ ᠢ ᠬᠠᠯᠠᠨ | ᠰᠠᠶᠢᠵᠢᠷᠠᠭᠤᠯᠬᠤ ᠠᠵᠢᠯ ᠢ ᠪᠦᠬᠦ ᠬᠦᠴᠤᠨ ᠢᠶᠠᠷ ᠠᠳᠬᠤᠨ᠎ᠠ᠃ ᠨᠠᠷᠢᠯᠢᠭ ᠤᠨᠤᠪᠴᠢᠲᠠᠢ ᠪᠠᠷ ᠶᠡᠲᠠᠭᠤ ᠶᠢ ᠲᠡᠳᠬᠦᠬᠦ | ᠠᠷᠭ᠎ᠠ ᠪᠠᠷᠢᠯ ᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ | ᠰᠢᠪᠳᠣᠯᠬᠤ ᠠᠵᠢᠯ ᠪᠠ ᠬᠦᠲᠡᠭᠡ ᠲᠤᠰᠬᠤᠨ ᠢ ᠬᠦᠭᠵᠢᠬᠦᠯᠤᠨ ᠮᠠᠨᠲᠤᠭᠤᠯᠬᠤ ᠠᠵᠢᠯ ᠢ ᠲᠦᠯᠤᠪᠵᠢᠬᠦᠯᠤᠨ | ᠵᠤᠬᠢᠴᠠᠭᠤᠯᠵᠤ᠂ 415 ᠡᠷᠤᠬᠡ 1091 ᠬᠦᠮᠤᠨ ᠢ ᠶᠠᠲᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠤᠮᠵᠢ ᠶᠢ | ᠦᠷᠬᠦᠯᠵᠢᠯᠠᠨ ᠪᠠᠲᠤᠳᠬᠠᠵᠤ᠂ ᠲᠤᠰ ᠵᠢᠯ ᠳᠤ 26 ᠡᠷᠤᠬᠡ 67 ᠬᠦᠮᠤᠨ ᠤ ᠶᠠᠲᠠᠭᠤ ᠠᠴᠠ ᠠᠩᠬᠢᠵᠢᠷᠠᠬᠤ | ᠬᠠᠷᠠᠯᠲᠠ ᠶᠢ ᠪᠡᠶᠡᠯᠡᠬᠦᠯᠤᠨ᠂ ᠬᠠᠷᠢᠴᠠᠯᠠᠰᠢ ᠦᠬᠡᠢ ᠶᠠᠲᠠᠭᠤ ᠶᠢ ᠦᠨᠲᠤᠰᠤᠨ ᠳᠡᠭᠡᠨ ᠦᠬᠡᠶᠢᠰᠬᠡᠵᠤ᠂ 2020 | ᠤᠨ ᠳᠤ ᠶᠠᠲᠠᠭᠤ ᠠᠴᠠ ᠠᠩᠬᠢᠵᠢᠷᠠᠬᠤ ᠡᠬᠦᠷᠬᠡ ᠶᠢ ᠪᠡᠶᠡᠯᠡᠬᠦᠯᠬᠦ ᠪᠠ ᠠᠯᠤᠰ ᠬᠤᠯᠠ ᠶᠢᠨ ᠬᠦᠭᠵᠢᠯᠲᠠ ᠳᠤ ᠪᠠᠲᠤ | ᠪᠠᠬᠢ ᠰᠠᠭᠤᠷᠢ ᠶᠢ ᠲᠠᠯᠪᠢᠨ᠎ᠠ᠃ ᠠᠵᠤ ᠤᠶᠢᠯᠡᠰ ᠢ ᠪᠤᠶᠢᠵᠢᠭᠤᠯᠬᠤ ᠶᠢ ᠶᠡᠲᠠᠭᠤ ᠠᠴᠠ ᠠᠩᠬᠢᠵᠢᠷᠠᠭᠤᠯᠤᠨ ᠪᠤᠭᠤᠮᠲᠠ | ᠰᠢᠪᠲᠤᠯᠬᠤ ᠠᠵᠢᠯ ᠤᠨ ᠦᠨᠲᠤᠰᠤᠨ ᠠᠷᠭ᠎ᠠ ᠪᠤᠲᠤᠯᠭ᠎ᠠ ᠪᠤᠯᠭᠠᠨ᠂ ᠠᠵᠤ ᠤᠶᠢᠯᠡᠰ ᠢᠶᠠᠷ ᠶᠠᠲᠠᠭᠤ ᠶᠢ ᠲᠡᠳᠬᠦᠬᠦ | ᠪᠠ ᠬᠠᠮᠲᠤ ᠶᠢᠨ ᠠᠵᠤ ᠠᠬᠤᠢ ᠶᠢ ᠵᠤᠬᠢᠴᠠᠭᠤᠯᠤᠨ ᠬᠦᠭᠵᠢᠬᠦᠯᠬᠦ ᠲᠤᠭᠲᠠᠴᠠ᠂ ᠶᠠᠲᠠᠭᠤ ᠶᠢ ᠲᠡᠳᠬᠦᠬᠦ ᠲᠦᠷᠤᠯ | ᠵᠤᠶᠢᠯ ᠪᠠ ᠶᠠᠲᠠᠭᠤ ᠡᠷᠤᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠲᠠᠴᠠ ᠶᠢ ᠴᠢᠨᠠᠭᠰᠢᠲᠠ ᠪᠦᠷᠢᠨᠰᠢᠬᠦᠯᠵᠤ | ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠲᠠᠬᠤ ᠪᠡᠯᠡ ᠮᠦᠩᠬᠦ ᠶᠢ ᠨᠢᠬᠡᠳᠬᠡᠨ᠂ ᠶᠠᠳᠠᠭᠤ ᠶᠢ ᠲᠡᠳᠬᠦᠬᠦ ᠪᠡᠯᠡ | ᠮᠦᠩᠭᠦᠨ ᠤ ᠬᠡᠷᠡᠭᠯᠡᠯᠲᠡ ᠬᠠᠮᠢᠶᠠᠷᠣᠯᠲᠠ ᠶᠢ ᠲᠦᠷᠢᠮᠵᠢᠭᠦᠯᠦᠨ᠂ ᠶᠠᠳᠠᠭᠤ ᠶᠢ ᠲᠡᠳᠬᠦᠬᠦ ᠪᠡᠯᠡ ᠮᠦᠩᠭᠦ ᠶᠢ | ᠬᠡᠷᠡᠭᠴᠡᠭᠡᠲᠠᠢ ᠭᠠᠵᠠᠷ ᠨᠢ ᠬᠡᠷᠡᠭᠯᠡᠬᠦ ᠶᠢ ᠪᠠᠲᠤᠯᠠᠨ᠂ ᠲᠤᠬᠠᠢ ᠶᠢᠨ ᠭᠠᠵᠠᠷ ᠲᠤ ᠪᠠᠨ ᠲᠤᠬᠢᠷᠠᠭᠤᠯᠤᠨ ᠰᠢᠯᠢᠲᠡᠭ | ᠡᠬᠦᠯᠲᠡᠷ ᠤᠨ ᠮᠢᠬᠠᠨ ᠤ ᠦᠬᠡᠷ᠂ ᠴᠠᠬᠠᠷ ᠬᠤᠨᠢ ᠶᠢ ᠲᠡᠵᠢᠭᠡᠨ ᠦᠷᠡᠵᠢᠭᠦᠯᠬᠦ ᠪᠠᠷ ᠭᠤᠤᠯ ᠪᠤᠯᠭᠠᠭᠰᠠᠨ ᠤᠯᠠᠨ | ᠡᠰᠢᠴᠢᠯᠡᠭᠰᠡᠨ ᠠᠵᠤ ᠠᠬᠤᠶᠢᠯᠠᠯ ᠢᠶᠠᠷ ᠶᠠᠲᠠᠭᠤ ᠶᠢ ᠲᠡᠳᠬᠦᠬᠦ ᠲᠦᠷᠤᠯ ᠵᠤᠶᠢᠯ ᠢ ᠬᠦᠭᠵᠢᠬᠦᠯᠤᠨ᠎ᠠ᠃ ᠲᠤᠬᠢᠲᠠᠢ | ᠭᠠᠵᠠᠷ ᠰᠢᠯᠵᠢᠬᠦᠯᠦᠭᠰᠡᠨ ᠤ ᠰᠡᠬᠦᠯᠠᠷ ᠠᠵᠤ ᠠᠬᠤᠶᠢᠯᠠᠯ ᠢᠶᠠᠷ ᠳᠡᠮᠵᠢᠬᠦ ᠲᠦᠷᠦ ᠶᠢᠨ ᠪᠤᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠬᠤᠲᠠ ᠤᠷᠤᠭᠰᠠᠨ ᠮᠠᠯᠴᠢᠳ ᠤᠨ ᠬᠦᠭᠵᠢᠬᠦᠯᠬᠦ ᠠᠴᠠ ᠠᠵᠤ ᠤᠶᠢᠯᠡᠰ ᠲᠠᠢ᠂ ᠪᠠᠶᠡᠵᠢᠨ | ᠴᠢᠨᠡᠬᠡᠯᠢᠭᠵᠢᠵᠤ ᠴᠢᠲᠠᠬᠤ ᠶᠢ ᠪᠠᠲᠤᠯᠠᠨ᠎ᠠ᠃ ᠴᠠᠭᠠᠨ ᠢᠳᠡᠭᠡ᠂ ᠪᠤᠯᠭᠤᠭᠰᠠᠨ ᠢᠳᠡᠭᠡᠨ ᠪᠤᠯᠪᠠᠰᠣᠷᠠᠭᠤᠯᠬᠤ ᠪᠠᠷ | ᠭᠤᠤᠯ ᠪᠤᠯᠭᠠᠭᠰᠠᠨ ᠶᠠᠲᠠᠭᠤ ᠶᠢ ᠲᠡᠳᠬᠦᠬᠦ ᠠᠵᠤ ᠦᠢᠯᠡᠰ ᠤᠨ ᠲᠤᠭᠤᠷᠢᠭ ᠢ ᠲᠦᠯᠦᠪᠵᠢᠭᠦᠯᠦᠨ ᠪᠠᠶᠢᠭᠤᠯᠵᠤ᠂ | ᠣᠯᠠᠮᠵᠢᠯᠠᠯᠲᠦ ᠴᠠᠭᠠᠨ ᠢᠳᠡᠭᠡᠨ ᠪᠤᠯᠪᠠᠰᠣᠷᠠᠭᠤᠯᠬᠤ ᠠᠵᠤ ᠦᠢᠯᠡᠰ ᠤᠨ ᠬᠦᠭᠵᠢᠯᠲᠡ ᠶᠢ ᠲᠡᠮᠵᠢᠵᠤ᠂ ᠪᠦᠬᠦ | ᠬᠤᠰᠢᠭᠤᠨ ᠤ ᠠᠷᠠᠳ ᠢ ᠪᠠᠶᠠᠵᠢᠭᠤᠯᠬᠤ ᠴᠢᠬᠤᠯᠠ ᠠᠵᠤ ᠦᠢᠯᠡᠰ ᠪᠤᠯᠭᠠᠨ ᠬᠦᠭᠵᠢᠬᠦᠯᠤᠨ᠎ᠠ᠃ ᠡᠷᠡᠭᠦᠯ ᠴᠢᠬᠢᠷᠠᠭ | ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠲᠡᠯᠲᠠᠢ | ᠬᠦᠮᠤᠨ ᠠᠮᠠ ᠶᠢᠨ ᠡᠮᠴᠢᠯᠡᠬᠡᠨ ᠤ ᠪᠠᠲᠤᠯᠠᠭᠠᠨ ᠤ ᠰᠠᠭᠤᠷᠢ ᠮᠦᠩᠬᠦᠨ ᠤ ᠤᠶᠢᠯᠡᠲᠤᠯ ᠢ ᠬᠦᠢᠴᠡᠳ ᠪᠠᠲᠠᠷᠠᠭᠤᠯᠤᠨ᠂ | ᠡᠪᠡᠳᠴᠢᠨ ᠠᠴᠠ ᠪᠤᠯᠵᠤ ᠶᠠᠲᠠᠭᠤᠷᠠᠬᠤ᠂ ᠲᠠᠬᠢᠨ ᠶᠠᠲᠠᠭᠤᠷᠠᠬᠤ ᠶᠢ ᠰᠠᠶᠢᠲᠤᠷ ᠰᠢᠢᠳᠪᠤᠷᠢᠯᠡᠨ᠎ᠠ᠃ ᠶᠡᠭᠡ | ᠰᠤᠷᠭᠠᠭᠤᠯᠢ ᠳᠤ ᠡᠯᠰᠡᠭᠲᠡᠭᠰᠡᠨ ᠲᠠᠩᠰᠠ ᠺᠠᠷᠲ ᠪᠠᠶᠢᠭᠤᠯᠤᠭᠰᠠᠨ ᠶᠡᠲᠠᠭᠤ ᠬᠦᠴᠢᠷᠲᠡᠯᠲᠠᠢ ᠡᠷᠤᠬᠡ ᠪᠠ ᠬᠤᠲᠠ | ᠪᠠᠯᠭᠠᠰᠤᠨ ᠤ ᠲᠤᠤᠷ᠎ᠠ ᠪᠠᠲᠤᠯᠭᠠᠲᠤ ᠡᠷᠤᠬᠡ ᠶᠢᠨ ᠰᠢᠨ᠎ᠡ ᠰᠤᠷᠤᠭᠴᠢ ᠶᠢ ᠳᠡᠮᠵᠢᠬᠦ ᠠᠵᠢᠯ ᠢ ᠰᠠᠶᠢᠳᠤᠷ ᠬᠢᠨ᠎ᠠ᠃ | ᠪᠡᠶ᠎ᠡ ᠵᠡᠮᠲᠡᠭ᠂ ᠡᠪᠡᠳᠴᠢᠨ ᠲᠠᠢ᠂ ᠬᠦᠲᠡᠯᠮᠤᠷᠢᠯᠡᠬᠦ ᠴᠢᠲᠠᠪᠤᠷᠢ ᠪᠠᠨ ᠠᠯᠲᠠᠭᠰᠠᠨ ᠤᠨᠴᠠᠭᠠᠢ ᠬᠦᠴᠢᠷᠲᠡᠯᠲᠠᠢ ᠬᠦᠮᠤᠨ | ᠠᠮᠡ ᠶᠢ ᠲᠤᠤᠷ᠎ᠠ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠬᠤ ᠶᠢᠨ ᠬᠠᠮᠲᠤ ᠪᠤᠰᠤᠤᠨ ᠬᠡᠯᠪᠡᠷᠢ ᠶᠢᠨ ᠨᠡᠶᠢᠬᠡᠮ | ᠤᠨ ᠲᠡᠳᠬᠦᠮᠵᠢ ᠶᠢᠨ ᠬᠦᠴᠤᠯᠡᠴᠠ ᠶᠢ ᠴᠢᠩᠭᠠᠳᠬᠠᠵᠤ᠂ ᠶᠠᠲᠠᠭᠤ ᠬᠦᠴᠢᠷᠲᠡᠯᠲᠡᠢ ᠬᠦᠮᠤᠨ ᠠᠮᠠ ᠶᠢᠨ ᠦᠨᠲᠤᠰᠤᠨ | ᠠᠮᠢᠲᠤᠷᠠᠯ ᠤᠨ ᠱᠠᠭᠠᠷᠲᠠᠯᠭ᠎ᠠ ᠶᠢ ᠪᠠᠲᠤᠯᠠᠨ᠎ᠠ᠃ ︽ᠨᠢᠬᠡᠲᠤᠬᠡᠷ ᠱᠦᠵᠢ︾᠂ ᠭᠠᠴᠠᠭᠠᠨ ᠳᠤ ᠲᠤᠮᠢᠯᠠᠭᠰᠠᠨ | ᠠᠵᠢᠯᠯᠠᠬᠤ ᠲᠤᠭᠤᠶᠢᠯᠠᠩ ᠪᠤᠯᠤᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠤᠶᠢᠯᠡᠲᠤᠯ ᠢ ᠬᠦᠢᠴᠡᠳ | ᠪᠠᠲᠠᠷᠠᠭᠤᠯᠤᠨ᠂ ᠵᠦᠪ ᠲᠠᠯ᠎ᠠ ᠶᠢᠨ ᠵᠤᠷᠢᠭᠵᠢᠭᠤᠯᠤᠯ ᠢ ᠰᠠᠶᠢᠲᠤᠷ ᠬᠢᠵᠦ᠂ ︽ᠴᠠᠬᠠᠷ ᠪᠦᠰᠡᠭᠦᠢ︾ ᠶᠢᠨ ᠵᠤᠷᠢᠭ | ᠰᠠᠨᠠᠭ᠎ᠠ ᠶᠢ ᠪᠠᠳᠠᠷᠠᠭᠤᠯᠤᠨ᠂ ᠦᠷᠬᠡᠨ ᠤᠯᠠᠨ ᠮᠠᠯᠴᠢᠨ ᠲᠦᠮᠠᠨ ᠤ ᠲᠡᠷᠬᠡᠲᠡᠬᠢ ᠠᠵᠢᠯᠴᠢ ᠬᠦᠲᠡᠯᠮᠤᠷᠢᠴᠢ ᠪᠠᠷ | ᠪᠠᠶᠡᠵᠢᠨ ᠴᠢᠨᠡᠬᠡᠯᠢᠭᠵᠢᠭᠰᠡᠨ ᠨᠡᠶᠢᠲᠡᠯᠢᠭ ᠵᠢᠱᠢᠶ᠎ᠡ ᠶᠢ ᠦᠷᠬᠡᠨ ᠢᠶᠠᠷ ᠤᠬᠠᠭᠤᠯᠤᠨ ᠰᠤᠷᠲᠠᠯᠴᠢᠯᠠᠵᠤ᠂ ᠦᠪᠡᠷ ᠢ ᠪᠠᠨ | ᠳᠡᠭᠵᠢᠷᠡᠭᠦᠯᠬᠦ ᠴᠢᠳᠠᠪᠤᠷᠢ ᠶᠢ ᠣᠯᠠᠮ ᠨᠡᠮᠡᠭᠳᠡᠭᠦᠯᠦᠨ᠎ᠡ᠃ | ᠪᠤᠬᠢᠷᠲᠤᠯ ᠢ ᠰᠡᠷᠬᠡᠶᠢᠯᠡᠨ ᠵᠠᠰᠠᠬᠤ ᠲᠠᠶᠢᠯᠠᠯᠲᠤᠭᠠᠨ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠠᠭᠠᠷ ᠮᠠᠨᠲᠠᠯ | ᠤᠨ ᠪᠤᠬᠢᠷᠲᠤᠯ ᠢ ᠰᠡᠷᠬᠡᠶᠢᠯᠠᠨ ᠵᠠᠰᠠᠬᠤ ᠠᠵᠢᠯᠯᠠᠭᠠᠨ ᠤ ᠲᠦᠯᠤᠪᠯᠡᠭᠡ ᠶᠢ ᠨᠠᠷᠢᠨ ᠬᠢᠨᠠᠮᠠᠭᠠᠢ ᠲᠣᠣᠱᠯᠠᠭᠤᠯᠵᠤ᠂ | ᠲᠦᠬᠦᠮ ᠪᠦᠲᠤᠴᠡᠲᠤ ᠬᠡᠷ ᠪᠠᠶᠢᠰᠢᠩ ᠢ ᠦᠬᠡᠷᠡᠴᠢᠯᠠᠨ ᠵᠠᠰᠠᠬᠤ ᠪᠠᠷ ᠭᠤᠤᠯᠲᠠᠯᠭ᠎ᠠ ᠪᠤᠯᠭᠠᠨ᠂ ᠵᠠᠲᠠᠭᠠᠢ ᠪᠠᠷ | ᠨᠡᠬᠦᠷᠡᠰᠤ ᠰᠢᠲᠠᠭᠠᠬᠤ ᠠᠰᠠᠭᠤᠲᠠᠯ ᠢ ᠰᠢᠢᠳᠪᠤᠷᠢᠯᠡᠵᠤ᠂ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ | ᠪᠠᠷᠢᠮᠵᠢᠶ᠎ᠠ ᠶᠤᠰᠣᠭᠠᠷ ᠭᠠᠳᠠᠭᠰᠢᠯᠠᠭᠤᠯᠬᠤ ᠶᠢ ᠠᠬᠢᠭᠤᠯᠵᠤ᠂ ᠬᠦᠬᠦᠷ ᠤᠨ ᠲᠠᠪᠬᠤᠷ ᠢᠰᠤᠯ᠂ ᠠᠽᠤᠲ | ᠬᠦᠴᠢᠯᠲᠦᠷᠤᠭ᠍ᠴᠢ ᠶᠢᠨ ᠨᠢᠬᠡᠳᠪᠤᠷᠢ ᠵᠡᠷᠬᠡ ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢᠨ ᠬᠡᠮᠵᠢᠶ᠎ᠡ ᠶᠢ | ᠪᠠᠭᠠᠰᠬᠠᠨ᠎ᠠ᠃ ᠤᠰᠤᠨ ᠤ ᠪᠤᠬᠢᠷᠲᠤᠯ ᠢ ᠰᠡᠷᠬᠡᠶᠢᠯᠠᠨ ᠵᠠᠰᠠᠬᠤ ᠠᠵᠢᠯᠯᠠᠭᠠᠨ ᠤ ᠲᠦᠯᠤᠪᠯᠡᠭᠡ ᠶᠢ | ᠨᠠᠶᠢᠲᠠᠪᠤᠷᠢᠵᠢᠭᠤᠯᠵᠤ᠂ ᠭᠤᠤᠯ ᠤᠨ ᠲᠠᠷᠤᠭ᠎ᠠ ᠶᠢᠨ ᠲᠦᠷᠢᠮ ᠢ ᠬᠦᠨᠵᠡᠬᠡᠢ ᠠᠬᠢᠭᠤᠯᠤᠨ᠂ ᠤᠰᠤᠨ ᠤ ᠡᠬᠢ ᠪᠠᠶᠡᠯᠢᠭ᠋ | ᠤᠨ ᠬᠠᠮᠠᠭᠠᠯᠠᠯᠲᠠ᠂ ᠤᠰᠤᠨ ᠤ ᠪᠤᠬᠢᠷᠲᠤᠯ ᠢ ᠰᠡᠷᠬᠡᠶᠢᠯᠠᠨ ᠵᠠᠰᠠᠬᠤ᠂ ᠤᠰᠤᠨ ᠤ ᠤᠷᠴᠢᠨ ᠲᠤᠭᠤᠷᠢᠨ ᠢ | ᠶᠡᠷᠤᠩᠬᠡᠶᠢᠯᠡᠨ ᠴᠡᠭᠴᠡᠯᠡᠨ ᠵᠠᠰᠠᠬᠤ᠂ ᠤᠰᠤᠨ ᠤ ᠠᠮᠢ ᠠᠬᠤᠢ ᠶᠢᠨ ᠰᠡᠷᠭᠦᠭᠡᠯᠲᠡ ᠶᠢᠨ ᠡᠯ᠎ᠡ ᠲᠦᠷᠤᠯ ᠤᠨ ᠠᠵᠢᠯ ᠢ | ᠰᠠᠶᠢᠲᠤᠷ ᠠᠳᠬᠤᠨ᠎ᠠ᠃ ᠲᠦᠪᠯᠡᠷᠡᠩᠬᠦᠢ ᠮᠠᠶ᠋ᠢᠭ ᠤᠨ ᠤᠣᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ | ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠪᠠᠯᠭᠠᠰᠣ ᠪᠠ ᠴᠢᠯᠠᠭᠤᠨ ᠲᠤᠰᠤᠨ ᠤ ᠠᠵᠤ ᠤᠶᠢᠯᠡᠰ ᠤᠨ ᠪᠤᠬᠢᠷ | ᠤᠰᠤ ᠶᠢ ᠰᠢᠢᠳᠪᠤᠷᠢᠯᠡᠬᠦ ᠲᠦᠬᠦᠬᠡᠷᠤᠮᠵᠢ ᠶᠢᠨ ᠲᠤᠭᠲᠠᠭᠤᠨ ᠬᠡᠷᠡᠭᠯᠡᠯᠲᠡ ᠶᠢ ᠪᠠᠲᠤᠯᠠᠨ᠂ ᠠᠵᠤ ᠤᠶᠢᠯᠡᠳᠪᠤᠷᠢ ᠶᠢᠨ | ᠬᠥᠷᠥᠰᠦᠨ ᠳᠤᠤᠷᠠᠬᠢ ᠤᠰᠤ ᠶᠢ ᠰᠢᠨ᠎ᠡ ᠪᠠᠷ ᠳᠠᠲᠠᠨ ᠬᠡᠷᠡᠭᠯᠡᠬᠦ ᠶᠢ ᠡᠷᠡᠰ ᠬᠤᠷᠢᠭᠯᠠᠵᠤ᠂ ᠤᠰᠤ ᠶᠢ | ᠲᠦᠪᠯᠡᠷᠡᠬᠦᠯᠤᠨ ᠲᠠᠬᠢᠨ ᠠᠰᠢᠭᠯᠠᠬᠤ᠂ ᠭᠠᠮᠨᠠᠵᠤ ᠬᠡᠷᠡᠭᠯᠡᠬᠦ ᠰᠠᠶᠢᠨ ᠪᠠᠶᠢᠲᠠᠯ ᠢ ᠪᠤᠢ ᠪᠤᠯᠭᠠᠨ᠎ᠠ᠃ ᠭᠠᠵᠠᠷ ᠰᠢᠷᠤᠢ | ᠶᠢᠨ ᠪᠤᠬᠢᠷᠲᠤᠯ ᠢ ᠰᠡᠷᠬᠡᠶᠢᠯᠡᠨ ᠵᠠᠰᠠᠬᠤ ᠠᠵᠢᠯᠯᠠᠭᠠᠨ ᠤ ᠲᠦᠯᠤᠪᠯᠡᠭᠡ ᠶᠢ ᠬᠦᠨᠵᠡᠬᠡᠢ ᠲᠤᠤᠱᠯᠠᠭᠤᠯᠤᠨ᠂ ᠠᠶᠤᠯᠲᠠᠢ | ᠬᠠᠶᠠᠭᠲᠠᠮᠠᠯ ᠪᠤᠳᠠᠰ᠂ ᠡᠮᠴᠢᠯᠡᠬᠡᠨ ᠤ ᠬᠠᠶᠠᠭᠲᠠᠮᠠᠯ ᠪᠤᠲᠠᠰ ᠤᠨ ᠲᠦᠭᠰᠢᠬᠦᠷᠢ ᠶᠢ ᠬᠠᠮᠢᠶᠠᠷᠤᠨ ᠡᠵᠡᠮᠲᠡᠬᠦ ᠴᠢᠲᠡᠮᠵᠢ | ᠶᠢ ᠴᠢᠩᠭᠠᠳᠬᠠᠨ᠂ ᠮᠠᠯᠵᠢᠬᠤ ᠤᠷᠤᠨ ᠤ ᠢᠯᠡ ᠪᠤᠬᠢᠷᠲᠤᠯ ᠢ ᠶᠡᠬᠡᠪᠡᠷ ᠵᠠᠰᠠᠨ ᠴᠡᠭᠴᠡᠯᠡᠨ᠎ᠠ᠃ ᠲᠥᠪ ᠤᠨ ᠤᠷᠴᠢᠨ | ᠲᠤᠭᠤᠷᠢᠨ ᠤ ᠱᠠᠭᠠᠷᠳᠠᠨ ᠪᠠᠶᠢᠴᠠᠭᠠᠯᠲᠠ ᠶᠢᠨ ︽ᠡᠷᠬᠢᠵᠦ ᠬᠠᠷᠠᠬᠤ︾ ᠵᠢᠴᠢ ᠲᠠᠯ᠎ᠠ ᠨᠤᠲᠤᠭ ᠤᠨ ᠠᠮᠢ ᠠᠬᠤᠢ ᠶᠢᠨ | ᠤᠷᠴᠢᠨ ᠲᠤᠭᠤᠷᠢᠨ ᠤ ᠳᠤᠰᠬᠠᠢ ᠲᠥᠷᠥᠯ ᠤᠨ ᠱᠠᠭᠠᠷᠳᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠬᠦ ᠠᠵᠢᠯ ᠢ ᠰᠠᠶᠢᠲᠤᠷ ᠠᠳᠬᠤᠨ᠎ᠠ᠃ | ︵ᠬᠤᠶᠠᠷ︶ ᠴᠢᠨᠠᠷ ᠢ ᠴᠢᠬᠤᠯᠠᠴᠢᠯᠠᠨ᠂ ᠦᠷ᠎ᠡ ᠠᠰᠢᠭ ᠢ ᠨᠡᠮᠡᠭᠳᠡᠭᠦᠯᠵᠦ᠂ ᠭᠤᠷᠪᠠᠨ ᠠᠵᠤ ᠤᠶᠢᠯᠡᠰ ᠤᠨ | ᠬᠦᠭᠵᠢᠯᠲᠠ ᠶᠢᠨ ᠲᠦᠪᠰᠢᠨ ᠢ ᠲᠡᠬᠡᠭᠰᠢᠯᠡᠬᠦᠯᠤᠨ᠎ᠠ᠃ | ᠮᠠᠯ ᠠᠵᠤ ᠠᠬᠤᠢ ᠶᠢᠨ ᠴᠢᠨᠠᠷ ᠢ ᠲᠡᠬᠡᠭᠰᠢᠯᠡᠬᠦᠯᠤᠨ᠂ ᠦᠷ᠎ᠡ ᠠᠰᠢᠭ ᠢ ᠨᠡᠮᠡᠭᠲᠡᠬᠦᠯᠬᠦ ᠶᠢ ᠲᠦᠯᠬᠢᠨ | ᠠᠬᠢᠭᠤᠯᠤᠨ᠎ᠠ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠤᠴᠠ ᠶᠢᠨ ᠴᠢᠨᠠᠷᠲᠠᠢ ᠦᠬᠡᠷᠡᠴᠢᠯᠡᠯᠲᠠ | ᠶᠢ ᠭᠦᠨᠵᠡᠭᠡᠶᠢᠷᠡᠭᠦᠯᠵᠦ᠂ ︽ᠬᠤᠨᠢ ᠶᠢ ᠴᠦᠬᠡᠴᠢᠯᠡᠨ᠂ ᠦᠬᠡᠷ ᠢ ᠨᠡᠮᠡᠭᠲᠡᠬᠦᠯᠬᠦ᠂ ᠴᠢᠨᠠᠷ ᠢ ᠲᠡᠬᠡᠭᠰᠢᠯᠡᠬᠦᠯᠤᠨ | ᠤᠷᠤᠯᠭ᠎ᠠ ᠶᠢ ᠨᠡᠮᠡᠭᠲᠡᠬᠦᠯᠬᠦ︾ ᠪᠠᠶᠢᠯᠲᠤᠬᠤ ᠪᠤᠲᠤᠯᠭ᠎ᠠ ᠶᠢ ᠠᠬᠢᠭᠤᠯᠵᠤ᠂ ᠥᠨᠳᠥᠷ ᠦᠷ᠎ᠡ ᠠᠰᠢᠭᠲᠤ ᠠᠮᠢ ᠠᠬᠤᠢ | ᠶᠢᠨ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ ᠬᠥᠭᠵᠢᠭᠦᠯᠬᠦ ᠳᠤ ᠭᠤᠤᠯ ᠰᠢᠪᠲᠤᠯᠤᠯᠲᠠ | ᠬᠢᠨ᠎ᠡ᠃ ︽ᠬᠤᠶᠠᠷ ᠲᠤᠭᠤᠷᠢᠭ ᠬᠤᠶᠠᠷ ᠪᠥᠰᠡ︾ ᠰᠢᠯᠢᠳᠡᠭ ᠡᠭᠦᠯᠳᠡᠷ ᠤᠨ ᠮᠢᠬᠠᠨ ᠤ ᠦᠬᠡᠷ ᠪᠠ ᠴᠠᠬᠠᠷ ᠬᠤᠨᠢ | ᠶᠢ ᠲᠡᠵᠢᠭᠡᠨ ᠦᠷᠡᠵᠢᠭᠦᠯᠬᠦ ᠲᠤᠭᠤᠷᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠷ᠎ᠡ ᠶᠢᠨ ᠮᠠᠯ ᠤᠨ | ᠲᠠᠯᠠᠪᠠᠢ᠂ ᠭᠤᠤᠯᠳᠠᠯᠭᠠᠲᠤ ᠰᠦᠷᠦᠭ᠂ ᠭᠡᠷ ᠪᠥᠯᠢ ᠶᠢᠨ ᠮᠠᠯᠵᠢᠯ ᠤᠨ ᠲᠠᠯᠠᠪᠠᠢ᠂ ᠬᠤᠷᠰᠢᠶᠠᠵᠢᠯ ᠤᠨ ᠪᠠᠶᠢᠭᠤᠯᠤᠯᠲᠠ | ᠶᠢ ᠭᠤᠤᠯᠳᠠᠯᠭᠠᠲᠠᠢ ᠠᠳᠬᠤᠵᠤ᠂ ᠴᠡᠪᠡᠷ ᠡᠭᠦᠯᠳᠡᠷ ᠤᠨ ᠮᠠᠯ ᠢ ᠲᠡᠵᠢᠭᠡᠨ ᠦᠷᠡᠵᠢᠭᠦᠯᠬᠦ ᠪᠠ ᠰᠢᠯᠢᠳᠡᠭ ᠡᠭᠦᠯᠳᠡᠷ | ᠤᠨ ᠮᠠᠯ ᠢ ᠪᠤᠶᠢᠵᠢᠭᠤᠯᠬᠤ ᠠᠵᠢᠯ ᠢ ᠬᠦᠴᠦᠲᠠᠢ ᠠᠳᠬᠤᠨ᠂ ᠮᠠᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠥᠷᠭᠡᠳᠬᠡᠬᠦ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠡᠰᠢ ᠬᠤᠪᠢᠷᠠᠭᠤᠯᠤᠨ᠎ᠠ᠃ ᠰᠢᠯᠢᠳᠡᠭ ᠡᠭᠦᠯᠳᠡᠷ ᠤᠨ ᠮᠢᠬᠠᠨ ᠤ | ᠦᠬᠡᠷ ᠢ ᠤᠷᠤᠭᠤᠯᠬᠤ ᠪᠠ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠭᠤᠤᠯᠳᠠᠯᠭ᠎ᠠ ᠲᠠᠢ ᠠᠳᠬᠤᠨ᠂ | ᠰᠢᠯᠢᠳᠡᠭ ᠡᠭᠦᠯᠳᠡᠷ ᠤᠨ ᠮᠢᠬᠠᠨ ᠤ ᠦᠬᠡᠷ ᠢ1000 ᠶᠢ ᠤᠷᠤᠭᠤᠯᠬᠤ ᠪᠠᠷ ᠲᠥᠯᠥᠪᠯᠡᠵᠦ᠂ ᠲᠦᠮᠠᠨ ᠲᠤᠯᠤᠭᠠᠢ | ᠦᠬᠡᠷ ᠲᠤ ᠢᠴᠡᠬᠡᠯ ᠦᠷ᠎ᠡ ᠶᠢᠨ ᠬᠡᠬᠡᠯᠲᠤᠯᠬᠡ ᠬᠢᠵᠤ᠂ ᠡᠬᠦᠯᠲᠡᠷ ᠰᠠᠶᠢᠵᠢᠷᠠᠭᠤᠯᠤᠭᠰᠠᠨ ᠨᠤᠷᠮ᠎ᠠ ᠪᠠ ᠦᠷᠡᠵᠢᠯᠲᠡ | ᠪᠤᠶᠢᠵᠢᠯᠲᠠ ᠶᠢᠨ ᠨᠤᠷᠮ᠎ᠠ ᠶᠢ ᠲᠤᠰᠪᠥᠷᠢ 85% ᠪᠠ 80% ᠳᠤ ᠬᠦᠷᠭᠡᠵᠦ᠂ ᠡᠪᠦᠯᠵᠢᠬᠦ ᠰᠢᠯᠢᠳᠡᠭ ᠡᠭᠦᠯᠳᠡᠷ ᠤᠨ | ᠮᠢᠬᠠᠨ ᠤ ᠦᠬᠡᠷ ᠢ 3 ᠲᠥᠮᠡ ᠠᠴᠠ ᠳᠡᠭᠡᠭᠰᠢ ᠳᠤ ᠬᠦᠷᠭᠡᠨ᠎ᠡ᠃ ᠰᠠᠭᠠᠯᠢ ᠶᠢᠨ ᠥᠨᠢᠶ᠎ᠡ ᠠᠷᠠᠴᠢᠯᠠᠨ ᠮᠠᠯᠵᠢᠬᠤ | ᠲᠤᠭᠤᠷᠢᠭ ᠢ ᠥᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠂ ᠰᠠᠭᠠᠯᠢ ᠶᠢᠨ ᠥᠨᠢᠶ᠎ᠡ ᠠᠷᠠᠴᠢᠯᠠᠨ | ᠮᠠᠯᠵᠢᠬᠤ ᠡᠷᠦᠬᠡ ᠶᠢ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ ᠶᠢ ᠨᠢᠭᠡ ᠴᠤᠭᠴᠠᠵᠢᠭᠤᠯᠤᠨ | ᠪᠠᠷᠢᠮᠵᠢᠶᠠᠵᠢᠭᠰᠠᠨ ᠲᠡᠰᠢ ᠬᠦᠭᠵᠢᠭᠦᠯᠬᠦ ᠶᠢ ᠳᠠᠶᠢᠴᠢᠯᠠᠨ᠎ᠠ᠃ ᠴᠠᠬᠠᠷ ᠬᠤᠨᠢ ᠶᠢ ᠠᠷᠠᠴᠢᠯᠠᠨ ᠲᠡᠵᠢᠭᠡᠬᠦ ᠬᠡᠪᠴᠢᠶ᠎ᠡ ᠶᠢ | ᠥᠷᠭᠡᠳᠬᠡᠵᠦ᠂ ᠴᠠᠬᠠᠷ ᠬᠤᠨᠢᠨ ᠤ ᠤᠤᠯ ᠤᠨ ᠦᠷ᠎ᠡ ᠶᠢᠨ ᠮᠠᠯ ᠤᠨ ᠲᠠᠯᠠᠪᠠᠢ ᠶᠢ ᠳᠡᠰ ᠳᠡᠪᠰᠢᠭᠦᠯᠬᠦ ᠶᠢ ᠰᠠᠶᠢᠲᠤᠷ | ᠠᠳᠬᠤᠨ᠂ ᠡᠪᠦᠯᠵᠢᠬᠦ ᠴᠠᠬᠠᠷ ᠬᠤᠨᠢ ᠶᠢ 20 ᠲᠦᠮᠡ ᠳᠤ ᠬᠦᠷᠭᠡᠨ᠎ᠡ᠃ ᠮᠢᠬᠠᠨ ᠤ ᠬᠤᠨᠢ ᠶᠢ ᠠᠷᠠᠴᠢᠯᠠᠨ | ᠮᠠᠯᠵᠢᠬᠤ ᠳᠤ ᠲᠥᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠨᠥᠬᠦᠪᠦᠷᠢ ᠤᠯᠭᠤᠬᠤ ᠳᠤᠷᠰᠢᠯᠲᠠ ᠶᠢᠨ | ᠴᠢᠭ ᠤᠨ ᠠᠵᠢᠯ ᠢ ᠢᠳᠡᠪᠬᠢᠲᠠᠢ ᠠᠬᠢᠭᠤᠯᠤᠨ᠎ᠠ᠃ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠪᠠᠷ | ᠳᠠᠮᠵᠢᠨ ᠤᠷᠢᠳᠴᠢᠯᠠᠨ ᠵᠠᠷᠤᠴᠠᠭᠤᠯᠬᠤ ᠠᠵᠢᠯ ᠢ ᠠᠬᠢᠭᠤᠯᠤᠨ᠂ ᠬᠤᠶᠠᠷ ᠤᠯᠠᠷᠢᠯ ᠳᠤ ᠵᠠᠷᠤᠴᠠᠭᠤᠯᠬᠤ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠦᠬᠡᠷ ᠬᠤᠨᠢᠨ ᠤ ᠮᠢᠬ᠎ᠠ ᠶᠢ | ᠨᠠᠷᠢᠯᠢᠭᠵᠢᠭᠤᠯᠤᠨ ᠰᠠᠯᠭᠠᠬᠤ ᠶᠢ ᠠᠬᠢᠭᠤᠯᠤᠨ᠂ ᠬᠦᠯᠳᠡᠭᠡᠨ ᠬᠠᠳᠠᠭᠠᠯᠠᠭᠰᠠᠨ ᠰᠢᠨ᠎ᠡ ᠰᠤᠷᠭᠤᠭ ᠮᠢᠬᠠᠨ ᠤ ᠵᠠᠬ᠎ᠠ | ᠳᠡᠯᠭᠡᠭᠦᠷ ᠢ ᠢᠳᠡᠪᠬᠢᠲᠠᠢ ᠬᠥᠭᠵᠢᠭᠦᠯᠵᠦ᠂ ᠪᠤᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠤᠷᠤᠭᠤᠯᠤᠨ᠂ ᠲᠤᠮᠤ | ᠳᠤᠮᠳᠠ ᠬᠤᠲᠠ ᠶᠢᠨ ᠰᠢᠭᠤᠳ ᠪᠤᠷᠤᠯᠠᠭᠤᠯᠬᠤ ᠳᠡᠯᠭᠡᠭᠦᠷ ᠬᠤᠳᠠᠯᠳᠤᠭ᠎ᠠ ᠪᠠ ᠡᠯᠧᠺᠲᠷᠤᠨ ᠬᠤᠳᠠᠯᠳᠤᠭᠠᠨ ᠤ | ᠳᠠᠪᠴᠠᠩ ᠵᠡᠷᠭᠡ ᠡᠵᠡᠩᠨᠡᠨ ᠪᠤᠷᠤᠯᠠᠭᠤᠯᠬᠤ ᠲᠤᠤᠷ ᠰᠦᠯᠵᠢᠶ᠎ᠡ ᠶᠢ ᠠᠰᠢᠭᠯᠠᠨ᠂ ᠵᠠᠬ᠎ᠠ ᠳᠡᠯᠭᠡᠭᠦᠷ ᠤᠨ ᠡᠵᠡᠯᠡᠬᠦ | ᠬᠤᠪᠢ ᠶᠢᠨ ᠵᠢᠩ ᠢ ᠨᠡᠮᠡᠭᠳᠡᠭᠦᠯᠵᠦ᠂ ︽ᠰᠢᠯᠢ ᠶᠢᠨ ᠭᠤᠤᠯ ᠤᠨ ᠴᠠᠬᠠᠷ ᠬᠤᠨᠢᠨ ᠤ ᠮᠢᠬ᠎ᠠ︾ ᠶᠢᠨ ᠨᠡᠷᠠᠲ᠋ᠡᠮᠳᠡᠭ | ᠤᠨ ᠠᠯᠳᠠᠷᠰᠢᠯ ᠢᠶᠠᠨ ᠲᠡᠬᠡᠭᠰᠢᠯᠡᠬᠦᠯᠤᠨ᠎ᠠ᠃ | ᠠᠵᠤ ᠤᠶᠢᠯᠡᠳᠪᠤᠷᠢ ᠶᠢᠨ ᠰᠢᠯᠢᠲᠡᠭᠵᠢᠨ ᠲᠡᠰ ᠲᠠᠪᠰᠢᠬᠦ ᠶᠢ ᠲᠦᠯᠬᠢᠨ ᠠᠬᠢᠭᠤᠯᠤᠨ᠎ᠠ᠃ ᠱᠧᠨ ᠨᠧᠩ᠂ ᠳ᠋ᠠ ᠲᠠᠩ᠂ | ᠱᠧᠩ ᠱᠢ᠂ ᠰᠢᠶᠧ ᠰᠢᠨ ᠦᠨᠲᠤᠷ ᠬᠦᠴᠦᠳᠡᠯᠲᠦ ᠢᠵᠢ ᠪᠦᠷᠢᠲᠦᠭᠰᠡᠨ 80 ᠲᠦᠮᠠᠨ ᠺᠢᠯᠤᠸᠠᠲ ᠤᠨ ᠰᠠᠯᠬᠢᠨ | ᠬᠦᠴᠤᠨ ᠢᠶᠠᠷ ᠴᠠᠬᠢᠯᠭᠠᠨ ᠭᠠᠷᠭᠠᠬᠤ ᠲᠦᠷᠤᠯ ᠵᠤᠶᠢᠯ ᠪᠠ ᠡᠷᠢᠶᠡᠨ ᠤ ᠪᠢᠴᠢᠯ ᠴᠠᠬᠢᠯᠭᠠᠨ ᠲᠤᠤᠷ ᠤᠨ ᠲᠥᠷᠥᠯ | ᠵᠦᠢᠯ ᠢ ᠦᠷᠭᠦᠯᠵᠢᠯᠡᠨ ᠠᠬᠢᠭᠤᠯᠵᠤ᠂ 220 ᠺᠢᠯᠤᠸᠤᠯᠲ ᠤᠨ ᠴᠠᠬᠢᠯᠭᠠᠨ ᠬᠦᠴᠤᠲᠠᠯ ᠬᠤᠪᠢᠰᠬᠠᠬᠤ ᠥᠷᠲᠡᠭᠡ ᠶᠢ | ᠪᠠᠶᠢᠭᠤᠯᠤᠨ᠂ ᠵᠠᠭᠤᠨ ᠲᠥᠮᠡᠨ ᠺᠢᠯᠤᠸᠠᠲ ᠤᠨ ᠴᠡᠪᠡᠷ ᠡᠨᠧᠷᠬᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠮᠧᠩ | ᠶᠢᠨ ᠠᠭᠤᠷᠬᠠᠢ ᠶᠢᠨ ᠨᠢᠤᠪᠢ ᠲᠠᠨᠲ᠋ᠠᠯ ᠤᠨ ᠠᠭᠤᠷᠬᠠᠢ ᠶᠢ ᠰᠢᠯᠢᠨ ᠰᠤᠩᠭᠤᠬᠤ ᠪᠠ ᠨᠡᠬᠦᠷᠡᠰᠤ ᠬᠦᠴᠢᠯ ᠤᠨ ᠯᠢᠲ᠂ | ᠯᠢᠲᠲᠤ ᠳ᠋ᠢᠶᠠᠨ ᠣᠣᠢ ᠢ ᠨᠠᠷᠢᠯᠢᠭ ᠪᠤᠯᠪᠠᠰᠤᠷᠠᠭᠤᠯᠬᠤ ᠲᠦᠷᠤᠯ ᠵᠤᠶᠢᠯ ᠢ ᠲᠦᠯᠬᠢᠨ ᠠᠬᠢᠭᠤᠯᠵᠤ᠂ ᠨᠢᠤᠪᠢ᠂ ᠲᠠᠨᠲ᠋ᠠᠯ | ᠂ ᠸᠤᠯᠹᠷᠠᠮ ᠪᠢᠰᠮᠦ᠋ᠲ ᠵᠡᠷᠬᠡ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠢ ᠢᠲᠡᠪᠬᠢᠲᠠᠢ | ᠬᠦᠭᠵᠢᠬᠦᠯᠤᠨ᠎ᠠ᠃ ᠨᠡᠭᠦᠷᠡᠰᠦᠨ ᠤ ᠦᠢᠯᠡᠳᠪᠦᠷᠢᠯᠡᠬᠦ ᠴᠢᠳᠠᠪᠬᠢ ᠶᠢ ᠳᠤᠭᠲᠠᠪᠤᠷᠢᠵᠢᠭᠤᠯᠤᠨ᠂ ᠥᠨᠳᠥᠷ ᠨᠡᠮᠡᠯᠲᠡ | ᠥᠷᠲᠡᠭᠲᠦ ᠪᠥᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶᠡᠰᠦ ᠶᠢ ᠤᠯᠠᠮ ᠤᠷᠳᠤᠳᠬᠠᠨ᠂ | ᠡᠬᠢ ᠪᠠᠶᠠᠯᠢᠭ ᠢ ᠳᠤᠬᠠᠢ ᠶᠢᠨ ᠭᠠᠵᠠᠷ ᠲᠤ ᠪᠠᠨ ᠡᠳ᠋ᠰᠢᠭᠦᠯᠦᠨ ᠤᠯᠠᠷᠢᠭᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ | ᠴᠢᠯᠠᠭᠤᠨ ᠲᠤᠰᠤᠨ ᠤ ᠠᠵᠤ ᠤᠶᠢᠯᠡᠰ ᠤᠨ ᠠᠶᠤᠯᠬᠦᠢ ᠤᠶᠢᠯᠡᠳᠪᠤᠷᠢᠯᠡᠯ ᠤᠨ ᠵᠥᠪᠰᠢᠶᠡᠷᠡᠯ ᠤᠨ ᠭᠠᠷᠲᠠᠮ ᠢ | ᠬᠦᠢᠴᠡᠳᠬᠡᠵᠤ᠂ ᠴᠢᠯᠠᠭᠤᠨ ᠲᠤᠰᠤᠨ ᠤ ᠠᠵᠤ ᠠᠬᠤᠶᠢᠯᠠᠯ ᠤᠨ ᠲᠤᠭᠲᠠᠭᠤᠨ ᠢᠶᠠᠷ ᠤᠶᠢᠯᠡᠳᠪᠤᠷᠢᠯᠡᠬᠦ ᠶᠢ | ᠪᠠᠲᠤᠯᠠᠨ᠎ᠠ᠃ ᠴᠢᠯᠠᠭᠤᠨ ᠳᠤᠰᠤᠨ ᠤ ᠠᠵᠤ ᠠᠬᠤᠶᠢᠯᠠᠯ ᠤᠨ ᠰᠢᠨ᠎ᠡ ᠮᠡᠷᠭᠡᠵᠢᠯ ᠢ ᠤᠷᠢᠨ ᠤᠷᠤᠭᠤᠯᠬᠤ ᠶᠢ | ᠵᠤᠷᠢᠭᠵᠢᠭᠤᠯᠤᠨ᠂ ᠬᠡᠲᠤ ᠨᠢᠮᠬᠡᠨ ᠬᠠᠪᠲᠠᠰᠤ᠂ ᠨᠡᠶᠢᠯᠡᠮᠠᠯ ᠬᠠᠪᠲᠡᠰᠤ ᠂ ᠴᠠᠬᠢᠯᠭᠠᠨ ᠢᠶᠠᠷ ᠵᠠᠳᠠᠯᠬᠤ ᠬᠠᠪᠲᠠᠰᠤ ᠪᠠ | ᠰᠠᠶᠢᠯᠦᠮᠡᠯ ᠭᠠᠷ ᠤᠷᠠᠯᠠᠯ ᠵᠡᠷᠭᠡ ᠰᠢᠨ᠎ᠡ ᠪᠥᠲᠦᠭᠡᠭᠳᠡᠭᠦᠨ ᠢ ᠲᠥᠭᠡᠮᠡᠯᠵᠢᠭᠦᠯᠵᠦ᠂ ᠴᠢᠯᠠᠭᠤᠨ ᠮᠠᠲ᠋ᠧᠷᠢᠶᠠᠯ ᠤᠨ ᠠᠵᠤ | ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠴᠢᠯᠠᠭᠤᠨ ᠮᠠᠲ᠋ᠧᠷᠢᠶᠠᠯ ᠤᠨ ᠪᠥᠲᠦᠭᠡᠭᠳᠡᠭᠦᠨ ᠢ | ᠪᠤᠷᠤᠯᠠᠭᠤᠯᠬᠤ ᠠᠷᠭ᠎ᠠ ᠵᠠᠮ ᠢ ᠥᠷᠭᠡᠳᠬᠡᠵᠦ᠂ ︽ᠳᠤᠮᠳᠠᠳᠤ ᠤᠯᠤᠰ ᠤᠨ ᠤᠮᠠᠷᠠᠲᠤ ᠶᠢᠨ ᠴᠢᠯᠠᠭᠤᠨ ᠮᠠᠲ᠋ᠧᠷᠢᠶᠠᠯ | ᠤᠨ ᠥᠯᠦᠭᠡᠢ︾ ᠶᠢᠨ ᠨᠡᠷ᠎ᠠ ᠲᠡᠮᠳᠡᠭ ᠤᠨ ᠦᠢᠯᠡᠳᠦᠯ ᠢ ᠪᠠᠳᠠᠷᠠᠭᠤᠯᠤᠨ᠎ᠠ᠃ ᠵᠢᠯ ᠤᠨ ᠲᠤᠲᠤᠷ᠎ᠠ 40 ᠲᠦᠮᠠᠨ | ᠲᠤᠨ ᠴᠢᠯᠠᠭᠤᠨ ᠮᠡᠲ᠋ᠧᠷᠢᠶᠠᠯ ᠤᠨ ᠦᠬᠡᠲᠡᠰᠤ ᠶᠢ ᠰᠢᠢᠳᠪᠦᠷᠢᠯᠡᠬᠦ ᠪᠠ ᠪᠤᠬᠢᠷᠲᠤᠯ ᠦᠬᠡᠢ ᠲᠤᠭᠤᠰᠬ᠎ᠠ ᠬᠢᠬᠦ ᠲᠦᠷᠤᠯ | ᠵᠤᠶᠢᠯ ᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ | ᠠᠵᠤ ᠦᠢᠯᠡᠰ ᠤᠨ ᠲᠥᠷᠦ ᠶᠢᠨ ᠪᠤᠳᠤᠯᠭ᠎ᠠ ᠪᠠ ᠠᠮᠢ ᠠᠬᠤᠢ ᠶᠢ ᠬᠠᠮᠠᠭᠠᠯᠠᠬᠤ ᠱᠠᠭᠠᠷᠳᠠᠯᠭ᠎ᠠ ᠶᠢ ᠦᠨᠳᠦᠰᠦᠯᠡᠨ᠂ | ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠢ ᠥᠭᠡᠷᠡᠴᠢᠯᠡᠬᠦ ᠠᠵᠢᠯ ᠢ ᠰᠠᠶᠢᠲᠤᠷ ᠠᠳᠬᠤᠵᠤ᠂ | ᠬᠤᠩ ᠯᠦᠩ ᠲᠡᠮᠦᠷᠯᠢᠭ ᠪᠤᠯᠪᠠᠰᠤᠷᠠᠭᠤᠯᠬᠤ ᠺᠤᠮᠫᠠᠨᠢ ᠶᠢᠨ ᠵᠢᠯ ᠳᠤ 80 ᠲᠥᠮᠡᠨ ᠲᠤᠨ ᠴᠢᠳᠬᠤᠮᠠᠯ ᠡᠳ᠋ | ᠦᠢᠯᠡᠳᠪᠦᠷᠢᠯᠡᠬᠦ ᠲᠥᠷᠥᠯ ᠵᠦᠢᠯ ᠢ ᠠᠬᠢᠭᠤᠯᠤᠨ᠎ᠠ᠃ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ | ᠢᠳᠡᠪᠬᠢᠲᠠᠢ ᠬᠥᠭᠵᠢᠭᠦᠯᠵᠦ᠂ ᠦᠬᠡᠬᠦᠵᠢᠯ ᠢ ᠪᠠᠭᠤᠷᠠᠭᠤᠯᠵᠤ ᠡᠯᠢᠭᠡ ᠶᠢ ᠬᠠᠮᠠᠭᠠᠯᠠᠬᠤ ᠴᠠᠢ᠂ ᠥᠨᠳᠥᠷ ᠳᠡᠰ ᠤᠨ | ᠤᠭᠤᠲᠠᠲᠤ ᠴᠠᠢ ᠶᠢᠨ ᠰᠤᠳᠤᠯᠭᠠᠨ ᠤ ᠲᠥᠷᠥᠯ ᠵᠦᠢᠯ ᠢ ᠠᠬᠢᠭᠤᠯᠤᠨ᠎ᠠ᠃ | ᠤᠲᠤᠬᠢᠴᠢᠯᠠᠭᠰᠠᠨ ᠤᠶᠢᠯᠡᠴᠢᠯᠡᠬᠡᠨ ᠤ ᠦᠢᠯᠡᠰ ᠤᠨ ᠤᠯᠠᠨ ᠡᠰᠢᠴᠢᠯᠡᠭᠰᠡᠨ ᠬᠦᠭᠵᠢᠯᠳᠡ ᠶᠢ ᠠᠬᠢᠭᠤᠯᠤᠨ᠎ᠠ᠃ | ᠮᠤᠩᠭᠤᠯ ᠢᠵᠠᠭᠤᠷ ᠰᠤᠶᠤᠯ ᠪᠠ ᠴᠠᠬᠠᠷ ᠰᠤᠶᠤᠯ ᠢ ᠳᠤᠪᠤᠶᠢᠯᠭᠠᠭᠰᠠᠨ ᠰᠤᠶᠤᠯ ᠵᠢᠭᠤᠯᠴᠢᠯᠠᠯ ᠤᠨ ᠦᠢᠯᠡᠰ ᠢ | ᠬᠥᠭᠵᠢᠭᠦᠯᠦᠨ᠎ᠡ᠃ ︽ᠳ᠋ᠤᠺᠲ᠋ᠤᠷ ᠤᠨ ᠥᠯᠦᠭᠡᠢ︾ ᠶᠢᠨ ᠨᠡᠷᠠᠲ᠋ᠡᠮᠳᠡᠭ ᠪᠠ ᠦᠨᠳᠦᠰᠦᠲᠡᠨ ᠤ ᠰᠤᠷᠭᠠᠨ ᠬᠦᠮᠦᠵᠢᠯ | ᠤᠨ ᠳᠠᠪᠠᠭᠤᠯᠢᠭ ᠲᠠᠭᠠᠨ ᠳᠦᠰᠢᠭᠯᠡᠨ᠂ ᠵᠤᠰᠠᠯᠠᠩ ᠢᠶᠠᠷ ᠭᠤᠤᠯ ᠪᠤᠯᠭᠠᠭᠰᠠᠨ ᠤᠨᠴᠠᠯᠢᠭᠲᠤ ᠵᠢᠭᠤᠯᠴᠢᠯᠠᠯ ᠪᠠ ︽ | ᠮᠠᠯᠴᠢᠨ ᠠᠶᠢᠯ︾ ᠵᠢᠭᠤᠯᠴᠢᠯᠠᠯ ᠤᠨ ᠴᠢᠭ ᠢᠶᠠᠷ ᠭᠤᠤᠯ ᠪᠤᠯᠭᠠᠭᠰᠠᠨ ᠦᠨᠳᠦᠰᠦᠲᠡᠨ ᠤ ᠵᠠᠩ ᠦᠢᠯᠡ ᠶᠢᠨ ᠰᠤᠶᠤᠯ | ᠵᠢᠭᠤᠯᠴᠢᠯᠠᠯ ᠢ ᠬᠥᠭᠵᠢᠭᠦᠯᠵᠦ᠂ ᠬᠤᠪᠢᠰᠬᠠᠯᠲᠤ ᠬᠠᠭᠤᠴᠢᠨ ᠤᠷᠤᠨ ᠢᠶᠠᠷ ᠡᠷᠡᠮᠡᠯᠵᠡᠯᠡᠨ ᠮᠡᠳᠡᠭᠦᠯᠵᠦ᠂ | ᠬᠤᠪᠢᠰᠬᠠᠯᠲᠤ ᠰᠤᠶᠤᠯ ᠵᠢᠭᠤᠯᠴᠢᠯᠠᠯ ᠤᠨ ᠴᠢᠭ ᠢ ᠪᠠᠶᠢᠭᠤᠯᠤᠨ᠂ ᠰᠤᠶᠤᠯ ᠰᠤᠷᠭᠠᠨ ᠬᠦᠮᠦᠵᠢᠯ ᠢ ᠵᠢᠭᠤᠯᠴᠢᠯᠠᠯ ᠤᠨ | ᠦᠢᠯᠡᠰ ᠯᠦᠭᠡ ᠵᠤᠬᠢᠴᠠᠭᠤᠯᠤᠨ ᠬᠥᠭᠵᠢᠭᠦᠯᠦᠨ᠎ᠡ᠃ ᠥᠷᠲᠡᠭᠡᠨ ᠰᠤᠶᠤᠯ ᠢᠶᠠᠷ ᠭᠤᠤᠯ ᠪᠤᠯᠭᠠᠭᠰᠠᠨ ᠬᠠᠪᠤᠷ ᠤᠨ | ᠤᠯᠠᠷᠢᠯ ᠤᠨ ᠪᠡᠶ᠎ᠡ ᠴᠢᠬᠢᠷᠠᠭᠵᠢᠭᠤᠯᠬᠤ ᠨᠠᠶᠢᠷ᠂ ᠠᠷᠪᠠᠨ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ | ᠬᠤᠷᠠᠯ ᠵᠢᠴᠢ ᠲᠠᠯ᠎ᠠ ᠨᠤᠲᠤᠭ ᠤᠨ ᠠᠰᠤᠷᠤ ᠠᠶᠠᠯᠭᠤ ᠶᠢᠨ ᠤᠷᠠᠯᠢᠭ ᠤᠨ ᠨᠠᠶᠢᠷ᠂ ᠠᠯᠲᠠᠨ ᠨᠠᠮᠤᠷ ᠲᠠᠯ᠎ᠠ ᠨᠤᠲᠤᠭ | ᠤᠨ ᠡᠯᠪᠡᠭ ᠬᠤᠷᠢᠶᠠᠯᠲᠠ ᠶᠢᠨ ᠨᠠᠶᠢᠷ᠂ ᠡᠪᠦᠯ ᠤᠨ ᠤᠯᠠᠷᠢᠯ ᠤᠨ ᠴᠠᠭᠠᠨ ᠰᠦᠯᠳᠡ ᠶᠢᠨ ᠨᠠᠶᠢᠷ ᠢ ᠡᠷᠬᠢᠯᠡᠨ | ᠶᠠᠪᠤᠭᠳᠠᠭᠤᠯᠵᠤ᠂ ︽ᠳᠥᠷᠪᠡᠨᠤᠯᠠᠷᠢᠯ ᠤᠨᠨᠠᠶᠢᠷ︾ ᠤᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠴᠠᠬᠠᠷ ᠮᠦᠽᠸᠢ᠂ | ᠠᠰᠤᠷᠤ ᠠᠶᠠᠯᠭᠤ ᠶᠢᠨ ᠠᠮᠢ ᠠᠬᠤᠢ ᠶᠢᠨ ᠬᠦᠷᠢᠶᠡᠯᠡᠩ᠂ ᠰᠤᠷᠤᠨ᠎ᠠ ᠵᠤᠰᠠᠯᠠᠩ᠂ ᠬᠠᠶ᠋ᠢᠩᠬᠢᠷᠸ᠎ᠠ ᠵᠡᠷᠭᠡ ᠦᠵᠡᠮᠵᠢ | ᠶᠢᠨ ᠤᠷᠤᠨ ᠤ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠵᠠᠰᠠᠮᠠᠯ ᠵᠠᠮ᠂ ᠵᠤᠷᠯᠤᠩ᠂ ᠥᠷᠲᠡᠭᠡ᠂ | ᠬᠤᠳᠠᠯᠳᠤᠭᠠᠨ ᠤ ᠶᠠᠪᠤᠳᠠᠯ ᠤᠨ ᠲᠥᠪ ᠵᠡᠷᠭᠡ ᠢᠵᠢ ᠪᠥᠷᠢᠳᠦᠭᠰᠡᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ | ᠂ ᠵᠢᠭᠤᠯᠴᠢᠯᠠᠯ ᠤᠨ ᠨᠡᠪᠲᠡᠷᠡᠯᠴᠡᠭᠡ ᠶᠢᠨ ᠴᠢᠳᠠᠪᠬᠢ ᠪᠠ ᠵᠤᠭᠠᠴᠠᠭᠰᠠᠳ ᠢ ᠬᠦᠯᠢᠶᠡᠨ ᠵᠤᠴᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠷᠡᠲᠦ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ | ᠂ ᠰᠤᠶᠤᠯ ᠵᠢᠭᠤᠯᠴᠢᠯᠠᠯ ᠤᠨ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠦᠨ᠂ ︽ᠲᠤᠷᠭᠠᠨ ᠨᠤᠲᠤᠭ | ᠬᠦᠪᠡᠭᠡᠳᠦ ᠰᠢᠷ᠎ᠠ᠂ ᠠᠰᠤᠷᠤ ᠠᠶᠠᠯᠭᠤ ᠶᠢᠨ ᠦᠯᠤᠬᠡᠢ︾ ᠰᠤᠶᠤᠯ ᠵᠢᠭᠤᠯᠴᠢᠯᠠᠯ ᠤᠨ ᠨᠡᠷ᠎ᠡ ᠲᠡᠮᠳᠡᠭ ᠢ ᠡᠬᠦᠲᠤᠨ᠎ᠠ᠃ | ᠪᠦᠭᠡᠮ ᠢᠶᠠᠷ ᠪᠠ ᠵᠢᠵᠢᠭᠯᠡᠨ ᠬᠤᠳᠠᠯᠳᠣᠬᠤ᠂ ᠢᠳᠡᠭᠡᠨ ᠣᠮᠳᠠᠭᠠᠨ᠂ ᠪᠠᠭᠤᠳᠠᠯ᠂ ᠮᠠᠰᠢᠨ ᠲᠡᠷᠭᠡ ᠰᠡᠯᠪᠢᠨ ᠵᠠᠰᠠᠬᠤ | ᠵᠡᠷᠭᠡ ᠣᠯᠠᠮᠵᠢᠯᠠᠯᠲᠦ ᠦᠢᠯᠡᠴᠢᠯᠡᠭᠡᠨ ᠤ ᠦᠢᠯᠡᠰ ᠤᠨ ᠴᠢᠨᠠᠷᠵᠢᠯ ᠢ ᠳᠡᠭᠡᠭᠰᠢᠯᠡᠭᠦᠯᠦᠨ ᠳᠡᠰ ᠳᠡᠪᠰᠢᠭᠦᠯᠵᠦ᠂ ᠮᠠᠰᠢᠨ | ᠲᠡᠷᠬᠡᠨ ᠤ ᠲᠤᠨᠤᠭ ᠲᠦᠬᠦᠭᠡᠷᠦᠮᠵᠢ ᠶᠢᠨ ᠲᠤᠭᠤᠷᠢᠭ ᠪᠠ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠤᠨ | ᠪᠠᠶᠢᠭᠤᠯᠤᠯᠳᠠ ᠶᠢ ᠠᠬᠢᠭᠤᠯᠤᠨ᠎ᠠ᠃ ᠡᠷᠡᠬᠦᠯᠵᠢᠯ ᠪᠠᠶ᠎ᠠ ᠰᠤᠪᠢᠯᠠᠯᠳᠠ᠂ ᠡᠯᠧᠺᠲᠷᠣᠨ ᠬᠤᠳᠠᠯᠳᠤᠭ᠎ᠠ᠂ ᠮᠦᠩᠭᠦᠨ | ᠭᠦᠢᠯᠭᠡᠭᠡᠨ ᠤ ᠦᠢᠯᠡᠴᠢᠯᠡᠭᠡ᠂ ᠵᠠᠭᠤᠴᠢ ᠯᠠᠪᠯᠠᠭ᠎ᠠ᠂ ᠨᠢᠰᠭᠡᠯ ᠤᠨ ᠪᠤᠯᠪᠠᠰᠣᠷᠠᠯ᠂ ᠶᠠᠰᠣ ᠴᠢᠨᠠᠷ ᠤᠨ ᠪᠠᠶᠢᠴᠠᠭᠠᠯᠲᠠ | ᠵᠡᠷᠭᠡ ᠤᠲᠤᠬᠢᠴᠢᠯᠠᠭᠰᠠᠨ ᠳᠡᠭᠡᠲᠦ ᠳᠡᠰ ᠤᠨ ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ | ︵ ᠭᠤᠷᠪᠠ︶ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠂ ᠡᠮᠬᠢ ᠴᠡᠭᠴᠢ ᠲᠠᠢ ᠠᠬᠢᠭᠤᠯᠵᠤ᠂ | ᠬᠦᠭᠵᠢᠯᠲᠠ ᠶᠢᠨ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠴᠡᠭᠴᠢ ᠲᠠᠢ ᠠᠬᠢᠭᠤᠯᠤᠨ᠎ᠠ᠃ | ᠲᠦᠷᠦᠯ ᠵᠦᠢᠯ ᠢ ᠭᠠᠵᠠᠷ ᠤᠨ ᠲᠡᠰ ᠤᠨ ᠤᠲᠤᠷᠢᠲᠤᠯᠭ᠎ᠠ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠲᠦᠷᠢᠮ | ᠪᠠ ᠪᠠᠶᠢᠩᠭᠤ ᠲᠤᠬᠢᠷᠠᠭᠤᠯᠬᠤ ᠲᠤᠭᠳᠠᠴᠨ ᠶᠢ ᠴᠢᠩᠭ᠎ᠠ ᠨᠠᠶᠢᠳᠠᠪᠤᠷᠢᠵᠢᠭᠤᠯᠤᠨ᠂ ᠡᠮᠤᠨᠡᠬᠢ ᠬᠤᠭᠤᠴᠠᠭᠠᠨ ᠤ ᠭᠠᠷᠲᠠᠮ | ᠢ ᠵᠤᠬᠢᠴᠠᠭᠤᠯᠤᠨ ᠬᠦᠢᠴᠡᠳᠬᠡᠵᠤ᠂ ᠠᠵᠢᠯ ᠡᠬᠢᠯᠡᠭᠦᠯᠬᠦ ᠨᠦᠬᠦᠴᠡᠯ ᠪᠠ ᠪᠠᠳᠤᠯᠠᠭ᠎ᠠ ᠶᠢᠨ ᠨᠦᠬᠦᠴᠡᠯ ᠢ ᠢᠳᠡᠪᠬᠢᠲᠠᠢ | ᠨᠠᠶᠢᠳᠠᠪᠤᠷᠵᠢᠭᠤᠯᠤᠨ᠂ ᠪᠦᠲᠦᠭᠡᠨ ᠪᠠᠶᠢᠭᠤᠯᠤᠯᠲᠠ ᠲᠤᠮᠳᠠ ᠲᠤᠬᠢᠶᠠᠯᠳᠤᠭᠰᠠᠨ ᠪᠤᠳᠠᠳᠠᠢ ᠠᠰᠠᠭᠤᠳᠠᠯ ᠢ ᠬᠠᠪᠰᠤᠷᠤᠨ | ᠰᠢᠢᠳᠪᠦᠷᠢᠯᠡᠵᠤ᠂ ᠠᠵᠢᠯ ᠤᠨ ᠬᠤᠭᠤᠴᠠᠭ᠎ᠠ ᠳᠤᠭᠳᠠᠭᠠᠬᠤ ᠠᠷᠭ᠎ᠠ ᠶᠢ ᠬᠡᠷᠡᠭᠯᠡᠨ᠂ 38 ᠭᠤᠤᠯᠳᠠᠯᠭᠠᠲᠦ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠶᠠᠳᠠᠭᠤ ᠶᠢ ᠲᠡᠳᠬᠦᠬᠦ ᠠᠵᠤ | ᠦᠢᠯᠡᠰ ᠤᠨ ᠲᠤᠭᠤᠷᠢᠭ᠂ ᠵᠢᠷᠦᠬᠡ— ᠬᠦᠪᠡᠭᠡᠲᠦ ᠰᠢᠷ᠎ᠠ — ᠬᠤᠸᠠᠳᠧ ᠬᠦᠷᠬᠦ ᠲᠡᠮᠦᠷ ᠵᠠᠮ ᠵᠡᠷᠭᠡ 6 ᠲᠦᠷᠦᠯ | ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ | ᠨᠢᠰᠭᠡᠯ ᠤᠨ ᠲᠠᠯᠠᠪᠤᠷ ᠤᠨ ᠠᠭᠠᠷ ᠠᠶᠠᠯᠠᠯ ᠨᠡᠪᠲᠡᠷᠡᠬᠦ ᠢ ᠪᠠᠲᠤᠯᠠᠨ᠂ ᠰᠦᠨᠢᠳ ᠪᠠᠷᠠᠭᠤᠨ ᠬᠤᠰᠢᠭᠤᠨ ᠠᠴᠠ | ᠴᠢᠭᠤᠯᠤᠯᠲᠤ ᠬᠠᠭᠠᠯᠭ᠎ᠠ ᠬᠦᠷᠬᠦ ᠦᠨᠳᠤᠷ ᠬᠤᠷᠳᠤᠴᠠᠲᠤ ᠵᠠᠰᠠᠮᠠᠯ ᠵᠠᠮ᠂ ᠮᠤᠵᠢ ᠶᠢᠨ ᠳᠡᠰ ᠤᠨ 313 ᠱᠤᠭᠤᠮ | ᠤᠨ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ ᠳᠤᠲᠠᠭᠳᠠᠯ ᠢᠶᠠᠨ ᠨᠦᠬᠦᠪᠤᠷᠢᠯᠠᠵᠤ᠂ ᠨᠦᠬᠡᠴᠡ | ᠬᠦᠴᠦᠨ ᠢᠶᠠᠨ ᠨᠡᠮᠡᠭᠳᠡᠭᠦᠯᠦᠨ᠂ ᠠᠵᠤ ᠦᠢᠯᠡᠰ ᠤᠨ ᠲᠥᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠨᠠᠷᠢᠯᠢᠭ ᠳᠥᠰᠥᠪᠯᠡᠨ᠂ ᠴᠢᠭᠯᠡᠬᠦᠯᠤᠯᠲᠤ ᠴᠢᠨᠠᠷ ᠲᠠᠢ ᠪᠠᠷ ᠲᠦᠷᠦᠯ ᠵᠦᠢᠯ ᠤᠨ | ᠬᠦᠮᠦᠷᠭᠡ ᠶᠢᠨ ᠪᠠᠶᠢᠭᠤᠯᠤᠯᠲᠠ ᠶᠢ ᠲᠤᠬᠢᠷᠠᠭᠤᠯᠤᠨ ᠲᠡᠭᠦᠯᠳᠡᠷᠵᠢᠭᠦᠯᠦᠨ᠎ᠡ᠃ ᠠᠵᠤ ᠦᠢᠯᠡᠳᠪᠦᠷᠢ ᠶᠢᠨ ᠲᠤᠭᠤᠷᠢᠭ | ᠤᠨ ᠲᠦᠯᠦᠪᠵᠢᠭᠦᠯᠭᠡ ᠶᠢᠨ ᠪᠠᠶᠢᠭᠤᠯᠤᠯᠲᠠ ᠶᠢ ᠠᠳᠬᠤᠵᠤ᠂ ᠦᠪᠡᠷᠲᠡᠭᠡᠨ ᠵᠠᠰᠠᠬᠤ ᠣᠷᠤᠨ ᠤ ᠠᠵᠤ ᠦᠢᠯᠡᠳᠪᠦᠷᠢ | ᠶᠢᠨ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠨᠠᠶᠢᠳᠠᠪᠤᠷᠢᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠯᠠ ᠪᠠᠶᠢᠭ᠎ᠠ ᠭᠠᠵᠠᠷ ᠰᠢᠷᠤᠢ ᠪᠠ | ᠦᠢᠯᠡᠳᠪᠦᠷᠢ ᠶᠢᠨ ᠳᠠᠰᠤᠭ ᠢ ᠳᠦᠷᠢᠮᠵᠢᠭᠦᠯᠦᠨ ᠴᠡᠭᠴᠡᠯᠡᠬᠦ ᠳᠤᠰᠬᠠᠢ ᠠᠵᠢᠯᠯᠠᠭ᠎ᠠ ᠶᠢ ᠥᠷᠨᠢᠭᠦᠯᠦᠨ᠂ ᠦᠬᠦᠰᠢᠷᠡᠮᠡᠯ | ᠠᠵᠤ ᠠᠬᠤᠶᠢᠯᠠᠯ ᠢ ᠪᠥᠬᠦ ᠲᠠᠯ᠎ᠠ ᠪᠠᠷ ᠴᠡᠪᠡᠷᠯᠡᠵᠦ᠂ ᠪᠥᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠦᠯᠡᠳᠡᠭᠡᠭᠰᠡ | ᠭᠠᠵᠠᠷ ᠢ ᠠᠰᠢᠭᠯᠠᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠂ ᠪᠤᠬᠢᠷᠳᠤᠯ ᠦᠭᠡᠢ | ᠡᠷᠭᠢᠯᠲᠡᠲᠦ ᠠᠵᠤ ᠦᠢᠯᠡᠰ ᠤᠨ ᠲᠤᠭᠤᠷᠢᠭ ᠢ ᠪᠠᠶᠢᠭᠤᠯᠤᠨ᠎ᠠ᠃ | ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠴᠢᠨᠠᠷ ᠢ ᠳᠡᠰ | ᠳᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠤ᠂ ︽ᠨᠢᠭᠡ ᠲᠤᠭᠤᠷᠢᠭ ᠬᠤᠶᠠᠷ | ᠪᠦᠰᠡ ᠭᠤᠷᠪᠠᠨ ᠭᠤᠯᠳᠤ ᠲᠠᠪᠤᠨ ᠬᠦᠨᠳᠡᠯᠡᠨ︾ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠤᠰᠤᠭᠠᠷ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠳᠤᠰᠬᠠᠢ ᠲᠥᠯᠥᠪᠵᠢᠭᠦᠯᠭᠡ ᠶᠢ ᠵᠠᠰᠠᠪᠤᠷᠢ ᠤᠷᠤᠭᠤᠯᠤᠨ | ᠨᠠᠶᠢᠷᠠᠭᠤᠯᠵᠤ ᠳᠠᠭᠤᠰᠬᠠᠨ᠂ ᠰᠢᠨᠡᠪᠤᠯᠠᠭ ᠪᠠᠯᠭᠠᠰᠤ ᠶᠢ ᠠᠰᠤᠷᠤ ᠠᠶᠠᠯᠭᠤ ᠶᠢᠨ ᠤᠨᠴᠠᠯᠢᠭᠲᠤ ᠰᠤᠶᠤᠯ ᠤᠨ ᠪᠠᠯᠭᠠᠰᠤ | ᠪᠤᠯᠭᠠᠨ ᠪᠠᠶᠢᠭᠤᠯᠵᠤ᠂ ᠬᠤᠲᠠ ᠶᠢᠨ ᠠᠮᠢᠳᠤᠷᠠᠯ ᠤᠨ ᠳᠡᠰ ᠴᠢᠨᠠᠷ ᠪᠠ ᠶᠡᠷᠦᠩᠬᠡᠶᠢᠯᠡᠭᠰᠡᠨ ᠳᠠᠭᠠᠭᠠᠴᠠ ᠶᠢᠨ | ᠴᠢᠳᠠᠪᠬᠢ ᠶᠢ ᠳᠡᠭᠡᠭᠰᠢᠯᠡᠭᠦᠯᠦᠨ᠎ᠡ᠃ ᠠᠰᠤᠷᠤ ᠠᠶᠠᠯᠭᠤ ᠶᠢᠨ ᠠᠮᠢ ᠠᠬᠤᠢ ᠶᠢᠨ ᠬᠦᠷᠢᠶᠡᠯᠡᠩ ᠪᠠ ᠪᠤᠭᠳᠠ ᠶᠢᠨ | ᠭᠤᠤᠯ ᠬᠡᠤᠬᠡᠳ ᠤᠨ ᠴᠡᠴᠡᠷᠯᠢᠭ ᠲᠤ ᠢᠵᠢ ᠪᠦᠷᠢᠲᠦᠭᠰᠡᠨ ᠵᠠᠮ ᠱᠤᠭᠤᠮ ᠢ ᠰᠢᠨ᠎ᠡ ᠪᠠᠷ ᠪᠠᠶᠢᠭᠤᠯᠤᠨ᠎ᠠ᠃ | ᠪᠠᠷᠢᠮᠵᠢᠶᠠᠲᠦ ᠬᠦᠯ ᠪᠦᠮᠪᠦᠭᠡ ᠶᠢᠨ ᠲᠠᠯᠠᠪᠤᠷ ᠪᠠ ᠵᠡᠭᠦᠨ ᠭᠤᠤᠯ ᠤᠨ ᠦᠵᠡᠮᠵᠢ ᠶᠢᠨ ᠤᠷᠤᠨ ᠤ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠦᠨ᠎ᠡ᠃ ᠰᠢᠨᠡᠪᠤᠯᠠᠭ ᠪᠠᠯᠭᠠᠰᠤᠨ ᠤ ᠤᠰᠤ ᠴᠡᠪᠡᠷᠰᠢᠭᠦᠯᠬᠦ | ᠦᠢᠯᠡᠳᠪᠤᠷᠢ ᠶᠢᠨ ᠤᠰᠤᠨ ᠤ ᠶᠠᠰᠤ ᠴᠢᠨᠠᠷ ᠢ ᠳᠡᠭᠡᠭᠰᠢᠯᠡᠭᠦᠯᠦᠨ ᠦᠭᠡᠷᠡᠴᠢᠯᠡᠬᠦ᠂ ᠪᠤᠯᠤᠩ ᠤᠰᠤᠨ ᠰᠤᠷᠪᠤᠯᠵᠢ | ᠶᠢᠨ ᠬᠤᠳᠳᠤᠭ ᠤᠨ ᠪᠦᠲᠦᠭᠡᠨ ᠪᠠᠶᠢᠭᠤᠯᠤᠯᠲᠠ ᠵᠢᠴᠢ ᠤᠰᠤ ᠳᠠᠮᠵᠢᠭᠤᠯᠬᠤ ᠬᠤᠭᠤᠯᠠᠢ ᠶᠢᠨ ᠲᠤᠤᠷ ᠤᠨ | ᠪᠦᠲᠦᠭᠡᠨ ᠪᠠᠶᠢᠭᠤᠯᠤᠯᠲᠠ᠂ ᠰᠢᠨᠡᠪᠤᠯᠠᠭ ᠪᠠᠯᠭᠠᠰᠤᠨ ᠤ ᠤᠰᠤ ᠬᠠᠩᠭᠠᠯᠭ᠎ᠠ ᠶᠢᠨ ᠬᠤᠭᠤᠯᠠᠢ ᠶᠢᠨ ᠲᠤᠤᠷ ᠢ | ᠥᠭᠡᠷᠡᠴᠢᠯᠡᠨ ᠥᠷᠭᠡᠳᠬᠡᠬᠦ ᠪᠠ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠲᠠᠮᠠᠯ ᠤᠰᠤ ᠶᠢ | ᠭᠠᠳᠠᠭᠰᠢᠯᠠᠭᠤᠯᠬᠤ ᠬᠤᠭᠤᠯᠠᠢ ᠶᠢᠨ ᠪᠥᠲᠦᠭᠡᠨ ᠪᠠᠶᠢᠭᠤᠯᠤᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ | ᠪᠠᠯᠭᠠᠰᠤᠨ ᠤ ᠨᠤᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠨᠦᠬᠦᠵᠦ ᠲᠠᠷᠢᠬᠤ ᠪᠠ ᠠᠷᠠᠴᠢᠯᠠᠵᠤ ᠬᠠᠮᠠᠭᠠᠯᠠᠬᠤ ᠵᠢᠴᠢ | ᠤᠮᠠᠷᠠᠰᠢ ᠤᠷᠤᠵᠤ ᠭᠠᠷᠬᠤ ᠵᠠᠮ ᠤᠨ ᠠᠮᠢ ᠠᠬᠤᠢ ᠶᠢᠨ ᠤᠰᠤᠨ ᠰᠢᠰᠲ᠋ᠧᠮ ᠤᠨ ᠢᠨᠵᠧᠨᠧᠷᠢᠩ ᠢ ᠬᠡᠷᠡᠭᠵᠢᠭᠦᠯᠦᠨ᠎ᠡ᠃ | ᠬᠤᠲᠠ ᠪᠠᠯᠭᠠᠰᠤᠨ ᠤ ᠢᠯᠴᠢ ᠬᠠᠩᠭᠠᠯᠭ᠎ᠠ ᠶᠢᠨ ᠬᠤᠭᠤᠯᠠᠢ ᠶᠢᠨ ᠲᠤᠤᠷ ᠢ ᠥᠭᠡᠷᠡᠴᠢᠯᠡᠨ᠎ᠡ᠃ ᠤᠰᠤ ᠪᠠᠷ | ᠰᠦᠷᠴᠢᠨ ᠤᠭᠢᠶᠠᠬᠤ ᠨᠡᠶᠢᠲᠡ ᠶᠢᠨ ᠵᠤᠷᠯᠤᠩ 10 ᠶᠢ ᠰᠢᠨ᠎ᠡ ᠪᠠᠷ ᠪᠠᠶᠢᠭᠤᠯᠤᠨ᠎ᠠ᠃ 240 ᠡᠷᠤᠬᠡ ᠶᠢᠨ ᠲᠦᠬᠦᠮ | ᠪᠦᠲᠤᠴᠡᠲᠤ ᠤᠷᠤᠨ ᠰᠠᠭᠤᠴᠠ ᠶᠢ ᠦᠬᠡᠷᠡᠴᠢᠯᠡᠨ᠎ᠡ᠃ ᠳᠥᠭᠦᠮ ᠪᠥᠲᠦᠴᠡᠲᠦ ᠭᠡᠷ ᠪᠠᠶᠢᠰᠢᠩ ᠢ ᠦᠭᠡᠷᠡᠴᠢᠯᠡᠬᠦ | ᠰᠠᠭᠤᠷᠢ ᠲᠥᠬᠦᠭᠡᠷᠦᠮᠵᠢ ᠶᠢᠨ ᠢᠵᠢ ᠪᠥᠷᠢᠳᠦᠭᠰᠡᠨ ᠲᠥᠷᠥᠯ ᠵᠦᠢᠯ ᠢ ᠬᠡᠷᠡᠭᠵᠢᠭᠦᠯᠦᠨ᠎ᠡ᠃ ᠭᠡᠷ ᠪᠠᠶᠢᠰᠢᠩ ᠤᠨ | ᠦᠯᠦ ᠬᠦᠳᠡᠯᠬᠦ ᠬᠦᠷᠦᠩᠭᠡ ᠶᠢᠨ ᠦᠨᠡᠮᠯᠡᠯ ᠤᠨ ᠭᠠᠷᠳᠠᠮ ᠢ ᠭᠦᠢᠴᠡᠳᠬᠡᠬᠦ ᠦᠯᠡᠳᠡᠭᠳᠡᠯ ᠠᠰᠠᠭᠤᠳᠠᠯ ᠢ | ᠰᠢᠢᠳᠪᠦᠷᠢᠯᠡᠨ᠎ᠡ᠃ ︽ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠤᠨ︾ ᠤ ᠠᠵᠢᠯᠯᠠᠭ᠎ᠠ ᠶᠢ ᠥᠷᠨᠢᠭᠦᠯᠦᠨ᠂ 1 —2 ᠠᠲᠠᠯ ᠠᠬᠤᠢ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ | ᠲᠤᠭᠤᠷᠢᠭ ᠢ ᠡᠭᠦᠳᠦᠨ ᠪᠠᠶᠢᠭᠤᠯᠤᠨ᠎ᠠ᠃ ᠬᠤᠳᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ | ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠭᠦᠯᠬᠦ ᠲᠦᠯᠦᠪᠵᠢᠭᠦᠯᠭᠡ ᠶᠢ | ᠲᠡᠭᠦᠯᠳᠡᠷᠵᠢᠭᠦᠯᠵᠦ᠂ ᠮᠠᠯᠵᠢᠬᠤ ᠤᠷᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠶᠢ ᠳᠤᠭᠲᠠᠭᠤᠨ | ᠢᠶᠠᠷ ᠠᠬᠢᠭᠤᠯᠤᠨ᠎ᠠ᠃ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ 3.5 | ᠲᠦᠮᠡᠨ ᠳᠡᠭᠰᠢ ᠳᠦᠷᠪᠡᠯᠵᠢᠨ ᠮᠧᠲᠷ ᠪᠠᠷᠢᠮᠵᠢᠶᠠᠵᠢᠭᠰᠠᠨ ᠮᠠᠯ ᠤᠨ ᠳᠤᠯᠠᠭᠠᠨ ᠫᠧᠩ᠂ 0.3 ᠲᠦᠮᠡᠨ ᠳᠡᠰᠢ | ᠳᠦᠷᠪᠡᠯᠵᠢᠨ ᠮᠧᠲᠷ ᠡᠪᠡᠰᠦ ᠨᠦᠭᠡᠴᠢᠯᠡᠬᠦ ᠫᠧᠩ ᠢ ᠪᠠᠶᠢᠭᠤᠯᠤᠨ᠎ᠠ᠃ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢ | 100 ᠲᠦᠮᠡᠨ ᠮᠤ᠋ ᠠᠴᠠ ᠳᠡᠭᠡᠭᠰᠢ ᠳᠤ ᠬᠦᠷᠬᠡᠨ᠎ᠡ᠃ ᠮᠠᠯᠵᠢᠬᠤ ᠤᠷᠤᠨ ᠤ ᠤᠤᠭᠤᠬᠤ ᠤᠰᠤᠨ ᠤ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 148 ᠬᠤᠳᠳᠤᠭ ᠢ ᠰᠢᠨ᠎ᠡ ᠪᠠᠷ ᠮᠠᠯᠲᠠᠵᠤ᠂ ᠣᠰᠣ | ᠴᠡᠪᠡᠷᠰᠢᠭᠦᠯᠬᠦ ᠲᠦᠭᠦᠭᠡᠷᠦᠮᠵᠢ ᠶᠢ 1200 ᠢᠵᠢ ᠲᠠᠷᠬᠠᠭᠠᠵᠤ᠂ ᠲᠦᠭᠡᠭᠡᠯ ᠤᠰᠤᠨ ᠤ ᠪᠠᠷᠢᠯᠭ᠎ᠠ 6 ᠶᠢ | ᠪᠠᠶᠢᠭᠤᠯᠤᠨ᠎ᠠ᠃ 315 ᠺᠢᠯᠤᠮᠧᠲᠷ ᠤᠨ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠭᠡᠷᠡᠴᠢᠯᠡᠬᠦ ᠢᠨᠵᠧᠨᠧᠷᠢᠩ | ᠢ ᠪᠡᠶᠡᠯᠡᠭᠦᠯᠵᠦ᠂ ᠬᠦᠳᠡᠭᠡ ᠲᠤᠰᠬᠤᠨ ᠳᠤ 40 ᠺᠢᠯᠤᠮᠧᠲᠷ ᠵᠠᠰᠠᠮᠠᠯ ᠵᠠᠮ ᠢ ᠵᠠᠰᠠᠨ᠎ᠠ᠃ ᠮᠠᠯᠵᠢᠬᠤ ᠤᠷᠤᠨ ᠤ | 4G ᠲᠤᠤᠷ ᠰᠦᠯᠵᠢᠶ᠎ᠡ ᠶᠢ ᠲᠦᠭᠡᠮᠠᠯᠵᠢᠭᠦᠯᠬᠦ ᠤᠶᠢᠯᠡᠴᠢᠯᠡᠬᠡᠨ ᠤ ᠬᠢᠷᠢ ᠳᠦᠪᠰᠢᠨ ᠢ ᠳᠡᠭᠡᠭᠰᠢᠯᠡᠭᠦᠯᠵᠤ᠂ 19 | ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠤ᠂ 2 ᠰᠠᠭᠤᠷᠢ ᠦᠷᠳᠡᠭᠡ ᠶᠢ ᠦᠬᠡᠷᠡᠴᠢᠯᠠᠨ | ᠰᠢᠨᠡᠴᠢᠯᠡᠨ᠎ᠡ᠃ ᠮᠠᠯᠵᠢᠬᠤ ᠤᠷᠤᠨ ᠤ ᠲᠦᠷᠢ ᠲᠦᠷᠬᠦ ᠶᠢ ᠰᠠᠶᠢᠵᠢᠷᠠᠭᠤᠯᠤᠨ᠎ᠠ᠃ ᠮᠠᠯᠵᠢᠬᠤ ᠤᠷᠤᠨ ᠤ ᠰᠠᠭᠤᠭᠠᠯᠢ | ᠠᠷᠠᠳ ᠤᠨ ᠣᠷᠴᠢᠨ ᠲᠤᠭᠤᠷᠢᠨ ᠢ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠢᠨᠵᠧᠨᠧᠷᠢᠩ ᠢ ᠬᠡᠷᠡᠭᠵᠢᠭᠦᠯᠵᠦ | ᠂ 3 ᠰᠤᠮᠤ ᠪᠠᠯᠭᠠᠰᠤᠨ ᠤ ᠬᠤᠭ ᠨᠤᠪᠰᠢ ᠶᠢ ᠪᠤᠯᠠᠬᠤ ᠲᠠᠯᠠᠪᠤᠷ ᠪᠠ ᠪᠠᠶᠠᠨᠲᠠᠯ᠎ᠠ ᠪᠠᠯᠭᠠᠰᠤᠨ ᠤ ᠪᠤᠬᠢᠷ ᠤᠰᠤ | ᠰᠢᠢᠳᠪᠦᠷᠢᠯᠡᠬᠦ ᠦᠢᠯᠡᠳᠪᠤᠷᠢ ᠶᠢ ᠰᠢᠨ᠎ᠡ ᠪᠠᠷ ᠪᠠᠶᠢᠭᠤᠯᠤᠨ᠂ ᠠᠮᠢᠳᠤᠷᠠᠯ ᠤᠨᠬᠤᠭ ᠨᠤᠪᠰᠢ᠂ ᠪᠤᠬᠢᠷ ᠤᠰᠤ ᠶᠢ | ᠰᠢᠢᠳᠪᠤᠷᠢᠯᠡᠬᠦ ᠪᠠ ᠮᠠᠯ ᠲᠡᠵᠢᠭᠡᠪᠤᠷᠢ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠳᠤᠷ | ᠠᠳᠬᠤᠵᠤ᠂ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ᠂ ᠵᠤᠷᠯᠤᠩ ᠢ ᠵᠠᠰᠠᠨ ᠦᠭᠡᠷᠡᠴᠢᠯᠡᠬᠦ | ᠢᠨᠵᠧᠨᠧᠷᠢᠩ ᠢ ᠠᠬᠢᠭᠤᠯᠵᠤ᠂ ᠴᠡᠪᠡᠷ ᠴᠡᠮᠴᠡᠭᠡᠷ ᠠᠮᠢᠳᠤᠷᠠᠯ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠮᠠᠯᠵᠢᠬᠤ ᠤᠷᠤᠨ ᠤ ᠦᠨᠳᠦᠰᠦᠨ ᠨᠡᠶᠢᠲᠡ ᠶᠢᠨ ᠤᠶᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠮᠠᠯᠵᠢᠬᠤ ᠤᠷᠤᠨ ᠤ | ᠡᠷᠡᠭᠦᠯ ᠬᠠᠮᠠᠭᠠᠯᠠᠯ᠂ ᠰᠤᠶᠤᠯ ᠲᠠᠮᠢᠷ᠂ ᠨᠠᠶᠢᠭᠡᠮ ᠤᠨ ᠠᠰᠠᠷᠠᠮᠵᠢ ᠶᠢᠨ ᠠᠵᠤ ᠦᠢᠯᠡᠰ ᠢ ᠰᠠᠶᠢᠳᠤᠷ ᠠᠳᠬᠤᠵᠦ᠂ | ᠤᠯᠠᠨ ᠨᠡᠶᠢᠲᠡ ᠶᠢᠨ ᠦᠨᠳᠦᠰᠦᠨ ᠤᠶᠢᠯᠡᠴᠢᠯᠡᠭᠡ ᠶᠢ ᠮᠠᠯᠵᠢᠬᠤ ᠤᠷᠤᠨ ᠳᠤ ᠪᠦᠷᠬᠦᠭᠦᠯᠬᠦ ᠶᠢ ᠳᠦᠯᠬᠢᠨ ᠠᠬᠢᠭᠤᠯᠵᠤ | ᠂ ᠬᠤᠲᠠ ᠶᠢᠨ ᠪᠤᠯᠪᠠᠰᠤᠨ ᠠᠮᠢᠳᠤᠷᠠᠯ ᠢ ᠮᠠᠯᠵᠢᠬᠤ ᠤᠷᠤᠨ ᠳᠤ ᠲᠦᠬᠡᠮᠡᠯᠵᠢᠬᠦᠯᠤᠨ᠂ ᠮᠠᠯᠴᠢᠨ ᠲᠦᠮᠡᠨ ᠤ ᠠᠵᠠ | ᠵᠢᠷᠭᠠᠯ ᠤᠨ ᠵᠢᠭᠠᠯᠲᠠ ᠲᠤᠭ᠎ᠠ ᠶᠢ ᠤᠯᠠᠮ ᠳᠡᠭᠡᠭᠰᠢᠯᠡᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠳᠬᠤᠨ᠎ᠠ᠃ ᠰᠢ | ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠦᠪᠦᠷ ᠮᠤᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠬᠦ ᠬᠤᠷᠠᠯ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠵᠤ᠂ ︽ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠲᠠᠨ ᠮᠦᠩᠭᠦᠨ ᠠᠭᠤᠯᠠ ᠤᠰᠤ | ᠮᠦᠨ︾ ᠭᠡᠰᠡᠨ ᠤᠶᠢᠯᠭᠠᠭᠳᠠᠬᠤᠨ ᠢ ᠪᠠᠲᠤ ᠪᠤᠢ ᠪᠤᠯᠭᠠᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠤᠬᠢᠷᠳᠤᠯ | ᠦᠭᠡᠢ ᠬᠦᠭᠵᠢᠯᠲᠡ ᠪᠠᠷ ᠵᠢᠯᠤᠭᠤᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢ | ᠢᠳᠡᠪᠬᠢᠲᠠᠢ ᠡᠷᠢᠯᠬᠢᠯᠡᠵᠦ᠂ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠦᠷᠭᠦᠯᠵᠢᠯᠡᠭᠰᠡᠨ | ᠰᠠᠶᠢᠨ ᠡᠷᠭᠢᠯᠲᠡ ᠶᠢ ᠠᠬᠢᠭᠤᠯᠤᠨ᠎ᠠ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ | ᠨᠥᠬᠦᠪᠦᠷᠢᠯᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠦᠨ᠂ ᠬᠤᠭᠤᠴᠠᠭᠠᠲᠤ ᠴᠢᠨᠠᠷᠲᠠᠢ ᠪᠠᠷ | ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠲᠦᠷᠢᠮ ᠪᠠ ᠬᠠᠪᠤᠷ ᠤᠨ ᠤᠯᠠᠷᠢᠯ ᠤᠨ | ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠲᠠᠪᠤᠷᠢᠵᠢᠭᠤᠯᠵᠤ᠂ ᠨᠤᠲᠤᠭ ᠪᠡᠯᠴᠢᠭᠡᠷ ᠢᠶᠠᠨ ᠰᠡᠯᠬᠦᠬᠡᠬᠦ ᠶᠢ ᠠᠬᠢᠭᠤᠯᠤᠨ᠎ᠠ᠃ ᠠᠮᠢ ᠠᠬᠤᠢ ᠶᠢ ᠬᠠᠮᠠᠭᠠᠯᠠᠬᠤ | ᠤᠯᠠᠭᠠᠨ ᠱᠤᠭᠤᠮ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠷᠤᠢ ᠶᠢᠨ ᠬᠡᠷᠡᠭᠯᠡᠯᠲᠡ ᠶᠢᠨ | ᠲᠦᠯᠦᠪᠵᠢᠭᠦᠯᠭᠡ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ | ᠬᠦᠭᠵᠢᠭᠦᠯᠬᠦ ᠵᠡᠷᠭᠡ ᠬᠠᠮᠢᠶ᠎ᠠ ᠪᠦᠬᠦᠢ ᠲᠦᠯᠦᠪᠵᠢᠭᠦᠯᠭᠡ ᠶᠢ ᠨᠠᠶᠢᠷᠠᠭᠤᠯᠤᠨ ᠳᠤᠭᠲᠠᠭᠠᠬᠤ ᠦᠶᠡᠰ᠂ ᠵᠠᠪᠠᠯ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠢᠶᠠᠷ ᠭᠤᠤᠯ ᠦᠨᠳᠤᠰᠦᠯᠡᠯ ᠪᠠ ᠤᠷᠢᠳᠠᠯ ᠨᠦᠬᠦᠴᠡᠯ ᠪᠤᠯᠭᠠᠬᠤ ᠶᠢ | ᠴᠢᠩᠭ᠎ᠠ ᠱᠠᠭᠠᠷᠳᠠᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠡᠪᠡᠰᠤᠨ ᠤ ᠰᠢᠰᠲ᠋ᠧᠮ ᠢ ᠵᠠᠰᠠᠬᠤ ᠶᠢ ᠨᠢᠭᠡᠳᠤᠯᠲᠠᠢ | ᠲᠦᠯᠦᠪᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠪᠠ ᠭᠤᠯᠳᠠᠯᠭᠠᠲᠤ ᠤᠷᠤᠨ | ᠲᠤᠭᠤᠷᠢᠭ ᠤᠨ ᠨᠤᠭᠤᠭᠠᠷᠠᠭᠤᠯᠤᠯᠲᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠦᠨ᠎ᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠨ ᠰᠡᠷᠭᠦᠭᠡᠬᠦ ᠠᠵᠢᠯ ᠢ | ᠰᠠᠶᠢᠳᠤᠷ ᠠᠳᠬᠤᠵᠤ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠳᠦᠷᠢᠮᠵᠢᠭᠦᠯᠦᠨ ᠬᠠᠮᠢᠶᠠᠷᠴᠤ᠂ ᠠᠮᠢ ᠠᠬᠤᠢ | ᠶᠢᠨ ᠬᠠᠮᠠᠭᠠᠯᠠᠯᠲᠠ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠶᠢᠨ ᠤᠷᠴᠢᠨ ᠲᠤᠭᠤᠷᠢᠨ | ᠢ ᠶᠡᠷᠦᠩᠬᠡᠶᠢᠯᠡᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠢ ᠡᠪᠳᠡᠬᠦ ᠡᠯ᠎ᠡ ᠵᠤᠶᠢᠯ | ᠤᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠭᠦᠨ᠎ᠡ᠃ ᠨᠡᠶᠢᠭᠡᠮ ᠤᠨ ᠬᠢᠨᠠᠯᠲᠠ ᠶᠢᠨ ᠦᠢᠯᠡᠳᠦᠯ | ᠢ ᠭᠦᠢᠴᠡᠳ ᠪᠠᠳᠠᠷᠠᠭᠤᠯᠤᠨ᠂ ᠠᠮᠢ ᠠᠬᠤᠢ ᠶᠢᠨ ᠤᠷᠴᠢᠨ ᠲᠤᠭᠤᠷᠢᠨ ᠤ ᠡᠪᠲᠡᠯᠬᠡ ᠶᠢ ᠢᠯᠡᠴᠢᠯᠡᠨ ᠮᠡᠳᠡᠭᠦᠯᠬᠦ ᠶᠢ | ᠱᠠᠩᠨᠠᠨ ᠵᠤᠷᠢᠭᠵᠢᠭᠤᠯᠬᠤ ᠳᠦᠷᠢᠮ ᠢ ᠪᠠᠶᠢᠭᠤᠯᠵᠤ᠂ ᠪᠦᠬᠦ ᠠᠷᠠᠳ ᠤᠨ ᠠᠮᠢ ᠠᠬᠤᠢ ᠪᠠᠨ ᠬᠠᠮᠠᠭᠠᠯᠠᠬᠤ ᠦᠵᠡᠯ | ᠤᠬᠠᠮᠰᠠᠷ ᠢ ᠳᠡᠭᠡᠭᠰᠢᠯᠡᠭᠦᠯᠦᠨ᠎ᠡ᠃ | ︵ ᠳᠦᠷᠪᠡ︶ ᠤᠳᠠᠭᠠᠨ ᠳᠠᠭᠠᠭᠠᠮᠠᠭᠠᠢ ᠪᠠᠷᠢᠮᠲᠠᠯᠠᠨ᠂ ᠠᠯᠬᠤᠮ ᠳᠠᠷᠠᠭ᠎ᠠ ᠲᠠᠢ ᠤᠷᠤᠭᠰᠢᠯᠠᠵᠤ᠂ ᠵᠠᠬ᠎ᠠ | ᠳᠡᠯᠭᠡᠭᠦᠷ ᠤᠨ ᠳᠤᠭᠲᠠᠴᠠ ᠶᠢ ᠢᠳᠡᠭ ᠢᠳᠡᠭ ᠢᠶᠠᠷ ᠲᠡᠭᠦᠯᠳᠡᠷᠵᠢᠭᠦᠯᠦᠨ᠎ᠡ | ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠦᠭᠡᠷᠡᠴᠢᠯᠡᠯᠲᠠ ᠶᠢ ᠦᠷᠭᠦᠯᠵᠢᠯᠡᠨ ᠠᠬᠢᠭᠤᠯᠤᠨ᠎ᠠ᠃ ᠵᠠᠰᠠᠭ ᠤᠨ | ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠰᠠᠯᠠᠭ᠎ᠠ ᠮᠦᠴᠢᠷ ᠤᠨ | ᠬᠤᠭᠤᠷᠤᠨᠳᠠᠬᠢ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠡᠯ᠎ᠡ ᠵᠦᠢᠯ ᠤᠨ ᠠᠵᠢᠯ ᠢ | ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠦᠷᠨᠢᠭᠦᠯᠬᠦ ᠶᠢ ᠪᠠᠲᠤᠯᠠᠨ᠎ᠠ᠃ ᠡᠯ᠎ᠡ ᠬᠦᠷᠢᠶ᠎ᠡ ᠴᠠᠷᠠᠭᠠᠨ ᠤ | ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠭᠦᠷᠭᠡ ᠪᠠᠨ ᠪᠡᠶᠡᠯᠡᠭᠦᠯᠭᠦ ᠦᠷ᠎ᠡ ᠪᠦᠲᠦᠮᠵᠢ ᠪᠠ ᠴᠠᠭ ᠬᠤᠭᠤᠴᠠᠭ᠎ᠠ | ᠶᠢ ᠴᠢᠬᠤᠯᠠᠴᠢᠯᠡᠵᠤ᠂ ᠡᠯ᠎ᠡ ᠲᠦᠷᠦᠯ ᠤᠨ ᠦᠭᠡᠷᠡᠴᠢᠯᠡᠯᠲᠡ ᠶᠢᠨ ᠡᠭᠦᠷᠭᠡ ᠶᠢ ᠳᠤᠭᠲᠠᠭᠰᠠᠨ ᠬᠤᠭᠤᠴᠠᠭᠠᠨ ᠳᠤ | ᠴᠢᠨᠠᠷᠯᠢᠭ ᠪᠡᠶᠡᠯᠡᠭᠦᠯᠬᠦ ᠶᠢ ᠪᠠᠲᠤᠯᠠᠨ᠎ᠠ᠃ ︽ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠲᠤᠤᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠭᠡ︾ | ᠶᠢ ᠬᠦᠴᠦᠲᠠᠢ ᠠᠬᠢᠭᠤᠯᠤᠨ᠂ ᠬᠢᠨᠠᠨ ᠵᠦᠪᠰᠢᠶᠡᠷᠡᠬᠦ ᠶᠠᠪᠤᠴᠠ ᠶᠢ ᠤᠯᠠᠮ ᠳᠦᠭᠦᠮᠴᠢᠯᠡᠨ ᠰᠢᠯᠢᠳᠡᠭᠵᠢᠭᠦᠯᠵᠦ᠂ | ᠤᠷᠢᠳᠴᠢᠯᠠᠨ ᠪᠤᠯᠵᠤᠬᠤ᠂ ᠦᠭᠡᠷ᠎ᠡ ᠭᠠᠵᠠᠷ ᠤᠷᠤᠯᠠᠨ ᠭᠦᠢᠴᠡᠳᠬᠡᠬᠦ ᠵᠡᠷᠭᠡ ᠠᠷᠠᠳ ᠲᠤ ᠠᠰᠢᠭᠲᠠᠢ ᠦᠢᠯᠡᠴᠢᠯᠡᠭᠡ | ᠶᠢ ᠰᠦᠪᠡᠭᠴᠢᠯᠡᠨ᠂ ᠲᠦᠬᠦᠮ ᠲᠦᠲᠠ ᠠᠷᠠᠳ ᠲᠤ ᠠᠰᠢᠭᠲᠠᠢ ᠠᠷᠭ᠎ᠠ ᠠᠪᠴᠠᠯ ᠢ ᠪᠦᠬᠦ ᠲᠠᠯ᠎ᠠ ᠪᠠᠷ | ᠳᠡᠯᠭᠡᠷᠡᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠤᠴᠢᠷ ᠶᠠᠪᠤᠳᠠᠯ ᠪᠦᠲᠤᠬᠡᠬᠦ ᠳᠤ ᠳᠦᠭᠦᠮ | ᠦᠵᠡᠭᠦᠯᠦᠨ᠎ᠡ᠃ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠬᠤᠶᠠᠷ ᠢ ᠢᠯᠡ | ᠨᠡᠶᠢᠲᠡᠯᠡᠬᠦ︾ ᠠᠵᠢᠯ ᠢ ᠰᠠᠶᠢᠲᠤᠷ ᠠᠳᠬᠤᠨ᠂ ︽ᠬᠤᠤᠰ ᠲᠤᠬᠢᠶᠠᠯᠳᠤᠯ ᠢᠶᠠᠷ ᠪᠠᠶᠢᠴᠠᠭᠠᠬᠤ᠂ ᠨᠢᠭᠡ ᠶᠢ ᠢᠯᠡ | ᠪᠤᠯᠭᠠᠬᠤ︾ ᠰᠠᠯᠠᠭ᠎ᠠ ᠮᠦᠴᠢᠷ ᠢ ᠠᠯᠤᠰᠯᠠᠨ ᠬᠤᠯᠪᠤᠭᠠᠯᠠᠨ ᠬᠢᠨᠠᠨ ᠬᠠᠮᠢᠶᠠᠷᠬᠤ ᠶᠢ ᠠᠬᠢᠭᠤᠯᠵᠤ᠂ ᠤᠷᠴᠢᠨ | ᠲᠤᠭᠤᠷᠢᠨ ᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠬᠤ ᠵᠡᠷᠭᠡ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠰᠢᠯᠢᠲᠡᠭᠵᠢᠬᠦᠯᠤᠨ᠂ ᠵᠠᠰᠠᠭ ᠵᠠᠬᠢᠷᠭᠠᠨ ᠤ ᠰᠢᠳᠭᠡᠯ | ᠤᠨ ᠵᠦᠢᠯᠡᠰ ᠢ ᠴᠡᠪᠡᠷᠯᠡᠨ ᠳᠦᠷᠢᠮᠵᠢᠭᠦᠯᠵᠦ᠂ ᠬᠦᠭᠵᠢᠯᠲᠡ ᠶᠢᠨ ᠤᠷᠴᠢᠨ ᠢ ᠤᠯᠠᠮ ᠰᠠᠶᠢᠵᠢᠷᠠᠭᠤᠯᠤᠨ᠎ᠠ᠃ | ᠠᠷᠢᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠤᠯᠤᠰ | ᠤᠨ ᠰᠢᠨ᠎ᠡ ᠨᠢᠭᠡ ᠡᠭᠡᠯᠵᠢ ᠶᠢᠨ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠭᠦᠯᠬᠦ ᠪᠠ ᠵᠡᠭᠦᠨ ᠬᠤᠶᠢᠲᠦ ᠣᠷᠣᠨ | ᠢ ᠪᠦᠬᠦ ᠲᠠᠯ᠎ᠠ ᠪᠠᠷ ᠰᠡᠷᠭᠦᠭᠡᠨ ᠮᠠᠨᠳᠤᠭᠤᠯᠬᠤ᠂ ᠪᠡᠭᠡᠵᠢᠩ᠂ ᠲᠢᠶᠠᠨᠵᠢᠨ᠂ ᠾᠧᠪᠸᠢ ᠶᠢ ᠵᠤᠬᠢᠴᠠᠭᠤᠯᠤᠨ | ᠬᠦᠭᠵᠢᠭᠦᠯᠬᠦ ᠴᠢᠬᠤᠯᠠ ᠠᠵᠠ ᠳᠤᠬᠢᠶᠠᠯ ᠢ ᠠᠳᠬᠤᠵᠤ᠂ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ | ᠪᠠ ᠪᠡᠯᠡ ᠤᠷᠤᠭᠤᠯᠤᠯᠲᠠ ᠶᠢᠨ ᠴᠢᠭᠯᠡᠯᠲᠡ ᠶᠢ ᠰᠠᠶᠢᠳᠤᠷ ᠠᠩᠬᠠᠷᠣᠨ᠂ ᠰᠢᠶᠦ᠋ᠩ ᠠᠨ ᠰᠢᠨ᠎ᠡ ᠲᠤᠭᠤᠷᠢᠭ ᠤᠨ | ᠪᠦᠲᠦᠭᠡᠨ ᠪᠠᠶᠢᠭᠤᠯᠤᠯᠲᠠ ᠪᠠ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠳᠡᠳᠬᠦᠬᠦ ᠲᠠᠯ᠎ᠠ ᠪᠠᠷ ᠬᠠᠮᠲᠤᠷᠠᠨ | ᠠᠵᠢᠯᠯᠠᠬᠤ ᠵᠡᠷᠭᠡ ᠲᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠰᠠᠶᠢᠳᠤᠷ ᠡᠵᠡᠮᠳᠡᠵᠦ᠂ ᠴᠡᠪᠡᠷ ᠡᠨᠧᠷᠬᠢ᠂ | ᠪᠤᠬᠢᠷᠳᠤᠯ ᠦᠭᠡᠢ ᠮᠠᠯ ᠤᠨ ᠪᠦᠲᠦᠭᠡᠭᠳᠡᠭᠦᠨ ᠢ ᠦᠢᠯᠡᠳᠪᠤᠷᠢᠯᠡᠬᠦ᠂ ᠰᠤᠶᠤᠯ ᠵᠢᠭᠤᠯᠴᠢᠯᠠᠯ᠂ ᠬᠢᠲᠠᠳ ᠮᠤᠩᠭᠤᠯ ᠡᠮ | ᠡᠮᠨᠡᠯᠭᠡ᠂ ᠴᠠᠬᠢᠯᠭᠠᠨ ᠬᠦᠴᠦᠨ ᠢ ᠬᠠᠮᠤᠷᠤᠭᠰᠠᠨ ᠬᠡᠯᠪᠡᠷᠢ ᠶᠢᠨ ᠠᠵᠤ ᠦᠢᠯᠡᠰ ᠵᠢᠴᠢ ᠬᠠᠲᠠᠭᠤ ᠪᠡᠶᠡᠲᠦ | ᠬᠠᠶᠠᠭᠳᠠᠮᠠᠯ ᠪᠤᠳᠠᠰ ᠢ ᠶᠡᠷᠥᠩᠬᠡᠶᠢᠯᠡᠨ ᠠᠰᠢᠭᠯᠠᠬᠤ ᠲᠠᠯ᠎ᠠ ᠪᠠᠷ ᠬᠢ ᠨᠢᠭᠡ ᠪᠦᠯᠦᠭ ᠠᠵᠤ ᠦᠢᠯᠡᠰ ᠤᠨ ᠭᠤᠭᠴᠤᠭ᠎ᠠ | ᠶᠢ ᠨᠦᠬᠦᠪᠤᠷᠢᠯᠡᠬᠦ᠂ ᠤᠷᠲᠤᠳᠬᠠᠬᠤ᠂ ᠴᠢᠩᠭᠠᠳᠬᠠᠬᠤ ᠲᠦᠷᠦᠯ ᠵᠦᠢᠯ ᠢ ᠤᠷᠤᠭᠤᠯᠵᠤ ᠠᠪᠴᠢᠷᠠᠨ᠎ᠠ᠃ ᠵᠠᠮ | ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠮᠤᠩᠭᠤᠯ ᠤᠯᠤᠰ᠂ ᠤᠷᠤᠰ ᠤᠯᠤᠰ ᠤᠨ ᠬᠠᠮᠢᠶ᠎ᠠ ᠪᠦᠬᠦᠢ | ᠭᠠᠵᠠᠷ ᠤᠷᠤᠨ ᠯᠤᠭ᠎ᠠ ᠶᠢᠨ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠨᠢᠭᠡ ᠤᠳᠠᠭᠠᠨ ᠤ | ᠳᠤᠮᠳᠠᠳᠤ᠂ ᠮᠤᠩᠭᠤᠯ᠂ ᠤᠷᠤᠰ ᠤᠨ ᠲᠠᠸᠠᠷ ᠤᠨ ᠰᠤᠯᠢᠯᠴᠠᠭᠠᠨ ᠤ ᠬᠤᠷᠠᠯ ᠢ ᠰᠠᠶᠢᠳᠤᠷ ᠡᠷᠬᠢᠯᠡᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠤᠷᠴᠢᠨ ᠢ ᠰᠢᠯᠢᠳᠡᠭᠵᠢᠭᠦᠯᠦᠨ᠎ᠡ᠃ ᠠᠷᠠᠳ | ᠠᠴᠠ ᠡᠵᠡᠩᠨᠡᠭᠰᠡᠨ ᠠᠵᠤ ᠠᠬᠤᠢ ᠶᠢ ᠳᠡᠮᠵᠢᠬᠦ ᠳᠡᠭᠡᠳᠦ ᠱᠠᠲᠤᠨ ᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ᠂ | ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠵᠢᠭᠤᠯᠵᠤ᠂ ᠪᠤᠳᠠᠲᠠᠢ ᠪᠠᠶᠢᠳᠠᠯ ᠲᠠᠢ ᠪᠠᠨ ᠣᠶᠠᠯᠳᠣᠭᠤᠯᠤᠨ᠂ ᠢᠵᠢ | ᠪᠦᠷᠢᠳᠦᠭᠰᠡᠨ ᠠᠷᠭ᠎ᠠ ᠠᠪᠴᠠᠯ ᠢ ᠴᠠᠭ ᠢ ᠵᠠᠪᠳᠤᠨ ᠰᠤᠳᠤᠯᠤᠨ ᠳᠤᠭᠲᠠᠭᠠᠵᠤ᠂ ᠲᠦᠷᠦ ᠶᠢᠨ ᠪᠤᠳᠤᠯᠭ᠎ᠠ ᠶᠢ | ᠲᠤᠤᠱᠲᠠᠢ ᠨᠠᠶᠢᠳᠠᠪᠤᠷᠢᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠠᠬ᠎ᠠ ᠲᠡᠯᠬᠡᠬᠦᠷ ᠲᠤ | ᠤᠷᠤᠬᠤ ᠶᠢ ᠵᠦᠪᠰᠢᠶᠡᠷᠡᠬᠦ᠂ ᠬᠠᠮᠢᠶᠠᠷᠤᠯᠲᠠ ᠡᠵᠡᠩᠨᠡᠯᠲᠠ ᠪᠠ ᠳᠠᠭᠠᠭᠠᠴᠢᠯᠠᠯᠲᠠ ᠵᠠᠷᠯᠠᠬᠤ ᠵᠡᠷᠭᠡ ᠲᠠᠯ᠎ᠠ ᠳᠠᠬᠢ ᠲᠡᠭᠰᠢ | ᠪᠤᠰᠤ ᠦᠵᠡᠭᠳᠡᠯ ᠢ ᠦᠭᠡᠶᠢᠰᠭᠡᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠨᠧᠷᠬᠢ ᠬᠡᠷᠡᠭᠯᠡᠬᠦ᠂ ᠭᠠᠵᠠᠷ | ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠡᠯᠧᠮᠧᠨ᠋ᠲ ᠤᠨ ᠦᠪᠡᠷ ᠤᠨ ᠦᠷᠲᠡᠭ ᠢ ᠪᠠᠭᠤᠷᠠᠭᠤᠯᠵᠤ᠂ ᠪᠡᠯᠡ | ᠤᠷᠤᠭᠤᠯᠤᠯᠲᠠ ᠪᠠ ᠬᠦᠭᠵᠢᠯᠲᠠ ᠶᠢᠨ ᠢᠲᠡᠭᠡᠯ ᠢ ᠨᠡᠮᠡᠭᠳᠡᠭᠦᠯᠦᠨ᠎ᠡ᠃ ᠪᠡᠯᠡ ᠮᠦᠩᠭᠦ ᠤᠷᠤᠭᠤᠯᠬᠤ ᠤᠶᠢᠯᠡᠴᠢᠯᠡᠬᠡᠨ | ᠤ ᠳᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠠᠭᠤᠷᠢ ᠮᠦᠩᠭᠦᠨ ᠤ ᠳᠡᠮᠵᠢᠯᠭᠡ ᠶᠢ | ᠢᠳᠡᠪᠬᠢᠲᠠᠢ ᠡᠷᠡᠮᠡᠯᠵᠡᠯᠡᠨ ᠤᠯᠵᠤ᠂ ᠤᠯᠠᠨ ᠠᠷᠭ᠎ᠠ ᠶᠢ ᠵᠡᠷᠭᠡ ᠪᠠᠷ ᠬᠡᠷᠡᠭᠵᠢᠭᠦᠯᠦᠨ᠂ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠤᠷᠤᠭᠤᠯᠬᠤ ᠳᠤ | ᠬᠦᠴᠢᠷ᠂ ᠪᠡᠯᠡ ᠣᠷᠣᠭᠤᠯᠤᠯᠲᠠ ᠦᠨᠲᠤᠷ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠨ᠎ᠡ᠃ ᠰᠢᠨ᠎ᠡ ᠬᠡᠯᠪᠡᠷᠢ ᠶᠢᠨ | ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠳᠤᠭᠲᠠᠴᠠ | ᠶᠢ ᠲᠡᠬᠦᠯᠲᠡᠷᠵᠢᠬᠦᠯᠵᠤ᠂ ᠠᠵᠤ ᠠᠬᠤᠶᠢᠯᠠᠯᠲᠠᠨ ᠤ ᠤᠶᠤᠨ ᠰᠠᠨᠠᠭ᠎ᠠ ᠶᠢ ᠤᠷᠮᠠᠰᠢᠭᠤᠯᠤᠨ ᠵᠤᠷᠢᠭᠵᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠭᠵᠢᠭᠦᠯᠦᠨ ᠳᠡᠰ ᠳᠡᠪᠰᠢᠭᠦᠯᠦᠨ᠎ᠡ᠃ | ︵ᠲᠠᠪᠤ︶ ᠬᠦᠴᠦᠨ ᠢᠶᠠᠨ ᠲᠦᠪᠯᠡᠷᠡᠭᠦᠯᠦᠨ ᠪᠦᠬᠦᠨ ᠢ ᠬᠠᠮᠤᠷᠬᠤ ᠶᠢ ᠴᠢᠬᠤᠯᠠᠴᠢᠯᠠᠵᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ | ᠠᠵᠢᠯ ᠤᠯᠭᠤᠯᠲᠠ ᠶᠢ ᠦᠷᠭᠦᠯᠵᠢᠯᠡᠨ ᠳᠤᠭᠲᠠᠪᠤᠷᠢᠲᠠᠢ ᠦᠷᠭᠡᠳᠬᠡᠨ᠎ᠡ᠃ ᠶᠡᠭᠡ ᠲᠡᠬᠡᠲᠤ ᠰᠤᠷᠭᠠᠭᠤᠯᠢ | ᠲᠡᠬᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠨᠡᠭᠦᠨ ᠰᠢᠯᠵᠢᠵᠦ | ᠬᠤᠲᠠ ᠤᠷᠤᠭᠰᠠᠨ ᠮᠠᠯᠴᠢᠳ ᠵᠡᠷᠬᠡ ᠬᠦᠮᠦᠰ ᠤᠨ ᠠᠵᠢᠯ ᠤᠯᠭᠤᠯᠲᠠ ᠶᠢ ᠯᠠᠪᠳᠠᠭᠤᠨ ᠢᠶᠠᠷ ᠠᠳᠬᠤᠨ᠎ᠠ᠃ | 3500 ᠠᠵᠢᠯ ᠤᠯᠭᠤᠬᠤ ᠤᠷᠤᠨ ᠪᠠᠶᠢᠷᠢ ᠶᠢ ᠴᠤᠭᠯᠠᠭᠤᠯᠵᠤ᠂ ᠬᠤᠲᠠ ᠪᠠᠯᠭᠠᠰᠤᠨ ᠤ ᠠᠵᠢᠯ ᠤᠯᠭᠤᠯᠲᠠ ᠳᠤ | 500 ᠬᠦᠮᠤᠨ ᠢ ᠰᠢᠨ᠎ᠡ ᠪᠠᠷ ᠨᠡᠮᠡᠭᠲᠡᠬᠦᠯᠵᠤ᠂ ᠮᠠᠯᠵᠢᠬᠤ ᠤᠷᠤᠨ ᠤ ᠬᠦᠳᠡᠯᠮᠤᠷᠢ ᠬᠦᠴᠦ ᠶᠢ ᠰᠢᠯᠵᠢᠭᠦᠯᠦᠨ | 900 ᠬᠦᠮᠦᠨ ᠤ ᠠᠵᠢᠯ ᠤᠯᠭᠤᠯᠲᠠ ᠶᠢ ᠪᠡᠶᠡᠯᠡᠬᠦᠯᠤᠨ᠂ ᠬᠤᠲᠠ ᠪᠠᠯᠭᠠᠰᠤᠨ ᠤ ᠲᠡᠩᠰᠠᠯᠠᠭᠤᠯᠤᠭᠰᠠᠨ ᠠᠵᠢᠯ | ᠠᠯᠲᠠᠭᠰᠠᠳ ᠤᠨ ᠨᠤᠷᠮ᠎ᠠ ᠶᠢ 3.2% ᠤᠨ ᠲᠤᠲᠤᠷ᠎ᠠ ᠬᠢᠵᠠᠭᠠᠷᠯᠠᠨ᠎ᠠ᠃ ᠦᠢᠯᠡᠰ ᠪᠤᠰᠬᠠᠬᠤ ᠶᠢ ᠳᠡᠮᠵᠢᠬᠦ | ᠬᠦᠴᠦᠯᠡᠴᠡ ᠪᠠᠨ ᠦᠷᠭᠦᠯᠵᠢᠯᠡᠨ ᠨᠡᠮᠡᠭᠲᠡᠬᠦᠯᠵᠤ᠂ ᠤᠶᠢᠯᠡᠰ ᠴᠤᠭᠴᠠᠯᠠᠬᠤ ᠬᠦᠷᠢᠶᠡᠯᠡᠩ ᠤᠨ ᠤᠶᠢᠯᠡᠴᠢᠯᠡᠬᠡᠨ ᠤ | ᠬᠢᠷᠢ ᠳᠦᠪᠰᠢᠨ ᠢ ᠲᠡᠬᠡᠭᠰᠢᠯᠡᠬᠦᠯᠤᠨ᠂ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢ1000 ᠲᠦᠮᠡᠨ | ᠲᠦᠭᠦᠷᠢᠭ ᠲᠠᠷᠬᠠᠭᠠᠨ᠎ᠠ᠃ | ᠰᠣᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠢ ᠦᠷᠬᠦᠯᠵᠢᠯᠡᠨ ᠳᠡᠭᠡᠭᠰᠢᠯᠡᠭᠦᠯᠦᠨ᠎ᠡ᠃ ︽ᠣᠯᠣᠰ | ᠤᠨ ᠲᠤᠮᠳᠠ ᠣᠷᠳᠣ ᠬᠤᠭᠤᠴᠠᠭᠠᠨ ᠤ ᠰᠣᠷᠭᠠᠨ ᠬᠦᠮᠦᠵᠢᠯ ᠤᠨ ᠦᠭᠡᠷᠡᠴᠢᠯᠡᠯᠲᠡ᠂ ᠬᠦᠭᠵᠢᠭᠦᠯᠦᠯᠲᠡ ᠶᠢᠨ | ᠲᠦᠯᠦᠪᠵᠢᠭᠦᠯᠬᠡ ᠶᠢᠨ ᠬᠦᠳᠦᠯᠪᠦᠷᠢ︾ ᠪᠠ ︽ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ | ᠰᠢᠨ᠎ᠡ ᠴᠠᠭ ᠦᠶ᠎ᠡ ᠳᠠᠬᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠤᠣᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠰᠤᠷᠭᠠᠨ ᠬᠦᠮᠦᠵᠢᠯ ᠢ ᠳᠡᠩᠴᠡᠭᠦᠷᠢᠲᠠᠢ ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠣᠮᠳᠠᠳᠣ ᠪᠠᠭ᠎ᠠ | ᠰᠣᠷᠭᠠᠭᠤᠯᠢ ᠶᠢᠨ ᠰᠠᠭᠤᠷᠢ ᠲᠦᠭᠦᠭᠡᠷᠦᠮᠵᠢ ᠶᠢ ᠨᠦᠬᠦᠨ ᠲᠡᠬᠦᠯᠲᠡᠷᠵᠢᠬᠦᠯᠵᠤ᠂ ᠪᠤᠭᠳᠠ ᠶᠢᠨ ᠭᠤᠤᠯ ᠬᠡᠦᠬᠡᠳ ᠤᠨ | ᠴᠡᠴᠡᠷᠯᠢᠭ ᠢ ᠪᠠᠶᠢᠭᠤᠯᠵᠤ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠦᠲᠡᠯᠪᠤᠷᠢ ᠶᠢᠨ ᠬᠡᠷ᠂ | ᠬᠤᠶᠠᠳᠣᠭᠠᠷ ᠪᠠᠭ᠎ᠠ ᠰᠣᠷᠭᠠᠭᠤᠯᠢ ᠶᠢᠨ ᠲᠠᠮᠢᠷ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠢᠳᠡᠪᠬᠢᠲᠠᠢ ᠲᠡᠮᠡᠴᠡᠨ ᠣᠯᠣᠨ᠎ᠠ᠃ ᠰᠠᠭᠤᠷᠢ ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠤᠶᠠᠳᠣᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠣᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠦᠲᠦᠴᠨ᠂ ᠪᠠᠲᠤᠯᠠᠭ᠎ᠠ ᠶᠢᠨ | ᠲᠤᠭᠲᠠᠴᠠ ᠶᠢᠨ ᠦᠭᠡᠷᠡᠴᠢᠯᠡᠯᠲᠡ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠨᠡᠷᠡᠲᠦ ᠪᠠᠭᠰᠢ᠂ ᠨᠠᠷᠡᠲᠦ ᠵᠠᠬᠢᠷᠤᠯ ᠢ ᠬᠦᠮᠦᠵᠢᠭᠦᠯᠭᠦ ᠠᠵᠢᠯ ᠢ ᠰᠠᠶᠢᠲᠤᠷ ᠠᠳᠬᠤᠨ᠂ ᠪᠠᠭᠰᠢ ᠶᠢᠨ ᠬᠡᠪ ᠰᠣᠷᠲᠠᠯ | ᠤᠨ ᠪᠠᠶᠢᠭᠤᠯᠤᠯᠲᠠ ᠶᠢ ᠴᠢᠩᠭᠠᠳᠬᠠᠨ᠂ ᠰᠣᠷᠭᠠᠨ ᠬᠦᠮᠦᠵᠢᠯ ᠤᠨ ᠵᠢᠭᠠᠨ ᠰᠣᠷᠭᠠᠯᠲᠠ ᠶᠢᠨ ᠶᠠᠰᠣ ᠴᠢᠨᠠᠷ ᠢ | ᠯᠠᠪᠳᠠᠭᠤᠨ ᠳᠡᠭᠡᠭᠰᠢᠯᠡᠭᠦᠯᠵᠦ᠂ ᠠᠷᠠᠳ ᠤᠯᠠᠨ ᠬᠠᠨᠤᠮᠵᠢᠲᠠᠢ ᠰᠣᠷᠭᠠᠨ ᠬᠦᠮᠦᠵᠢᠯ ᠢ ᠴᠢᠷᠮᠠᠶᠢᠨ ᠡᠷᠬᠢᠯᠡᠨ᠎ᠡ᠃ | ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠪᠠᠲᠤᠯᠠᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠬᠡᠶᠢᠷᠡᠬᠦᠯᠤᠨ᠂ | ᠡᠮᠴᠢᠯᠡᠭᠡᠨ ᠤ ᠴᠢᠨᠠᠷ ᠴᠢᠨᠰᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠡᠮᠴᠢ ᠰᠤᠪᠢᠯᠠᠭᠴᠢ ᠶᠢᠨ ᠪᠤᠯᠪᠠᠰᠤᠷᠠᠯ ᠢ | ᠴᠢᠩᠭᠠᠳᠬᠠᠨ ᠂ ᠡᠮᠴᠢᠯᠡᠭᠡ ᠶᠢᠨ ᠤᠶᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠳᠡᠰ ᠬᠤᠪᠢᠶᠠᠨ | ᠤᠨᠤᠰᠢᠯᠡᠨ ᠡᠮᠴᠢᠯᠡᠬᠦ ᠪᠠ ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠨ ᠡᠮᠴᠢᠯᠡᠭᠡ ᠬᠢᠬᠦ ᠦᠢᠯᠡᠴᠢᠯᠡᠭᠡᠨ ᠤ ᠶᠠᠰᠣ | ᠴᠢᠨᠠᠷ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ | ᠳᠠᠭᠠᠳᠬᠠᠯ ᠪᠠ ᠬᠦᠨᠳᠤ ᠡᠪᠡᠳᠴᠢᠨ ᠤ ᠳᠠᠭᠠᠳᠬᠠᠯ ᠤᠨ ᠪᠠᠳᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠮᠤᠵᠢ ᠠᠯᠣᠰᠯᠠᠨ ᠦᠭᠡᠷ᠎ᠡ ᠭᠠᠵᠠᠷ ᠡᠮᠨᠡᠭᠦᠯᠬᠦ ᠳᠤ ᠰᠢᠭᠤᠳ ᠲᠤᠭᠠᠴᠠᠭ᠎ᠠ ᠬᠢᠬᠦ ᠲᠦᠷᠦ ᠶᠢᠨ ᠪᠤᠳᠣᠯᠭ᠎ᠠ ᠶᠢ | ᠬᠡᠷᠡᠭᠵᠢᠭᠦᠯᠦᠨ᠂ ᠬᠦᠨᠳᠦ ᠡᠪᠡᠳᠴᠢᠲᠡᠨ᠂ ᠬᠦᠴᠢᠷᠳᠡᠯᠲᠡᠢ ᠣᠯᠠᠨ ᠲᠦᠮᠡᠨ ᠤ ᠡᠮᠨᠡᠯᠭᠡ ᠶᠢᠨ ᠳᠠᠷᠤᠭᠠᠰᠣ ᠶᠢ ᠣᠯᠠᠮ | ᠬᠦᠩᠭᠡᠷᠡᠭᠦᠯᠦᠨ᠎ᠡ᠃ ᠬᠦᠨᠳᠦ ᠡᠪᠡᠳᠴᠢᠨ ᠢ ᠰᠡᠷᠭᠡᠶᠢᠯᠡᠬᠦ ᠪᠠ ᠣᠷᠣᠨ ᠨᠤᠳᠤᠭ ᠤᠨ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠠᠳᠬᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ | ᠴᠢᠩᠭᠠᠳᠬᠠᠨ᠎ᠠ᠃ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠢ ᠰᠢᠨᠡᠳᠬᠡᠨ ᠬᠦᠭᠵᠢᠭᠦᠯᠬᠦ ᠶᠢ ᠳᠡᠮᠵᠢᠵᠦ᠂ | ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠪᠠ ᠡᠷᠡᠭᠦᠯᠵᠢᠯ ᠤᠨ ᠰᠤᠪᠢᠯᠠᠯᠲᠠ ᠶᠢᠨ | ᠲᠦᠪ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠬᠦᠨᠵᠡᠭᠡᠢ | ᠦᠷᠨᠢᠭᠦᠯᠵᠤ᠂ ᠤᠷᠤᠨ ᠤ ᠳᠡᠰ ᠤᠨ ᠡᠷᠡᠭᠦᠯ ᠴᠢᠬᠢᠷᠠᠭ ᠢᠶᠠᠷ ᠬᠤᠰᠢᠭᠤ ᠪᠠᠨ ᠠᠬᠢᠭᠤᠯᠬᠤ ᠶᠢ ᠡᠭᠦᠳᠤᠨ | ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠳᠤᠳᠬᠠᠭᠰᠠᠨ ᠰᠠᠭᠤᠷᠢᠨ ᠳᠡᠭᠡᠷ᠎ᠡ ︽ᠣᠯᠣᠰ ᠤᠨ ᠠᠷᠢᠭᠤᠨ ᠴᠡᠪᠡᠷ | ᠬᠤᠰᠢᠭᠤ ᠰᠢᠶᠠᠨ ᠬᠤᠲᠠ︾ ᠶᠢ ᠢᠳᠡᠪᠬᠢᠲᠡᠢ ᠴᠤᠭᠴᠠᠯᠠᠨ ᠪᠠᠶᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ | ᠲᠦᠷᠢᠮ ᠢ ᠦᠷᠬᠦᠯᠵᠢᠯᠡᠨ ᠳᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ | ᠨᠢᠭᠡᠲᠦᠯᠲᠡᠢ ᠲᠦᠯᠤᠪᠵᠢᠬᠦᠯᠬᠦ ᠶᠢ ᠴᠢᠩᠭᠠᠳᠬᠠᠵᠤ᠂ ᠬᠦᠴᠢᠷᠲᠡᠯᠲᠠᠢ ᠣᠯᠠᠨ ᠲᠦᠮᠡᠨ ᠤ ᠦᠨᠳᠦᠰᠦᠨ ᠠᠮᠢᠳᠣᠷᠠᠯ ᠢ | ᠪᠠᠲᠤᠯᠠᠨ᠎ᠠ᠃ ︽ᠲᠤᠯᠠᠭᠠᠨ︾ ᠮᠠᠯᠵᠢᠬᠤ ᠣᠷᠣᠨ ᠤ ᠨᠠᠰᠣᠲᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ | ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠨᠡᠶᠢᠭᠡᠮ ᠲᠤᠭᠤᠷᠢᠭ ᠤᠨ ᠠᠷᠠᠳ ᠲᠤ ᠲᠦᠭᠦᠮ ᠦᠵᠡᠭᠦᠯᠬᠦ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠳᠡᠭᠦᠯᠳᠡᠷᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ | ᠠᠵᠢᠯ ᠤᠯᠭᠤᠯᠲᠠ ᠶᠢᠨ ᠨᠡᠶᠢᠬᠡᠮ ᠤᠨ ᠪᠠᠲᠤᠯᠠᠭ᠎ᠠ ᠶᠢᠨ ᠬᠦᠯᠤᠰᠤ ᠤᠯᠭᠤᠮᠵᠢ ᠶᠢ ᠨᠠᠶᠢᠳᠠᠪᠤᠷᠢᠵᠢᠭᠤᠯᠤᠨ᠎ᠠ᠃ | ᠬᠦᠯᠦᠰᠦᠨ ᠠᠵᠢᠯᠴᠢᠨ ᠤ ᠴᠠᠯᠢᠩ ᠤᠨ ︽ᠬᠤᠶᠠᠷ ᠮᠦᠩᠭᠦ ᠭᠤᠷᠪᠠᠨ ᠲᠦᠷᠢᠮ︾ ᠵᠡᠷᠭᠡ 8 ᠲᠦᠷᠦᠯ ᠤᠨ ᠲᠦᠷᠢᠮ | ᠲᠤᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠬᠦᠯᠦᠰᠦᠨ ᠠᠵᠢᠯᠳᠠᠳ ᠤᠨ ᠴᠠᠯᠢᠩ ᠬᠦᠯᠦᠰᠦ ᠶᠢ ᠳᠠᠩᠰᠠ ᠰᠠᠯᠭᠠᠨ | ᠬᠠᠮᠢᠶᠠᠷᠬᠤ ᠪᠠ ᠪᠠᠩᠭᠢ ᠠᠴᠠ ᠣᠷᠣᠯᠠᠨ ᠴᠠᠯᠢᠩ ᠲᠠᠯᠪᠢᠬᠤ ᠳᠤᠭᠲᠠᠴᠠ ᠶᠢ ᠪᠠᠶᠢᠭᠤᠯᠤᠨ᠎ᠠ᠃ ᠺᠠᠳ᠋ᠷ ᠠᠵᠢᠯᠳᠠᠳ ᠤᠨ | ᠲᠤᠭᠳᠠᠭᠰᠠᠨ ᠬᠤᠭᠤᠴᠠᠭᠠᠨ ᠳᠤ ᠡᠷᠡᠭᠦᠯ ᠴᠢᠬᠢᠷᠠᠭ ᠤᠨ ᠪᠡᠶ᠎ᠡ ᠶᠢᠨ ᠪᠠᠶᠢᠴᠠᠭᠠᠯᠲᠠ ᠬᠢᠬᠦ ᠲᠦᠷᠢᠮ ᠢ ᠪᠠᠶᠢᠭᠤᠯᠤᠨ | ᠲᠦᠷᠢᠮᠵᠢᠭᠦᠯᠵᠤ᠂ ᠺᠠᠳ᠋ᠷ ᠠᠵᠢᠯᠳᠠᠨ ᠤ ᠡᠮᠨᠡᠯᠭᠡ ᠶᠢᠨ ᠪᠠᠲᠤᠯᠠᠭᠠᠨ ᠤ ᠲᠦᠪᠰᠢᠨ ᠢ ᠳᠡᠭᠡᠭᠰᠢᠯᠡᠭᠦᠯᠦᠨ᠎ᠡ᠃ | ᠣᠯᠠᠨ ᠲᠦᠮᠡᠨ ᠤ ᠤᠶᠤᠨ ᠰᠠᠨᠠᠭ᠎ᠠ ᠰᠣᠶᠤᠯ ᠤᠨ ᠠᠮᠢᠳᠣᠷᠠᠯ ᠢ ᠲᠠᠰᠣᠷᠠᠯᠲᠠ ᠦᠭᠡᠢ ᠪᠠᠶᠠᠯᠢᠭᠵᠢᠭᠤᠯᠤᠨ᠎ᠠ᠃ | ᠨᠡᠶᠢᠭᠡᠮ ᠵᠢᠷᠦᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠵᠦ᠂ ᠣᠯᠠᠨ | ᠲᠦᠮᠡᠨᠴᠢ ᠴᠢᠨᠠᠷᠲᠠᠢ ᠣᠶᠤᠨ ᠤ ᠪᠤᠯᠪᠠᠰᠣᠨ ᠢ ᠡᠭᠦᠳᠤᠨ ᠪᠠᠶᠢᠭᠤᠯᠬᠤ ᠠᠵᠢᠯᠯᠠᠭ᠎ᠠ ᠶᠢ ᠳᠡᠯᠭᠡᠷᠡᠩᠭᠦᠢ ᠦᠷᠨᠢᠬᠦᠯᠤᠨ᠂ | ᠰᠢᠷᠭᠠᠭᠤ ᠲᠡᠮᠡᠴᠡᠬᠦ᠂ ᠰᠢᠨᠵᠢᠯᠡᠬᠦ ᠣᠬᠠᠭᠠᠨᠴᠢ᠂ ᠬᠦᠳᠡᠯᠮᠦᠷᠢ ᠶᠢᠨ ᠵᠢᠱᠢᠶᠡᠴᠢ᠂ ᠣᠷᠠᠨ ᠳᠠᠷᠬᠠᠳ ᠤᠨ ᠵᠤᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠦ᠂ ᠣᠬᠢ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃ ᠡᠬᠡ | ᠤᠷᠤᠨᠴᠢ ᠦᠵᠡᠯ ᠤᠨ ᠬᠦᠮᠦᠵᠢᠯ ᠢ ᠬᠦᠨᠵᠡᠭᠡᠢ ᠦᠷᠨᠢᠭᠦᠯᠦᠨ᠂ ᠵᠠᠯᠠᠭᠤᠴᠣᠳ ᠪᠠᠭᠠᠴᠣᠳ ᠤᠨ ᠦᠵᠡᠯ ᠰᠠᠨᠠᠭ᠎ᠠ | ᠣᠯᠣᠰ ᠲᠦᠷᠦ ᠶᠢᠨ ᠬᠦᠮᠦᠵᠢᠯ ᠤᠨ ᠠᠵᠢᠯ ᠢ ᠰᠠᠶᠢᠲᠤᠷ ᠠᠳᠬᠤᠨ᠎ᠠ᠃ ᠦᠵᠡᠯ ᠤᠬᠠᠮᠰᠡᠷ ᠤᠨ ᠬᠡᠯᠪᠡᠷᠢ ᠶᠢᠨ | ᠠᠵᠢᠯ ᠢ ᠴᠢᠩᠭᠠᠳᠬᠠᠵᠤ᠂ ᠵᠦᠪ ᠣᠨᠤᠪᠴᠢᠲᠠᠢ ᠶᠠᠷᠢᠶ᠎ᠠ ᠬᠡᠯᠡᠯᠴᠡᠭᠡᠨ ᠤ ᠵᠢᠯᠤᠭᠤᠳᠣᠮᠵᠢ ᠶᠢ ᠪᠠᠷᠢᠮᠲᠠᠯᠠᠨ᠂ ᠴᠡᠪᠡᠷ | ᠰᠠᠷᠠᠭᠤᠯ ᠲᠤᠤᠷ ᠰᠦᠯᠵᠢᠶᠠᠨ ᠤ ᠣᠷᠣᠨ ᠵᠠᠢ ᠶᠢ ᠪᠤᠢ ᠪᠤᠯᠭᠠᠨ᠎ᠠ᠃ ᠰᠣᠶᠤᠯ ᠲᠠᠮᠢᠷ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠰᠣᠮᠣ ᠪᠠᠯᠭᠠᠰᠣᠨ ᠤ ᠶᠡᠷᠥᠩᠬᠡᠶᠢᠯᠡᠭᠰᠡᠨ ᠰᠣᠶᠣᠯ | ᠤᠨ ᠦᠷᠲᠡᠭᠡ᠂ ᠲᠠᠯ᠎ᠠ ᠨᠤᠲᠤᠭ ᠤᠨ ᠰᠣᠶᠤᠯ ᠤᠨ ᠦᠷᠦᠭᠡ ᠵᠡᠷᠭᠡ ᠠᠷᠠᠳ ᠢ ᠬᠠᠷᠠᠭᠠᠯᠵᠠᠬᠤ ᠢᠨᠵᠧᠨᠧᠷᠢᠩ ᠤᠨ | ᠦᠢᠯᠡᠳᠦᠯ ᠢ ᠪᠠᠳᠠᠷᠠᠭᠤᠯᠤᠨ᠂ ᠣᠯᠠᠨ ᠨᠡᠶᠢᠲᠡ ᠶᠢᠨ ᠰᠣᠶᠤᠯ ᠤᠨ ᠦᠢᠯᠡᠴᠢᠯᠡᠭᠡᠨ ᠤ ᠰᠢᠰᠲ᠋ᠧᠮ ᠢ ᠣᠯᠠᠮ | ᠳᠡᠭᠦᠯᠳᠡᠷᠵᠢᠭᠦᠯᠦᠨ᠎ᠡ᠃ ᠦᠨᠳᠦᠰᠦᠲᠡᠨ ᠤ ᠰᠣᠶᠣᠯ ᠪᠠ ᠣᠯᠠᠭᠠᠨᠮᠦ᠋ᠴᠢᠷ ᠤᠨ ᠦᠢᠯᠡᠰ ᠤᠨ ᠦᠷᠨᠢᠩᠭᠦᠢ ᠬᠦᠭᠵᠢᠯᠲᠡ | ᠶᠢ ᠠᠬᠢᠭᠤᠯᠵᠤ᠂ ᠣᠯᠠᠭᠠᠨᠮᠦ᠋ᠴᠢᠷ ᠤᠨ ᠪᠤᠯᠪᠠᠰᠤᠷᠠᠯ ᠤᠨ ᠲᠠᠩᠬᠢᠮ ᠢ ᠦᠭᠡᠷᠡᠴᠢᠯᠡᠨ ᠵᠠᠰᠠᠬᠤ ᠢᠨᠵᠧᠨᠧᠷᠢᠩ ᠢ | ᠪᠡᠶᠡᠯᠡᠬᠦᠯᠤᠨ᠂ ᠣᠳᠬ᠎ᠠ ᠣᠷᠠᠯᠢᠭ ᠤᠨ ᠵᠤᠬᠢᠶᠠᠨ ᠪᠦᠲᠦᠭᠡᠬᠦ ᠬᠦᠮᠦᠰ ᠤᠨ ᠢᠯᠡᠭᠦᠭᠡᠨ ᠰᠤᠳᠤᠨ ᠪᠦᠲᠦᠭᠡᠯ | ᠭᠠᠷᠭᠠᠬᠤ ᠶᠢ ᠵᠤᠷᠢᠭᠵᠢᠭᠤᠯᠤᠨ᠎ᠠ᠃ ᠲᠡᠦᠭᠡ ᠶᠢᠨ ᠳᠣᠷᠠᠰᠬᠠᠯᠲᠦ ᠪᠤᠳᠠᠰ ᠢ ᠬᠠᠮᠠᠭᠠᠯᠠᠨ ᠠᠰᠢᠭᠯᠠᠬᠤ ᠪᠠ ᠪᠤᠳᠠᠰ ᠤᠨ | ᠪᠤᠰᠣ ᠰᠣᠶᠤᠯ ᠤᠨ ᠦᠪ ᠢ ᠣᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠣᠷᠣᠨ ᠠᠶᠢᠮᠠᠭ ᠤᠨ ᠰᠣᠶᠤᠯ | ᠲᠠᠮᠢᠷ ᠤᠨ ᠣᠷᠣᠯᠳᠣᠭᠠᠨ ᠤ ᠠᠵᠢᠯᠯᠠᠭ᠎ᠠ ᠶᠢ ᠢᠳᠡᠪᠬᠢᠲᠡᠢ ᠳᠠᠭᠠᠭᠠᠴᠢᠯᠠᠨ ᠡᠷᠬᠢᠯᠡᠨ᠎ᠡ᠃ ᠪᠦᠬᠦ ᠠᠷᠠᠳ ᠢᠶᠠᠷ ᠢᠶᠠᠨ | ᠪᠡᠶ᠎ᠡ ᠪᠠᠨ ᠴᠢᠬᠢᠷᠠᠭᠵᠢᠭᠤᠯᠬᠤ ᠬᠦᠳᠡᠯᠭᠡᠭᠡᠨ ᠢ ᠳᠡᠯᠭᠡᠷᠡᠩᠭᠦᠢ ᠦᠷᠨᠢᠭᠦᠯᠵᠦ᠂ ᠣᠯᠠᠨ ᠲᠦᠮᠡᠨᠴᠢ ᠪᠡᠶ᠎ᠡ ᠲᠠᠮᠢᠷ ᠪᠠ | ᠤᠷ᠎ᠡ ᠮᠡᠷᠭᠡᠵᠢᠯ ᠤᠨ ᠪᠡᠶ᠎ᠡ ᠲᠠᠮᠢᠷ ᠤᠨ ᠬᠦᠳᠡᠯᠭᠡᠭᠡᠨ ᠤ ᠬᠦᠭᠵᠢᠯᠲᠡ ᠶᠢ ᠠᠬᠢᠭᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠬᠢᠨᠠᠯᠲᠡ ᠬᠠᠮᠢᠶᠠᠷᠣᠯᠲᠠ ᠶᠢ | ᠪᠦᠬᠦ ᠲᠠᠯ᠎ᠠ ᠪᠠᠷ ᠴᠢᠩᠭᠠᠳᠬᠠᠨ᠎ᠠ᠃ ᠣᠳᠣᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ | ᠶᠢᠨ ᠳᠦᠷᠢᠮ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ︽ᠠᠵᠢᠯ ᠮᠡᠷᠭᠡᠵᠢᠯ᠂ ᠲᠤᠬᠠᠶᠢᠯᠠᠭᠰᠠᠨ ᠠᠵᠢᠯ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠭᠡᠪᠰᠢ ᠠᠮᠣᠷ | ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠪᠠᠷ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ ᠪᠠ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠢᠯᠡᠷᠡᠭᠦᠯᠬᠦ | ᠶᠡᠭᠡ ᠪᠠᠶᠢᠴᠠᠭᠠᠨ ᠴᠡᠭᠴᠡᠯᠡᠯᠲᠡ ᠶᠢ ᠭᠦᠨᠵᠡᠭᠡᠶᠢᠷᠡᠭᠦᠯᠦᠨ᠂ ᠡᠯ᠎ᠡ ᠲᠦᠷᠦᠯ ᠤᠨ ᠭᠡᠮ ᠰᠣᠭᠤᠭ ᠢ ᠲᠤᠤᠱᠲᠠᠢ | ᠠᠷᠢᠯᠭᠠᠵᠤ᠂ ᠬᠦᠨᠲᠦ ᠶᠡᠭᠡ ᠠᠶᠤᠯᠭᠦᠢ ᠦᠢᠯᠡᠳᠪᠦᠷᠢᠯᠡᠯ ᠤᠨ ᠬᠡᠷᠡᠭ ᠣᠴᠢᠷ ᠭᠠᠷᠬᠤ ᠦᠭᠡᠢ ᠪᠠᠶᠢᠬᠤ ᠶᠢ ᠡᠷᠡᠰ | ᠰᠡᠷᠭᠡᠶᠢᠯᠡᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ ᠪᠠ ᠭᠠᠮᠰᠢᠭ ᠢ ᠰᠡᠷᠭᠡᠶᠢᠯᠡᠨ᠂ ᠬᠤᠬᠢᠷᠠᠯ ᠢ | ᠪᠠᠭᠠᠰᠬᠠᠬᠤ ᠪᠠᠶᠢᠭᠤᠯᠤᠯᠲᠠ ᠶᠢ ᠴᠢᠩᠭᠠᠳᠬᠠᠨ᠂ ᠪᠠᠶᠢᠭᠤᠯᠤᠮᠵᠢ ᠶᠢᠨ ᠦᠭᠡᠷᠡᠴᠢᠯᠡᠯᠲᠡ ᠲᠠᠢ ᠣᠶᠠᠯᠳᠣᠭᠤᠯᠤᠨ ᠠᠮᠤᠷ | ᠲᠦᠪᠰᠢᠨ ᠤ ᠬᠢᠨᠠᠨ ᠬᠠᠮᠢᠶᠠᠷᠣᠯᠲᠠ ᠪᠠ ᠪᠠᠴᠢᠮ ᠪᠠᠶᠢᠳᠠᠯ ᠢ ᠠᠷᠭᠠᠴᠠᠵᠤ᠂ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢ ᠣᠯᠠᠮ ᠴᠢᠩᠭᠠᠳᠬᠠᠨ᠂ ᠭᠡᠨᠡᠳᠲᠡ ᠶᠢᠨ ᠡᠭᠦᠰᠴᠦ ᠮᠡᠳᠡᠬᠦ ᠬᠡᠷᠡᠭ ᠣᠴᠢᠷ ᠢ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢᠨ ᠲᠤᠭᠲᠠᠴᠠ ᠶᠢ | ᠪᠦᠷᠢᠨᠰᠢᠭᠦᠯᠦᠨ ᠴᠢᠩᠭᠠᠯᠠᠵᠤ᠂ ᠣᠯᠠᠨ ᠲᠦᠮᠡᠨ ᠤ ᠢᠳᠡᠭᠡᠨ ᠣᠮᠳᠠᠭᠠᠨ ᠪᠠ ᠡᠮ ᠤᠨ ᠵᠦᠢᠯᠡᠰ ᠤᠨ ᠠᠮᠣᠷ | ᠲᠦᠪᠰᠢᠨ ᠢ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ ᠰᠢᠨᠡᠴᠢᠯᠡᠨ᠎ᠡ᠃ ᠵᠠᠬᠢᠳᠠᠯ ᠰᠤᠷᠪᠤᠯᠵᠢᠯᠠᠭ᠎ᠠ | ᠬᠠᠤᠯᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠵᠦᠷᠢᠴᠡᠯ ᠢ ᠨᠠᠮᠳᠠᠭᠤᠯᠤᠨ᠂ ᠤᠯᠠᠨ | ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠦᠷᠨᠢᠭᠦᠯᠦᠨ᠂ ᠬᠤᠯᠠᠭᠠᠶᠢᠯᠠᠵᠤ | ᠳᠡᠭᠡᠷᠡᠮᠳᠡᠬᠦ᠂ ᠬᠠᠭᠤᠷᠴᠣ ᠮᠡᠬᠡᠯᠡᠬᠦ᠂ ᠱᠠᠯᠢᠭ ᠵᠠᠪᠠᠭ᠋ᠠᠢ᠂ ᠵᠤᠭᠤᠰ ᠮᠦᠷᠤᠶᠢᠴᠡᠬᠦ᠂ ᠬᠤᠤᠷ᠎ᠠ ᠳᠠᠳᠠᠬᠤ ᠵᠡᠷᠭᠡ ᠬᠠᠤᠯᠢ | ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠵᠠᠯᠬᠠᠭᠠᠨ ᠰᠢᠳᠭᠡᠵᠤ᠂ ᠬᠠᠤᠯᠢ ᠪᠤᠰᠤ ᠪᠠᠷ ᠪᠡᠯᠨ ᠴᠤᠭᠯᠠᠭᠤᠯᠬᠤ᠂ | ᠳᠠᠮᠵᠢᠭᠤᠯᠤᠨ ᠪᠤᠷᠤᠯᠠᠭᠤᠯᠬᠤ ᠳᠤ ᠴᠢᠩᠭ᠎ᠠ ᠴᠤᠬᠢᠯᠳᠠ ᠦᠭᠴᠤ᠂ ᠡᠷᠬᠡᠲᠤ ᠠᠷᠠᠳ ᠤᠨ ᠬᠤᠪᠢ ᠬᠦᠮᠦᠨ ᠤ | ᠰᠤᠷᠠᠭ ᠵᠠᠩᠬᠢ ᠳᠤ ᠬᠠᠯᠳᠠᠭᠰᠠᠨ ᠵᠡᠷᠭᠡ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠠᠷᠠᠳ ᠤᠯᠠᠨ ᠤ ᠠᠮᠤᠷ | ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠤᠨ᠎ᠡ᠃ ᠤᠯᠠᠨ ᠨᠡᠶᠢᠲᠠ ᠶᠢᠨ ᠬᠠᠤᠯᠢ ᠴᠠᠭᠠᠵᠨ ᠶᠢᠨ ᠦᠢᠯᠡᠴᠢᠯᠡᠭᠡᠨ ᠤ | ᠰᠢᠰᠲ᠋ᠧᠮ ᠢ ᠳᠡᠭᠦᠯᠳᠡᠷᠵᠢᠭᠦᠯᠦᠨ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠲᠠ ᠶᠢᠨ | ᠠᠰᠢᠭᠲᠤ ᠪᠠ ᠡᠨᠡᠷᠢᠩᠭᠦᠢ ᠶᠢᠨ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠳᠤ | ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ ᠢ ᠵᠤᠬᠢᠶᠠᠨ | ᠪᠠᠶᠢᠭᠤᠯᠬᠤ ᠠᠵᠢᠯ ᠢ ᠳᠡᠮᠵᠢᠵᠤ᠂ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ ᠦᠢᠯᠡᠳᠤᠯ ᠢ | ᠪᠠᠳᠠᠷᠠᠭᠤᠯᠤᠨ᠎ᠠ᠃ ᠡᠮᠡᠭᠳᠡᠶᠢᠴᠤᠤᠨ᠂ ᠬᠡᠤᠬᠡᠳ᠂ ᠨᠠᠰᠤᠳᠠᠶᠢᠴᠤᠳ᠂ ᠵᠡᠮᠳᠡᠭᠴᠤᠤᠨ ᠤᠨ ᠬᠠᠤᠯᠢ ᠶᠤᠰᠤᠨ ᠤ ᠡᠷᠬᠡ | ᠠᠰᠢᠭ ᠢ ᠬᠠᠮᠠᠭᠠᠯᠠᠨ᠎ᠠ᠃ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠦᠨᠳᠤᠰᠤᠳᠠᠨ ᠤ ᠪᠦᠯᠬᠦᠮᠳᠠᠯ ᠳᠠᠪᠰᠢᠯᠲᠠ ᠶᠢᠨ ᠴᠤᠭᠴᠠᠯᠠᠯᠲᠠ ᠶᠢᠨ ᠠᠵᠢᠯ ᠢ | ᠬᠦᠨᠵᠡᠭᠡᠶᠢᠷᠡᠭᠦᠯᠵᠤ᠂ ᠳᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠬᠦᠯᠵᠤ᠂ | ᠡᠯ᠎ᠡ ᠦᠨᠳᠤᠰᠤᠳᠠᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠨᠠᠮ ᠤᠨ ᠱᠠᠰᠢᠨ ᠰᠣᠷᠲᠠᠬᠤᠨ ᠤ ᠠᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠰᠢᠨ ᠰᠤᠷᠳᠠᠬᠤᠨ ᠤ ᠬᠡᠷᠡᠭ ᠡᠷᠬᠢᠯᠡᠬᠦ ᠶᠢ ᠬᠠᠤᠯᠢ | ᠶᠤᠰᠤᠭᠠᠷ ᠬᠠᠮᠢᠶᠠᠷᠴᠤ᠂ ᠱᠠᠰᠢᠨ ᠰᠤᠷᠳᠠᠬᠤᠨ ᠬᠢᠬᠡᠳ ᠨᠡᠶᠢᠭᠡᠮ ᠵᠢᠷᠤᠮ ᠬᠠᠷᠢᠯᠴᠠᠨ ᠵᠤᠬᠢᠴᠠᠬᠤ ᠶᠢ ᠢᠳᠡᠪᠬᠢᠲᠠᠢ | ᠵᠢᠯᠤᠭᠤᠳᠤᠨ᠎ᠠ᠃ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠳᠡᠮᠵᠢᠵᠤ᠂ ᠴᠡᠷᠢᠭ ᠪᠠ ᠤᠷᠤᠨ ᠨᠤᠳᠤᠭ᠂ ᠴᠡᠷᠢᠭ ᠠᠷᠠᠳ ᠬᠠᠮᠳᠤᠪᠠᠷ ᠴᠤᠭᠴᠠᠯᠠᠬᠤ ᠶᠢ | ᠠᠬᠢᠭᠤᠯᠵᠤ᠂ ᠬᠤᠶᠠᠷ ᠢ ᠬᠦᠷᠢᠶᠡᠯᠡᠬᠦ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠳᠤᠳᠬᠠᠨ᠎ᠠ᠃ | ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠪᠤᠳᠠᠳᠠᠢ ᠶᠢ ᠡᠷᠬᠢᠮᠯᠡᠵᠤ᠂ ᠠᠷᠠᠳ ᠲᠦᠮᠡᠨ | ᠬᠠᠨᠤᠮᠵᠢᠲᠠᠢ ᠵᠠᠰᠠᠭ ᠤᠨ ᠤᠷᠳᠤᠨ ᠢ ᠪᠠᠶᠢᠭᠤᠯᠬᠤ ᠪᠠᠷ ᠴᠢᠷᠮᠠᠶᠢᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︽ᠲᠦᠷᠪᠡᠨ ᠤᠬᠠᠨᠮᠰᠠᠷ︾ ᠢ | ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ | ᠬᠦᠢᠴᠡᠳᠭᠡᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠨ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ | ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠤ ᠬᠡᠮᠵᠢᠶ᠎ᠡ ᠪᠠᠷ ᠨᠢᠭᠡᠳᠤᠯᠲᠠᠢ ᠪᠠᠶᠢᠬᠤ ᠶᠢ | ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠦᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠠᠪᠰᠡᠭᠯᠡᠬᠦ ᠶᠢ ᠪᠠᠷᠢᠮᠳᠠᠯᠠᠵᠤ᠂ ᠲᠡᠬᠡᠲᠤ ᠱᠠᠲᠤᠨ ᠤ | ᠴᠢᠭᠯᠡᠯᠲᠠ ᠲᠦᠷᠦ ᠶᠢᠨ ᠪᠤᠳᠤᠯᠭ᠎ᠠ ᠶᠢ ᠵᠦᠪ ᠤᠨᠤᠪᠴᠢᠲᠠᠢ ᠡᠵᠡᠮᠰᠢᠵᠤ᠂ ᠳᠡᠭᠡᠲᠤ ᠱᠠᠲᠤᠨ ᠤ ᠰᠢᠢᠳᠪᠦᠷᠢᠲᠦ | ᠪᠤᠳᠤᠯᠭ᠎ᠠ ᠶᠢᠨ ᠭᠠᠵᠠᠷ ᠤᠷᠤᠨ ᠳᠤ ᠨᠠᠶᠢᠳᠠᠪᠤᠷᠢᠵᠢᠬᠤ ᠶᠢ ᠠᠬᠢᠭᠤᠯᠤᠨ᠎ᠠ᠃ | ᠬᠠᠤᠯᠢ ᠶᠤᠰᠤᠭᠠᠷ ᠳᠤᠰᠢᠶᠠᠯ ᠢᠶᠠᠨ ᠬᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠦᠨᠳᠦᠰᠦᠨ ᠬᠠᠤᠯᠢ | ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠵᠠᠰᠠᠭ ᠤᠨ ᠤᠷᠳᠤᠨ ᠤ ᠠᠵᠢᠯᠯᠠᠭ᠎ᠠ ᠶᠢ ᠪᠥᠬᠦ ᠲᠠᠯ᠎ᠠ ᠪᠠᠷ ᠬᠠᠤᠯᠢᠵᠢᠯ | ᠤᠨ ᠵᠠᠮ ᠳᠤ ᠤᠷᠤᠭᠤᠯᠤᠨ᠎ᠠ᠃ ᠬᠠᠤᠯᠢ ᠶᠤᠰᠤᠭᠠᠷ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠡ ᠶᠢᠨ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠬᠦᠯᠢᠶᠡᠨ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠬᠢᠨᠠᠨ ᠪᠠᠶᠢᠴᠠᠭᠠᠬᠤ | ᠪᠠᠶᠢᠭᠤᠯᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ᠂ ᠵᠠᠰᠠᠭ ᠤᠨ ᠶᠠᠪᠤᠳᠠᠯ ᠢ ᠢᠯᠨ ᠪᠤᠯᠭᠠᠬᠤ ᠶᠢ | ᠪᠦᠬᠦ ᠲᠠᠯ᠎ᠠ ᠪᠠᠷ ᠭᠡᠷᠡᠭᠵᠢᠭᠦᠯᠵᠤ᠂ ᠡᠷᠭᠡ ᠪᠠᠨ ᠢᠯᠨ ᠬᠡᠷᠡᠭᠯᠡᠬᠦ ᠶᠢ ᠰᠤᠷᠳᠠᠯᠴᠢᠯᠠᠨ᠎ᠠ᠃ ᠬᠢᠨᠠᠨ ᠪᠤᠳᠤᠯᠲᠠ ᠪᠠᠷ | ᠬᠢᠨᠠᠯᠲᠠ ᠳᠠᠯᠪᠢᠬᠤ ᠠᠵᠢᠯ ᠢ ᠴᠢᠩᠭᠠᠳᠬᠠᠨ᠎ᠠ᠃ ᠵᠠᠰᠠᠭ ᠤᠨ ᠤᠷᠳᠤᠨ ᠤ ᠬᠠᠤᠯᠢ ᠴᠠᠭᠠᠵᠨ ᠶᠢᠨ ᠵᠦᠪᠯᠡᠭᠴᠢ ᠶᠢᠨ | ᠲᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠤᠰᠤᠭᠠᠷ ᠠᠷᠭ᠎ᠠ | ᠪᠤᠳᠤᠯᠭ᠎ᠠ ᠲᠤᠭᠲᠠᠭᠠᠬᠤ ᠶᠢ ᠪᠠᠷᠢᠮᠲᠠᠯᠠᠵᠤ᠂ ︽ᠭᠤᠷᠪᠠᠨ ᠭᠤᠤᠯᠳᠠᠯᠭ᠎ᠠ ᠨᠢᠭᠡ ᠲᠤᠮᠤ︾ ᠬᠠᠮᠲᠤ ᠪᠠᠷ ᠵᠦᠪᠯᠡᠨ | ᠰᠢᠢᠳᠪᠦᠷᠢ ᠭᠠᠷᠭᠠᠬᠤ ᠳᠦᠷᠢᠮ ᠢ ᠨᠡᠶᠢᠳᠠᠪᠤᠷᠢᠵᠢᠭᠤᠯᠤᠨ᠂ ᠠᠷᠠᠳ ᠤᠨ ᠲᠥᠯᠦᠭᠡᠯᠡᠭᠴᠢ᠂ ᠤᠯᠤᠰ ᠲᠥᠷᠦ ᠶᠢᠨ | ᠵᠥᠪᠯᠡᠯᠭᠡᠨ ᠤ ᠬᠡᠰᠢᠭᠦᠳ ᠤᠨ ᠰᠠᠨᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ | ᠬᠦᠮᠦᠰ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ ᠡᠳᠡᠭᠡᠳ᠂ ᠠᠵᠤ ᠠᠬᠤᠶᠢᠯᠠᠯ ᠤᠨ ᠬᠢᠨ ᠤ ᠰᠠᠨᠠᠯ ᠢ ᠦᠷᠭᠡᠨ | ᠳᠡᠯᠭᠡᠷᠡᠩᠭᠦᠢ ᠨᠠᠷᠢᠨ ᠬᠢᠨᠠᠮᠠᠭᠠᠢ ᠰᠤᠨᠤᠰᠤᠨ᠂ ᠡᠯ᠎ᠡ ᠲᠦᠷᠦᠯ ᠤᠨ ᠲᠥᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠤᠰᠢᠭᠤᠨ ᠤ ᠪᠤᠳᠠᠳᠤ ᠪᠠᠶᠢᠳᠠᠯ᠂ ᠪᠤᠰᠤᠳᠴᠢ ᠠᠬᠤᠢ ᠲᠠᠢ | ᠨᠡᠩ ᠰᠠᠶᠢᠨ ᠢᠶᠠᠷ ᠵᠤᠬᠢᠴᠡᠯᠲᠤᠭᠤᠯᠵᠤ᠂ ᠬᠠᠤᠯᠢ ᠳᠤᠭᠲᠠᠭᠠᠯ ᠶᠤᠰᠤᠭᠠᠷ ᠠᠮᠠᠯᠠᠯᠲᠠ ᠪᠠᠨ ᠰᠠᠶᠢᠳᠤᠷ | ᠨᠠᠶᠢᠳᠠᠪᠤᠷᠢᠵᠢᠭᠤᠯᠵᠤ᠂ ᠢᠲᠡᠬᠦᠬᠦᠯᠬᠦ ᠬᠦᠴᠤᠨ ᠪᠠ ᠬᠡᠷᠡᠭᠵᠢᠭᠦᠯᠬᠦ ᠴᠢᠲᠡᠪᠬᠢ ᠪᠠᠨ ᠲᠡᠬᠡᠭᠰᠢᠯᠡᠬᠦᠯᠤᠨ᠎ᠠ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠦᠨ᠂ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠳᠭᠡᠵᠤ | ᠂ ᠭᠤᠤᠯᠴᠢ ᠪᠤᠰᠤ᠂ ᠪᠤᠯᠪᠠᠰᠤᠨ ᠪᠤᠰᠤ ᠦᠵᠡᠭᠳᠡᠯ ᠢ ᠡᠷᠡᠰ ᠴᠡᠭᠴᠡᠯᠡᠨ ᠵᠠᠰᠠᠵᠤ᠂ ᠵᠠᠰᠠᠭ ᠵᠠᠬᠢᠷᠭᠠᠨ ᠤ ᠡᠭᠦᠷᠭᠡ | ᠳᠤᠰᠢᠶᠠᠯ ᠢᠶᠠᠨ ᠬᠡᠷᠡᠭᠵᠢᠭᠦᠯᠬᠦ ᠦᠭᠡᠢ ᠬᠦᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠬᠦᠨᠵᠡᠭᠡᠢ ᠠᠬᠢᠭᠤᠯᠤᠨ᠎ᠠ᠃ ︽ᠬᠤᠶᠠᠷ ᠢ | ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ᠂ | ᠳᠦᠷᠢᠮᠵᠢᠯᠲᠡ ᠶᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠬᠦ︾ ᠭᠤᠤᠯ ᠰᠡᠳᠤᠪᠲᠤ ᠬᠦᠮᠦᠵᠢᠯ ᠢ ᠯᠠᠪᠳᠠᠭᠤᠨ ᠦᠷᠨᠢᠭᠦᠯᠦᠨ᠎ᠡ᠃ ᠲᠦᠪ ᠤᠨ ᠨᠠᠢᠮᠠᠨ ᠵᠤᠷᠪᠤᠰ | ᠲᠤᠭᠳᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ︽ | ᠲᠦᠷᠪᠡᠨ ᠰᠤᠷᠳᠠᠯ︾ ᠢ ᠴᠠᠭ ᠢᠮᠠᠭᠳᠠ ᠬᠠᠯᠠᠨ ᠵᠠᠯᠠᠷᠠᠭᠤᠯᠵᠦ᠂ ᠢᠯᠵᠠᠷᠠᠯ ᠠᠴᠠ ᠰᠡᠷᠭᠡᠶᠢᠯᠡᠬᠦ ᠪᠦᠲᠦᠮᠵᠢᠲᠦ | ᠲᠤᠭᠳᠠᠴᠨ ᠶᠢ ᠪᠤᠢ ᠪᠤᠯᠭᠠᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠤᠢ ᠪᠤᠯᠭᠠᠨ᠂ ᠭᠤᠷᠪᠠᠨ ᠵᠦᠢᠯ ᠤᠨ | ᠠᠯᠪᠠᠨ ᠵᠠᠷᠤᠳᠠᠯ ᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ 5% ᠤᠷᠴᠢᠮ ᠪᠠᠭᠠᠰᠬᠠᠨ᠎ᠠ᠃ | ᠰᠢᠷᠭᠠᠭᠤ ᠲᠡᠮᠡᠴᠡᠵᠤ᠂ ᠠᠷᠪᠢᠴᠢ ᠭᠠᠮᠲᠠᠢ᠂ ᠲᠦᠬᠦᠮ ᠲᠤᠬᠢᠷᠡᠮᠵᠢᠲᠠᠢ᠂ ᠪᠤᠬᠢᠷᠳᠤᠯ ᠦᠭᠡᠢ ᠠᠮᠢᠳᠣᠷᠠᠬᠤ ᠠᠷᠭ᠎ᠠ | ᠤᠬᠠᠭᠠᠨ ᠢ ᠪᠡᠶᠡᠴᠢᠯᠡᠨ ᠰᠠᠨᠠᠭᠠᠴᠢᠯᠠᠨ᠎ᠠ᠃ | ᠬᠡᠪ ᠰᠤᠷᠳᠠᠯ ᠤᠨ ᠪᠠᠶᠢᠭᠤᠯᠤᠯᠲᠠ ᠶᠢ ᠰᠠᠶᠢᠵᠢᠷᠠᠭᠤᠯᠤᠨ ᠴᠢᠩᠭᠠᠳᠬᠠᠨ᠎ᠠ᠃ ᠣᠷᠮᠠᠰᠢᠭᠤᠯᠣᠨ ᠬᠢᠵᠠᠭᠠᠷᠯᠠᠬᠤ | ᠪᠠ ᠲᠤᠰᠢᠶᠠᠯ ᠭᠦᠢᠴᠡᠳᠬᠡᠨ ᠬᠠᠷᠢᠭᠤᠴᠠᠯᠭ᠎ᠠ ᠠᠴᠠ ᠬᠡᠯᠳᠤᠷᠢᠭᠦᠯᠬᠦ ᠲᠤᠭᠲᠠᠴᠠ ᠶᠢ ᠪᠦᠷᠢᠨᠰᠢᠬᠦᠯᠤᠨ᠂ ᠬᠦᠮᠦᠨ | ᠭᠡᠷᠡᠭᠯᠡᠬᠦ ᠵᠢᠯᠤᠭᠤᠳᠤᠮᠵᠢ ᠶᠢ ᠳᠠᠰᠤᠷᠠᠯᠲᠠ ᠦᠭᠡᠢ ᠴᠢᠩᠭᠠᠳᠬᠠᠵᠤ᠂ ᠺᠠᠳ᠋ᠷᠴᠤᠳ ᠤᠨ ᠲᠤᠷᠠᠲᠠᠢ ᠠᠵᠢᠯᠯᠠᠬᠤ᠂ | ᠵᠤᠷᠢᠭᠲᠠᠢ ᠠᠵᠢᠯᠯᠠᠬᠤ᠂ ᠠᠵᠢᠯ ᠪᠦᠲᠦᠭᠡᠵᠤ ᠴᠢᠳᠠᠬᠤ ᠤᠷᠴᠢᠨ ᠢ ᠪᠤᠢ ᠪᠤᠯᠭᠠᠨ᠎ᠠ᠃ ᠬᠡᠯᠪᠡᠷᠢᠴᠢ ᠦᠵᠡᠯ᠂ | ᠨᠤᠶᠠᠨᠴᠢ ᠰᠤᠷᠳᠠᠯ ᠤᠨ ᠦᠵᠡᠯ ᠢ ᠡᠷᠡᠰ ᠳᠡᠪᠴᠢᠴᠦ ᠂ ︽ᠪᠢᠴᠢᠭ ᠮᠠᠲ᠋ᠧᠷᠢᠶᠠᠯ ᠢ ᠴᠤᠮᠬᠠᠳᠬᠠᠨ᠂ ᠬᠤᠷᠠᠯ ᠢ | ᠪᠠᠭᠠᠰᠬᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠷᠠᠯ ᠢ ᠪᠠᠭᠠᠰᠬᠠᠬᠤ ᠪᠠ ᠪᠠᠭᠤᠯᠭᠠᠬᠤ | ᠮᠠᠲ᠋ᠧᠷᠢᠶᠠᠯ ᠢ ᠴᠦᠭᠡᠳᠬᠡᠵᠤ᠂ ᠡᠯ᠎ᠡ ᠵᠦᠢᠯ ᠤᠨ ᠪᠠᠶᠢᠴᠠᠭᠠᠯᠲᠠ ᠪᠠ ᠦᠨᠡᠯᠡᠯᠲᠡ ᠶᠢ ᠴᠢᠩᠭ᠎ᠠ ᠲᠦᠷᠢᠮᠵᠢᠭᠦᠯᠦᠨ᠂ | ᠬᠢᠭᠰᠡᠨ ᠠᠵᠢᠯ ᠪᠦᠬᠦᠨ ᠢᠶᠠᠨ ᠤᠯᠠᠨ ᠳᠤ ᠮᠡᠲᠡᠬᠦᠯᠬᠦ ᠬᠢᠲᠠᠯ ᠢ ᠵᠠᠯᠠᠷᠠᠭᠤᠯᠵᠤ᠂ ᠡᠯ᠎ᠡ ᠱᠠᠲᠤᠨ ᠤ ᠺᠠᠳ᠋ᠷᠴᠤᠳ ᠲᠤ | ᠢᠯᠡᠭᠦᠬᠡᠨ ᠴᠠᠭ ᠭᠠᠷᠭᠠᠵᠤ᠂ ᠤᠶᠤᠨ ᠣᠬᠠᠭᠠᠨ ᠢᠶᠠᠨ ᠲᠦᠪᠯᠡᠷᠡᠬᠦᠯᠤᠨ ᠠᠵᠢᠯ ᠢᠶᠠᠨ ᠰᠣᠳᠣᠯᠵᠤ᠂ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠪᠠᠳᠠᠷᠠᠭᠤᠯᠵᠤ᠂ | ᠡᠷᠴᠢ ᠵᠤᠷᠢᠭ ᠢᠶᠠᠨ ᠬᠥᠪᠴᠢᠯᠡᠨ᠂ ᠰᠢᠷᠭᠠᠭᠤ ᠠᠵᠢᠯᠯᠠᠬᠤ ᠵᠤᠷᠢᠭ ᠰᠠᠨᠠᠭ᠎ᠠ ᠶᠢ ᠳᠠᠶᠢᠴᠢᠯᠠᠨ᠂ ᠦᠨᠡᠨ ᠦᠭᠡ | ᠬᠡᠯᠡᠵᠤ᠂ ᠪᠤᠳᠠᠳᠤ ᠶᠠᠪᠤᠳᠠᠯ ᠪᠦᠲᠦᠭᠡᠨ᠂ ᠪᠦᠲᠦᠮᠵᠢᠲᠠᠢ ᠠᠷᠭ᠎ᠠ ᠬᠡᠮᠵᠢᠶ᠎ᠠ ᠠᠪᠴᠤ᠂ ᠪᠤᠳᠠᠳᠤ ᠦᠷ᠎ᠡ ᠠᠰᠢᠭ | ᠤᠯᠬᠤ ᠶᠢ ᠪᠠᠷᠢᠮᠲᠠᠯᠠᠨ᠂ ᠬᠦᠴᠢᠷᠳᠡᠯ ᠪᠠ ᠠᠰᠠᠭᠤᠳᠠᠯ ᠤᠨ ᠡᠮᠤᠨ᠎ᠠ ᠨᠠᠵᠠᠭᠠᠶᠢᠷᠠᠨ ᠬᠤᠶᠢᠷᠭᠤᠰᠢᠬᠤ ᠦᠭᠡᠢ᠂ | ᠪᠤᠳᠠᠲᠠᠢ ᠲᠠᠢ ᠤᠶᠠᠯᠳᠤᠭᠤᠯᠤᠨ ᠪᠦᠲᠦᠭᠡᠯᠴᠢ ᠴᠢᠨᠠᠷ ᠲᠠᠢ ᠪᠠᠷ ᠠᠵᠢᠯ ᠢᠶᠠᠨ ᠦᠷᠨᠢᠭᠦᠯᠵᠤ᠂ ᠦᠭᠡᠷᠡᠴᠢᠯᠡᠯᠲᠡ | ᠬᠦᠭᠵᠢᠯᠲᠡ ᠶᠢᠨ ᠦᠯᠡᠮᠵᠢ ᠦᠷ᠎ᠡ ᠪᠥᠲᠥᠮᠵᠢ ᠪᠠᠷ ᠢᠶᠠᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ | ᠦᠭᠬᠦᠨ᠎ᠡ᠃ | ᠲᠦᠯᠦᠭᠡᠯᠡᠭᠴᠢᠳ ᠡ︕ | ᠰᠢᠨ᠎ᠡ ᠴᠠᠭ ᠦᠶ᠎ᠡ ᠪᠤᠯ ᠰᠢᠷᠭᠠᠭᠤ ᠳᠡᠮᠡᠴᠡᠭᠰᠡᠳ ᠤᠨ ᠴᠠᠭ ᠦᠶ᠎ᠡ᠂ ᠮᠦᠨᠴᠤ ᠬᠦᠰᠡᠯ ᠬᠦᠭᠡᠭᠡᠴᠡᠯᠲᠦᠭᠰᠡᠳ | ᠤᠨ ᠳᠠᠪᠴᠠᠩ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠦᠴᠢᠷ ᠢ ᠰᠦᠷᠦᠨ ᠴᠢᠷᠮᠠᠶᠢᠨ | ᠠᠵᠢᠯᠯᠠᠵᠦ᠂ ᠨᠡᠭᠡᠭᠡᠯᠲᠡ ᠲᠠᠢ ᠪᠠᠷ ᠤᠷᠤᠭᠰᠢᠯᠠᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠯᠢᠳᠡᠭ | ᠪᠦᠲᠦᠮᠵᠢ ᠪᠠᠷ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠲᠤᠨ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠤᠯᠵᠤ᠂ ᠪᠠᠶᠠᠨ ᠴᠢᠨᠡᠭᠡᠯᠢᠭ ᠪᠤᠯᠪᠠᠰᠤᠨ | ᠦᠵᠡᠰᠭᠦᠯᠡᠩᠲᠦ ᠠᠵᠠ ᠵᠢᠷᠭᠠᠯ ᠲᠠᠢ ᠬᠦᠪᠡᠭᠡᠲᠤ ᠰᠢᠷ᠎ᠠ ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠴᠦᠬᠦᠷᠡᠰᠢ | ᠦᠭᠡᠢ ᠲᠡᠮᠡᠴᠡᠵᠡᠭᠡᠶ᠎ᠡ︕ | |