ᠲᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠨᠤᠲᠤᠭ-ᠬᠦᠪᠡᠭᠡᠲᠦ ᠰᠢᠷ᠎ᠠ ᠬᠤᠰᠢᠭᠤ
ᠨᠡᠶᠢᠲᠡᠯᠡᠭᠰᠡᠨ ᠴᠠᠭ᠄
2019/12/4
     ᠬᠦᠪᠡᠭᠡᠲᠦ ᠰᠢᠷ᠎ᠠ  ᠬᠤᠰᠢᠭᠤ ᠨᠢ ᠴᠢᠯᠠᠭᠤ ᠮᠠᠲ᠋ᠧᠷᠢᠶᠠᠯ ᠢᠶᠠᠷ ᠠᠯᠳᠠᠷᠳᠠᠢ ᠪᠠᠶᠢᠳᠠᠭ᠃ ᠡᠶᠢᠨ ᠬᠦ᠋ ᠬᠦᠪᠡᠭᠡᠲᠦ ᠰᠢᠷ᠎ᠠ ᠨᠤᠲᠤᠭ ᠲᠤ ᠪᠠᠶᠢᠭ᠎ᠠ ᠬᠠᠳᠠᠨ ᠮᠤᠷᠢᠨ ᠤ ᠵᠢᠷᠤᠭ  ᠂ ᠬᠦᠮᠦᠨ ᠴᠢᠯᠠᠭᠤ ᠪᠠ ᠦᠪᠦᠷ ᠮᠤᠩᠭᠤᠯ᠂ ᠰᠢᠨᠵᠢᠶᠠᠩ᠂ ᠮᠣᠩᠭᠤᠯ ᠣᠯᠣᠰ ᠲᠤ ᠪᠠᠶᠢᠭ᠎ᠠ ᠬᠦᠮᠦᠨ ᠴᠢᠯᠠᠭᠤᠨ ᠰᠡᠶᠢᠯᠦᠮᠡᠯ ᠨᠢ ᠰᠢᠨ᠎ᠡ ᠴᠢᠯᠠᠭᠤᠨ ᠵᠡᠪᠰᠡᠭ ᠤᠨ ᠦᠶ᠎ᠡ ᠪᠤᠯᠤᠨ13 —14 ᠳ᠋ᠦᠭᠡᠷ ᠵᠠᠭᠤᠨ ᠤ ᠦᠶ᠎ᠡ ᠶᠢᠨ  ᠮᠣᠩᠭᠤᠯᠴᠤᠳ ᠤᠨ ᠰᠤᠶᠤᠯ ᠤᠨ ᠦᠯᠡᠳᠡᠴᠡ ᠪᠤᠯᠬᠤ ᠶᠣᠮ᠃ ᠬᠠᠳᠠ ᠴᠢᠯᠠᠭᠤ ᠶᠢ ᠴᠦᠴᠢᠳᠡᠨ ᠰᠡᠶᠢᠯᠪᠦᠷᠢᠯᠡᠭᠰᠡᠨ ᠡᠳᠡᠭᠡᠷ ᠠᠮᠢᠳᠤ ᠲᠦᠷᠰᠦᠯᠢᠭ ᠴᠦᠴᠢᠳᠡᠨ ᠰᠡᠶᠢᠯᠪᠦᠷᠢᠯᠡᠭᠰᠡᠨ ᠡᠳᠡᠭᠡᠷ ᠰᠤᠩᠭᠤᠳᠠᠭ ᠪᠦᠳᠦᠭᠡᠯ ᠨᠢ ᠲᠡᠯᠡᠭᠡᠢ ᠶᠢᠨ ᠨᠡᠭᠦᠳᠡᠯᠴᠢᠨ ᠮᠠᠯᠴᠢᠳ ᠤᠨ ᠲᠦᠯᠦᠭᠡᠯᠡᠬᠦ ᠴᠢᠨᠠᠷᠳᠠᠢ ᠲᠤᠷᠠᠰᠬᠠᠯᠳᠤ ᠪᠦᠳᠦᠭᠡᠯ ᠪᠤᠯᠬᠤ ᠶᠤᠮ᠃ ᠴᠢᠯᠠᠭᠤᠨ ᠰᠡᠶᠢᠯᠦᠮᠡᠯ ᠨᠢ ᠰᠡᠶᠢᠯᠪᠦᠷᠢᠴᠢ ᠶᠢᠨ ᠤᠷ᠎ᠠ ᠠᠪᠢᠶᠠᠰ᠂ ᠰᠠᠭᠤᠷᠢ ᠮᠡᠷᠭᠡᠵᠢᠯ ᠢ ᠤᠨᠴᠠ ᠱᠠᠭᠠᠷᠳᠠᠨ᠎ᠠ᠃ ᠭᠤᠤᠯᠳᠠᠭᠤ ᠪᠦᠭᠡᠷᠡᠩᠬᠡᠢ ᠪᠤᠰᠤᠭ᠎ᠠ᠂ ᠬᠦᠳᠦᠭᠦᠷ ᠬᠤᠳᠤᠭᠤᠷ᠂ ᠴᠤᠭᠤᠯᠳᠤᠭᠰᠠᠨ ᠨᠡᠪᠳᠡᠯᠡᠭᠰᠡᠨ᠂ ᠭᠡᠭᠡᠨ ᠪᠤᠳᠤᠩᠭᠤᠢ ᠰᠡᠶᠢᠯᠦᠮᠡᠯ ᠵᠡᠷᠬᠡ ᠬᠡᠳᠦᠨ ᠶᠡᠭᠡ ᠲᠦᠷᠦᠯ ᠳᠤ ᠠᠩᠬᠢᠯᠠᠳᠠᠭ᠃     2011 ᠤᠨ ᠳᠤ ᠲᠤᠮᠳᠠᠳᠤ ᠤᠯᠤᠰ ᠤᠨ ᠴᠢᠯᠠᠭᠤᠨ ᠮᠠᠲ᠋ᠧᠷᠢᠶᠠᠯ ᠤᠨ ᠨᠡᠶᠢᠭᠡᠮᠯᠢᠭ ᠠᠴᠠ ᠬᠦᠪᠡᠭᠡᠲᠦ ᠰᠢᠷ᠎ᠠ ᠬᠤᠰᠢᠭᠤ ᠶᠢ ︽ᠲᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠨᠤᠲᠤᠭ︾ ᠬᠡᠮᠡᠨ ᠨᠡᠷᠡᠶᠢᠳᠪᠡ     2016 ᠣᠨ ᠳᠤ  ᠮᠣᠩᠭᠤᠯ ᠦᠨᠳᠦᠰᠦᠳᠡᠨ ᠤ ᠴᠢᠯᠠᠭᠤᠨ ᠰᠡᠶᠢᠯᠦᠮᠡᠯ ᠨᠢ ᠰᠢᠯᠢ ᠶᠢᠨ ᠭᠤᠤᠯ ᠤᠨ ᠠᠶᠢᠮᠠᠭ ᠎ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠲᠡᠮᠳᠡᠭᠯᠡᠭᠳᠡᠪᠡ᠃
 
ᠢᠷᠡᠯᠲᠡ᠄ ᠲᠤᠷᠠᠭᠠᠨ ᠨᠤᠲᠤᠭ ᠠᠰᠣᠷᠣ ᠠᠶᠠᠯᠭᠤ ᠶᠢᠨ ᠦᠯᠦᠭᠡᠢ- ᠬᠦᠪᠡᠭᠡᠲᠦ ᠰᠢᠷ᠎ᠠ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号