ᠮᠣᠩᠭᠤᠯ ᠳ᠋ᠠᠨᠵᠤᠤᠷ ᠪᠢᠴᠢᠭ
ᠨᠡᠶᠢᠲᠡᠯᠡᠭᠰᠡᠨ ᠴᠠᠭ᠄
2019/12/5
        ᠮᠣᠩᠭᠤᠯ ᠳ᠋ᠠᠨᠵᠤᠤᠷ ᠪᠢᠴᠢᠭ ᠪᠤᠯ ᠲᠦᠪᠡᠳ‌‍ᠤᠨ ᠬᠤᠶᠠᠷ ᠶᠡᠭᠡ ᠭᠦᠯᠭᠡᠨ ᠰᠤᠳᠤᠷ ᠤᠨ ᠨᠢᠭᠡ ᠪᠤᠯᠤᠨ᠎ᠠ᠃ ᠲᠦᠪᠡᠳ ᠤᠨ ᠶᠡᠭᠡ ᠬᠦᠯᠬᠡᠨ ᠰᠤᠳᠤᠷ ᠢ ︽ᠵᠠᠷᠯᠢᠭ ᠤᠨ ᠤᠷᠴᠢᠭᠤᠯᠭ᠎ᠠ︾ᠪᠤᠯᠤᠨ ︽ᠱᠠᠰᠲᠢᠷ ᠤᠨ ᠤᠷᠴᠢᠭᠤᠯᠭ᠎ᠠ︾ᠭᠡᠮᠡᠬᠦ ᠬᠤᠶᠠᠷ ᠬᠡᠰᠡᠭ ᠬᠤᠪᠢᠶᠠᠨ᠎ᠠ᠃ ᠠᠪᠢᠶᠠᠴᠢᠯᠠᠨ ᠤᠷᠴᠢᠭᠤᠯᠪᠠᠯ᠂ ︽ᠭᠠᠨᠵᠤᠤᠷ︾᠂ ︽ᠳ᠋ᠠᠨᠵᠤᠤᠷ︾ ᠪᠤᠯᠤᠨ᠎ᠠ᠃ ︽ᠭᠠᠨ︾ ᠭᠡᠳᠡᠭ ᠨᠢ ᠵᠠᠷᠯᠢᠭ ᠭᠡᠬᠦ ᠤᠳᠬ᠎ᠠ ᠲᠠᠢ᠂ ︽ᠳ᠋ᠠᠨ︾᠎ ᠨᠢ ᠱᠠᠰᠲᠢᠷ ᠭᠡᠬᠦ ᠤᠳᠬ᠎ᠠ ᠲᠠᠢ᠂ ︽ᠵᠤᠤᠷ︾᠎ ᠨᠢ ᠤᠷᠴᠢᠭᠤᠯᠭ᠎ᠠ ᠭᠡᠬᠦ ᠤᠳᠬ᠎ᠠ ᠲᠠᠢ᠃ ᠭᠠᠨᠵᠤᠤᠷ ᠢ ᠪᠠᠰᠠ ᠭᠤᠤᠯ ᠰᠤᠳᠤᠷ ᠭᠡᠵᠦ᠂ ᠳ᠋ᠠᠨᠵᠤᠤᠷ ᠢ ᠳᠡᠳ᠋ ᠰᠤᠳᠤᠷ ᠂ ᠦᠷᠭᠦᠯᠵᠢᠯᠡᠯ ᠭᠡᠰᠡᠭ ᠭᠡᠨ᠎ᠡ᠃         ᠲᠦᠪᠡᠳ ᠤᠨ ᠯᠠᠮᠠ ᠲᠠᠭᠠᠯᠠᠯ ᠲᠡᠭᠦᠰᠬᠦ ᠦᠶᠡᠰ᠂ ᠬᠦᠪᠡᠭᠡᠲᠤ ᠰᠢᠷ᠎ᠡ ᠬᠤᠰᠢᠭᠤᠨ ᠤ ᠬᠠᠶ᠋ᠢᠩᠬᠢᠷᠸ᠎ᠠ ᠰᠦᠮ᠎ᠡ ᠶᠢᠨ19 ᠨᠠᠰᠤᠲᠠᠢ ᠵᠢᠭᠠᠯ ᠯᠠᠮᠠ ᠰᠡᠴᠡᠨ ᠢ ᠲᠦᠷᠦᠯ ᠠᠯᠵᠢᠭᠰᠠᠨ ᠬᠤᠪᠢᠯᠭᠠᠨ ᠢᠶᠠᠷ ᠰᠤᠩᠭᠤᠨ ᠲᠤᠳᠤᠷᠠᠭᠤᠯᠤᠭᠰᠠᠨ ᠪᠠᠶᠢᠨ᠎ᠠ᠃ ᠴᠢᠩ ᠤᠨ ᠲᠡᠭᠷᠢ ᠲᠡᠳᠭᠦᠭᠴᠢ ᠶᠢᠨ ᠨᠠᠢᠮᠠᠳᠤᠭᠠᠷ ᠤᠨ ᠳᠤ ᠰᠡᠴᠡᠨ ᠭᠡᠭᠡᠨ ︽ᠭᠠᠨᠵᠤᠤᠷ︾ᠰᠤᠳᠤᠷ ᠢ ᠵᠠᠯᠠᠵᠦ᠂ ᠲᠡᠭᠷᠢ ᠲᠡᠳᠭᠦᠭᠴᠢ ᠶᠢᠨ ᠲᠠᠪᠢᠨ ᠵᠢᠷᠭᠤᠳᠤᠭᠠᠷ ᠤᠨ ᠳᠤ ᠴᠢᠩ ᠭᠤᠤᠽᠦᠩ ᠎ ᠠᠴᠠ ᠰᠡᠴᠡᠨ ᠭᠡᠭᠡᠨ ᠳᠤ ᠡᠷᠭᠦᠮᠵᠢᠯᠡᠯ ᠬᠦᠷᠲᠡᠭᠡᠭᠰᠡᠨ ᠮᠦᠷᠲᠡᠭᠡᠨ ᠮᠤᠩᠭᠤᠯ ︽ᠳ᠋ᠠᠨᠵᠤᠤᠷ︾ᠰᠤᠳᠤᠷ ᠰᠤᠶᠤᠷᠬᠠᠭᠰᠠᠨ ᠪᠠᠶᠢᠨ᠎ᠠ᠃         ᠮᠤᠩᠭᠤᠯ ︽ᠳ᠋ᠠᠨᠵᠤᠤᠷ︾ ᠰᠤᠳᠤᠷ ᠪᠤᠯ ᠮᠠᠨ ᠤ ᠤᠯᠤᠰ ᠪᠤᠯᠤᠨ ᠮᠠᠨ ᠤ ᠤᠷᠤᠨ ᠤ ᠦᠨᠳᠦᠰᠦᠲᠡᠨ ᠤ ᠴᠢᠬᠤᠯᠠ‌‍ᠰᠤᠶᠤᠯ ‍ᠤᠨ‌ᠦᠪ ᠪᠤᠯᠤᠨ᠎ᠠ᠃ ᠬᠦᠪᠡᠭᠡᠲᠤ ᠰᠢᠷ᠎ᠠ ᠬᠤᠰᠢᠭᠤᠨ ᠤ ᠬᠠᠶ᠋ᠢᠩᠬᠢᠷᠸ᠎ᠠ ᠰᠦᠮ᠎ᠡ ᠮᠤᠩᠭᠤᠯ ︽ᠳ᠋ᠠᠨᠵᠤᠤᠷ︾᠎ ᠢ ᠬᠠᠳᠠᠭᠠᠯᠠᠭᠰᠠᠨ ᠲᠡᠤᠬᠡ ᠪᠠᠷ ᠬᠠᠮᠤᠭ ᠤᠨ ᠤᠷᠲᠤ ᠰᠦᠮ᠎ᠡ ᠪᠤᠯᠤᠨ᠎ᠠ  ᠃
                                      ︽ᠲᠣᠷᠭᠠᠨ ᠨᠤᠲᠤᠭ  ᠠᠰᠤᠷᠤ ᠠᠶᠠᠯᠭᠤ ᠶᠢᠨ ᠦᠯᠦᠭᠡᠢ  ᠬᠦᠪᠡᠭᠡᠲᠦ ᠰᠢᠷ᠎ᠠ︾᠎ ᠠᠴᠠ ᠪᠠᠭᠤᠯᠭᠠᠪᠠ᠃
 
ᠢᠷᠡᠯᠲᠡ᠄ ︽ᠲᠣᠷᠭᠠᠨ ᠨᠤᠲᠤᠭ ᠠᠰᠤᠷᠤ ᠠᠶᠠᠯᠭᠤ ᠶᠢᠨ ᠦᠯᠦᠭᠡᠢ ᠬᠦᠪᠡᠭᠡᠲᠦ ᠰᠢᠷ᠎ᠠ︾᠎ ᠠᠴᠠ ᠪᠠᠭᠤᠯᠭᠠᠪᠠ᠃
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号