ᠰᠤᠷᠤᠯᠴᠠᠯᠭ᠎ᠠ ᠪᠠᠷ ᠠᠮᠢᠳᠤᠷᠠᠯ ᠢᠶᠠᠨ ᠪᠠᠶᠠᠯᠢᠭᠵᠢᠭᠤᠯᠵᠤ ᠶᠠᠪᠤᠭ᠎ᠠ ᠮᠠᠯᠴᠢᠨ ᠨᠠᠮ ᠤᠨ ᠭᠡᠰᠢᠬᠦᠨ
ᠨᠡᠶᠢᠲᠡᠯᠡᠭᠰᠡᠨ ᠴᠠᠭ᠄
2019-12-06
      ᠬᠦᠪᠡᠭᠡᠲᠦ ᠰᠢᠷ᠎ᠠ ᠬᠤᠰᠢᠭᠤᠨ ᠤ ᠮᠠᠯᠴᠢᠨ ᠨᠠᠮ ᠤᠨ ᠬᠡᠰᠢᠬᠦᠨ ᠮᠦᠩᠭᠦᠨᠬᠤᠸᠠᠷ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠲᠠᠪᠴᠠᠩ ᠢᠶᠠᠷ  ᠲᠠᠮᠵᠢᠨ ᠣᠨᠣᠯ ᠤᠨ ᠮᠡᠳᠡᠯᠭᠡ ᠪᠠᠨ ᠨᠡᠮᠡᠭᠳᠡᠭᠦᠯᠦᠨ᠂ ᠠᠳᠠᠯ ᠠᠮᠢᠳᠤᠷᠠᠯ ᠳᠠᠭᠠᠨ ᠦᠢᠯᠡᠳᠦᠯᠭᠡᠵᠢᠬᠦᠯᠵᠤ ᠪᠤᠢ᠃       ᠮᠦᠩᠭᠦᠨᠬᠤᠸᠠᠷ ᠪᠣᠯ ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠪᠤᠷᠤᠳᠠᠪᠤᠰᠤ ᠭᠠᠴᠠᠭᠠᠠᠨ ᠤ ᠮᠠᠯᠴᠢᠨ ᠨᠠᠮ ᠤᠨ ᠬᠡᠰᠢᠭᠦᠨ ᠪᠤᠯᠤᠨ᠎ᠠ᠃ ᠲᠡᠷᠡᠪᠡᠷ 2007 ᠣᠨ ᠳᠤ ᠢᠷᠠᠭᠤ ᠠᠯᠳᠠᠷ ᠲᠠᠢ ᠪᠠᠷ ᠨᠠᠮ ᠎ ᠳᠤ ᠡᠯᠰᠡᠭᠳᠡᠨ ᠨᠢᠭᠡᠨ ᠦᠨᠳᠦᠰᠦᠨ ᠱᠠᠳᠤᠨ ᠤ ᠨᠠᠮ ᠤᠨ ᠬᠡᠰᠢᠬᠦᠨ ᠪᠤᠯᠤᠭᠰᠠᠨ ᠪᠠᠶᠢᠨ᠎ᠠ᠃ ᠡᠨᠡ ᠵᠢᠯ ᠤᠨ1 ᠰᠠᠷ᠎ᠠ ᠎ ᠠᠴᠠ ︽ᠰᠤᠷᠤᠯᠴᠯᠠᠭ᠎ᠠ ᠶᠢᠨ ᠬᠦᠴᠦᠷᠭᠡᠭ ᠤᠯᠤᠰ︾ ᠲᠠᠪᠴᠠᠩ ᠢ ᠡᠬᠢᠯᠡᠵᠤ ᠰᠤᠷᠤᠭᠰᠠᠨ ᠠᠴᠠ ᠨᠠᠰᠢ᠂ ᠮᠦᠩᠭᠦᠨᠬᠤᠸᠠᠷ ᠲᠡᠭᠡᠳᠦ ᠱᠠᠳᠤᠨ ᠤ ᠨᠠᠮ ᠤᠨ ᠰᠤᠷᠤᠯᠴᠠᠯᠭ᠎ᠠ ᠶᠢ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠎ ᠤᠨ ᠢᠶᠠᠨ ᠴᠢᠬᠤᠯᠠ ᠠᠭᠤᠯᠭ᠎ᠠ ᠪᠤᠯᠭᠠᠵᠤ᠂ ᠣᠳᠤ ᠰᠤᠷᠤᠯᠴᠠᠯᠭ᠎ᠠ ᠶᠢᠨ ᠬᠤᠪᠢ ᠨᠢ11186᠎ ᠶᠢ ᠲᠠᠪᠠᠭᠰᠠᠨ ᠪᠠᠶᠢᠨ᠎ᠠ᠃       ᠮᠦᠩᠭᠦᠨᠬᠤᠸᠠᠷ ᠰᠤᠷᠪᠤᠯᠵᠢᠯᠠᠭᠴᠢ ᠳᠤ᠄ ︽ᠪᠢ ᠦᠷᠯᠦᠭᠡ ᠳᠡᠭᠡᠨ ᠮᠠᠯ ᠠᠬᠤᠢ ᠪᠠᠨ ᠠᠮᠵᠢᠭᠤᠯᠤᠴᠢᠬᠠᠭᠠᠳ ᠴᠠᠢ ᠪᠠᠨ ᠤᠤᠭᠤᠬᠤ ᠴᠢᠯᠦᠭᠡᠨ ᠳᠤ ᠪᠠᠨ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠲᠠᠪᠴᠠᠩ ᠲᠡᠭᠡᠷᠡᠬᠢ ᠲᠦᠷᠰᠦ ᠰᠢᠩᠭᠡᠭᠡᠯᠳᠡ ᠪᠤᠶᠤ ᠤᠬᠤᠷ ᠫᠢᠯᠢᠮ ᠢ ᠦᠵᠡᠭᠡᠳ ᠪᠠᠷᠠᠴᠢᠬᠠᠳᠠᠭ᠂ ᠦᠳᠡ ᠶᠢᠨ ᠴᠢᠯᠦᠭᠡ ᠪᠤᠶᠤ ᠦᠳᠡ ᠎ ᠶᠢᠨ ᠬᠤᠶᠢᠨ᠎ᠠ ᠶᠢᠨ ᠴᠢᠯᠦᠭᠡ ᠪᠠᠷ ᠬᠠᠷᠢᠭᠤᠯᠬᠤ ᠰᠡᠳᠦᠪ ᠢ ᠬᠠᠷᠢᠭᠤᠯᠵᠤ᠂ ᠠᠵᠢᠯ ᠤᠨ ᠴᠢᠯᠦᠭᠡ ᠪᠠᠷ ᠢᠶᠠᠨ ᠨᠢᠭᠡ ᠡᠳᠦᠷ ᠤᠨ ᠰᠡᠳᠦᠪ ᠢᠶᠠᠨ ᠬᠢᠭᠡᠳ ᠪᠠᠷᠠᠴᠢᠬᠠᠳᠠᠭ᠂ ᠬᠠᠷᠢᠭᠤᠯᠬᠤ ᠰᠡᠳᠦᠪ ᠢ ᠨᠢ ᠵᠦᠪ ᠬᠠᠷᠢᠭᠤᠯᠪᠠᠯ ᠡᠳᠦᠷ ᠲᠡᠭᠡᠨ ᠪᠠᠷᠤᠭ40 ᠬᠤᠪᠢ ᠤᠯᠴᠢᠬᠠᠨ᠎ᠠ︾ ᠬᠡᠵᠤ ᠪᠠᠶᠠᠷᠳᠠᠢ ᠶᠠᠷᠢᠯ᠎ᠠ᠃       ᠮᠦᠩᠭᠦᠨᠬᠤᠸᠠᠷ ᠬᠡᠳᠦᠶᠢᠪᠡᠷ ᠡᠬᠡᠯ ᠵᠢᠷ ᠤᠨ ᠮᠠᠯᠴᠢᠨ ᠪᠤᠯᠪᠠᠴᠤ ᠡᠩ ᠤᠨ ᠴᠠᠭ ᠲᠠᠭᠠᠨ ᠲᠦᠪ᠂ ᠤᠷᠤᠨ ᠠᠶᠢᠮᠠᠭ ᠤᠨ ᠰᠤᠨᠢᠨ ᠮᠡᠳᠡᠭᠡ ᠶᠢ ᠠᠯᠳᠠᠯ ᠦᠭᠡᠢ ᠦᠵᠡᠵᠦ᠂ ᠴᠠᠭ ᠤᠨ ᠪᠠᠶᠢᠳᠠᠯ ᠢ ᠠᠩᠬᠠᠷᠳᠠᠭ ᠲᠤᠯᠠᠳᠠ ᠰᠤᠷᠤᠯᠴᠠᠯᠭ᠎ᠠ ᠶᠢᠨ ᠲᠠᠪᠴᠠᠩ ᠨᠢ ᠮᠦᠩᠭᠦᠨᠬᠤᠸᠠᠷ ᠲᠤ ᠨᠡᠩ ᠰᠠᠶᠢᠨ ᠤᠨᠤᠯ ᠤᠨ ᠰᠤᠷᠤᠯᠴᠠᠯᠭ᠎ᠠ ᠪᠠᠨ ᠪᠠᠳᠤᠵᠢᠭᠤᠯᠵᠤ᠂ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠬᠦ᠂ ᠲᠤᠬᠠᠶᠢᠯᠠᠭᠰᠠᠨ ᠠᠵᠢᠯ ᠤᠨ ᠴᠢᠳᠠᠪᠦᠷᠢ ᠎ ᠪᠠᠨ ᠲᠡᠭᠡᠭᠰᠢᠯᠡᠬᠦᠯᠬᠦ ᠲᠤᠬᠢᠶᠠᠯ ᠢ ᠤᠯᠭᠤᠭᠰᠠᠨ ᠪᠠᠶᠢᠨ᠎ᠠ᠃       ᠮᠦᠩᠭᠦᠨᠬᠤᠸᠠᠢ᠄ ︽ᠮᠠᠨᠤᠰ ᠠᠩᠬ᠎ᠠ ᠤᠳᠠᠭ᠎ᠠ ᠭᠠᠷ ᠤᠳᠠᠰᠤᠨ ᠲᠡᠭᠡᠷ᠎ᠡ ᠡᠶᠢᠮᠦᠷᠬᠦᠦ ᠰᠤᠷᠤᠯᠴᠠᠯᠭ᠎ᠠ ᠶᠢ ᠬᠢᠵᠤ ᠪᠠᠶᠢᠨ᠎ᠠ᠃ ᠡᠨᠡ ᠬᠦ᠋ ᠰᠤᠷᠤᠯᠴᠠᠯᠭ᠎ᠠ ᠪᠠᠷ ᠲᠠᠮᠵᠢᠨ ᠲᠡᠭᠡᠳᠦ ᠱᠠᠳᠤᠨ ᠤ ᠲᠦᠷᠦ ᠶᠢᠨ ᠪᠤᠳᠤᠯᠭ᠎ᠠ᠂ ᠬᠠᠤᠯᠢ ᠲᠦᠷᠢᠮ ᠶᠢᠨ ᠲᠤᠬᠠᠢ ᠤᠶᠢᠭᠠᠯᠳᠠ ᠪᠠᠨ ᠨᠡᠮᠡᠭᠳᠡᠬᠦᠯᠬᠦ ᠪᠠᠷ ᠦᠯᠦ ᠪᠠᠷᠠᠨ ᠡᠳᠦᠷ ᠲᠤᠳᠤᠮ ᠤᠨ ᠠᠮᠢᠳᠤᠷᠠᠯ ᠤᠨ ᠶᠡᠷᠦ ᠶᠢᠨ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠵᠤ ᠲᠡᠶᠢᠯᠦᠨ᠎ᠡ᠃ ᠵᠢᠱᠢᠶᠡᠯᠡᠪᠡᠯ ᠭᠠᠯ ᠤᠨ ᠠᠶᠤᠯ᠂ ᠰᠢᠪᠡᠷ ᠴᠢᠯᠠᠭᠤᠨ ᠤᠷᠤᠰᠬᠠᠯ ᠭᠠᠷᠪᠠᠯ ᠶᠠᠭᠠᠬᠢᠵᠤ ᠪᠡᠶ᠎ᠡ ᠪᠠᠨ ᠬᠠᠮᠠᠭᠠᠯᠠᠬᠠᠤ ᠲᠤᠬᠠᠢ᠂ ᠨᠠᠰᠤᠳᠠᠶᠢᠴᠤᠤᠯ᠂ ᠰᠤᠷᠤᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠤ ᠮᠡᠳᠡᠯᠭᠡ ᠵᠡᠷᠭᠡ ᠤᠯᠠᠨ ᠠᠷᠪᠢᠨ ᠮᠡᠳᠡᠯᠭᠡ ᠶᠢ ᠤᠯᠵᠤ ᠮᠡᠳᠡᠴᠢᠭᠡᠨ᠎ᠡ᠃ ᠡᠨᠡ ᠬᠦ᠋ ᠲᠠᠪᠴᠠᠩ ᠨᠢ ᠪᠢᠳᠡᠨ ᠤ ᠡᠳᠦᠷ ᠲᠤᠳᠤᠮ ᠤᠨ ᠠᠮᠢᠳᠤᠷᠠᠯ ᠳᠤ ᠲᠤᠩ ᠬᠡᠷᠡᠭᠴᠡᠭᠡᠳᠡᠢ ᠤᠨᠤᠯ ᠤᠨ ᠲᠠᠪᠴᠠᠩ ᠪᠤᠯᠤᠭᠰᠠᠨ ᠪᠠᠶᠢᠨ᠎ᠠ︾ ᠬᠡᠵᠤ ᠶᠡᠷᠢᠯ᠎ᠠ᠃        ᠮᠠᠨ ᠤ ᠨᠠᠮ ᠶᠡᠷᠦ ᠠᠴᠠ ᠰᠤᠷᠤᠯᠴᠠᠯᠭ᠎ᠠ ᠶᠢ ᠡᠷᠬᠢᠮᠯᠡᠭᠰᠡᠭᠡᠷ ᠢᠷᠡᠭᠰᠡᠨ ᠶᠤᠮ᠃ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠲᠠᠪᠴᠠᠩ ᠨᠢ ᠮᠦᠩᠬᠦᠨᠬᠤᠸᠠᠷ ᠰᠢᠭ ᠲᠦᠭ ᠲᠦᠮᠡᠨ ᠨᠠᠮ ᠤᠨ ᠬᠡᠰᠢᠭᠦᠨ ᠤ ᠰᠤᠷᠤᠯᠴᠠᠬᠤ ᠤᠷᠮᠠᠰᠢᠯ ᠢ ᠬᠦᠭᠵᠢᠬᠦᠯᠵᠤ᠂ ᠰᠤᠷᠤᠯᠴᠠᠯᠭ᠎ᠠ ᠶᠢ ᠨᠢᠭᠡ ᠵᠦᠢᠯ ᠤᠨ ᠠᠮᠢᠳᠤᠷᠠᠯ ᠤᠨ ᠬᠡᠪ ᠮᠠᠶ᠋ᠢᠭ᠂ ᠨᠢᠭᠡ ᠵᠦᠢᠯ ᠤᠨ ᠡᠭᠦᠷᠭᠡ ᠬᠠᠷᠢᠭᠤᠴᠠᠯᠭ᠎ᠠ᠂ ᠨᠢᠭᠡ ᠵᠦᠢᠯ ᠤᠨ ᠦᠵᠡᠯ ᠰᠠᠨᠠᠭᠠᠨ ᠤ ᠲᠦᠰᠢᠭ ᠪᠤᠯᠭᠠᠵᠤ᠂ ᠨᠠᠮ ᠤᠨ ᠬᠡᠰᠢᠬᠦᠨ ᠰᠢᠨᠳᠠᠷᠡᠰᠢ ᠦᠭᠡᠢ ᠵᠤᠷᠢᠭ ᠢᠶᠠᠷ ᠲᠦᠷᠦᠬᠦᠯᠡᠨ ᠰᠤᠷᠤᠯᠴᠠᠵᠤ ᠠᠷᠠᠳ ᠤᠯᠠᠨ ᠳᠤ ᠲᠠᠭᠤᠷᠢᠶᠠᠯ ᠪᠤᠯᠵᠤ᠂ ᠨᠡᠶᠢᠭᠡᠮ ᠎ ᠤᠨ ᠬᠦᠭᠵᠢᠯᠳᠡ ᠶᠢ ᠠᠬᠢᠭᠤᠯᠬᠤ ᠳᠤ ᠲᠦᠯᠬᠢᠴᠡ ᠦᠢᠯᠡᠳᠦᠯ ᠦᠵᠡᠭᠦᠯᠦᠨ᠎ᠡ᠃        ᠮᠦᠩᠭᠦᠨᠬᠤᠸᠠᠷ᠄ ︽ᠦᠨᠳᠦᠰᠦᠨ ᠱᠠᠳᠤᠨ ᠤ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ᠂ ᠪᠢ ᠤᠨᠤᠯ ᠤᠨ ᠮᠡᠳᠡᠯᠭᠡ ᠪᠠᠨ ᠠᠮᠢᠳᠤᠷᠠᠯ ᠲᠡᠭᠡᠷ᠎ᠡ ᠪᠠᠨ ᠢᠯᠡᠭᠦᠭᠡᠨ ᠭᠡᠷᠡᠭᠯᠡᠵᠤ᠂ ᠲᠡᠭᠡᠳᠦ ᠱᠠᠳᠤᠨ ᠤ ᠨᠠᠮ ᠵᠠᠰᠠᠭ ᠤᠨ ᠬᠠᠶᠢᠷ᠎ᠠ ᠬᠠᠯᠠᠮᠵᠢ ᠲᠤᠤᠷ᠎ᠠ ᠮᠠᠯᠴᠢᠨ ᠲᠦᠮᠡᠨ ᠢᠶᠠᠨ ᠳᠠᠶᠢᠴᠢᠯᠠᠨ ᠲᠠᠭᠠᠭᠤᠯᠵᠤ᠂ ᠠᠮᠢᠳᠤᠷᠠᠯ ᠢᠶᠠᠨ ᠤᠯᠠᠮ ᠴᠢᠨᠡᠭᠡᠯᠡᠭᠵᠢᠬᠦᠯᠦᠨ᠂ ᠬᠦᠳᠡᠭᠡ ᠨᠤᠲᠤᠭ ᠤᠨ ᠢᠶᠠᠨ ᠬᠦᠭᠵᠢᠯᠳᠡ ᠬᠤᠪᠢᠷᠠᠯᠳᠠ ᠳᠤ ᠨᠢᠭᠡ ᠮᠦᠷ ᠤᠨ ᠬᠦᠴᠦ ᠪᠠᠨ ᠡᠷᠬᠦᠶ᠎ᠡ ᠬᠡᠵᠤ ᠪᠤᠳᠤᠵᠤ ᠪᠠᠶᠢᠨ᠎ᠠ︾ ᠭᠡᠯ᠎ᠡ᠃ ᠣᠶᠢᠯᠭᠠᠭᠰᠠᠨ ᠢᠶᠠᠷ᠂ ᠬᠦᠪᠡᠭᠡᠲᠦ ᠰᠢᠷ᠎ᠠ ᠬᠤᠰᠢᠭᠤᠨ ᠤ 2000 ᠭᠠᠷᠤᠢ ᠨᠠᠮ ᠤᠨ ᠬᠡᠰᠢᠭᠦᠨ ᠺᠳᠠᠷ ︽ᠰᠤᠷᠤᠯᠴᠠᠯᠭ᠎ᠠ ᠶᠢᠨ ᠬᠦᠴᠦᠷᠭᠡᠭ ᠤᠯᠤᠰ︾ ᠲᠠᠪᠴᠠᠩ ᠲᠡᠭᠡᠷᠡᠬᠢ ᠡᠳᠦᠷ ᠲᠤᠳᠤᠮ ᠤᠨ ᠰᠤᠷᠤᠯᠴᠠᠯᠭ᠎ᠠ ᠶᠢ ᠪᠠᠶᠢᠩᠭᠤ ᠦᠷᠨᠢᠭᠦᠯᠵᠤ ᠪᠤᠢ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号