ᠲᠥᠷᠥ ᠲᠦᠮᠡᠨ ᠤ ᠪᠠᠨ ᠲᠦᠰᠢᠭ ᠲᠤᠯᠭᠠᠭᠤᠷᠢ ᠨᠢ ᠪᠣᠯᠵᠤ᠂ ᠨᠠᠮ ᠤᠨ ᠦᠢᠯᠡᠰ ᠲᠤ ᠴᠤᠴᠠᠯᠲᠠ ᠦᠭᠡᠢ | ᠵᠢᠳᠬᠦᠵᠤ ᠶᠠᠪᠤᠭ᠎ᠠ ᠴᠡᠩᠭᠡᠯᠪᠠᠶᠠᠷ ᠬᠦᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠢᠩᠲᠦ | ᠭᠠᠴᠠᠭ᠎ᠠ ᠪᠠᠷ ᠨᠤᠲᠤᠭᠲᠠᠢ᠃ 1995 ᠣᠨ ᠠᠴᠠ2018 ᠣᠨ ᠪᠣᠯᠲᠠᠯ᠎ᠠ ᠬᠤᠷᠢᠭᠠᠳ ᠵᠢᠯ ᠤᠨ ᠲᠤᠷᠰᠢ ᠭᠠᠴᠠᠭᠠᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠬᠤ ᠳᠠᠭᠠᠨ᠂ ᠮᠠᠯᠴᠢᠨ ᠲᠦᠮᠡᠨ ᠢᠶᠠᠨ ᠪᠠᠶᠠᠵᠢᠯ ᠤᠨ ᠬᠠᠷᠭᠤᠢ ᠳᠤ ᠬᠦᠲᠦᠯᠬᠦ | ᠭᠡᠵᠤ ᠬᠦᠴᠦᠨ ᠵᠢᠳᠬᠦᠭᠰᠡᠭᠡᠷ ᠢᠷᠡᠭᠰᠡᠨ ᠶᠤᠮ᠃ ᠡᠭᠦᠨ ᠢᠶᠠᠷ ᠴᠤ ᠦᠯᠦ ᠪᠠᠷᠠᠮ᠂ ᠦᠪᠡᠷᠲᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠬᠥᠪᠡᠭᠡᠲᠦ ᠰᠢᠷ᠎ᠠ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭ᠎ᠠ᠂ ᠠᠷᠪᠠᠨ ᠳᠥᠷᠪᠡᠳᠦᠭᠡᠷ ᠬᠤᠭᠤᠴᠠᠭ᠎ᠠ᠂ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠪᠠᠷ ᠲᠤᠰᠪᠥᠷᠢ ᠬᠤᠭᠤᠴᠠᠭ᠎ᠠ ᠳᠠᠷᠠᠭᠠᠯᠠᠨ | ᠰᠣᠩᠭᠤᠭᠳᠠᠵᠤ᠂ ᠠᠯᠤᠰᠷᠠᠵᠤ ᠬᠤᠯᠠᠳᠬᠤ ᠬᠤᠷᠤᠮ ᠪᠥᠭᠦᠳᠡ ᠶᠢ ᠠᠷᠠᠳ ᠤᠨ ᠲᠥᠯᠥᠭᠡ ᠤᠭᠳᠤᠵᠤ ᠦᠳᠡᠨ᠎ᠡ᠃ | ᠴᠡᠩᠭᠡᠯᠪᠠᠶᠠᠷ ᠨᠤᠲᠤᠭ ᠤᠰᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠠᠭᠤᠵᠢᠭᠤ ᠪᠣᠳᠣᠯ | ᠬᠤᠯᠠᠴᠢ ᠤᠬᠠᠭᠠᠨ ᠢᠶᠠᠷ ᠢᠶᠠᠨ ᠲᠠᠰᠤᠷᠠᠯᠲᠠ ᠦᠬᠡᠢ ᠰᠢᠨ᠎ᠡ ᠶᠢ ᠡᠷᠢᠯᠬᠢᠯᠡᠨ ᠬᠠᠶᠢᠨ ᠰᠦᠪᠡᠭᠴᠢᠯᠡᠵᠦ᠂ ︽ᠮᠠᠯ ᠠᠵᠤ | ᠠᠬᠤᠶ ᠪᠠᠷ ᠭᠤᠤᠯᠯᠠᠨ᠂ ᠣᠯᠠᠨ ᠲᠥᠷᠥᠯ ᠢ ᠡᠵᠡᠩᠨᠡᠵᠦ᠂ ᠮᠠᠯᠵᠢᠬᠤ ᠦᠶᠯᠡᠳᠪᠦᠷᠢᠯᠡᠯ ᠢ ᠬᠤᠪᠢᠷᠠᠭᠤᠯᠤᠨ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠨᠢᠭᠡᠳᠬᠡᠬᠦ ᠪᠠ ᠰᠠᠯᠭᠠᠬᠤ ᠶᠢ ᠤᠶᠠᠯᠳᠤᠭᠤᠯᠤᠨ᠂ ᠬᠠᠮᠲᠤ ᠶᠢᠨ | ᠠᠵᠤ ᠠᠬᠤᠶ ᠶᠢ ᠶᠡᠬᠡᠪᠡᠷ ᠬᠥᠭᠵᠢᠭᠦᠯᠵᠦ᠂ ᠮᠠᠯᠴᠢᠳ ᠤᠨ ᠣᠷᠣᠯᠭ᠎ᠠ ᠶᠢ ᠢᠳᠡᠪᠬᠢᠲᠡᠢ ᠨᠡᠮᠡᠭᠳᠡᠭᠦᠯᠦᠨ᠂ ᠬᠠᠮᠲᠤᠪᠠᠷ | ᠪᠠᠶᠠᠵᠢᠬᠤ︾ ᠠᠵᠢᠯ ᠤᠨ ᠰᠡᠳᠬᠢᠮᠵᠢ ᠶᠢ ᠲᠤᠭᠲᠠᠭᠠᠭᠰᠠᠨ ᠪᠠᠶᠢᠨ᠎ᠠ ᠃ | ︽ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ︾ ᠭᠡᠳᠡᠭᠴᠢᠯᠡᠨ᠂ ᠣᠬᠤᠷᠬᠠᠨ ᠬᠡᠳᠦᠨ ᠵᠢᠯ ᠳᠤ᠂ | ᠢᠩᠲᠦ ᠭᠠᠴᠠᠭᠠᠨ ᠤ ᠳᠦᠷᠰᠦ ᠪᠠᠶᠢᠳᠠᠯ ᠴᠣ ᠰᠢᠨ᠎ᠡ ᠦᠩᠬᠡ ᠲᠥᠷᠬᠦ ᠲᠠᠢ ᠪᠣᠯᠵᠤ᠂ ᠮᠠᠯᠵᠢᠬᠤ ᠦᠢᠯᠡᠳᠪᠦᠷᠢᠯᠡᠯ ᠨᠢ | ᠰᠢᠯᠢᠳᠡᠭᠵᠢᠨ᠂ ᠮᠠᠯᠴᠢᠳ ᠤᠨ ᠣᠷᠣᠯᠭ᠎ᠠ ᠨᠢ ᠴᠤ ᠶᠡᠬᠡᠪᠡᠷ ᠨᠡᠮᠡᠭᠳᠡᠭᠰᠡᠨ ᠪᠢᠯᠡ᠃ | ᠢᠩᠲᠦ ᠭᠠᠴᠠᠭ᠎ᠠ ᠨᠢ 13.6 ᠲᠦᠮᠡᠨ ᠮᠦ ᠨᠤᠲᠤᠭ ᠪᠡᠯᠴᠢᠭᠡᠷ ᠲᠠᠢ᠃ ᠤᠶᠢᠷ᠎ᠠ ᠶᠢᠨ ᠵᠢᠯ ᠳᠤ᠂ ᠲᠡᠷᠡ ᠪᠦᠬᠦ | ᠭᠠᠴᠠᠭᠠᠨ ᠤ ᠮᠠᠯ ᠠᠵᠤ ᠠᠬᠤᠢ ᠶᠢᠨ ᠰᠠᠭᠤᠷᠢ ᠨᠢᠮᠬᠡᠨ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠵᠡᠷᠭᠡ | ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠳᠤᠯᠠᠩ ᠪᠡᠯᠴᠢᠭᠡᠷ ᠤᠨ ᠦᠨᠳᠦᠰᠦᠨ ᠪᠦᠲᠦᠭᠡᠨ ᠪᠠᠶᠢᠭᠤᠯᠤᠯᠲᠠ᠂ ᠬᠠᠰᠢᠶ᠎ᠠ | ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠬᠥᠭᠵᠢᠭᠦᠯᠵᠡᠢ᠃ ᠬᠡᠳᠦᠨ | ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ ᠮᠠᠯ ᠠᠵᠤ ᠠᠬᠤᠢ ᠶᠢᠨ ᠰᠠᠭᠤᠷᠢ ᠨᠥᠬᠦᠴᠡᠯ ᠨᠢ ᠰᠠᠶᠢᠵᠢᠷᠠᠵᠤ᠂ | ᠭᠠᠴᠠᠭᠠᠨ ᠤ ᠮᠠᠯᠴᠢᠳ ᠤᠨ ᠮᠠᠯ ᠤᠨᠤᠭᠠᠨ ᠳᠤ ᠬᠡᠷᠡᠭᠰᠡᠬᠦ ᠲᠡᠵᠢᠭᠡᠯ ᠪᠣᠷᠳᠤᠭ᠎ᠠ ᠶᠢ ᠥᠪᠡᠷᠲᠡᠭᠡᠨ ᠬᠠᠩᠭᠠᠬᠤ ᠪᠣᠯᠵᠤ | ᠂ ᠵᠠᠷᠤᠳᠠᠯ ᠮᠥᠩᠭᠦ ᠶᠢ ᠨᠢ ᠠᠷᠪᠢᠯᠠᠨ ᠥᠭᠭᠦᠭᠰᠡᠨ ᠢᠶᠠᠷ ᠥᠷᠭᠡᠨ ᠣᠯᠠᠨ ᠮᠠᠯᠴᠢᠳ ᠤᠨ ᠰᠢᠨᠵᠢᠯᠡᠬᠦ ᠤᠬᠠᠭᠠᠨᠴᠢ ᠪᠠᠷ | ᠮᠠᠯ ᠮᠠᠯᠵᠢᠬᠤ ᠢᠳᠡᠪᠬᠢᠵᠢᠯ ᠢ ᠶᠡᠬᠡᠪᠡᠷ ᠪᠠᠳᠠᠷᠠᠭᠤᠯᠤᠭᠰᠠᠨ ᠪᠠᠶᠢᠨ᠎ᠠ᠃ | ᠲᠡᠷᠡᠪᠡᠷ᠂ 58 ᠮᠠᠯᠴᠢᠨ ᠡᠷᠦᠬᠡ ᠶᠢ ᠵᠣᠬᠢᠶᠠᠨ ᠪᠠᠶᠢᠭᠤᠯᠵᠤ᠂ ︽ᠬᠦᠪᠡᠭᠡᠲᠦ ᠰᠢᠷ᠎ᠠ ᠬᠤᠰᠢᠭᠤᠨ ᠤ ᠢᠩᠲᠤ | ᠭᠠᠴᠠᠭᠠᠨ ᠤ ᠭᠠᠮᠰᠢᠭ ᠠᠴᠠ ᠠᠪᠤᠷᠠᠵᠤ ᠮᠠᠯ ᠠᠵᠤ ᠠᠬᠤᠢ ᠶᠢ ᠬᠥᠭᠵᠢᠬᠦᠯᠬᠦ ᠨᠡᠶᠢᠭᠡᠮᠯᠢᠭ︾ ᠢ ᠡᠭᠦᠰᠬᠡᠨ ᠪᠠᠶᠢᠭᠤᠯᠵᠤ | ᠂ 300 ᠮᠦ ᠥᠨᠳᠥᠷ ᠤᠨᠠᠯᠲᠠ ᠲᠠᠢ ᠲᠡᠵᠢᠭᠡᠯ ᠪᠣᠷᠳᠤᠭ᠎ᠠ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ | 9000 ᠮᠦ ᠬᠠᠳᠤᠯᠠᠩ ᠤᠨ ᠲᠠᠯᠠᠪᠠᠢ ᠲᠤᠤᠷᠯᠠᠨ ᠪᠢᠲᠡᠭᠦᠮᠵᠢᠯᠡᠵᠤ᠂ 2000 ᠭᠠᠷᠤᠢ ᠬᠤᠷᠠᠭ᠎ᠠ ᠶᠢ | ᠲᠥᠪᠯᠡᠷᠡᠭᠦᠯᠦᠨ ᠮᠠᠯᠵᠢᠭᠰᠠᠨ ᠤ ᠬᠠᠮᠲᠤ ᠮᠢᠬ᠎ᠠ ᠨᠤᠤᠰᠤ ᠬᠤᠤᠰᠯᠠᠭᠰᠠᠨ ᠳ᠋ᠧ ᠮᠧᠢ ᠬᠤᠨᠢᠨ ᠤ ᠭᠠᠷ ᠬᠡᠭᠡᠯᠲᠦᠭᠦᠯᠭᠡ | ᠪᠠ ᠰᠢᠮᠧᠨ᠋ᠲ᠋ᠧᠷ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠵᠢᠨᠠᠵᠢᠯ ᠢ ᠥᠷᠨᠢᠭᠦᠯᠪᠡ᠃ ᠲᠡᠭᠦᠨ ᠤ ᠠᠯᠢ | ᠣᠯᠠᠨ ᠰᠢᠨ᠎ᠡ ᠰᠡᠪᠡᠭᠦᠨ ᠤᠬᠠᠭᠠᠯᠢᠭ ᠥᠭᠡᠷᠡᠴᠢᠯᠡᠯᠲᠡ ᠨᠢ ᠨᠡᠶᠢᠭᠡᠮᠯᠢᠭ ᠢ ᠲᠠᠰᠤᠷᠠᠯᠲᠠ ᠦᠭᠡᠢ ᠬᠥᠭᠵᠢᠭᠦᠯᠦᠨ | ᠪᠤᠵᠠᠭᠠᠶᠢᠷᠠᠭᠤᠯᠵᠤ᠂ 58 ᠮᠠᠯᠴᠢᠨ ᠡᠷᠦᠬᠡ ᠡᠭᠦᠨ ᠤ ᠤᠯᠠᠮ ᠠᠴᠠ ᠠᠰᠢᠭ ᠬᠦᠷᠲᠡᠵᠤ ᠠᠮᠢᠳᠤᠷᠠᠯ ᠨᠢ | ᠳᠡᠭᠵᠢᠷᠡᠭᠰᠡᠨ ᠤ ᠬᠠᠮᠲᠤ ᠮᠠᠯ ᠤᠨ ᠲᠤᠭ᠎ᠠ ᠲᠤᠯᠤᠭᠠᠢ ᠶᠢ ᠥᠷᠥᠭᠡᠰᠦᠯ ᠢᠶᠠᠷ ᠬᠥᠭᠡᠭᠡᠴᠡᠯᠳᠦᠵᠦ ᠣᠷᠣᠯᠭ᠎ᠠ ᠪᠠᠨ | ᠨᠡᠮᠡᠭᠳᠡᠭᠦᠯᠬᠦ ᠬᠡᠪᠰᠢᠮᠡᠯ ᠦᠵᠡᠯᠲᠡ ᠪᠠ ᠠᠷᠭ᠎ᠠ ᠬᠢᠳᠡᠯ ᠢ ᠲᠤᠶᠢᠯᠪᠤᠷᠢᠲᠠᠶ ᠬᠤᠪᠢᠷᠠᠭᠤᠯᠵᠤ ᠴᠢᠳᠠᠭᠰᠠᠨ ᠪᠠᠶᠢᠨ᠎ᠠ᠃ | ᠲᠡᠭᠦᠨ ᠤ ᠤᠯᠠᠨ ᠠᠴᠠ ᠬᠡᠲᠦᠶᠢᠳᠦᠭᠰᠡᠨ ᠦᠵᠡᠯ ᠪᠣᠳᠣᠯ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠡᠷᠡᠮᠡᠬᠡᠢ | ᠵᠤᠷᠢᠮᠠᠭ ᠵᠠᠩ ᠴᠢᠨᠠᠷ ᠢ ᠨᠢ ᠮᠠᠯᠴᠢᠳ ᠠᠮᠠ ᠳᠠᠮᠵᠢᠨ ᠮᠠᠭᠲᠠᠵᠠᠭᠠᠨ᠎ᠠ᠃ | 2009 ᠣᠨ ᠳᠤ᠂ ᠲᠡᠷᠡ ᠪᠠᠰᠠ ᠮᠠᠯᠴᠢᠳ ᠢ ᠳᠠᠶᠢᠴᠢᠯᠠᠨ ︽ᠢᠩᠲᠦ ᠮᠠᠯ ᠠᠵᠤ ᠠᠬᠤᠢ ᠶᠢᠨ ᠲᠤᠰᠬᠠᠶ | ᠬᠤᠷᠰᠢᠶᠠᠵᠢᠯ︾ ᠢ ᠪᠠᠶᠢᠭᠤᠯᠤᠭᠰᠠᠨ ᠪᠠᠶᠢᠨ᠎ᠠ᠃ 32 ᠮᠠᠯᠴᠢᠨ ᠡᠷᠦᠬᠡ ᠢ ᠵᠤᠬᠢᠶᠠᠨ ᠪᠠᠶᠢᠭᠤᠯᠵᠤ᠂ ᠪᠡᠯᠡ ᠮᠥᠩᠭᠦ | ᠬᠥᠳᠡᠯᠮᠦᠷᠢ ᠬᠦᠴᠦ ᠣᠷᠣᠭᠤᠯᠬᠤ ᠬᠡᠯᠪᠡᠷᠢ ᠪᠠᠷ ᠭᠠᠴᠠᠭᠠᠨ ᠤ 3000 ᠮᠦ ᠬᠠᠮᠲᠤ ᠶᠢᠨ ᠪᠡᠯᠴᠢᠭᠡᠷ ᠢ ᠠᠰᠢᠭᠯᠠ᠂ | ᠬᠤᠷᠠᠭ᠎ᠠ ᠪᠣᠷᠳᠣᠬᠤ ᠴᠡᠭ ᠪᠠ ᠳ᠋ᠧ ᠮᠧᠶ ᠬᠤᠨᠢ ᠬᠡᠭᠡᠯᠲᠦᠭᠦᠯᠬᠦ ᠴᠡᠭ ᠢ ᠰᠢᠨ᠎ᠡ ᠪᠠᠷ ᠪᠠᠶᠢᠭᠤᠯᠵᠤ᠂ 32 ᠡᠷᠦᠬᠡ ᠶᠢᠨ | 1000 ᠬᠤᠷᠠᠭ᠎ᠠ ᠶᠢ ᠰᠠᠭᠤᠷᠢᠨ ᠭᠠᠵᠠᠷ ᠲᠤ ᠲᠥᠪᠯᠡᠷᠡᠭᠦᠯᠦᠨ ᠮᠠᠯᠵᠢᠵᠤ ᠲᠠᠷᠭᠤ ᠬᠦᠴᠦ ᠠᠪᠤᠭᠤᠯᠬᠤ ᠠᠵᠢᠯ ᠢᠶᠠᠨ | ᠡᠬᠢᠯᠡᠭᠦᠯᠦᠭᠰᠡᠨ ᠶᠤᠮ᠃ ᠨᠠᠷᠢᠨ ᠨᠢᠮᠪᠠᠢ ᠠᠷᠠᠴᠢᠯᠠᠨ ᠮᠠᠯᠵᠢᠭᠰᠠᠨ ᠢᠶᠠᠷ᠂ ᠬᠤᠷᠠᠭ᠎ᠠ ᠪᠦᠷᠢ ᠶᠢᠨ ᠭᠠᠷᠭᠠᠯᠲᠠ ᠳᠤ | ᠳᠤᠮᠳᠠᠴᠢ ᠪᠠᠷ 73 ᠲᠥᠭᠦᠷᠢᠭ ᠤᠨ ᠢᠯᠡᠭᠦᠴᠡ ᠣᠷᠣᠯᠭ᠎ᠠ ᠶᠢ ᠣᠯᠵᠤ᠂ ᠮᠠᠯᠴᠢᠨ ᠤᠯᠠᠨ ᠤ ᠮᠠᠩᠨᠠᠢ ᠶᠢ | ᠲᠡᠨᠢᠢᠯᠭᠡᠭᠰᠡᠨ ᠪᠢᠯᠡ᠃ ᠴᠡᠩᠭᠡᠯᠪᠠᠶᠠᠷ ᠡᠶᠢᠨᠬᠦ ᠬᠤᠷᠰᠢᠶᠠᠵᠢᠯ ᠤᠨ ᠬᠡᠯᠪᠡᠷᠢ ᠪᠠᠷ ᠳᠠᠮᠵᠢᠨ ᠮᠠᠯᠴᠢᠳ ᠲᠤ ᠥᠯᠡᠮᠵᠢ | ᠦᠷ᠎ᠡ ᠠᠰᠢᠭ ᠬᠦᠷᠲᠡᠭᠡᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ | ᠭᠠᠪᠰᠢᠭᠠᠶᠢᠯᠠᠨ ᠪᠠᠶᠢᠯᠳᠤᠵᠤ᠂ ᠠᠷᠠᠳ ᠤᠨ ᠢᠶᠠᠨ ᠰᠡᠳᠬᠢᠯ ᠤᠨ ᠨᠤᠶᠠᠨ ᠨᠢᠷᠤᠭᠤ ᠪᠤᠯᠤᠨ ᠰᠡᠬᠦᠶᠢᠨ ᠰᠦᠨᠳᠡᠷᠯᠡᠭᠰᠡᠨ | ᠪᠠᠶᠢᠨ᠎ᠠ᠃ | ︽ᠡᠵᠡᠨ ᠬᠢᠴᠢᠶᠡᠪᠡᠯ ᠵᠠᠶᠠᠭ᠎ᠠ ᠬᠢᠴᠢᠶᠡᠨ᠎ᠡ︾ ᠭᠡᠰᠡᠨᠴᠢᠯᠡᠨ ᠲᠡᠭᠦᠨ ᠢ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠠᠴᠠ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠡᠵᠡᠩᠨᠡᠯᠲᠡ ᠶᠢᠨ ᠠᠷᠭ᠎ᠠ | ᠬᠡᠯᠪᠡᠷᠢ ᠶᠢ ᠬᠤᠪᠢᠷᠠᠭᠤᠯᠤᠭᠰᠠᠨ ᠳᠠᠭᠠᠭᠤᠯᠤᠭᠴᠢ ᠪᠠᠷ ᠦᠨᠡᠯᠡᠭᠰᠡᠨ ᠪᠢᠯᠡ᠃ ᠡᠭᠦᠨ ᠤ ᠬᠠᠮᠲᠤ ᠭᠤᠷᠪᠠᠨ ᠵᠢᠯ | ᠳᠠᠷᠠᠭᠠᠯᠠᠨ ᠪᠦᠬᠦ ᠬᠤᠰᠢᠭᠤᠨ ᠤ ᠠᠷᠪᠠᠨ ᠰᠢᠯᠢᠳᠡᠭ ᠮᠠᠯᠴᠢᠨ᠂ ᠰᠢᠯᠢᠳᠡᠭ ᠭᠠᠴᠠᠭᠠᠨ ᠳᠠᠷᠤᠭ᠎ᠠ ᠪᠤᠯᠤᠨ | ᠬᠦᠳᠡᠯᠮᠦᠷᠢ ᠶᠢᠨ ᠵᠢᠱᠢᠶᠡᠴᠢ ᠶᠢᠨ ᠴᠤᠯᠠ ᠶᠢ ᠬᠦᠷᠲᠡᠵᠠᠢ᠃ |