ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶᠠᠨ ᠤ ᠬᠡᠷᠡᠭᠯᠡᠭᠴᠢᠳ ᠤᠨ ᠪᠡᠶ᠎ᠡ ᠶᠢᠨ ᠭᠠᠷᠤᠯ ᠤᠨ ᠰᠤᠷᠠᠭ ᠵᠠᠩᠬᠢ ᠶᠢ ᠬᠢᠨᠠᠨ ᠬᠠᠷᠭᠤᠭᠤᠯᠬᠤ ᠠᠵᠢᠯ ᠢ ᠦᠷᠨᠢᠬᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2020/10/13
ᠬᠦᠨᠳᠦᠳᠦ ᠬᠡᠷᠡᠭᠯᠡᠭᠴᠢᠳ ᠡ᠄       ᠬᠦᠪᠡᠭᠡᠲᠦ ᠰᠢᠷ᠎ᠠ ᠬᠤᠰᠢᠭᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠲᠡᠭᠡᠳᠦ ᠱᠠᠳᠤᠨ ᠤ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠠᠮᠢᠭ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠦᠩᠬᠦᠨ ᠬᠦᠢᠯᠭᠡᠭᠡᠨ ᠤ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠲᠠ ᠪᠦᠬᠦᠨ ᠤ ᠲᠠᠩᠰᠠᠨ ᠡᠷᠦᠬᠡ ᠨᠢ ᠬᠠᠤᠯᠢ ᠪᠤᠰᠤ ᠡᠳᠡᠭᠡᠳ ᠲᠤ ᠠᠰᠢᠭᠯᠠᠭᠳᠠᠬᠤ ᠠᠴᠠ ᠰᠡᠷᠭᠡᠶᠢᠯᠡᠨ᠂ ᠦᠨᠡᠨ ᠪᠤᠳᠠᠳᠤ ᠨᠡᠷ᠎ᠡ ᠶᠢᠨ ᠲᠥᠷᠢᠮ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠨᠠᠶᠢᠳᠠᠪᠦᠷᠢᠵᠢᠭᠤᠯᠵᠤ᠂ ᠮᠠᠨ ᠤ ᠤᠯᠤᠰ ᠤᠨ ᠵᠤᠭᠤᠰ ᠤᠬᠢᠶᠠᠬᠤ ᠶᠢ ᠡᠰᠡᠷᠭᠦᠴᠡᠬᠦ ᠬᠠᠤᠯᠢ ᠵᠢᠴᠢ ᠬᠡᠷᠡᠭᠯᠡᠭᠴᠢᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠬᠡᠷᠡᠭᠯᠡᠭᠴᠢᠳ ᠤᠨ ᠪᠡᠶ᠎ᠡ ᠶᠢᠨ ᠭᠠᠷᠤᠯ ᠤᠨ ᠰᠤᠷᠠᠭ ᠵᠠᠩᠬᠢ ᠶᠢ ᠬᠢᠨᠠᠨ ᠬᠠᠷᠭᠤᠭᠤᠯᠬᠤ ᠠᠵᠢᠯ ᠢ ᠥᠷᠨᠢᠬᠦᠯᠬᠦ ᠪᠠᠷ ᠪᠠᠶᠢᠨ᠎ᠠ᠃ ᠬᠤᠯᠪᠤᠭᠳᠠᠯ ᠪᠦᠬᠦᠢ ᠵᠦᠢᠯᠡᠰ ᠢ ᠲᠤᠤᠷᠠᠬᠢ ᠮᠡᠳᠦ ᠮᠡᠳᠡᠭᠳᠡᠶ᠎ᠡ᠃      ᠨᠢᠭᠡ᠂ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ      ᠠᠯᠪᠠᠨ ᠵᠠᠷ ᠨᠡᠶᠢᠳᠡᠯᠡᠭᠰᠡᠨ ᠡᠳᠦᠷ ᠠᠴᠠ ᠡᠮᠦᠨ᠎ᠡ᠂ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠲᠠᠢ ᠦᠢᠯᠡᠴᠢᠯᠡᠭᠡᠨ ᠤ ᠬᠠᠷᠢᠴᠠᠭ᠎ᠠ ᠪᠠᠶᠢᠭᠤᠯᠤᠭᠰᠠᠨ ᠬᠡᠷᠡᠭᠯᠡᠭᠴᠢᠳ ᠤᠨ ᠪᠡᠶ᠎ᠡ ᠶᠢᠨ ᠭᠠᠷᠤᠯ  ᠤᠨ ᠰᠤᠷᠠᠭ ᠵᠠᠩᠬᠢ ︵ᠬᠤᠪᠢ ᠬᠦᠮᠦᠨ ᠤ ᠲᠠᠩᠰᠠ ᠡᠷᠦᠬᠡ ᠪᠠ ᠪᠠᠶᠢᠭᠤᠯᠭ᠎ᠠ ᠨᠢᠭᠡᠴᠡ ᠶᠢᠨ ᠲᠠᠩᠰᠠᠨ ᠡᠷᠦᠬᠡ ᠪᠠᠭᠲᠠᠨ᠎ᠠ︶᠃      ︵ᠨᠢᠭᠡ︶ ᠬᠤᠪᠢ ᠬᠦᠮᠦᠨ ᠤ ᠭᠡᠷᠡᠭᠯᠡᠭᠴᠢᠳ ᠤᠨ ᠬᠢᠨᠠᠨ ᠬᠠᠷᠭᠤᠭᠤᠯᠬᠤ ᠴᠢᠬᠤᠯᠠᠲᠠᠢ ᠪᠡᠶ᠎ᠡ ᠶᠢᠨ ᠭᠠᠷᠤᠯ ᠤᠨ ᠰᠤᠷᠠᠭ ᠵᠠᠩᠬᠢ ᠳᠤ ︵ᠬᠢᠵᠠᠭᠠᠷᠯᠠᠭᠳᠠᠬᠤ ᠦᠬᠡᠢ︶᠄ ᠤᠪᠤᠭ ᠨᠡᠷ᠎ᠡ᠂ ᠴᠢᠨᠠᠷ ᠤᠨ ᠢᠯᠭᠠᠯ᠂ ᠤᠯᠤᠰ ᠤᠨ ᠬᠠᠷᠢᠶ᠎ᠠ᠂ ᠡᠷᠬᠢᠯᠡᠭᠰᠡᠨ ᠠᠵᠢᠯ᠂ ᠰᠠᠭᠤᠭ᠎ᠠ ᠭᠠᠵᠠᠷ ᠪᠠ ᠠᠵᠢᠯᠯᠠᠵᠤ ᠪᠠᠶᠢᠭ᠎ᠠ ᠭᠠᠵᠠᠷ ᠤᠨ ᠬᠠᠶ᠋ᠢᠭ᠂ ᠪᠡᠶ᠎ᠡ ᠶᠢᠨ ᠦᠨᠡᠮᠯᠡᠯ ᠪᠤᠶᠤ ᠪᠡᠶ᠎ᠡ  ᠶᠢᠨ ᠭᠠᠷᠤᠯ ᠤᠨ ᠬᠡᠷᠡᠴᠢ ᠪᠢᠴᠢᠭ ᠤᠨ ᠲᠥᠷᠦᠯ ᠵᠦᠢᠯ ᠵᠢᠴᠢ ᠨᠤᠮᠧᠷ ᠪᠠ ᠬᠦᠴᠦᠨ ᠲᠠᠢ ᠬᠤᠭᠤᠴᠠᠭ᠎ᠠ ᠵᠡᠷᠭᠡ᠃      ᠬᠤᠶᠠᠷ᠂ ᠬᠡᠷᠡᠭᠯᠡᠭᠴᠢᠳ ᠤᠨ ᠬᠠᠮᠵᠢᠯᠴᠠᠬᠤ ᠴᠢᠬᠤᠯᠠᠲᠠᠢ ᠵᠦᠢᠯ      ︵ᠬᠤᠶᠠᠷ︶ ᠪᠠᠶᠢᠭᠤᠯᠭ᠎ᠠ ᠨᠢᠭᠡᠴᠡ ᠶᠢᠨ ᠬᠡᠷᠡᠭᠯᠡᠭᠴᠢᠳ ᠤᠨ ᠬᠢᠨᠠᠨ ᠬᠠᠷᠭᠤᠭᠤᠯᠬᠤ ᠴᠢᠬᠤᠯᠠᠲᠠᠢ ᠰᠤᠷᠠᠭ ᠵᠠᠩᠬᠢ  ᠳᠤ ︵ᠬᠢᠵᠠᠭᠠᠷᠯᠠᠭᠳᠠᠬᠤ ᠦᠬᠡᠢ︶᠄ ᠨᠡᠷᠡᠶᠢᠳᠦᠯ᠂ ᠰᠠᠭᠤᠭ᠎ᠠ, ᠭᠠᠵᠠᠷ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠲᠤᠰ ᠬᠡᠷᠡᠭᠯᠡᠭᠴᠢ ᠶᠢᠨ ᠬᠠᠤᠯᠢ ᠶᠤᠰᠤᠭᠠᠷ ᠪᠠᠶᠢᠭᠤᠯᠤᠭᠰᠠᠨ ᠪᠤᠶᠤ ᠬᠠᠤᠯᠢ ᠶᠤᠰᠤᠭᠠᠷ ᠡᠵᠡᠩᠨᠡᠵᠦ ᠪᠤᠯᠬᠤ ᠬᠡᠷᠡᠴᠢ ᠪᠤᠶᠤ ᠪᠢᠴᠢᠭ ᠮᠠᠲ᠋ᠧᠷᠢᠶᠠᠯ ᠤᠨ ᠨᠡᠷᠡᠶᠢᠳᠦᠯ ᠵᠢᠴᠢ ᠨᠤᠮᠧᠷ ᠪᠠ ᠬᠦᠴᠦᠨ ᠲᠠᠢ ᠬᠤᠭᠤᠴᠠᠭ᠎ᠠ᠄ ᠬᠤᠪᠢ ᠡᠵᠡᠮᠳᠡᠭᠰᠡᠨ ᠬᠤᠪᠢ ᠤᠷᠤᠭᠤᠯᠤᠭᠴᠢ ᠪᠠ ᠪᠤᠳᠠᠳᠤ ᠡᠵᠡᠮᠳᠡᠭᠴᠢ᠂ ᠬᠠᠤᠯᠢ ᠶᠢᠨ ᠲᠦᠯᠦᠭᠡᠯᠡᠭᠴᠢ᠂ ᠬᠠᠷᠢᠭᠤᠴᠠᠯᠭᠠᠲᠠᠨ ᠪᠠ ᠡᠷᠬᠡ ᠤᠯᠭᠤᠭᠰᠠᠨ ᠲᠤᠬᠠᠶᠢᠯᠠᠭᠰᠠᠨ ᠠᠵᠢᠯ ᠤᠨ ᠠᠵᠢᠯᠲᠠᠨ ᠤᠪᠤᠭ ᠨᠡᠷ᠎ᠡ᠂ ᠪᠡᠶ᠎ᠡ ᠶᠢᠨ ᠦᠨᠡᠮᠯᠡᠯ ᠪᠤᠶᠤ ᠪᠡᠶ᠎ᠡ ᠶᠢᠨ ᠭᠠᠷᠤᠯ ᠢ ᠬᠡᠷᠡᠴᠢᠯᠡᠬᠦ ᠪᠢᠴᠢᠭ ᠮᠠᠲ᠋ᠧᠷᠢᠶᠠᠯ ᠤᠨ ᠲᠥᠷᠦᠯ ᠵᠦᠢᠦᠯ᠂ ᠨᠤᠮᠧᠷ᠂ ᠬᠦᠴᠦᠨ ᠲᠠᠢ ᠬᠤᠭᠤᠴᠠᠭ᠎ᠠ᠃      ᠬᠡᠷᠡᠭᠯᠡᠭᠴᠢᠳ ᠲᠤᠰ ᠪᠡᠶ᠎ᠡ ᠪᠠᠷ ᠢᠶᠠᠨ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠲᠤᠷ᠎ᠠ ᠶᠢᠨ ᠨᠢᠭᠡ ᠠᠵᠢᠯᠯᠠᠬᠤ ᠴᠡᠭ ︵ᠡᠰᠡᠭᠦᠯ᠎ᠡ ᠥᠪᠦᠷ ᠮᠤᠩᠭᠤᠯ ᠤᠨ ᠬᠦᠳᠡᠭᠡ ᠲᠤᠰᠬᠤᠨ ᠤ ᠢᠳᠡᠭᠡᠮᠵᠢ  ᠶᠢᠨ ᠬᠤᠷᠰᠢᠶᠠᠨ ᠤ ᠲᠤᠷ᠎ᠠ ᠶᠢᠨ ᠨᠢᠭᠡ ᠠᠵᠢᠯᠯᠠᠬᠤ ᠴᠡᠭ︶ ᠢᠶᠠᠷ ᠳᠠᠮᠵᠢᠨ ᠲᠤᠰ ᠬᠦᠮᠦᠨ ᠤ ᠪᠡᠶ᠎ᠡ ᠶᠢᠨ ᠭᠠᠷᠤᠯ ᠤᠨ ᠰᠤᠷᠠᠭ ᠵᠠᠩᠬᠢ ᠶᠢᠨ ᠪᠠᠶᠢᠳᠠᠯ ᠢᠶᠠᠨ ᠣᠶᠢᠯᠠᠭᠠᠵᠤ ᠪᠤᠯᠤᠨ᠎ᠠ᠃ ᠲᠡᠨ ᠤ ᠲᠠᠩᠰᠠᠨ ᠤ ᠴᠢᠳᠠᠮᠵᠢ ᠬᠢᠵᠠᠭᠠᠷᠯᠠᠭᠳᠠᠬᠤ ᠠᠴᠠ ᠵᠠᠶᠢᠯᠠᠰᠬᠢᠬᠦ ᠶᠢᠨ ᠲᠦᠯᠦᠭᠡ᠂ ᠬᠡᠷᠪᠡ ᠲᠠ ᠰᠤᠷᠠᠭ ᠵᠠᠩᠬᠢ ᠳᠤ ᠲᠤᠤᠷᠠᠬᠢ ᠮᠡᠳᠦ ᠬᠡᠳᠦ ᠵᠦᠢᠯ ᠤᠨ ᠪᠠᠶᠢᠳᠠᠯ ᠤᠷᠤᠰᠢᠵᠤ ᠪᠠᠶᠢᠪᠠᠯ᠂ ᠲᠠ ᠲᠠᠷᠤᠢ ᠲᠦᠷᠭᠡᠨ ᠪᠡᠶ᠎ᠡ ᠶᠢᠨ ᠦᠨᠡᠮᠯᠡᠯ ᠢᠶᠠᠨ ᠠᠪᠴᠤ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠲᠤᠷ᠎ᠠ ᠶᠢᠨ ᠨᠢᠭᠡ ᠠᠵᠢᠯᠯᠠᠬᠤ ᠴᠡᠭ ︵ᠥᠪᠦᠷ ᠮᠤᠩᠭᠤᠯ ᠤᠨ ᠢᠳᠡᠭᠡᠮᠵᠢ  ᠶᠢᠨ ᠬᠤᠷᠰᠢᠶᠠᠨ ᠤ ᠲᠤᠷ᠎ᠠ ᠶᠢᠨ ᠨᠢᠭᠡ ᠠᠵᠢᠯᠯᠠᠬᠤ ᠴᠡᠭ︶ ᠲᠤ ᠬᠦᠷᠴᠦ᠂ ᠪᠡᠶ᠎ᠡ ᠶᠢᠨ ᠭᠠᠷᠤᠯ ᠤᠨ ᠰᠤᠷᠠᠭ ᠵᠠᠩᠬᠢ ᠪᠠᠨ ᠪᠦᠷᠢᠨᠰᠢᠬᠦᠯᠬᠦ ᠬᠡᠷᠡᠭᠳᠡᠢ᠃ 1. ᠬᠤᠪᠢ ᠬᠦᠮᠦᠨ ᠤ ᠬᠡᠷᠡᠭᠯᠡᠭᠴᠢᠳ ᠤᠨ ᠪᠡᠶ᠎ᠡ ᠶᠢᠨ ᠦᠨᠡᠮᠯᠡᠯ ᠤᠨ ᠰᠤᠷᠠᠭ ᠵᠠᠩᠬᠢ ᠬᠦᠢᠴᠡᠳ ᠪᠤᠰᠤ᠂ ᠤᠨᠤᠪᠴᠢ ᠦᠬᠡᠢ ᠪᠤᠶᠤ ᠨᠢᠭᠡᠨᠲᠡ ᠬᠤᠪᠢᠷᠠᠯᠲᠠ ᠭᠠᠷᠤᠭᠰᠠᠨ᠃ 2. ᠪᠠᠶᠢᠩᠭᠤ ᠰᠭᠠᠤᠭ᠎ᠠ ᠭᠠᠵᠠᠷ ᠤᠨ ᠬᠠᠶ᠋ᠢᠭ᠂ ᠡᠷᠬᠢᠯᠡᠭᠰᠡᠨ ᠠᠵᠢᠯ ᠨᠢᠭᠡᠨᠲᠡ ᠬᠤᠪᠢᠷᠠᠯᠲᠠ ᠭᠠᠷᠤᠭᠰᠠᠨ᠃ 3. ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠳᠤ ᠭᠠᠷ ᠤᠳᠠᠰᠤᠨ ᠨᠤᠮᠧᠷ ᠢᠶᠠᠨ ᠦᠯᠡᠳᠡᠭᠡᠭᠰᠡᠨ ᠦᠭᠡᠢ ᠪᠤᠶᠤ ᠦᠯᠡᠳᠡᠭᠡᠭᠰᠡᠨ ᠭᠠᠷ ᠤᠳᠠᠰᠤᠨ ᠨᠤᠮᠧᠷ ᠢᠶᠠᠨ ᠬᠡᠷᠡᠭᠯᠡᠬᠦ ᠪᠠᠨ ᠪᠤᠯᠢᠭᠰᠠᠨ᠃ 4.ᠡᠷᠦᠬᠡ ᠠᠮᠠ ᠶᠢᠨ ᠲᠡᠪᠳᠡᠷ ᠪᠠᠨ ᠠᠪᠴᠤ ᠳᠠᠩᠰᠠ ᠨᠡᠭᠡᠭᠡᠭᠰᠡᠨ ᠮᠦᠷᠲᠡᠭᠡᠨ 16 ᠪᠦᠬᠦᠯᠢ ᠨᠠᠰᠤ ᠬᠦᠷᠴᠦ ᠪᠡᠶ᠎ᠡ ᠶᠢᠨ ᠦᠨᠡᠮᠯᠡᠯ ᠤᠯᠤᠭᠰᠠᠨ᠃ 5. ᠦᠭᠡᠷ᠎ᠡ ᠪᠤᠰᠤᠳ ᠪᠡᠶ᠎ᠡ  ᠶᠢᠨ ᠭᠠᠷᠤᠯ ᠤᠨ ᠰᠤᠷᠠᠭ ᠵᠠᠩᠬᠢ ᠬᠤᠪᠢᠷᠠᠯᠲᠠ ᠭᠠᠷᠤᠭᠰᠠᠨ᠃       ᠪᠠᠶᠢᠭᠤᠯᠭ᠎ᠠ ᠨᠢᠭᠡᠴᠡ ᠶᠢᠨ ᠬᠡᠷᠡᠭᠯᠡᠭᠴᠢᠳ ᠪᠠᠶᠢᠭᠤᠯᠭ᠎ᠠ ᠨᠢᠭᠡᠴᠡ ᠶᠢᠨ ᠡᠵᠡᠩᠨᠡᠯᠲᠡ ᠶᠢᠨ ᠦᠨᠡᠮᠯᠡᠯ᠂ ᠬᠠᠤᠯᠢ ᠶᠢᠨ ᠡᠷᠭᠡᠳᠡᠨ ᠤ ᠪᠡᠶ᠎ᠡ ᠶᠢᠨ ᠦᠨᠡᠮᠯᠡᠯ ᠪᠠ ᠤᠷᠤᠯᠠᠭᠴᠢ ᠬᠦᠮᠦᠨ ᠤ ᠪᠡᠶ᠎ᠡ ᠶᠢᠨ ᠦᠨᠡᠮᠯᠡᠯ᠂ ᠪᠠᠶᠢᠭᠤᠯᠭ᠎ᠠ ᠶᠢᠨ ᠠᠯᠪᠠᠨ ᠲᠠᠮᠠᠭ᠎ᠠ  ᠪᠠᠨ ᠠᠪᠴᠤ᠂ ᠳᠠᠩᠰᠠ ᠨᠡᠭᠡᠭᠡᠭᠰᠡᠨ ᠠᠵᠢᠯᠯᠠᠬᠤ ᠴᠡᠭ ᠲᠤ ᠬᠦᠷᠴᠦ ᠪᠡᠶ᠎ᠡ ᠶᠢᠨ ᠭᠠᠷᠤᠯ ᠤᠨ ᠰᠤᠷᠠᠭ ᠵᠠᠩᠭᠢ ᠪᠠᠨ ᠬᠢᠨᠠᠨ ᠬᠠᠷᠭᠤᠭᠤᠯᠬᠤ ᠠᠵᠢᠯᠯᠠᠭ᠎ᠠ ᠶᠢ ᠬᠦᠢᠴᠡᠳᠭᠡᠬᠦ ᠬᠡᠷᠡᠭᠳᠡᠢ᠃       ᠭᠤᠷᠪᠠ᠂ ᠦᠢᠯᠡᠴᠢᠯᠡᠭᠡᠨ ᠤ ᠲᠤᠬᠠᠢ ᠳᠤᠳᠤᠷᠬᠠᠶᠢᠯᠠᠯᠲᠠ       2021 ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠦᠪᠡᠭᠡᠲᠦ ᠰᠢᠷ᠎ᠠ ᠬᠤᠰᠢᠭᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠤᠭᠤᠰ ᠤᠬᠢᠶᠠᠬᠤ ᠶᠢ ᠡᠰᠡᠷᠭᠦᠴᠡᠬᠦ ᠬᠠᠤᠯᠢ︾ ︽ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠬᠡᠷᠡᠭᠯᠡᠭᠴᠢᠳ ᠤᠨ ᠪᠡᠶ᠎ᠡ ᠶᠢᠨ ᠭᠠᠷᠤᠯ ᠤᠨ ᠪᠢᠴᠢᠭ ᠮᠠᠲ᠋ᠧᠷᠢᠶᠠᠯ ᠵᠢᠴᠢ ᠠᠷᠠᠯᠵᠢᠶᠠᠨ ᠤ ᠳᠡᠮᠳᠡᠭᠯᠡᠯ ᠢ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ︽ᠮᠦᠩᠬᠦᠨ ᠬᠦᠢᠭᠡᠭᠡᠨ ᠤ ᠪᠠᠶᠢᠭᠤᠯᠤᠮᠵᠢ ᠶᠢᠨ ᠶᠡᠭᠡ ᠲᠤᠭᠠᠨ ᠤ ᠠᠷᠠᠯᠵᠢᠶ᠎ᠠ ᠪᠠ ᠰᠡᠵᠢᠭᠳᠡᠢ ᠠᠷᠠᠯᠵᠢᠶᠠᠨ ᠤ ᠮᠡᠳᠡᠬᠦᠯᠦᠯᠳᠡ ᠶᠢᠨ ᠬᠠᠮᠢᠶᠠᠷᠤᠯᠲᠠ ᠶᠢᠨ ᠠᠷᠭ᠎ᠠ︾ ︽ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠤᠭᠤᠰ ᠤᠬᠢᠶᠠᠬᠤ ᠶᠢ ᠡᠰᠡᠷᠭᠦᠴᠡᠬᠦ ᠬᠡᠷᠡᠭᠯᠡᠭᠴᠢᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠬᠤᠯᠪᠤᠭᠳᠠᠯ ᠪᠦᠬᠦᠢ ᠠᠵᠢᠯ ᠢ ᠴᠢᠩᠭᠠᠳᠭᠠᠬᠤ ᠲᠤᠬᠠᠢ ᠮᠡᠳᠡᠭᠳᠡᠯ︾ ᠵᠡᠷᠭᠡ ᠲᠤᠭᠳᠠᠭᠠᠯ ᠢ ᠦᠨᠳᠦᠰᠦᠯᠡᠨ᠂ ᠦᠪᠦᠷ ᠮᠤᠩᠭᠤᠯ ᠤᠨ ᠬᠦᠳᠡᠭᠡ ᠲᠤᠰᠬᠤᠨ ᠤ ᠢᠳᠡᠭᠡᠮᠵᠢ ᠶᠢᠨ ᠰᠢᠰᠲ᠋ᠧᠮ ᠳᠤ ᠦᠯᠡᠳᠡᠭᠰᠡᠨ ᠪᠡᠶ᠎ᠡ ᠶᠢᠨ ᠭᠠᠷᠤᠯ ᠤᠨ ᠰᠤᠷᠠᠭ ᠵᠠᠩᠬᠢ ᠳᠤ ᠪᠦᠷᠢᠨ ᠪᠤᠰᠤ᠂ ᠤᠨᠤᠪᠴᠢ ᠦᠬᠡᠢ ᠵᠡᠷᠭᠡ ᠪᠠᠶᠢᠳᠠᠯ ᠤᠷᠤᠰᠢᠵᠤ ᠪᠠᠶᠢᠭ᠎ᠠ ᠬᠡᠷᠡᠭᠯᠡᠭᠴᠢᠳ ᠤᠨ ᠨᠡᠷ᠎ᠡ ᠲᠤᠤᠷᠠᠬᠢ ᠲᠠᠩᠰᠠᠨ ᠡᠷᠦᠬᠡ ᠳᠤ ᠮᠦᠩᠬᠦᠨ ᠬᠦᠢᠯᠭᠡᠭᠡᠨ ᠤ ᠦᠢᠯᠡᠴᠢᠯᠡᠭᠡ ᠬᠠᠩᠭᠠᠬᠤ ᠪᠠᠨ ᠲᠦᠷ ᠵᠤᠭᠰᠤᠨ᠎ᠠ᠃ ᠬᠡᠷᠪᠡ ᠰᠡᠵᠢᠭᠯᠡᠯ ᠲᠠᠢ ᠠᠰᠠᠭᠤᠳᠠᠯ ᠤᠷᠤᠰᠢᠵᠤ ᠪᠠᠶᠢᠪᠠᠯ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶᠠᠨ ᠤ ᠲᠤᠷ᠎ᠠ ᠶᠢᠨ ᠨᠢᠭᠡ ᠠᠵᠢᠯᠯᠠᠬᠤ ᠴᠡᠭ ᠠᠴᠠ ᠯᠠᠪᠯᠠᠨ ᠠᠰᠠᠭᠤᠵᠤ ᠪᠤᠯᠤᠨ᠎ᠠ᠃ ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠨᠢ ᠦᠷᠬᠦᠯᠵᠢᠯᠡᠨ ᠲᠠᠨ ᠳᠤ ᠰᠢᠯᠢᠳᠡᠭ᠂ ᠠᠮᠤᠷ ᠲᠥᠪᠰᠢᠨ ᠦᠢᠯᠡᠴᠢᠯᠡᠭᠡ ᠬᠠᠩᠭᠠᠬᠤ ᠪᠤᠯᠤᠨ᠎ᠠ᠃                                                                                              ᠬᠦᠪᠡᠭᠡᠲᠦ ᠰᠢᠷ᠎ᠠ ᠬᠤᠰᠢᠭᠤᠨ ᠤ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ ᠬᠤᠷᠰᠢᠶ᠎ᠠ                         2020 ᠣᠨ ᠤ 9 ᠰᠠᠷ᠎ᠠ ᠶᠢᠨ 3 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号