ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/29
     10 ᠰᠠᠷ᠎ᠠ ᠶᠢᠨ 22 ᠤ ᠡᠳᠦᠷ᠂ ᠪᠥᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃      ᠬᠤᠷᠠᠯ ᠠᠴᠠ ᠴᠢᠬᠤᠯᠴᠢᠯᠠᠬᠤ ᠳᠠᠭᠠᠨ᠂ ᠲᠤᠭᠤᠷᠢᠨ ᠪᠠᠶᠢᠴᠠᠭᠠᠬᠤ ᠠᠵᠢᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠤᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ᠂ ᠨᠠᠮ ᠤᠨ ᠳᠣᠲᠣᠭᠠᠳᠤ ᠶᠢᠨ ᠬᠢᠨᠠᠯᠲᠠ ᠶᠢᠨ ᠴᠢᠬᠤᠯᠠ ᠠᠷᠭ᠎ᠠ ᠬᠡᠯᠪᠡᠷᠢ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠬᠠᠮᠢᠶᠠᠳᠠᠢ ᠨᠢᠭᠡᠴᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠳᠠᠯᠠᠵᠦ᠂ ᠨᠠᠮ ᠤᠨ ᠳᠦᠷᠢᠮ ᠲᠣᠭᠲᠠᠭᠠᠯ ᠢᠶᠠᠷ ᠬᠡᠮᠵᠢᠭᠦᠷ ᠪᠣᠯᠭᠠᠵᠤ᠂ ᠲᠤᠭᠤᠷᠢᠨ ᠪᠠᠶᠢᠴᠠᠭᠠᠬᠳᠠᠬᠤ ᠨᠢᠭᠡᠴᠡ ᠶᠢᠨ ᠠᠵᠢᠯ ᠢ ᠪᠦᠬᠦ ᠲᠠᠯ᠎ᠠ ᠪᠠᠷ ᠬᠢᠨᠠᠨ ᠦᠵᠡᠵᠦ᠂ ᠲᠤᠭᠤᠷᠢᠨ ᠪᠠᠶᠢᠴᠠᠭᠠᠭᠳᠠᠬᠤ ᠨᠢᠭᠡᠴᠡ ᠶᠢ ᠱᠠᠯᠠᠪᠳᠠᠭᠤᠯᠵᠦ ᠪᠠᠶᠢᠭᠠᠳ ︽ᠬᠤᠶᠠᠷ ᠢ ᠬᠠᠮᠠᠭᠠᠯᠠᠬᠤ︾ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠦ᠂ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠲᠤᠰ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢ ᠪᠦᠬᠦᠨ ᠢ ᠪᠦᠷᠬᠦᠭᠦᠯᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠬᠦ ᠶᠢᠨ ᠲᠠᠭᠤ ᠲᠤᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠬᠤ ᠠᠵᠢᠯ ᠤᠨ ᠡᠭᠦᠷᠭᠡ᠂ ᠠᠷᠭ᠎ᠠ ᠮᠠᠶ᠋ᠢᠭ ᠢ ᠣᠨᠣᠪᠴᠢᠲᠠᠶ ᠡᠵᠡᠮᠰᠢᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠷᠠᠭᠤᠯᠵᠦ᠂ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠳᠤᠯᠠᠬᠤ ᠭᠡᠷᠡᠭᠳᠡᠢ ᠭᠡᠵᠠᠢ᠃       ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠨᠢ 10 ᠰᠠᠷᠠᠶᠢᠨ 22 ᠠᠴᠠ ᠡᠬᠢᠯᠡᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠦᠷᠦᠯ ᠤᠨ ᠠᠵᠢᠯᠯᠠᠭᠠᠨ ᠤ ᠲᠤᠭᠤᠷᠢᠨ ᠪᠠᠶᠢᠴᠠᠭᠠᠯᠲᠠ ᠦᠷᠨᠢᠭᠦᠯᠵᠦ᠂ ᠲᠤᠭᠤᠷᠢᠨ ᠪᠠᠶᠢᠴᠠᠭᠠᠯᠳᠠ ᠨᠢ 45 ᠡᠳᠦᠷ ᠶᠠᠪᠤᠭᠳᠠᠬᠤ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号