ᠬᠦᠪᠡᠭᠡᠲᠦ ᠰᠢᠷ᠎ᠠ ᠬᠤᠰᠢᠭᠤ ᠤᠯᠤᠰ ᠤᠨ ᠠᠯᠪᠠᠲᠠᠨ ᠤ ᠤᠶᠤᠨ ᠤ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/10/29
   10 ᠰᠠᠷ᠎ᠠ ᠶᠢᠨ 21 ᠤ ᠡᠳᠦᠷ᠂ ᠬᠤᠰᠢᠭᠤᠨ ᠤ ᠵᠣᠭᠢᠶᠠᠨ ᠪᠠᠶᠢᠭᠤᠯᠬᠤ ᠭᠡᠯᠳᠡᠰ᠂ ᠤᠬᠠᠭᠤᠯᠬᠤ ᠭᠡᠯᠲᠡᠰ᠂ ᠨᠢᠭᠤᠴᠠ ᠶᠢ ᠬᠠᠮᠠᠭᠠᠯᠠᠬᠤ ᠳᠤᠪᠴᠢᠶ᠎ᠡ᠂ ᠠᠵᠢᠯᠴᠢᠨ ᠤ ᠡᠪᠯᠡᠯ ᠠᠴᠠ ᠪᠦᠬᠦ ᠬᠤᠰᠢᠭᠤᠨ ᠤ ᠤᠯᠤᠰ ᠤᠨ ᠠᠯᠪᠠᠲᠠᠨ ᠤ ᠤᠶᠤᠨ ᠤ ᠮᠡᠳᠡᠯᠭᠡ ᠶᠢᠨ ᠤᠷᠤᠯᠳᠤᠭᠠᠨ ᠢ ᠡᠷᠭᠢᠯᠡᠨ ᠶᠠᠪᠤᠭᠳᠠᠭᠤᠯᠪᠠ᠃    ᠤᠷᠤᠯᠳᠤᠭᠠᠨ ᠳᠤ᠂ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠠᠯᠪᠠᠨ ᠭᠡᠷ᠂ ᠪᠠᠶᠠᠨᠲᠠᠯ᠎ᠠ ᠪᠠᠯᠭᠠᠰᠤ᠂ ᠰᠢᠭᠦᠬᠦ ᠬᠤᠷᠢᠶ᠎ᠠ᠂ ᠤᠩᠭᠤᠨ ᠠᠭᠤᠯᠠ ᠰᠤᠮᠤ᠂ ᠬᠠᠤᠯᠢ ᠴᠠᠭᠠᠵᠠ ᠶᠢᠨ ᠳᠣᠪᠴᠢᠶ᠎ᠠ ᠵᠡᠷᠭᠡ 12 ᠪᠠᠶᠢᠭᠤᠯᠭ᠎ᠠ ᠨᠢᠭᠡᠴᠡ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠯᠪᠠᠲᠠᠨ ᠤᠷᠤᠯᠴᠠᠵᠠᠢ᠃     ᠲᠣᠰ ᠣᠳᠠᠭᠠᠨ ᠤ ᠣᠷᠣᠯᠳᠣᠭᠠᠨ ᠨᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠦ᠂《ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠯᠣᠰ ᠤᠨ ᠠᠯᠪᠠᠳᠠᠨ ᠤ ᠬᠠᠣᠯᠢ》ᠵᠢᠴᠢ ᠬᠠᠮᠢᠶᠠᠳᠠᠢ ᠬᠠᠣᠯᠢ ᠴᠠᠭᠠᠵᠠ ᠬᠠᠣᠯᠢ ᠲᠦᠷᠢᠮ ᠢ ᠪᠦᠭᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ᠂ ᠣᠷᠣᠯᠳᠣᠭᠠᠨ ᠤ ᠭᠡᠯᠪᠡᠷᠢ  ᠪᠠᠷ ᠪᠣᠯᠪᠠᠰᠣᠷᠠᠯ ᠭᠦᠷᠳᠡᠭᠡᠭᠦ ᠠᠷᠭ᠎ᠠ ᠭᠡᠯᠪᠡᠷᠢ ᠪᠠᠷ ᠣᠯᠣᠰ ᠤᠨ ᠠᠯᠪᠠᠳᠠᠨ ᠤ ᠪᠣᠳᠠᠳᠣ ᠠᠵᠢᠯ ᠳᠣᠮᠳᠠ ᠪᠠᠨ ᠬᠠᠣᠯᠢ  ᠶᠢ ᠣᠶᠢᠯᠠᠭᠠᠵᠦ᠂ ᠬᠠᠣᠯᠢ ᠶᠢ ᠡᠵᠡᠮᠰᠢᠵᠦ᠂ ᠬᠠᠣᠯᠢ ᠶᠢ ᠭᠡᠷᠡᠭᠯᠡᠭᠦ ᠶᠢ ᠭᠦᠳᠦᠯᠦᠨ ᠵᠢᠯᠣᠭᠤᠳᠬᠤ ᠶᠢ ᠵᠣᠷᠢᠵᠠᠢ᠃    ᠤᠷᠤᠯᠳᠤᠭᠠᠨ ᠨᠢ ᠠᠬᠤᠢ ᠲᠠᠯᠠᠪᠠᠢ ᠳᠤ ᠠᠰᠠᠭᠤᠯᠳᠠ ᠬᠠᠷᠢᠭᠤᠯᠬᠤ ᠭᠡᠯᠪᠡᠷᠢ ᠪᠠᠷ ᠢᠳᠡ ᠭᠦᠭ ᠲᠠᠢ ᠶᠠᠪᠣᠬᠳᠠᠵᠦ᠂ ᠣᠷᠣᠯᠳᠣᠭᠠᠨ ᠤ ᠳ᠋ᠦᠡᠭ ᠳᠤ ᠤᠷᠤᠨ ᠲᠣᠭᠠᠨ ᠤ ᠪᠠᠶᠢᠭᠤᠯᠣᠮᠵᠢ ᠶᠢᠨ ᠠᠯᠪᠠᠨ ᠭᠡᠷ ᠬᠠᠮᠲᠤ ᠨᠢᠭᠡᠴᠡ ᠶᠢᠨ ᠣᠷᠣᠯᠳᠣᠭᠠᠨ ᠤ ᠨᠢᠭᠡᠳᠦᠭᠡᠷ ᠨᠡᠷ᠎ᠡ᠂ ᠬᠠᠤᠯᠢ ᠴᠠᠭᠠᠵᠠ ᠶᠢᠨ ᠳᠣᠪᠴᠢᠶ᠎ᠠ ᠬᠤᠶᠠᠳᠤᠭᠠᠷ ᠨᠡᠷ᠎ᠡ᠂ ᠡᠳ᠋ ᠤᠨ ᠵᠠᠰᠠᠭ ᠤᠨ ᠳᠣᠪᠴᠢᠶ᠎ᠠ ᠪᠠ ᠤᠩᠭᠤᠨ ᠠᠭᠤᠯᠠ ᠰᠣᠮᠣ ᠭᠤᠷᠪᠠᠳᠤᠭᠠᠷ ᠨᠡᠷ᠎ᠡ  ᠪᠠᠷ ᠲᠣᠰ ᠲᠣᠰ ᠲᠣᠳᠣᠷᠠᠵᠤ᠂ ᠤᠯᠤᠰ ᠲᠦᠷᠥ ᠶᠢᠨ ᠵᠦᠪᠯᠡᠯᠭᠡᠨ ᠤ ᠠᠯᠪᠠᠨ ᠭᠡᠷ ᠰᠢᠯᠢᠳᠢᠭ ᠲᠡᠰ ᠲᠤ ᠳᠣᠳᠣᠷᠠᠵᠦ᠂ ᠤᠷᠤᠨ ᠲᠣᠭᠠᠨ ᠤ ᠪᠠᠶᠢᠭᠤᠯᠣᠮᠵᠢ ᠶᠢᠨ ᠠᠯᠪᠠᠨ ᠭᠡᠷ ᠤᠨ ᠣᠷᠣᠯᠴᠠᠬᠴᠢ ᠳᠠᠭᠲᠠᠭ᠎ᠠ ᠬᠠᠮᠤᠭ ᠰᠢᠯᠢᠳᠡᠭ ᠰᠡᠳᠦᠪ ᠬᠠᠷᠢᠭᠤᠯᠤᠭᠴᠢ ᠪᠠᠷ ᠳᠣᠳᠣᠷᠠᠨ᠂ ᠣᠷᠣᠯᠳᠣᠭᠠᠨ ᠨᠢ ᠠᠮᠵᠢᠯᠳᠠᠳᠠᠢ ᠦᠨᠳᠣᠷᠯᠡᠵᠦ᠂ ᠣᠯᠣᠰ ᠤᠨ ᠠᠯᠪᠠᠳᠠᠳ ᠤᠨ ᠬᠠᠷᠢᠯᠴᠠᠨ ᠮᠡᠳᠡᠯᠭᠡ ᠮᠡᠳᠡᠴᠡ ᠪᠠᠨ ᠰᠣᠷᠢᠵᠦ᠂ ᠰᠣᠷᠣᠬᠰᠠᠨ ᠮᠡᠳᠡᠯᠭᠡ ᠢᠶᠠᠨ ᠪᠠᠳᠣᠳᠬᠠᠬᠤ ᠳᠤ ᠣᠭᠢ ᠰᠠᠶᠢᠨ ᠲᠠᠪᠴᠠᠩ ᠬᠠᠨᠭ᠍ᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号