2020 ᠤᠨ ᠤ ᠪᠦᠬᠦ ᠠᠶᠢᠮᠠᠭ ᠤᠨ ᠠᠰᠤᠷᠤ ᠭᠦᠭᠵᠢᠮᠳᠡᠬᠦ ᠵᠢᠱᠢᠶ᠎ᠡ ᠦᠵᠡᠬᠦᠯᠬᠦ ᠪᠤᠯᠪᠠᠰᠤᠷᠠᠯ ᠬᠦᠪᠡᠭᠡᠲᠦ ᠰᠢᠷ᠎ᠠ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020/10/30
    10 ᠰᠠᠷᠠᠶᠢᠨ 26᠎ ᠤ ᠡᠳᠦᠷ᠂ 2020 ᠤᠨ ᠤ ᠪᠦᠬᠦ ᠠᠶᠢᠮᠠᠭ ᠤᠨ ᠠᠰᠤᠷᠤ ᠭᠦᠭᠵᠢᠮᠳᠡᠬᠦ ᠵᠢᠱᠢᠶ᠎ᠡ ᠦᠵᠡᠬᠦᠯᠬᠦ ᠪᠤᠯᠪᠠᠰᠤᠷᠠᠯ ᠮᠠᠨ ᠤ ᠬᠤᠰᠢᠭᠤᠨ ᠳᠤ ᠡᠬᠢᠯᠡᠵᠦ ᠶᠠᠪᠤᠭᠳᠠᠪᠠ᠃      ᠮᠠᠨ ᠤ ᠬᠤᠰᠢᠭᠤᠨ ᠤ ᠤᠯᠠᠭᠠᠨᠮᠦᠴᠢᠷ ᠤᠨ ᠡᠷᠬᠦᠨ ᠪᠠᠷᠢᠭᠰᠨᠨ ︽ᠠᠳᠤᠭᠤᠴᠢᠨ ᠠᠰᠤᠷᠤ︾ ᠬᠡᠮᠡᠬᠦ ᠠᠶᠠᠯᠭᠤ ᠭᠦᠭᠵᠢᠮ ᠤᠨ ᠲᠤᠮᠳᠠ ᠪᠦᠬᠦ ᠠᠶᠢᠮᠠᠭ ᠤᠨ ᠠᠰᠤᠷᠤ  ᠭᠦᠭᠵᠢᠮᠳᠡᠬᠦ ᠵᠢᠱᠢᠶ᠎ᠡ ᠦᠵᠡᠬᠦᠯᠬᠦ ᠪᠤᠯᠪᠠᠰᠤᠷᠠᠯ ᠤᠨ ᠠᠩᠭᠢ ᠎ ᠨᠢ ᠬᠤᠰᠢᠭᠤᠨ ᠤ ᠰᠤᠶᠤᠯ ᠤᠨ ᠤᠷᠳᠤᠨ ᠤ ᠦᠵᠡᠰᠬᠦᠯᠡᠩ ᠤᠨ ᠲᠠᠩᠭᠢᠮ ᠳᠤ ᠤᠳᠬ᠎ᠠ ᠲᠡᠬᠦᠯᠳᠡᠷ ᠪᠤᠯᠪᠠᠰᠤᠷᠠᠯ ᠎ ᠢᠶᠠᠨ ᠡᠬᠢᠯᠡᠬᠦᠯᠦᠯ᠎ᠡ᠃      ᠲᠤᠰ ᠪᠤᠯᠪᠠᠰᠤᠷᠠᠯ ᠶᠢᠨ ᠠᠩᠭᠢ ᠶᠢ ᠬᠤᠰᠢᠭᠤᠨ ᠤ ᠰᠤᠶᠤᠯ ᠲᠠᠮᠢᠷ ᠵᠢᠭᠤᠯᠴᠢᠯᠠᠯ  ᠷᠠᠳᠢᠤ᠋ ᠲᠧᠯᠸᠢᠰ ᠤᠨ ᠲᠤᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ ᠰᠢ ᠶᠢᠨ ᠫᠢᠡᠭ ᠶᠡᠷᠤᠩᠭᠡᠢ ᠱᠦᠵᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠪᠤᠯᠬᠤ ᠠᠰᠤᠷᠤ ᠶᠢ ᠬᠠᠮᠠᠭᠠᠯᠠᠨ ᠤᠯᠠᠮᠵᠢᠯᠠᠬᠤ ᠬᠢᠷᠢ ᠲᠦᠪᠰᠢᠨ ᠢ ᠲᠡᠭᠡᠭᠰᠢᠯᠡᠬᠦᠯᠬᠦ ᠶᠢ ᠵᠣᠷᠢᠵᠠᠢ᠃      ᠤᠶᠢᠯᠠᠭᠠᠭᠰᠡᠨ ᠢᠶᠠᠷ᠂ ︽ᠠᠰᠤᠷᠤ︾᠎ ᠨᠢ ᠴᠠᠬᠠᠷ ᠨᠤᠳᠤᠭ ᠲᠤ  ᠤᠯᠠᠮᠵᠢᠯᠠᠭᠳᠠᠵᠦ ᠢᠷᠡᠭᠰᠡᠨ ᠡᠷᠳᠡᠨ ᠤ ᠨᠢᠭᠡᠨ ᠲᠠᠭᠤᠤ ᠭᠦᠭᠵᠢᠮ ᠤᠨ ᠶᠡᠷᠤᠩᠭᠡᠢ ᠨᠡᠷᠡᠶᠢᠳᠦᠯ ᠪᠠᠶᠢᠵᠦ᠂ ᠮᠤᠩᠭᠤᠯ ᠦᠨᠳᠦᠰᠦᠳᠡᠨ ᠤ ᠤᠷᠳᠤᠨ ᠤ ᠭᠦᠭᠵᠢᠮ ᠎ ᠤᠨ ᠨᠢᠭᠡ ᠲᠦᠷᠦᠯ ᠪᠤᠯᠤᠨ᠎ᠠ᠃ 2014 ᠤᠨ ᠳᠤ ᠤᠯᠠᠮᠵᠢᠯᠠᠯᠳᠦ ᠲᠠᠭᠤᠤ ᠭᠦᠭᠵᠢᠮ ᠠᠰᠤᠷᠤ ᠠᠶᠠᠯᠭᠤ ᠨᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠨᠡᠷᠡᠰ ᠤᠨ ᠵᠢᠭᠰᠠᠭᠠᠯᠳᠠ ᠳᠤ ᠪᠦᠷᠢᠳᠭᠡᠬᠦᠯᠵᠦ᠂ 2019 ᠤᠨ ᠳᠤ ᠤᠯᠤᠰ ᠤᠨ ᠰᠤᠶᠤᠯ ᠵᠢᠭᠤᠯᠴᠢᠯᠠᠯ ᠤᠨ ᠶᠠᠮᠤᠨ ᠠᠴᠠ ᠮᠠᠨ ᠎ ᠤ ᠬᠤᠰᠢᠭᠤ ᠶᠢ ︽ᠲᠤᠮᠳᠠᠳᠦ ᠤᠯᠤᠰ ᠤᠨ ᠠᠷᠠᠳ ᠤᠨ ᠰᠤᠶᠤᠯ ᠤᠷᠠᠯᠢᠭ ᠤᠨ ᠨᠤᠳᠤᠭ — ᠠᠰᠤᠷᠤ ᠠᠶᠠᠯᠭᠤ ᠎ ᠶᠢᠨ ᠦᠯᠦᠭᠡᠢ︾ ᠭᠡᠵᠦ ᠨᠡᠷᠡᠶᠢᠳᠴᠠᠢ᠃ ᠤᠶᠢᠷ᠎ᠠ ᠶᠢᠨ ᠵᠢᠯ ᠠᠴᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠰᠤᠷᠤ ᠠᠶᠠᠯᠭᠤ ᠶᠢ ᠰᠤᠳᠤᠯᠤᠨ ᠤᠯᠠᠮᠵᠢᠯᠠᠬᠤ ᠶᠢ ᠴᠢᠬᠤᠯᠴᠢᠯᠠᠵᠦ᠂ ᠤᠷᠢᠳ ᠬᠤᠵᠢᠳ ᠨᠠᠢᠮᠠᠨ ᠮᠤᠵᠢ ᠤᠷᠤᠨ ᠤ ᠠᠩᠬᠠᠳᠠᠭᠴᠢ ᠤᠳᠠᠭᠠᠨ ᠤ ︽ᠠᠰᠤᠷᠤ ᠬᠤᠨᠳᠠᠭᠠᠳᠦ︾ ᠴᠠᠬᠠᠷ ᠠᠷᠠᠳ ᠤᠨ ᠲᠠᠭᠤᠤ ᠶᠢᠨ ᠤᠷᠤᠯᠳᠤᠭᠠᠨ᠂ ᠬᠤᠶᠠᠷ ᠤᠳᠠᠭᠠᠨ ᠤ ︽ᠠᠰᠤᠷᠤ ᠲᠠᠯ᠎ᠠ ᠨᠤᠳᠤᠭ ᠤᠨ ᠤᠷᠠᠯᠢᠭ ᠤᠨ ᠪᠠᠶᠠᠷ︾᠂ ᠲᠤᠯᠤᠭ᠎ᠠ ᠤᠳᠠᠭᠠᠨ ᠤ ︽ᠠᠰᠤᠷᠤ ᠶᠢᠨ ᠦᠨᠳᠦᠷ︾ ᠴᠠᠭᠠᠨ ᠰᠠᠷ᠎ᠠ ᠶᠢᠨ ᠦᠳᠡᠰᠢᠯᠡᠭᠡ ᠶᠢ ᠡᠷᠬᠢᠯᠡᠵᠦ᠂ ᠮᠤᠩᠭᠤᠯ ᠦᠨᠳᠦᠰᠦᠳᠡᠨ ᠤ ᠤᠷᠳᠤᠨ ᠎ ᠤ ᠲᠠᠭᠤᠤ ᠪᠦᠵᠢᠭ ᠭᠦᠭᠵᠢᠮ ︽ᠠᠯᠳᠠᠨ ᠤᠷᠳᠤᠨ ᠤ ᠠᠰᠤᠷᠤ ᠨᠠᠶᠢᠷ︾ ᠵᠢᠴᠢ ︽ᠠᠰᠤᠷᠤ︾ ᠲᠤᠰᠬᠠᠢ ᠲᠠᠯᠠᠪᠠᠢ ᠎ ᠶᠢᠨ ᠲᠤᠭᠯᠠᠯᠳᠠ ᠶᠢ ᠵᠤᠬᠢᠶᠠᠨ ᠨᠠᠶᠢᠷᠠᠭᠤᠯᠤᠨ ᠲᠤᠭᠯᠠᠵᠦ᠂ ᠠᠰᠤᠷᠤ ᠶᠢᠨ ᠲᠠᠸᠠᠷ ᠤᠨ ᠲᠡᠮᠳᠡᠭ ᠢ ᠲᠠᠩᠰᠠᠯᠠᠭᠤᠯᠤᠨ᠂ ᠠᠰᠤᠷᠤ ᠠᠶᠠᠯᠭᠤ ᠶᠢᠨ ᠠᠮᠢ ᠠᠬᠤᠢ ᠶᠢᠨ ᠬᠦᠷᠢᠶᠡᠯᠡᠩ ᠢ ᠪᠠᠶᠢᠭᠤᠯᠵᠦ᠂ ᠠᠰᠤᠷᠤ ᠶᠢ ᠬᠠᠮᠠᠭᠠᠯᠠᠵᠦ ᠤᠯᠠᠮᠵᠢᠯᠠᠬᠤ ᠬᠦᠴᠦᠯᠡᠴᠡ ᠪᠠᠨ ᠴᠢᠩᠭᠠᠳᠬᠠᠵᠠᠢ᠃ 2006 ᠤᠨ ᠠᠴᠠ ᠠᠰᠤᠷᠤ ᠠᠶᠠᠯᠭᠤ ᠶᠢ ᠰᠤᠷᠭᠠᠭᠤᠯᠢ ᠶᠢᠨ ᠬᠦᠷᠢᠶᠡᠨ ᠳᠤ ᠲᠡᠯᠭᠡᠷᠡᠬᠦᠯᠵᠦ᠂ ᠮᠤᠩᠭᠤᠯ ᠦᠨᠳᠦᠰᠦᠳᠡᠨ ᠤ ᠲᠤᠮᠳᠠᠳᠦ ᠪᠠᠭ᠎ᠠ ᠰᠤᠷᠭᠠᠭᠤᠯᠢ ᠶᠢᠨ ᠲᠠᠭᠤᠤ ᠭᠦᠭᠵᠢᠮ ᠤᠨ ᠰᠤᠨᠢᠷᠬᠠᠯᠳᠦ ᠬᠢᠴᠢᠶᠡᠯ ᠤᠨ ᠵᠢᠭᠠᠨ ᠰᠤᠷᠭᠠᠯᠳᠠ ᠳᠤ ᠤᠷᠤᠭᠤᠯᠵᠦ᠂ 2015 ᠤᠨ ᠳᠤ ᠠᠰᠤᠷᠤ ᠤᠷᠠᠯᠢᠭ ᠤᠨ ᠰᠤᠳᠤᠯᠤᠨ ᠭᠦᠭᠵᠢᠬᠦᠯᠬᠦ ᠲᠦᠪ ᠢ ᠪᠠᠶᠢᠭᠤᠯᠤᠨ᠂ ᠠᠰᠤᠷᠤ ᠶᠢᠨ ᠲᠤᠬᠠᠢ ᠰᠤᠳᠤᠯᠭᠠᠨ ᠢ ᠦᠷᠨᠢᠭᠦᠯᠦᠨ᠂ 2019 ᠤᠨ ᠳᠤ ︽ᠠᠰᠤᠷᠤ︾᠎ ᠶᠢ ᠨᠡᠶᠢᠰᠯᠡᠯ ᠤᠨ ᠤᠯᠤᠰ ᠤᠨ ᠶᠡᠭᠡ ᠲᠢᠶᠠᠲᠷ ᠲᠤ ᠲᠤᠭᠯᠠᠵᠦ᠂ ᠠᠽᠢᠶ᠎ᠠ ᠲᠢᠪ ᠤᠨ ᠪᠤᠯᠪᠠᠰᠤᠨ ᠤ ᠶᠠᠷᠢᠯᠴᠠᠭᠠᠨ ᠤ ᠶᠡᠭᠡ ᠬᠤᠷᠠᠯ᠂ ᠠᠽᠢᠶ᠎ᠡ ᠲᠢᠪ ᠤᠨ ᠠᠮᠳᠠᠳᠦ ᠢᠳᠡᠭᠡᠨ ᠤ ᠪᠠᠶᠠᠷ ᠤᠨ ᠶᠤᠰᠤᠯᠠᠯ ᠳᠤ ᠤᠷᠤᠯᠴᠠᠭᠰᠡᠨ ᠪᠠᠶᠢᠨ᠎ᠠ᠃      ᠲᠤᠰ ᠤᠳᠠᠭᠠᠨ ᠤ ᠪᠤᠯᠪᠠᠰᠤᠷᠠᠯ ᠨᠢ 10 ᠰᠠᠷᠠᠶᠢᠨ 26᠎ ᠠᠴᠠ 30᠎ ᠤ ᠡᠳᠦᠷ ᠬᠦᠷᠳᠡᠯ᠎ᠡ ᠶᠠᠪᠤᠭᠳᠠᠬᠤ ᠪᠤᠯᠤᠨ᠎ᠠ᠃                            
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号