ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠳᠠ ᠶᠢᠨ ᠡᠯ᠎ᠡ ᠲᠤᠭᠤᠶᠢᠯᠠᠩ ᠤᠨ ᠬᠢᠨ ᠲᠤᠭᠤᠷᠢᠨ ᠪᠠᠶᠢᠴᠠᠭᠠᠯᠳᠠ ᠶᠢᠨ ᠠᠵᠢᠯ ᠢᠶᠠᠨ ᠡᠬᠢᠯᠡᠭᠦᠯᠦᠭᠰᠡᠨ
ᠨᠡᠶᠢᠲᠡᠯᠡᠭᠰᠡᠨ ᠴᠠᠭ᠄
2020/10/30
    10 ᠰᠠᠷ᠎ᠠ ᠶᠢᠨ 21᠎ ᠤ ᠡᠳᠦᠷ ᠠᠴᠠ 23 ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠪᠠ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠠᠴᠠ ᠬᠤᠰᠢᠭᠤ ᠤᠬᠠᠭᠤᠯᠬᠤ ᠭᠡᠯᠲᠡᠰ ᠤᠨ ᠪᠠᠶᠢᠭᠤᠯᠭ᠎ᠠ ᠶᠢᠨ ᠨᠠᠮ ᠤᠨ ᠡᠭᠦᠷ ᠪᠠ ᠬᠤᠰᠢᠭᠤ ᠬᠢᠨᠠᠨ ᠰᠢᠯᠭᠠᠬᠤ ᠲᠤᠪᠴᠢᠶᠠᠨ ᠤ ᠨᠠᠮ ᠤᠨ ᠲᠤᠭᠤᠶᠢᠯᠠᠩ ᠤᠨ ᠠᠵᠢᠯ ᠳᠤ ᠲᠤᠭᠤᠷᠢᠨ ᠪᠠᠶᠢᠴᠠᠭᠠᠯᠳᠠ ᠬᠢᠬᠦ ᠳᠠᠶᠢᠴᠢᠯᠠᠯᠳᠠ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃     ᠳᠠᠶᠢᠴᠢᠯᠠᠯᠳᠠ ᠶᠢᠨ ᠬᠤᠷᠠᠯ ᠳᠡᠭᠡᠷ᠎ᠡ᠂ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠠᠴᠠ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠲᠤᠭᠤᠷᠢᠨ ᠪᠠᠶᠢᠴᠠᠭᠠᠯᠳᠠ ᠶᠢᠨ ᠠᠵᠢᠯ ᠤᠨ ᠪᠤᠳᠠᠳᠤ ᠠᠴᠢ ᠬᠤᠯᠪᠤᠭᠳᠠᠯ ᠢ ᠭᠦᠨᠵᠡᠭᠡᠢ ᠤᠶᠢᠯᠠᠭᠠᠵᠤ᠂ ᠨᠠᠮ ᠢ ᠴᠢᠩᠭ᠎ᠠ ᠵᠠᠰᠠᠬᠤ ᠶᠠᠪᠤᠳᠠᠯ ᠢ ᠪᠥᠬᠦ ᠲᠠᠯ᠎ᠠ ᠪᠠᠷ ᠠᠬᠢᠭᠤᠯᠵᠤ᠂ ︽ᠲᠦᠷᠪᠡᠨ ᠤᠬᠠᠮᠰᠠᠷ︾᠎ ᠢᠶᠠᠨ ᠪᠠᠳᠤᠳᠬᠠᠨ᠂ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠠᠬᠢᠭᠤᠯᠵᠤ᠂ ᠲᠤᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠲᠤᠭᠤᠷᠢᠨ ᠪᠠᠶᠢᠴᠭᠠᠬᠤ ᠠᠵᠢᠯ ᠤᠨ ᠡᠭᠦᠷᠭᠡ ᠠᠷᠭ᠎ᠠ ᠬᠡᠯᠪᠡᠷᠢ ᠶᠢ ᠤᠨᠤᠪᠴᠢᠲᠠᠢ ᠡᠵᠡᠮᠳᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠵᠤ ᠪᠠᠶᠢᠭ᠎ᠠ ᠪᠠᠶᠢᠳᠠᠯ᠂ ᠢᠯᠵᠠᠷᠠᠯ ᠤᠨ ᠠᠰᠠᠭᠤᠳᠠᠯ ᠪᠤᠯᠤᠨ ᠲᠦᠪ ᠪᠤᠰᠤ ᠰᠤᠷᠳᠠᠯ ᠤᠨ ᠠᠰᠠᠭᠤᠳᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ ᠪᠤᠯᠤᠨ ᠺᠠᠲᠠᠷ ᠤᠨ ᠡᠩᠨᠡᠭᠡᠨ ᠎ ᠤ ᠪᠠᠶᠢᠭᠤᠯᠤᠯᠳᠠ ᠵᠡᠷᠭᠡ ᠭᠤᠷᠪᠠᠨ ᠳᠠᠯ᠎ᠠ ᠳᠤ ᠭᠤᠤᠯᠳᠠᠯᠭ᠎ᠠ ᠪᠠᠨ ᠲᠥᠪᠯᠡᠷᠡᠭᠦᠯᠵᠦ᠂ ᠤᠯᠤᠰ ᠲᠦᠷᠦ ᠶᠢᠨ ᠡᠭᠦᠷᠭᠡ ᠎ ᠪᠠᠨ ᠪᠡᠶᠡᠯᠡᠭᠦᠯᠦᠨ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠵᠤᠬᠢᠶᠠᠨ ᠪᠠᠶᠢᠭᠤᠯᠤᠯᠳᠠ ᠳᠤ ᠬᠠᠷᠢᠭᠤᠴᠠᠬᠤ᠂ ᠺᠠᠲᠠᠷ ᠲᠤ ᠬᠠᠷᠢᠭᠤᠴᠠᠬᠤ᠂ ᠠᠵᠢᠯ ᠦᠢᠯᠡᠰ ᠲᠤ ᠬᠠᠷᠢᠭᠤᠴᠠᠬᠤ ᠤᠪᠤᠷ ᠢᠶᠠᠷ ᠲᠤᠭᠤᠷᠢᠨ ᠪᠠᠶᠢᠴᠠᠭᠠᠬᠤ ᠲᠤᠭᠤᠶᠢᠯᠠᠩ ᠎ ᠳᠤ ᠪᠠᠶᠢᠳᠠᠯ ᠢ ᠦᠨᠡᠨ ᠪᠤᠳᠠᠳᠠᠢ ᠪᠤᠰᠤᠳᠴᠢ ᠪᠠᠷ ᠲᠠᠨᠢᠯᠴᠠᠭᠤᠯᠵᠤ᠂ ᠪᠤᠳᠠᠲᠠᠢ ᠪᠠᠶᠢᠲᠠᠯ ᠢ ᠦᠨᠡᠨ ᠢᠶᠠᠷ ᠲᠤᠰᠬᠠᠵᠤ᠂ ᠲᠤᠰᠬᠠᠢ ᠬᠠᠷᠢᠯᠴᠠᠬᠤ ᠬᠦᠮᠦᠨ ᠲᠤᠬᠢᠷᠠᠭᠤᠯᠵᠤ᠂ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠳᠤ ᠰᠠᠶᠢᠳᠤᠷ ᠬᠠᠮᠵᠢᠯᠴᠠᠨ ᠢᠳᠡᠪᠬᠢᠲᠡᠢ ᠳᠡᠮᠵᠢᠯᠭᠡ ᠦᠵᠡᠭᠦᠯᠦᠨ᠂ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠎ ᠶᠢ ᠪᠠᠳᠤᠯᠠᠬᠤ ᠬᠡᠷᠡᠭᠲᠡᠢ ᠭᠡᠵᠦ ᠱᠠᠭᠠᠷᠳᠠᠵᠠᠢ᠃     ᠲᠤᠭᠤᠷᠢᠨ ᠪᠠᠶᠢᠴᠠᠭᠠᠯᠳᠠ ᠶᠢ ᠬᠦᠯᠢᠶᠡᠵᠦ ᠪᠠᠶᠢᠭ᠎ᠠ ᠡᠯ᠎ᠡ ᠪᠠᠶᠢᠭᠤᠯᠭ᠎ᠠ ᠶᠢᠨ ᠬᠢᠨ ᠠᠴᠠ ᠲᠤᠭᠤᠷᠢᠨ ᠪᠠᠶᠢᠴᠠᠭᠠᠯᠳᠠ ᠶᠢᠨ ᠠᠵᠢᠯ ᠢ ᠴᠢᠬᠤᠯᠴᠢᠯᠠᠨ ᠠᠳᠬᠤᠵᠤ᠂ ᠤᠯᠤᠰ ᠲᠦᠷᠦ ᠶᠢᠨ ᠵᠤᠭᠰᠤᠯᠳᠠ ᠪᠠᠨ ᠳᠡᠭᠡᠭᠰᠢᠯᠡᠭᠦᠯᠦᠨ᠂ ᠲᠤᠭᠤᠷᠢᠨ ᠪᠠᠶᠢᠴᠠᠭᠠᠬᠤ ᠠᠵᠢᠯ ᠳᠤ ᠪᠥᠬᠦ ᠲᠠᠯ᠎ᠠ ᠪᠠᠷ ᠬᠠᠮᠵᠢᠯᠴᠠᠵᠤ᠂ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠠᠵᠢᠯ ᠤᠨ ᠬᠠᠷᠢᠭᠤᠴᠠᠯᠭ᠎ᠠ ᠶᠢ ᠰᠠᠶᠢᠳᠤᠷ ᠲᠤᠤᠱᠯᠠᠭᠤᠯᠤᠨ᠂ ᠲᠤᠭᠤᠷᠢᠨ ᠪᠠᠶᠢᠴᠠᠭᠠᠯᠳᠠ ᠶᠢᠨ ᠠᠵᠢᠯ ᠤᠨ ᠪᠤᠳᠠᠳᠤ ᠦᠷ᠎ᠡ ᠠᠰᠢᠭ ᠤᠯᠬᠤ ᠶᠢ ᠪᠠᠳᠤᠯᠠᠨ᠎ᠠ ᠭᠡᠵᠦ ᠤᠪᠤᠷ ᠢᠶᠠᠨ ᠢᠯᠡᠳᠭᠡᠵᠡᠢ᠃     ᠲᠤᠰ ᠤᠳᠠᠭᠠᠨ ᠤ ᠲᠤᠭᠤᠷᠢᠨ ᠪᠠᠶᠢᠴᠠᠭᠠᠯᠳᠠ ᠶᠢᠨ ᠬᠤᠭᠤᠴᠠᠭ᠎ᠠ ᠨᠢ 45 ᠡᠳᠦᠷ ᠪᠠᠶᠢᠵᠤ᠂ ᠡᠯ᠎ᠡ ᠪᠠᠶᠢᠭᠤᠯᠭ᠎ᠠ ᠨᠢᠭᠡᠴᠡ ᠳᠤ ᠬᠦᠷᠴᠦ ᠳᠠᠶᠢᠴᠢᠯᠠᠯᠳᠠ ᠶᠢᠨ ᠬᠤᠷᠠᠯ ᠬᠤᠷᠠᠯᠳᠤᠭᠤᠯᠬᠤ᠂ ᠪᠠᠶᠢᠭᠤᠯᠭ᠎ᠠ ᠨᠢᠭᠡᠴᠡ ᠶᠢᠨ ᠬᠠᠷᠢᠭᠤ ᠮᠡᠳᠡᠭᠦᠯᠦᠯᠳᠡ ᠶᠢ ᠰᠤᠨᠤᠰᠬᠤ᠂ ᠲᠤᠰᠠᠭᠠᠷ ᠶᠠᠷᠢᠯᠴᠠᠬᠤ᠂ ᠪᠢᠴᠢᠭ ᠮᠠᠲ᠋ᠧᠷᠢᠶᠠᠯ ᠦᠵᠡᠬᠦ᠂ ᠰᠤᠷᠪᠤᠯᠵᠢᠯᠠᠨ ᠤᠶᠢᠯᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠲᠤᠭᠤᠷᠢᠨ ᠪᠠᠶᠢᠴᠠᠭᠠᠯᠳᠠ ᠶᠢᠨ ᠠᠵᠢᠯ ᠢᠶᠠᠨ ᠥᠷᠨᠢᠭᠦᠯᠬᠦ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号