ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠳᠠ ᠶᠢᠨ ᠡᠯ᠎ᠡ ᠲᠤᠭᠤᠶᠢᠯᠠᠩ ᠤᠨ ᠬᠢᠨ ᠲᠤᠭᠤᠷᠢᠨ ᠪᠠᠶᠢᠴᠠᠭᠠᠯᠳᠠ ᠶᠢᠨ ᠠᠵᠢᠯ ᠢᠶᠠᠨ ᠡᠬᠢᠯᠡᠭᠦᠯᠦᠭᠰᠡᠨ
ᠨᠡᠶᠢᠲᠡᠯᠡᠭᠰᠡᠨ ᠴᠠᠭ᠄
2020/10/30
    10 ᠰᠠᠷ᠎ᠠ ᠶᠢᠨ 21 ᠤ ᠡᠳᠦᠷ ᠠᠴᠠ 23 ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠪᠠ ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠠᠴᠠ ᠬᠤᠰᠢᠭᠤ ᠤᠬᠠᠭᠤᠯᠬᠤ ᠭᠡᠯᠲᠡᠰ ᠤᠨ ᠪᠠᠶᠢᠭᠤᠯᠭ᠎ᠠ ᠶᠢᠨ ᠨᠠᠮ ᠤᠨ ᠡᠭᠦᠷ ᠪᠠ ᠬᠤᠰᠢᠭᠤ ᠬᠢᠨᠠᠨ ᠰᠢᠯᠭᠠᠬᠤ ᠲᠤᠪᠴᠢᠶᠠᠨ ᠤ ᠨᠠᠮ ᠤᠨ ᠲᠤᠭᠤᠶᠢᠯᠠᠩ ᠤᠨ ᠠᠵᠢᠯ ᠳᠤ ᠲᠤᠭᠤᠷᠢᠨ ᠪᠠᠶᠢᠴᠠᠭᠠᠯᠳᠠ ᠬᠢᠬᠦ ᠳᠠᠶᠢᠴᠢᠯᠠᠯᠳᠠ ᠶᠢᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃     ᠳᠠᠶᠢᠴᠢᠯᠠᠯᠳᠠ ᠶᠢᠨ ᠬᠤᠷᠠᠯ ᠳᠡᠭᠡᠷ᠎ᠡ᠂ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠢᠨ ᠠᠴᠠ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠲᠤᠭᠤᠷᠢᠨ ᠪᠠᠶᠢᠴᠠᠭᠠᠯᠳᠠ ᠶᠢᠨ ᠠᠵᠢᠯ ᠤᠨ ᠪᠤᠳᠠᠳᠤ ᠠᠴᠢ ᠬᠤᠯᠪᠤᠭᠳᠠᠯ ᠢ ᠭᠦᠨᠵᠡᠭᠡᠢ ᠤᠶᠢᠯᠠᠭᠠᠵᠤ᠂ ᠨᠠᠮ ᠢ ᠴᠢᠩᠭ᠎ᠠ ᠵᠠᠰᠠᠬᠤ ᠶᠠᠪᠤᠳᠠᠯ ᠢ ᠪᠥᠬᠦ ᠲᠠᠯ᠎ᠠ ᠪᠠᠷ ᠠᠬᠢᠭᠤᠯᠵᠤ᠂ ︽ᠲᠦᠷᠪᠡᠨ ᠤᠬᠠᠮᠰᠠᠷ︾ ᠢᠶᠠᠨ ᠪᠠᠳᠤᠳᠬᠠᠨ᠂ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠶᠢ ᠠᠬᠢᠭᠤᠯᠵᠤ᠂ ᠲᠤᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠲᠤᠭᠤᠷᠢᠨ ᠪᠠᠶᠢᠴᠭᠠᠬᠤ ᠠᠵᠢᠯ ᠤᠨ ᠡᠭᠦᠷᠭᠡ ᠠᠷᠭ᠎ᠠ ᠬᠡᠯᠪᠡᠷᠢ ᠶᠢ ᠤᠨᠤᠪᠴᠢᠲᠠᠢ ᠡᠵᠡᠮᠳᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠤᠱᠯᠠᠭᠤᠯᠵᠤ ᠪᠠᠶᠢᠭ᠎ᠠ ᠪᠠᠶᠢᠳᠠᠯ᠂ ᠢᠯᠵᠠᠷᠠᠯ ᠤᠨ ᠠᠰᠠᠭᠤᠳᠠᠯ ᠪᠤᠯᠤᠨ ᠲᠦᠪ ᠪᠤᠰᠤ ᠰᠤᠷᠳᠠᠯ ᠤᠨ ᠠᠰᠠᠭᠤᠳᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ ᠪᠤᠯᠤᠨ ᠺᠠᠲᠠᠷ ᠤᠨ ᠡᠩᠨᠡᠭᠡᠨ  ᠤ ᠪᠠᠶᠢᠭᠤᠯᠤᠯᠳᠠ ᠵᠡᠷᠭᠡ ᠭᠤᠷᠪᠠᠨ ᠳᠠᠯ᠎ᠠ ᠳᠤ ᠭᠤᠤᠯᠳᠠᠯᠭ᠎ᠠ ᠪᠠᠨ ᠲᠥᠪᠯᠡᠷᠡᠭᠦᠯᠵᠦ᠂ ᠤᠯᠤᠰ ᠲᠦᠷᠦ ᠶᠢᠨ ᠡᠭᠦᠷᠭᠡ  ᠪᠠᠨ ᠪᠡᠶᠡᠯᠡᠭᠦᠯᠦᠨ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠵᠤᠬᠢᠶᠠᠨ ᠪᠠᠶᠢᠭᠤᠯᠤᠯᠳᠠ ᠳᠤ ᠬᠠᠷᠢᠭᠤᠴᠠᠬᠤ᠂ ᠺᠠᠲᠠᠷ ᠲᠤ ᠬᠠᠷᠢᠭᠤᠴᠠᠬᠤ᠂ ᠠᠵᠢᠯ ᠦᠢᠯᠡᠰ ᠲᠤ ᠬᠠᠷᠢᠭᠤᠴᠠᠬᠤ ᠤᠪᠤᠷ ᠢᠶᠠᠷ ᠲᠤᠭᠤᠷᠢᠨ ᠪᠠᠶᠢᠴᠠᠭᠠᠬᠤ ᠲᠤᠭᠤᠶᠢᠯᠠᠩ  ᠳᠤ ᠪᠠᠶᠢᠳᠠᠯ ᠢ ᠦᠨᠡᠨ ᠪᠤᠳᠠᠳᠠᠢ ᠪᠤᠰᠤᠳᠴᠢ ᠪᠠᠷ ᠲᠠᠨᠢᠯᠴᠠᠭᠤᠯᠵᠤ᠂ ᠪᠤᠳᠠᠲᠠᠢ ᠪᠠᠶᠢᠲᠠᠯ ᠢ ᠦᠨᠡᠨ ᠢᠶᠠᠷ ᠲᠤᠰᠬᠠᠵᠤ᠂ ᠲᠤᠰᠬᠠᠢ ᠬᠠᠷᠢᠯᠴᠠᠬᠤ ᠬᠦᠮᠦᠨ ᠲᠤᠬᠢᠷᠠᠭᠤᠯᠵᠤ᠂ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠠᠵᠢᠯ ᠳᠤ ᠰᠠᠶᠢᠳᠤᠷ ᠬᠠᠮᠵᠢᠯᠴᠠᠨ ᠢᠳᠡᠪᠬᠢᠲᠡᠢ ᠳᠡᠮᠵᠢᠯᠭᠡ ᠦᠵᠡᠭᠦᠯᠦᠨ᠂ ᠲᠤᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ  ᠶᠢ ᠪᠠᠳᠤᠯᠠᠬᠤ ᠬᠡᠷᠡᠭᠲᠡᠢ ᠭᠡᠵᠦ ᠱᠠᠭᠠᠷᠳᠠᠵᠠᠢ᠃     ᠲᠤᠭᠤᠷᠢᠨ ᠪᠠᠶᠢᠴᠠᠭᠠᠯᠳᠠ ᠶᠢ ᠬᠦᠯᠢᠶᠡᠵᠦ ᠪᠠᠶᠢᠭ᠎ᠠ ᠡᠯ᠎ᠡ ᠪᠠᠶᠢᠭᠤᠯᠭ᠎ᠠ ᠶᠢᠨ ᠬᠢᠨ ᠠᠴᠠ ᠲᠤᠭᠤᠷᠢᠨ ᠪᠠᠶᠢᠴᠠᠭᠠᠯᠳᠠ ᠶᠢᠨ ᠠᠵᠢᠯ ᠢ ᠴᠢᠬᠤᠯᠴᠢᠯᠠᠨ ᠠᠳᠬᠤᠵᠤ᠂ ᠤᠯᠤᠰ ᠲᠦᠷᠦ ᠶᠢᠨ ᠵᠤᠭᠰᠤᠯᠳᠠ ᠪᠠᠨ ᠳᠡᠭᠡᠭᠰᠢᠯᠡᠭᠦᠯᠦᠨ᠂ ᠲᠤᠭᠤᠷᠢᠨ ᠪᠠᠶᠢᠴᠠᠭᠠᠬᠤ ᠠᠵᠢᠯ ᠳᠤ ᠪᠥᠬᠦ ᠲᠠᠯ᠎ᠠ ᠪᠠᠷ ᠬᠠᠮᠵᠢᠯᠴᠠᠵᠤ᠂ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠠᠵᠢᠯ ᠤᠨ ᠬᠠᠷᠢᠭᠤᠴᠠᠯᠭ᠎ᠠ ᠶᠢ ᠰᠠᠶᠢᠳᠤᠷ ᠲᠤᠤᠱᠯᠠᠭᠤᠯᠤᠨ᠂ ᠲᠤᠭᠤᠷᠢᠨ ᠪᠠᠶᠢᠴᠠᠭᠠᠯᠳᠠ ᠶᠢᠨ ᠠᠵᠢᠯ ᠤᠨ ᠪᠤᠳᠠᠳᠤ ᠦᠷ᠎ᠡ ᠠᠰᠢᠭ ᠤᠯᠬᠤ ᠶᠢ ᠪᠠᠳᠤᠯᠠᠨ᠎ᠠ ᠭᠡᠵᠦ ᠤᠪᠤᠷ ᠢᠶᠠᠨ ᠢᠯᠡᠳᠭᠡᠵᠡᠢ᠃     ᠲᠤᠰ ᠤᠳᠠᠭᠠᠨ ᠤ ᠲᠤᠭᠤᠷᠢᠨ ᠪᠠᠶᠢᠴᠠᠭᠠᠯᠳᠠ ᠶᠢᠨ ᠬᠤᠭᠤᠴᠠᠭ᠎ᠠ ᠨᠢ 45 ᠡᠳᠦᠷ ᠪᠠᠶᠢᠵᠤ᠂ ᠡᠯ᠎ᠡ ᠪᠠᠶᠢᠭᠤᠯᠭ᠎ᠠ ᠨᠢᠭᠡᠴᠡ ᠳᠤ ᠬᠦᠷᠴᠦ ᠳᠠᠶᠢᠴᠢᠯᠠᠯᠳᠠ ᠶᠢᠨ ᠬᠤᠷᠠᠯ ᠬᠤᠷᠠᠯᠳᠤᠭᠤᠯᠬᠤ᠂ ᠪᠠᠶᠢᠭᠤᠯᠭ᠎ᠠ ᠨᠢᠭᠡᠴᠡ ᠶᠢᠨ ᠬᠠᠷᠢᠭᠤ ᠮᠡᠳᠡᠭᠦᠯᠦᠯᠳᠡ ᠶᠢ ᠰᠤᠨᠤᠰᠬᠤ᠂ ᠲᠤᠰᠠᠭᠠᠷ ᠶᠠᠷᠢᠯᠴᠠᠬᠤ᠂ ᠪᠢᠴᠢᠭ ᠮᠠᠲ᠋ᠧᠷᠢᠶᠠᠯ ᠦᠵᠡᠬᠦ᠂ ᠰᠤᠷᠪᠤᠯᠵᠢᠯᠠᠨ ᠤᠶᠢᠯᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠲᠤᠭᠤᠷᠢᠨ ᠪᠠᠶᠢᠴᠠᠭᠠᠯᠳᠠ ᠶᠢᠨ ᠠᠵᠢᠯ ᠢᠶᠠᠨ ᠥᠷᠨᠢᠭᠦᠯᠬᠦ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号