ᠡᠮᠨᠡᠯᠭᠡ ᠶᠢᠨ ᠲᠠᠭᠠᠳᠬᠠᠯ ᠢᠶᠠᠷ ᠶᠠᠳᠠᠭᠤ ᠶᠢ ᠳᠡᠳᠬᠦᠬᠦ ᠬᠠᠷᠠᠭᠠᠯᠵᠠᠯ ᠤᠨ ᠪᠠᠷᠢᠮᠵᠢᠶ᠎ᠠ
ᠨᠡᠶᠢᠲᠡᠯᠡᠭᠰᠡᠨ ᠴᠠᠭ᠄
2020/10/30
       ︽ᠭᠤᠷᠪᠠᠨ ᠠᠯᠬᠤᠮ ᠢᠶᠠᠷ ᠪᠠᠳᠤᠯᠠᠬᠤ︾ ᠲᠥᠷᠦ ᠶᠢᠨ ᠪᠤᠳᠤᠯᠭ᠎ᠠ᠄ ︽ᠭᠤᠷᠪᠠᠨ ᠠᠯᠬᠤᠮ ᠢᠶᠠᠷ ᠪᠠᠳᠤᠯᠠᠬᠤ︾ ᠲᠥᠷᠦ ᠶᠢᠨ ᠪᠤᠳᠤᠯᠭ᠎ᠠ ᠭᠡᠳᠡᠭ ᠨᠢ᠂ ᠲᠠᠩᠰᠠᠯᠠᠵᠤ ᠺᠠᠷᠲ ᠣᠯᠭᠤᠭᠰᠠᠨ ᠶᠠᠳᠠᠭᠤ ᠠᠷᠠᠳ ᠤᠨ ᠡᠮᠨᠡᠯᠭᠡ ᠳᠤ ᠰᠠᠭᠤᠭᠰᠠᠨ ᠰᠦᠢᠳᠭᠡᠯ ᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ ᠶᠢᠨ ᠠᠪᠤᠷᠠᠨ ᠲᠤᠰᠠᠯᠠᠬᠤ ᠵᠡᠷᠭᠡ ᠭᠤᠷᠪᠠᠨ ᠠᠯᠬᠤᠮ ᠢᠶᠠᠷ ᠴᠠᠶᠢᠷᠠᠭᠤᠯᠤᠨ ᠪᠤᠳᠤᠵᠤ ᠥᠭᠬᠦ ᠶᠢ ᠬᠡᠯᠡᠵᠦ ᠪᠤᠢ᠃        ᠡᠮᠨᠡᠯᠭᠡ ᠳᠤ ᠰᠠᠭᠤᠭᠰᠠᠨ ᠰᠦᠢᠳᠭᠡᠯ ᠢ ᠴᠠᠶᠢᠷᠠᠭᠤᠯᠬᠤ᠄ ᠨᠢᠭᠡᠳᠦᠭᠡᠷ ᠠᠯᠬᠤᠮ᠂ ᠦᠨᠳᠦᠰᠦᠨ ᠡᠮᠨᠡᠯᠭᠡ ᠶᠢᠨ ᠳᠠᠭᠠᠳᠬᠠᠯ ᠢᠶᠠᠷ ᠴᠠᠶᠢᠷᠠᠭᠤᠯᠤᠨ᠎ᠠ᠃ ᠬᠤᠶᠠᠳᠤᠭᠠᠷ ᠠᠯᠬᠤᠮ᠄ ᠦᠨᠳᠦᠰᠦᠨ ᠡᠮᠨᠡᠯᠭᠡ ᠶᠢᠨ ᠳᠠᠭᠠᠳᠬᠠᠯ ᠢᠶᠠᠷ ᠴᠠᠶᠢᠷᠠᠭᠤᠯᠤᠭᠰᠠᠨ ᠤ ᠳᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ ᠦᠯᠡᠳᠡᠭᠰᠡᠨ ᠬᠡᠰᠡᠭ ᠨᠢ ᠬᠦᠨᠳᠦ ᠡᠪᠡᠳᠴᠢᠨ  ᠤ ᠲᠠᠭᠠᠳᠬᠠᠯ ᠢᠶᠠᠷ ᠴᠠᠶᠢᠷᠠᠭᠤᠯᠬᠤ ᠪᠠᠷᠢᠮᠵᠢᠶᠠᠨ ᠳᠤ ︵ᠶᠠᠳᠠᠭᠤ ᠬᠦᠮᠦᠰ ᠤᠨ ᠬᠦᠨᠳᠦ ᠡᠪᠡᠳᠴᠢᠨ ᠤ ᠳᠠᠭᠠᠳᠬᠠᠯ ᠢᠶᠠᠷ ᠴᠠᠶᠢᠷᠠᠭᠤᠯᠬᠤ ᠪᠠᠷᠢᠮᠵᠢᠶ᠎ᠠ ᠨᠢ 7000 ᠲᠦᠭᠦᠷᠢᠭ︶ ᠬᠦᠷᠦᠭᠰᠡᠨ ᠪᠤᠯ 65% ᠤᠨ ᠬᠠᠷᠢᠴᠠᠯ ᠢᠶᠠᠷ ᠴᠠᠶᠢᠷᠠᠭᠤᠯᠵᠤ ᠥᠭᠬᠦᠨ᠎ᠡ︔ ᠭᠤᠷᠪᠠᠳᠤᠭᠠᠷ ᠠᠯᠬᠤᠮ᠄ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠴᠠᠶᠢᠷᠠᠭᠠᠤᠯᠤᠭᠰᠠᠨ ᠤ ᠲᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ ᠦᠯᠡᠳᠡᠭᠰᠡᠨ ᠬᠡᠰᠡᠭ ᠢ ᠨᠢ 70% ᠪᠠᠷ ᠴᠠᠶᠢᠷᠠᠭᠤᠯᠵᠤ ᠥᠭᠬᠦᠨ᠎ᠡ᠃        ᠬᠤᠳᠠᠯᠳᠤᠭᠠᠨ ᠤ ᠨᠦᠬᠦᠪᠦᠷᠢ ᠲᠠᠭᠠᠳᠬᠠᠯ᠄ ᠲᠠᠭᠠᠳᠬᠠᠯ ᠤᠨ ᠬᠤᠭᠤᠴᠠᠭᠠᠨ ᠳᠤ ︽ᠭᠤᠷᠪᠠᠨ ᠠᠯᠬᠤᠮ ᠢᠶᠠᠷ ᠪᠠᠳᠤᠯᠠᠬᠤ︾ ᠲᠦᠷᠦ ᠶᠢᠨ ᠪᠤᠳᠤᠯᠭ᠎ᠠ ᠶᠢ ᠬᠦᠷᠳᠡᠭᠰᠡᠨ ᠤ ᠲᠠᠷᠠᠭ᠎ᠠ᠂ ᠲᠤᠭᠳᠠᠭᠠᠯ ᠳᠤ ᠨᠡᠶᠢᠴᠡᠬᠦ ᠰᠦᠢᠳᠭᠡᠯ ᠤᠨ ᠦᠯᠡᠳᠡᠭᠰᠡᠨ ᠬᠡᠰᠡᠭ ᠢ 75% ᠢᠶᠠᠷ ᠴᠠᠶᠢᠷᠠᠭᠤᠯᠵᠤ ᠥᠭᠬᠦᠨ᠎ᠡ᠃        ᠶᠠᠳᠠᠭᠤ ᠬᠦᠮᠦᠰ ᠤᠨ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠭᠦ ᠪᠠᠷ ᠴᠠᠶᠢᠷᠠᠭᠤᠯᠬᠤ᠄ 30 ᠲᠥᠷᠦᠯ  ᠤᠨ ᠬᠦᠨᠳᠦ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠮᠦᠰ ᠤᠨ ︽ᠭᠤᠷᠪᠠᠨ ᠠᠯᠬᠤᠮ ᠢᠶᠠᠷ ᠪᠠᠳᠤᠯᠠᠬᠤ︾ ᠲᠥᠷᠦ ᠶᠢᠨ ᠪᠤᠳᠤᠯᠭ᠎ᠠ ᠪᠠᠷ ᠴᠠᠶᠢᠷᠠᠭᠤᠯᠤᠭᠰᠠᠨ ᠤ ᠲᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ ᠦᠯᠡᠳᠡᠭᠰᠡᠨ ᠬᠡᠰᠡᠭ ᠢ ᠳᠠᠩᠰᠠᠯᠠᠵᠤ ᠺᠠᠷᠲ ᠣᠯᠭᠤᠭᠰᠠᠨ ᠶᠠᠳᠠᠭᠤ ᠬᠦᠮᠦᠨ ᠠᠮᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦ ᠪᠠᠷ ᠳᠠᠬᠢᠨᠲᠠ ᠴᠠᠶᠢᠷᠠᠭᠤᠯᠤᠨ᠂ ᠴᠠᠶᠢᠷᠠᠭᠤᠯᠤᠭᠰᠠᠨ ᠬᠠᠷᠢᠴᠠᠯ ᠢ 90% ᠳᠤ ᠬᠦᠷᠬᠡᠬᠦ ᠶᠢ ᠪᠠᠳᠤᠯᠠᠨ᠎ᠠ᠃        ᠤᠳᠠᠭᠠᠨ ᠴᠢᠨᠠᠷᠲᠠᠢ ᠠᠷᠬᠠᠭ ᠡᠪᠡᠳᠴᠢᠨ ᠤ ᠰᠦᠢᠳᠭᠡᠯ ᠢ ᠴᠠᠶᠢᠷᠠᠭᠤᠯᠬᠤ᠄ ᠶᠠᠳᠠᠭᠤ ᠡᠪᠡᠳᠴᠢᠳᠡᠨ ᠤ ᠤᠳᠠᠭᠠᠨ ᠴᠢᠨᠠᠷᠲᠠᠢ ᠠᠷᠬᠠᠭ ᠡᠪᠡᠳᠴᠢᠨ ᠤ ᠡᠬᠦᠳᠡᠨ ᠡᠮᠨᠡᠯᠭᠡ ᠶᠢᠨ ᠡᠮ ᠤᠨ ᠰᠦᠢᠳᠭᠡᠯ ᠢ ᠦᠨᠳᠦᠰᠦᠨ ᠡᠮᠨᠡᠯᠭᠡ ᠶᠢᠨ ᠳᠠᠭᠠᠳᠬᠠᠯ  ᠢᠶᠠᠷ ᠴᠠᠶᠢᠷᠠᠭᠤᠯᠤᠭᠰᠠᠨ ᠰᠠᠭᠤᠷᠢᠨ ᠲᠡᠭᠡᠷ᠎ᠡ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦᠨ ᠠᠴᠠ 80% ᠬᠦᠷᠳᠡᠯ᠎ᠡ ᠨᠦᠬᠦᠪᠦᠷᠢᠯᠡᠨ᠎ᠡ᠃ ᠶᠠᠳᠠᠭᠤ ᠡᠪᠡᠳᠴᠢᠳᠡᠨ ᠤ ᠨᠢᠭᠡᠳᠦᠭᠡᠷ ᠲᠥᠷᠦᠯ ᠤᠨ ᠤᠳᠠᠭᠠᠨ ᠴᠢᠨᠠᠷᠲᠠᠢ ᠠᠷᠬᠠᠭ ᠡᠪᠡᠳᠴᠢᠨ ᠢ ᠬᠠᠮᠤᠭ ᠶᠡᠭᠡ ᠳᠡᠭᠡᠨ 8000 ᠲᠦᠭᠦᠷᠢᠭ ᠴᠠᠶᠢᠷᠠᠭᠤᠯᠵᠤ᠂ ᠬᠤᠶᠠᠳᠤᠭᠠᠷ ᠲᠥᠷᠦᠯ ᠤᠨ ᠤᠳᠠᠭᠠᠨ ᠴᠢᠨᠠᠷᠲᠠᠢ ᠠᠷᠬᠠᠭ ᠡᠪᠡᠳᠴᠢᠨ ᠢ ᠬᠠᠮᠤᠭ ᠶᠡᠭᠡ ᠳᠡᠭᠡᠨ 5000 ᠲᠦᠭᠦᠷᠢᠭ ᠴᠠᠶᠢᠷᠠᠭᠤᠯᠤᠨ᠎ᠠ᠃        ᠬᠤᠰᠢᠭᠤᠨ ᠤ ᠲᠤᠭᠳᠠᠭᠰᠠᠨ ᠬᠤᠪᠢ ᠶᠢᠨ ᠮᠤᠩᠭᠤᠯ ᠬᠢᠲᠠᠳ ᠡᠬᠦᠳᠡᠨ ᠡᠮᠨᠡᠯᠭᠡ ᠶᠢᠨ ᠡᠮᠴᠢᠯᠡᠭᠡ ᠶᠢᠨ ᠰᠦᠢᠳᠭᠡᠯ ᠢ ᠴᠠᠶᠢᠷᠠᠭᠤᠯᠬᠤ᠄ ᠶᠠᠳᠠᠭᠤ ᠬᠦᠮᠦᠨ ᠠᠮᠠ ᠶᠢᠨ ᠬᠤᠰᠢᠭᠤᠨ ᠤ ᠲᠤᠭᠳᠠᠭᠰᠠᠨ ᠬᠤᠪᠢ ᠶᠢᠨ ᠮᠤᠩᠭᠤᠯ ᠬᠢᠲᠠᠳ ᠡᠬᠦᠳᠡᠨ ᠡᠮᠨᠡᠯᠭᠡ ᠶᠢᠨ ᠰᠦᠢᠳᠭᠡᠯ ᠢ ᠶᠠᠳᠠᠭᠤ ᠬᠦᠮᠦᠨ ᠠᠮᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦᠨ  ᠠᠴᠠ 80% ᠶᠢᠨ ᠬᠠᠷᠢᠴᠠᠯ ᠢᠶᠠᠷ ᠨᠦᠬᠦᠪᠦᠷᠢᠯᠠᠵᠤ᠂ ᠵᠢᠯ ᠤᠨ ᠡᠴᠦᠰ ᠲᠤ ᠨᠢᠭᠡᠯᠡ ᠲᠡᠭᠡᠷ᠎ᠡ ᠴᠠᠶᠢᠷᠠᠭᠤᠯᠤᠨ᠎ᠠ᠂ ᠬᠦᠮᠦᠨ ᠪᠦᠷᠢ ᠵᠢᠯ ᠳᠤ ᠬᠠᠮᠤᠭ ᠠᠷᠪᠢᠨ ᠳᠠᠭᠠᠨ 2000 ᠲᠦᠬᠦᠷᠢᠭ ᠴᠠᠶᠢᠷᠠᠭᠤᠯᠵᠤ ᠪᠤᠯᠤᠨ᠎ᠠ᠃        ᠤᠳᠠᠭᠠᠨ ᠴᠢᠨᠠᠷᠲᠠᠢ ᠠᠷᠬᠠᠭ ᠡᠪᠡᠳᠴᠢᠨ ᠤ ᠲᠥᠷᠦᠯ᠄ ᠨᠢᠭᠡᠳᠦᠭᠡᠷ ᠲᠥᠷᠦᠯ ᠤᠨ ᠤᠳᠠᠭᠠᠨ ᠴᠢᠨᠠᠷᠲᠠᠢ ᠠᠷᠬᠠᠭ ᠡᠪᠡᠳᠴᠢᠨ᠄ ᠲᠠᠷᠢᠬᠢᠨ ᠰᠠ ᠡᠪᠡᠳᠴᠢᠨ ᠤ ᠦᠯᠡᠳᠡᠭᠳᠡᠯ ᠠᠷᠬᠠᠭ᠂ ᠲᠠᠳᠠᠵᠤ ᠮᠡᠨᠡᠷᠡᠬᠤ ᠡᠪᠡᠳᠴᠢᠨ᠂ ᠠᠭᠰᠠᠭ᠎ᠠ ᠡᠪᠡᠳᠴᠢᠨ ᠂ ᠫᠠᠨ ᠶᠢᠨ ᠰᠧᠨ ᠡᠪᠡᠳᠴᠢᠨ᠂ ᠬᠦᠨᠳᠦ ᠰᠣᠯᠢᠶ᠎ᠠ ᠡᠪᠡᠳᠴᠢᠨ᠂ ᠰᠢᠨᠡᠳᠬᠦ ᠰᠠᠭᠠᠳ ᠤᠨ ᠴᠢᠨᠠᠷᠲᠠᠢ ᠴᠢᠰᠤ ᠲᠤᠳᠠᠬᠤ᠂ ᠤᠳᠤᠳᠷ᠎ᠠ ᠪᠦᠭᠡᠷ᠎ᠡ ᠶᠢᠨ ᠴᠢᠳᠠᠪᠦᠷᠢ ᠲᠤᠷᠤᠭᠰᠢᠯᠠᠭᠰᠠᠨ ︵ᠨᠡᠪᠴᠢᠬᠦᠯᠦᠨ ᠢᠯᠭᠠᠷᠠᠭᠤᠯᠬᠤ ᠵᠠᠰᠠᠯ ᠠᠴᠠ ᠪᠤᠰᠤᠳ︶᠂ ᠬᠤᠤᠷᠲᠤ ᠬᠠᠪᠤᠳᠠᠷ ᠵᠡᠷᠭᠡ ᠪᠤᠯᠤᠨ᠎ᠠ᠃ ᠬᠤᠶᠠᠳᠤᠭᠠᠷ ᠲᠥᠷᠦᠯ ᠤᠨ ᠤᠳᠠᠭᠠᠨ ᠴᠢᠨᠠᠷᠲᠠᠢ ᠠᠷᠬᠠᠭ ᠡᠪᠡᠳᠴᠢᠨ᠄ ᠰᠢᠬᠢᠷ ᠰᠢᠵᠢᠩ ᠡᠪᠡᠳᠴᠢᠨ ᠵᠢᠴᠢ ᠲᠠᠪᠬᠤᠴᠠᠭᠰᠠᠨ ᠡᠪᠡᠳᠴᠢᠨ᠂ ᠡᠯᠢᠭᠡᠨ ᠬᠠᠳᠠᠭᠤᠷᠠᠯ ᠤᠨ ᠡᠪᠡᠳᠴᠢᠨ᠂ ᠵᠠᠷᠢᠮ ᠡᠪᠡᠳᠴᠢᠨ ᠤ ᠴᠢᠨᠠᠷᠲᠠᠢ ᠡᠪᠡᠳᠴᠢᠨ ᠤ ᠬᠤᠪᠢᠷᠠᠯᠲᠠ ᠠᠴᠠ ᠪᠤᠯᠤᠭᠰᠠᠨ ᠵᠢᠷᠦᠭᠡᠨ ᠡᠪᠡᠳᠴᠢᠨ᠂ ᠨᠡᠭᠡᠳᠡᠰᠦ ᠶᠢᠨ ᠡᠪᠡᠳᠴᠢᠨ᠂ ᠬᠤᠶᠠᠳᠤᠭᠠᠷ ᠲᠡᠰ ᠠᠴᠠ ᠦᠨᠳᠦᠷ ᠴᠢᠰᠤᠨ ᠲᠠᠷᠤᠯᠳᠠ ᠶᠢᠨ ᠡᠪᠡᠳᠴᠢᠨ᠂ ᠬᠡᠬᠡᠯ ᠡᠪᠡᠳᠴᠢᠨ᠂ ᠰᠦᠷᠢᠶ᠎ᠡ ᠡᠪᠡᠳᠴᠢᠨ᠂ ᠪᠠᠮᠪᠠᠢ ᠪᠤᠯᠴᠠᠷᠬᠠᠢ ᠶᠢᠨ ᠠᠵᠢᠯᠯᠠᠭ᠎ᠠ ᠲᠤᠷᠤᠶᠢᠳᠠᠭᠰᠠᠨ᠂ ᠠᠭᠤᠰᠬᠢᠨ ᠬᠡᠢ ᠬᠠᠪᠤᠩ᠂ ᠬᠦᠳᠡᠯᠭᠡᠭᠡᠨᠳᠦ ᠴᠢᠨᠠᠷᠲᠠᠢ ᠡᠯᠢᠭᠡᠨ ᠥᠷᠪᠢᠰᠦᠯ᠂ ᠤᠳᠠᠭᠠᠨ ᠴᠢᠨᠠᠷᠲᠠᠢ ᠳᠤᠳᠤᠷ᠎ᠠ ᠪᠦᠭᠡᠷ᠎ᠡ ᠶᠢᠨ ᠥᠷᠪᠢᠰᠦᠯ᠂ ᠠᠯᠠᠭ ᠮᠠᠷᠢᠶ᠎ᠠ ᠡᠪᠡᠳᠴᠢᠨ᠂ ᠹᠯᠦᠷ ᠤᠨ ᠬᠤᠤᠷᠳᠠᠯ ᠡᠪᠡᠳᠴᠢᠨ ᠵᠡᠷᠭᠡ ᠪᠤᠯᠤᠨ᠎ᠠ᠃        30 ᠲᠥᠷᠦᠯ ᠤᠨ ᠬᠦᠨᠳᠦ ᠡᠪᠡᠳᠴᠢᠨ᠄ ᠬᠡᠦᠬᠡᠳ ᠤᠨ ᠴᠢᠰᠤ ᠴᠠᠶᠢᠬᠤ ᠡᠪᠡᠳᠴᠢᠨ᠂ ᠬᠡᠦᠬᠡᠳ ᠤᠨ ᠲᠥᠷᠦᠯᠬᠢ ᠵᠢᠷᠦᠬᠡᠨ ᠡᠪᠡᠳᠴᠢᠨ᠂ ᠬᠡᠦᠬᠡᠳ ᠤᠨ ᠪᠠᠮᠪᠠᠢ ᠪᠤᠯᠴᠢᠷᠬᠠᠢ ᠶᠢᠨ ᠬᠠᠪᠤᠳᠠᠷ᠂ ᠤᠳᠠᠭᠠᠨ ᠴᠢᠨᠠᠷᠲᠠᠢ ᠲᠦᠭᠵᠬᠦ ᠬᠡᠯᠪᠡᠷᠢ ᠶᠢᠨ ᠠᠭᠤᠰᠬᠢᠨ ᠤ ᠬᠠᠪᠤᠳᠠᠷ᠂ ᠠᠭᠤᠰᠬᠢ ᠲᠤᠭᠤᠰᠤᠳᠠᠯ ᠡᠪᠡᠳᠴᠢᠨ᠂ ᠲᠦᠷᠬᠡᠨ ᠴᠢᠨᠠᠷᠲᠠᠢ ᠵᠢᠷᠤᠭᠡᠨ ᠪᠤᠯᠴᠢᠩ ᠪᠢᠳᠡᠭᠦᠷᠡᠨ ᠦᠬᠦᠵᠢᠬᠦ᠂ ᠰᠡᠬᠦᠯᠴᠢ ᠶᠢᠨ ᠬᠤᠭᠤᠴᠠᠭᠠᠨ ᠤ ᠳᠤᠳᠤᠷ᠎ᠠ ᠪᠦᠭᠡᠷ᠎ᠡ ᠶᠢᠨ ᠠᠵᠢᠯᠯᠠᠭ᠎ᠠ ᠲᠤᠷᠤᠶᠢᠳᠠᠭᠰᠠᠨ ᠡᠪᠡᠳᠴᠢᠨ᠂ ᠴᠢᠰᠤ ᠭᠤᠭᠤᠵᠢᠮᠠᠳᠠᠭᠠᠢ᠂ ᠴᠠᠭᠠᠨ ᠬᠠᠷᠠᠩ ᠡᠪᠡᠳᠴᠢᠨ᠂ ᠤᠷᠤᠭᠤᠯ ᠤᠨ ᠰᠡᠳᠡᠷᠭᠡᠢ᠂ ᠤᠯᠠᠭᠠᠨ ᠬᠤᠭᠤᠯᠠᠢ ᠶᠢᠨ ᠦᠮᠡᠨ᠂ ᠠᠭᠤᠰᠬᠢᠨ ᠦᠮᠡᠨ᠂ ᠬᠤᠳᠤᠭᠤᠳᠤᠨ ᠤ ᠦᠮᠡᠨ᠂ ᠡᠯᠢᠭᠡᠨ ᠤ ᠦᠮᠡᠨ᠂ ᠨᠤᠭᠤᠯᠠᠭᠤᠷ ᠬᠡᠳᠡᠰᠦᠨ ᠤ ᠦᠮᠡᠨ᠂ ᠰᠢᠯᠤᠭᠤᠨ ᠬᠡᠳᠡᠰᠦᠨ ᠤ ᠦᠮᠡᠨ᠂ ᠰᠠᠪᠠᠨ ᠤ ᠦᠮᠡᠨ᠂ ᠬᠦᠬᠦᠨ ᠤ ᠦᠮᠡᠨ᠂ ᠰᠢᠭᠡᠰᠦᠨ ᠰᠦᠪᠡ ᠤᠷᠠᠭᠳᠠᠭᠰᠠᠨ᠂ ᠲᠠᠷᠢᠬᠢ ᠪᠢᠳᠡᠭᠦᠷᠡᠨ ᠦᠬᠦᠵᠢᠬᠦ᠂ ᠠᠶᠢᠽ ᠡᠪᠡᠳᠴᠢᠨ ᠤ ᠬᠠᠯᠳᠠᠪᠦᠷᠢᠯᠠᠯ᠂ ᠡᠮ ᠲᠠᠭᠠᠭᠠᠮᠠᠭᠠᠢ ᠰᠦᠷᠢᠶ᠎ᠡ ᠡᠪᠡᠳᠴᠢᠨ᠂ ᠮᠡᠳᠡᠷᠡᠯ ᠤᠨ ᠡᠰ ᠤᠨ ᠬᠠᠪᠤᠳᠠᠷ᠂ ᠴᠢᠰᠤ ᠮᠢᠬᠠᠨ ᠤ ᠬᠠᠪᠤᠳᠠᠷ᠂ ᠲᠠᠪᠤᠰᠠᠩ ᠤᠨ ᠦᠮᠡᠨ᠂ ᠦᠨᠳᠡᠭᠡᠪᠴᠢ ᠶᠢᠨ ᠦᠮᠡᠨ᠂ ᠪᠦᠭᠡᠷ᠎ᠡ ᠶᠢᠨ ᠦᠮᠡᠨ᠂ ᠬᠦᠨᠳᠦ ᠰᠤᠯᠢᠶ᠎ᠠ ᠡᠪᠡᠳᠴᠢᠨ᠂ ᠬᠡᠷᠡᠬᠦ ᠡᠪᠡᠳᠴᠢᠨ ᠵᠡᠷᠭᠡ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号