ᠮᠣᠷᠢᠨ ᠨᠢᠷᠤᠭᠤᠨ ᠲᠡᠭᠡᠷ᠎ᠡ ᠲᠤᠪᠳᠤᠯᠤᠭᠰᠠᠨ ᠬᠤᠪᠢᠰᠬᠠᠯᠲᠤ ᠮᠣᠷᠢᠲᠤ ᠴᠡᠷᠢᠭ ᠶᠠᠩᠰᠠᠨᠵᠠᠪ
ᠨᠡᠶᠢᠲᠡᠯᠡᠭᠰᠡᠨ ᠴᠠᠭ᠄
2020/10/30
    ᠬᠦᠪᠡᠭᠡᠲᠦ ᠰᠢᠷ᠎ᠠ ᠬᠤᠰᠢᠭᠤ ᠪᠠᠷ ᠨᠤᠲᠤᠭᠲᠠᠢ ᠶᠠᠩᠰᠠᠨᠵᠠᠪ ᠨᠠᠰᠤᠲᠠᠨ ᠪᠣᠯ ᠤᠯᠤᠰ ᠪᠠᠶᠢᠭᠤᠯᠤᠭᠳᠠᠬᠤ ᠦᠶ᠎ᠡ ᠶᠢᠨ ᠥᠪᠦᠷ ᠮᠤᠩᠭᠤᠯ ᠤᠨ ᠮᠤᠷᠢᠲᠤ ᠴᠡᠷᠢᠭ ᠤᠨ ᠦᠢ ᠣᠯᠠᠨ ᠪᠠᠭᠠᠳᠤᠷᠯᠢᠭ ᠪᠠᠶᠢᠯᠳᠤᠭᠴᠢᠳ ᠤᠨ ᠨᠢᠭᠡ ᠶᠤᠮ᠃ ᠲᠤᠬᠠᠢ ᠶᠢᠨ ᠦᠶ᠎ᠡ ᠳᠤ ᠨᠠᠢᠮᠠᠨ ᠵᠢᠯ ᠮᠣᠷᠢᠲᠤ ᠴᠡᠷᠢᠭ ᠤᠨ ᠠᠯᠪᠠᠨ ᠳᠤ ᠶᠠᠪᠤᠵᠤ᠂ ᠬᠤᠵᠢᠮ ᠨᠢ ᠴᠡᠷᠢᠭ ᠠᠴᠠ ᠪᠠᠨ ᠬᠠᠯᠠᠭᠳᠠᠨ ᠨᠤᠲᠤᠭ ᠲᠠᠭᠠᠨ ᠪᠤᠴᠠᠨ ᠢᠷᠡᠵᠦ᠂ ᠠᠵᠢᠯ ᠠᠯᠪᠠᠨ ᠳᠤ ᠬᠡᠴᠢᠨᠡᠨ ᠵᠢᠯ ᠭᠠᠪᠰᠢᠭᠠᠶᠢᠯᠠᠵᠤ ᠨᠤᠲᠤᠭ ᠤᠰᠤᠨ ᠳᠠᠭᠠᠨ ᠦᠪᠡᠷ ᠤᠨ ᠭᠡᠬᠦ ᠬᠤᠪᠢ ᠨᠡᠮᠡᠷᠢ ᠪᠠᠨ ᠦᠵᠡᠬᠦᠯᠦᠭᠰᠡᠨ ᠶᠤᠮ᠃ ᠥᠨᠥ ᠶᠠᠩᠰᠠᠨᠵᠠᠪ ᠨᠠᠰᠤᠲᠠᠨ ᠭᠤᠸᠠᠢ ᠨᠠᠰᠤᠨ ᠰᠡᠭᠦᠳᠡᠷ 93 ᠬᠦᠷᠦᠭᠰᠡᠨ ᠴᠤ ᠪᠡᠶ᠎ᠡ ᠲᠡᠩᠭᠡᠯᠡᠬᠦᠨ ᠪᠠᠶᠢᠵᠤ᠂ ᠬᠡᠦᠬᠡᠳ ᠠᠴᠢᠨᠠᠷ ᠲᠠᠢ ᠪᠠᠨ ᠬᠠᠮᠲᠤ ᠠᠮᠢᠳᠤᠷᠠᠵᠤ᠂ ᠦᠳᠡᠯᠦᠭᠡ ᠨᠠᠰᠤᠨ ᠤ ᠵᠣᠯ ᠵᠢᠷᠭᠠᠯ ᠢ ᠡᠳ᠋ᠯᠡᠵᠦ ᠶᠠᠪᠤᠨ᠎ᠠ᠃     ᠨᠠᠰᠤᠳᠠᠨ ᠬᠡᠳᠦᠶᠢᠪᠡᠷ ᠠᠵᠢᠯ ᠠᠴᠠ ᠪᠠᠨ ᠲᠠᠷᠬᠠᠯᠠᠭᠠᠳ 36 ᠵᠢᠯ ᠪᠣᠯᠵᠤ ᠪᠠᠶᠢᠭ᠎ᠠ ᠪᠤᠯᠪᠠᠴᠤ ᠡᠳᠦᠷ ᠪᠣᠯᠭᠠᠨ ᠰᠣᠨᠢᠨ ᠰᠡᠳᠬᠦᠯ ᠣᠩᠰᠢᠬᠤ ᠳᠠᠳᠬᠠᠯ ᠲᠠᠢ ᠪᠠᠶᠢᠵᠤ᠂ ᠨᠣᠲᠤᠭ ᠤᠰᠤᠨ ᠤ ᠪᠠᠨ ᠬᠦᠭᠵᠢᠯᠲᠡ ᠳᠤ ᠠᠩᠬᠠᠷᠤᠯ ᠢᠶᠠᠨ ᠲᠠᠯᠪᠢᠭᠰᠠᠭᠠᠷ ᠢᠷᠡᠭᠰᠡᠨ ᠪᠢᠯᠡ᠃     1946ᠣᠨ ᠳᠤ᠂ 19 ᠨᠠᠰᠤᠲᠠᠢ ᠶᠠᠩᠰᠠᠨᠵᠠᠪ ᠴᠠᠬᠠᠷ ᠠᠶᠢᠮᠠᠭ ᠤᠨ ᠠᠮᠤᠷ ᠢ ᠬᠠᠮᠠᠭᠠᠯᠠᠬᠤ ᠬᠤᠷᠢᠶᠠᠨ ᠤ 1 ᠳ᠋ᠦ᠋ᠭᠡᠷ ᠰᠣᠮᠣᠨ ᠤ ᠪᠠᠶᠢᠯᠳᠤᠭᠴᠢ ᠪᠣᠯᠵᠤ᠂ 1949 ᠣᠨ ᠳᠤ ᠮᠣᠷᠢᠲᠤ ᠴᠡᠷᠢᠭ ᠤᠨ ᠪᠠᠶᠢᠯᠳᠤᠭᠴᠢ ᠪᠣᠯᠵᠤ᠂ 1949 ᠣᠨ ᠳᠤ ᠮᠣᠷᠢᠲᠤ ᠴᠡᠷᠢᠭ ᠤᠨ ᠲᠠᠪᠤᠳᠤᠭᠠᠷ ᠳ᠋ᠢᠸᠢᠽᠢ ᠤᠨ ᠪᠠᠶᠢᠯᠳᠤᠭᠴᠢ᠂ ᠮᠣᠷᠢᠨ ᠤ ᠡᠮᠴᠢ ᠶᠢᠨ ᠠᠯᠪᠠ ᠪᠠᠷ ᠠᠵᠢᠯᠯᠠᠵᠤ᠂ ᠨᠠᠢᠮᠠᠨ ᠵᠢᠯ ᠤᠨ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ ᠣᠯᠠᠨ ᠤᠳᠠᠭ᠎ᠠ ᠨᠢᠭᠡᠳᠦᠭᠡᠷ ᠲᠡᠰ᠂ ᠬᠤᠶᠠᠳᠤᠭᠠᠷ ᠲᠡᠰ᠂ ᠭᠤᠷᠪᠠᠳᠤᠭᠠᠷ ᠲᠡᠰ ᠤᠨ ᠭᠠᠪᠢᠶ᠎ᠠ ᠪᠠᠶᠢᠭᠤᠯᠵᠤ᠂ ᠡᠩᠭᠡᠷ ᠲᠦᠭᠦᠷᠡᠩ ᠭᠠᠪᠢᠶᠠᠨ ᠳᠡᠮᠳᠡᠭ ᠬᠢᠯᠠᠯᠵᠠᠭᠤᠯᠵᠤ᠂ ᠨᠤᠲᠤᠭ ᠤᠰᠤᠨ ᠳᠠᠭᠠᠨ ᠦᠩᠭᠡ ᠭᠡᠷᠡᠯ ᠲᠠᠢ᠂ ᠦᠷ᠎ᠡ ᠬᠤᠶᠢᠴᠢᠰ ᠲᠠᠭᠠᠨ ᠲᠠᠭᠤᠷᠢᠶᠠᠯ ᠨᠢ ᠪᠤᠯᠤᠭᠰᠠᠭᠠᠷ ᠢᠷᠡᠭᠰᠡᠨ ᠶᠤᠮ᠃ ᠲᠤᠬᠠᠢ ᠶᠢᠨ ᠦᠶ᠎ᠡ ᠶᠢᠨ ᠲᠠᠷᠢ ᠶᠢᠨ ᠤᠳᠤᠭ᠎ᠠ ᠮᠠᠨᠠᠷᠠᠵᠤ ᠲᠠᠶᠢᠨ ᠤ ᠭᠠᠯ ᠲᠦᠷᠡᠯᠵᠡᠭᠰᠡᠨ ᠣᠨ ᠰᠠᠷ᠎ᠠ ᠶᠢ ᠡᠷᠬᠢᠴᠡᠬᠦᠯᠬᠦ ᠳᠤ ᠨᠠᠰᠤᠳᠠᠨ ᠣᠲᠤ ᠴᠤ ᠬᠡᠰᠡᠨ ᠲᠣᠪ ᠲᠣᠳᠤᠷᠬᠠᠢ ᠴᠡᠭᠡᠵᠢᠯᠡᠵᠦ ᠪᠠᠶᠢᠯ᠎ᠠ᠃
     ᠶᠠᠩᠰᠠᠨᠵᠠᠪ ᠨᠠᠰᠤᠳᠠᠨ ᠤ ᠪᠠᠶᠢᠭᠰᠠᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠦᠪᠡᠷ ᠤᠨ ᠮᠤᠩᠭᠤᠯ ᠤᠨ ᠮᠣᠷᠢᠲᠤ ᠴᠡᠷᠢᠭ ᠤᠨ ᠨᠢᠭᠡᠳᠦᠭᠡᠷ ᠳ᠋ᠢᠸᠢᠽᠢ᠂ ᠬᠤᠶᠠᠳᠤᠭᠠᠷ ᠳ᠋ᠢᠸᠢᠽᠢ ᠨᠢ ᠤᠷᠲᠤ ᠵᠠᠮ ᠤᠨ ᠠᠶᠠᠨ ᠳᠠᠶᠢᠨ᠂ ᠶᠠᠫᠤᠨ ᠢ ᠡᠰᠡᠷᠭᠦᠴᠡᠬᠦ ᠲᠠᠶᠢᠨ᠂ ᠥᠪᠦᠷ ᠮᠤᠩᠭᠤᠯ ᠣᠷᠤᠨᠠᠷ ᠪᠤᠯᠤᠨ ᠪᠠᠷᠠᠭᠤᠨ ᠬᠤᠶᠢᠲᠤ᠂ ᠵᠡᠬᠦᠨ ᠬᠤᠶᠢᠲᠣ᠂ ᠤᠮᠠᠷᠠᠲᠤ ᠣᠷᠤᠨᠠᠷ ᠢ ᠴᠢᠯᠦᠭᠡᠯᠡᠬᠦ ᠳᠠᠶᠢᠨ ᠳᠤ ᠬᠢᠵᠠᠭᠠᠯᠠᠰᠢ ᠦᠬᠡᠢ ᠭᠠᠪᠢᠶ᠎ᠠ ᠵᠢᠳᠬᠦᠯ ᠦᠵᠡᠬᠦᠯᠵᠦ᠂ 1949 ᠣᠨ ᠤ 10 ᠰᠠᠷ᠎ᠠ ᠶᠢᠨ 1 ᠤ ᠡᠳᠦᠷ᠂ ᠤᠯᠤᠰ ᠪᠠᠶᠢᠭᠤᠯᠤᠭᠳᠠᠬᠤ ᠦᠪᠡᠳᠡᠭᠰᠢ ᠶᠤᠰᠤᠯᠠᠯ ᠳᠤ ᠲᠢᠶᠠᠨ ᠠᠨ ᠮᠧᠨ ᠲᠠᠯᠠᠪᠠᠢ ᠶᠢᠨ ᠵᠢᠭᠰᠠᠭᠠᠯ ᠳᠤ ᠤᠷᠤᠯᠴᠠᠵᠤ᠂ ᠤᠯᠤᠰ ᠠᠷᠠᠳ ᠤᠨ ᠢᠶᠠᠨ ᠰᠡᠳᠬᠢᠯ ᠳᠤ ᠬᠦᠷᠦᠭᠰᠡᠨ ᠶᠤᠮ᠃
          ᠶᠠᠩᠰᠠᠨᠵᠠᠪ ᠨᠠᠰᠤᠳᠠᠨ 1955 ᠣᠨ ᠳᠤ᠂ ᠴᠡᠷᠢᠭ ᠠᠴᠠ ᠪᠠᠨ ᠬᠠᠯᠠᠭᠳᠠᠵᠤ᠂ ᠨᠤᠲᠤᠭ ᠤᠷᠤᠨ ᠳᠠᠭᠠᠨ ᠪᠤᠴᠠᠨ ᠢᠷᠡᠵᠦ᠂ ᠤᠷᠢᠳ ᠬᠤᠵᠢᠳ ᠴᠠᠬᠠᠷ ᠠᠶᠢᠮᠠᠭ ᠤᠨ ᠪᠠᠷᠢᠯᠭ᠎ᠠ ᠶᠢᠨ ᠠᠩᠭᠢ ᠳᠤ ᠠᠵᠢᠯᠯᠠᠵᠤ ᠪᠠᠶᠢᠭᠰᠠᠨ ᠢᠶᠠᠨ ᠰᠡᠭᠦᠯᠡᠷ ᠨᠢ ᠬᠤᠰᠢᠭᠤ ᠵᠤᠬᠢᠶᠠᠨ ᠪᠠᠶᠢᠭᠤᠯᠬᠤ ᠬᠡᠯᠲᠡᠰ ᠤᠨ ᠨᠠᠷᠢᠨ ᠪᠢᠴᠢᠭᠡᠴᠢ᠂ ᠰᠣᠮᠣᠨ ᠤ ᠱᠦᠵᠢ᠂ ᠬᠤᠰᠢᠭᠤ ᠶᠠᠳᠠᠭᠤᠴᠣᠣᠯ ᠤᠨ ᠡᠪᠯᠡᠯ᠂ ᠠᠵᠢᠯᠲᠠᠨ ᠤ ᠡᠪᠯᠡᠯ ᠤᠨ ᠡᠷᠬᠢᠯᠡᠭᠴᠢ᠂ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠬᠤᠷᠢᠶᠠᠨ ᠤ ᠲᠠᠷᠤᠭ᠎ᠠ ᠵᠡᠷᠭᠡ ᠣᠯᠠᠨ ᠠᠵᠢᠯ ᠤᠨ ᠭᠠᠷᠤᠭᠠᠨ ᠳᠤ ᠪᠠᠶᠢᠵᠤ᠂ ᠲᠤᠬᠠᠢ ᠶᠢᠨ ᠦᠶ᠎ᠡ ᠳᠤ ᠠᠵᠤ ᠠᠬᠤᠢ ᠶᠢᠨ ᠰᠠᠭᠤᠷᠢ ᠨᠢᠮᠭᠡᠨ᠂ ᠡᠯ᠎ᠡ ᠲᠠᠯ᠎ᠠ ᠶᠢᠨ ᠨᠦᠭᠦᠴᠡᠯ ᠪᠠᠷᠤᠭᠲᠠᠢ ᠪᠠᠶᠢᠭᠰᠠᠨ ᠪᠠᠶᠢᠳᠠᠯ ᠳᠤ ᠳᠡᠭᠡᠷ᠎ᠡ ᠱᠠᠳᠤᠨ ᠤ ᠴᠢᠭᠯᠡᠯᠲᠡ ᠲᠥᠷᠦ ᠶᠢᠨ ᠪᠣᠳᠣᠯᠭ᠎ᠠ ᠬᠠᠮᠢᠭ᠎ᠠ ᠪᠦᠬᠦᠢ ᠬᠠᠤᠯᠢ ᠳᠦᠷᠢᠮ᠂ ᠴᠢᠬᠤᠯᠠ ᠵᠢᠭᠠᠪᠤᠷᠢ᠂ ᠬᠤᠷᠠᠯ ᠤᠨ ᠵᠤᠷᠠᠶᠢᠭ ᠰᠠᠨᠠᠭ᠎ᠠ ᠶᠢ ᠭᠠᠷ ᠢᠶᠠᠷ ᠢᠶᠠᠨ ᠬᠠᠭᠤᠯᠤᠨ ᠣᠯᠠᠨ ᠳᠤ ᠰᠤᠷᠤᠯᠴᠠᠭᠤᠯᠵᠤ ᠤᠬᠠᠭᠤᠯᠵᠤ ᠪᠠᠶᠢᠭᠰᠠᠨ ᠠᠴᠠ ᠭᠠᠳᠠᠨ᠎ᠠ ᠮᠠᠯᠵᠢᠬᠤ ᠤᠷᠤᠨ ᠤ ᠦᠨᠳᠦᠰᠦᠨ ᠪᠦᠳᠦᠭᠡᠨ ᠪᠠᠶᠢᠭᠤᠯᠤᠯᠲᠠ᠂ ᠦᠶᠡᠷ ᠤᠨ ᠭᠠᠮᠰᠢᠭ᠂ ᠡᠪᠦᠯ ᠬᠠᠪᠤᠷ ᠤᠨ ᠵᠤᠳ ᠭᠠᠮᠰᠢᠭ ᠲᠠᠢ ᠲᠡᠮᠡᠴᠡᠬᠦ ᠠᠵᠢᠯ ᠭᠡᠵᠦ ᠠᠯᠢᠨ ᠳᠤᠨᠢ ᠴᠤ ᠬᠤᠶᠢᠰᠢ ᠰᠠᠭᠤᠯ ᠦᠬᠡᠢ ᠣᠯᠠᠨ ᠢᠶᠠᠨ ᠳᠠᠶᠢᠴᠢᠯᠠᠨ ᠠᠵᠢᠯᠯᠠᠵᠤ ᠶᠠᠪᠤᠭᠰᠠᠨ ᠠᠴᠠ ᠠᠵᠢᠯᠯᠠᠵᠤ ᠪᠠᠶᠢᠭᠰᠠᠨ ᠪᠠᠶᠢᠭᠤᠯᠭ᠎ᠠ ᠨᠢᠭᠡᠴᠡ ᠨᠢ ᠬᠤᠰᠢᠭᠤ ᠠᠶᠢᠮᠠᠭ ᠤᠨ ᠢᠶᠠᠨ ᠲᠡᠷᠢᠬᠦᠨ ᠤ ᠨᠢᠭᠡᠴᠡ ᠶᠢᠨ ᠢᠷᠠᠭᠤ ᠠᠯᠳᠠᠷ ᠢ ᠬᠦᠷᠡᠳᠡᠵᠦ ᠪᠠᠶᠢᠭᠰᠠᠨ ᠢᠶᠠᠷ ᠪᠠᠷᠠᠬᠤ ᠦᠬᠡᠢ᠂ ᠦᠪᠡᠷ ᠢᠶᠠᠨ ᠴᠤ ᠬᠡᠴᠢᠨᠡᠨ ᠵᠢᠯ ᠳᠠᠷᠠᠭᠠᠯᠠᠨ ᠬᠤᠰᠢᠭᠤ ᠠᠶᠢᠮᠠᠭ ᠤᠨ ᠱᠠᠳᠤᠨ ᠤ ᠲᠡᠷᠢᠬᠦᠨ ᠤ ᠠᠵᠢᠯᠲᠠᠨ᠂ ᠰᠢᠯᠢᠳᠡᠭ ᠨᠠᠮ ᠤᠨ ᠭᠡᠰᠢᠬᠦᠨ ᠢᠶᠠᠷ ᠦᠨᠡᠯᠡᠭᠳᠡᠵᠦ᠂ ᠬᠤᠰᠢᠭᠤ ᠨᠤᠲᠤᠭ ᠤᠨ ᠢᠶᠠᠨ ᠬᠦᠭᠵᠢᠯᠲᠡ ᠳᠤ ᠭᠠᠪᠢᠶ᠎ᠠ ᠵᠢᠳᠬᠦᠯ ᠢᠶᠠᠨ ᠦᠵᠡᠬᠦᠯᠵᠦ ᠢᠷᠡᠵᠠᠢ᠃ ᠥᠨᠦ ᠨᠠᠰᠤᠨ ᠰᠡᠭᠦᠳᠡᠷ 93 ᠬᠦᠷᠦᠭᠰᠡᠨ ᠶᠠᠩᠰᠠᠨᠵᠠᠪ ᠭᠤᠸᠠᠢ ᠦᠷ᠎ᠡ ᠬᠡᠦᠬᠡᠳ᠂ ᠠᠴᠢ ᠤᠮᠪᠤᠯᠤ ᠨᠠᠷ  ᠲᠠᠢ ᠪᠠᠨ ᠬᠠᠰᠮᠢᠳᠤᠭ ᠠᠮᠢᠳᠤᠷᠠᠵᠤ᠂ ᠨᠠᠶᠢᠭᠡᠮ ᠤᠨ ᠰᠠᠶᠢᠨ ᠰᠠᠶᠢᠬᠠᠨ ᠲᠥᠷᠦ ᠬᠦᠷᠦᠨ ᠤ ᠬᠦᠭᠵᠢᠯᠲᠡ ᠶᠢ ᠪᠠᠭ᠋ᠠᠷᠬᠠᠨ ᠦᠳᠡᠯᠦᠭᠡ ᠨᠠᠰᠤᠨ ᠤ ᠪᠠᠶᠠᠷ ᠵᠢᠷᠭᠠᠯ ᠢ ᠡᠳ᠋ᠯᠡᠵᠦ ᠶᠠᠪᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号