ᠠᠯᠪᠠᠨ ᠵᠠᠷᠯᠠᠯ
ᠨᠡᠶᠢᠲᠡᠯᠡᠭᠰᠡᠨ ᠴᠠᠭ᠄
2020/10/30
    ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ︵ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ 2019 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠲᠤᠪᠴᠢᠯᠠᠯ ﹇2019﹈ 4 ᠳ᠋ᠤᠭᠡᠷ ᠲᠤᠭᠠᠳᠤ︶ ︽ᠰᠦᠨᠢᠳ ᠪᠠᠷᠠᠭᠤᠨ ᠬᠤᠰᠢᠭᠤᠨ ᠠᠴᠠ ᠴᠢᠭᠤᠯᠭᠠᠯᠲᠤ ᠬᠠᠭᠠᠯᠭ᠎ᠠ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ᠂ ᠮᠤᠵᠢ ᠶᠢᠨ ᠲᠡᠰ ᠤᠨ 313 ᠵᠠᠰᠠᠮᠠᠯ ᠵᠠᠮ ᠪᠤᠯᠤᠨ ᠦᠨᠳᠦᠷ ᠬᠦᠴᠦᠳᠡᠯᠲᠦ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠵᠠᠰᠠᠮᠠᠯ ᠵᠠᠮ ᠤᠨ ᠬᠢᠨᠠᠨ ᠪᠠᠶᠢᠴᠠᠭᠠᠵᠤ ᠵᠠᠰᠠᠨ ᠰᠡᠯᠪᠢᠬᠦ ᠪᠦᠳᠦᠭᠡᠨ ᠪᠠᠶᠢᠭᠤᠯᠤᠯᠲᠠ ᠵᠢᠴᠢ ᠪᠦᠬᠦ ᠬᠤᠰᠢᠭᠤᠨ ᠤ ᠭᠤᠤᠯᠳᠠᠯᠭᠠᠳᠤ ᠲᠦᠷᠦᠯ ᠵᠦᠢ᠊᠂ ᠵᠠᠰᠠᠭ  ᠤᠨ ᠣᠷᠳᠤᠨ ᠠᠴᠠ ᠪᠡᠯᠡ ᠤᠷᠤᠭᠤᠯᠤᠭᠰᠠᠨ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠯᠡᠰᠦ᠂ ᠰᠢᠷᠤᠢ᠂ ᠬᠠᠶᠢᠷ ᠮᠠᠯᠳᠠᠬᠤ ᠴᠢᠭ ᠢ ᠲᠤᠬᠢᠷᠠᠭᠤᠯᠤᠭᠰᠠᠨ ᠲᠤᠬᠠᠢ ᠪᠠᠶᠢᠳᠠᠯ︾ ᠲᠤᠭᠳᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠭᠤᠤᠯᠳᠠᠯᠭᠠᠲᠤ ᠲᠦᠷᠦᠯ ᠵᠦᠢᠯ ᠳᠤ ᠬᠠᠨᠳᠤᠭᠤᠯᠤᠨ 9 ᠡᠯᠡᠰᠦ ᠮᠠᠯᠲᠠᠬᠤ ᠴᠢᠭ ᠤᠨ ᠭᠠᠷ ᠬᠦᠢᠴᠡᠳᠭᠡᠯ ᠢ ᠬᠢᠭᠰᠡᠨ ᠪᠠᠶᠢᠨ᠎ᠠ᠃     ᠤᠳᠤᠬᠠᠨ ᠳᠤ ᠮᠠᠨ ᠤ ᠲᠤᠪᠴᠢᠶ᠎ᠠ ᠨᠢ 8 ᠡᠯᠡᠰᠦ ᠮᠠᠯᠳᠠᠬᠤ ᠴᠢᠭ ᠤᠨ ᠵᠥᠪᠰᠢᠶᠡᠷᠡᠯ ᠤᠨ ᠪᠢᠴᠢᠭ ᠢ ᠬᠦᠴᠦᠨ ᠦᠬᠡᠢ ᠪᠤᠯᠭᠠᠭᠰᠠᠨ ᠮᠡᠳᠡᠭᠳᠡᠯ ᠤᠨ ᠪᠢᠴᠢᠭ ᠢ ᠪᠠᠭᠤᠯᠭᠠᠭᠰᠠᠨ ᠤ ᠬᠠᠮᠲᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠭᠢ ᠪᠠ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠨᠢ 8 ᠮᠠᠯᠲᠠᠬᠤ ᠴᠢᠭ ᠵᠠᠰᠠᠨ ᠴᠡᠭᠴᠡᠯᠡᠵᠦ᠂ ᠤᠷᠭᠤᠮᠠᠯ ᠤᠨ ᠪᠦᠷᠭᠦᠴᠡ ᠶᠢ ᠰᠡᠷᠭᠦᠬᠡᠬᠦ ᠠᠵᠢᠯ ᠢ ᠱᠠᠯᠠᠪᠳᠠᠭᠤᠯᠤᠨ ᠬᠢᠵᠤ ᠪᠠᠶᠢᠭ᠎ᠠ ᠪᠦᠭᠡᠳ ᠵᠠᠰᠠᠨ ᠰᠡᠷᠭᠦᠬᠡᠬᠦ ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ ᠳᠤ ᠬᠢᠨᠠᠨ ᠪᠠᠶᠢᠴᠠᠭᠠᠯᠲᠠ ᠶᠢ ᠬᠢᠵᠤ ᠪᠠᠶᠢᠨ᠎ᠠ᠃ ᠡᠬᠦᠨ ᠠᠴᠠ ᠭᠠᠳᠠᠨ᠎ᠠ ᠬᠦᠪᠡᠭᠡᠲᠦ ᠰᠢᠷ᠎ᠠ ᠬᠤᠰᠢᠭᠤ — ᠰᠢᠯᠤᠭᠤᠨ ᠬᠦᠪᠡᠭᠡᠲᠦ ᠴᠠᠭᠠᠨ ᠬᠤᠰᠢᠭᠤ ᠬᠦᠷᠬᠦ ᠮᠤᠵᠢ ᠶᠢᠨ ᠲᠡᠰ ᠤᠨ 313 ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠯᠲᠡᠰ ᠠᠴᠠ ᠪᠠᠶᠠᠨᠲᠠᠯ᠎ᠠ ᠪᠠᠯᠭᠠᠰᠤᠨ ᠤ ᠬᠦᠨᠳᠡᠯᠡᠨ ᠭᠠᠴᠠᠭᠠᠨ ᠳᠤ ᠤᠷᠤᠰᠢᠵᠤ ᠪᠠᠶᠢᠭ᠎ᠠ 1 ᠡᠯᠡᠰᠦ ᠮᠠᠯᠳᠠᠬᠤ ᠴᠢᠭ ᠢ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠬᠠᠷᠠᠬᠠᠨ ᠲᠠᠭᠤᠰᠤᠭ᠎ᠠ ᠦᠬᠡᠢ ᠤᠴᠢᠷ ᠠᠴᠠ ᠦᠷᠬᠦᠯᠵᠢᠯᠡᠨ ᠠᠰᠢᠭᠯᠠᠬᠤ ᠶᠢ ᠭᠤᠶᠤᠴᠢᠯᠠᠭᠰᠠᠨ ᠠᠴᠠ ᠤᠳᠤ ᠪᠤᠯᠲᠠᠯ᠎ᠠ ᠬᠡᠪ ᠤᠨ ᠶᠤᠰᠤᠭᠠᠷ ᠠᠰᠢᠭᠯᠠᠵᠤ ᠪᠠᠶᠢᠨ᠎ᠠ᠃     ᠦᠷᠭᠡᠨ ᠣᠯᠠᠨ ᠲᠦᠮᠡᠨ ᠨᠢ ᠪᠤᠰᠤᠳ ᠬᠠᠤᠯᠢ ᠪᠤᠰᠤ ᠪᠠᠷ ᠡᠯᠡᠰᠦ ᠮᠠᠯᠳᠠᠵᠤ ᠪᠠᠶᠢᠭ᠎ᠠ ᠪᠠᠶᠢᠳᠠᠯ ᠢ ᠣᠯᠵᠤ ᠮᠡᠳᠡᠪᠡᠯ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠬᠡ ᠠᠩᠬᠢ ᠪᠤᠶᠤ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠳᠤ ᠮᠡᠳᠡᠬᠦᠯᠬᠦ ᠪᠤᠯᠪᠠᠤ᠃      ᠡᠬᠦᠨ ᠤ ᠲᠤᠯᠠᠳᠠ ᠤᠨᠴᠠᠭᠠᠶᠢᠯᠠᠨ ᠵᠠᠷᠯᠠᠪᠠ᠃      ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠢᠯᠡᠴᠢᠯᠡᠨ ᠮᠡᠳᠡᠬᠦᠯᠬᠦ ᠤᠳᠠᠰᠤ᠄ 0479 —6225500      ᠪᠠᠶᠠᠨᠲᠠᠯ᠎ᠠ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠢᠯᠡᠴᠢᠯᠡᠨ ᠮᠡᠳᠡᠬᠦᠯᠬᠦ ᠤᠳᠠᠰᠤ᠄ 13904799885      ᠤᠩᠭᠤᠨ ᠠᠭᠤᠯᠠ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠢᠯᠡᠴᠢᠯᠡᠨ ᠮᠡᠳᠡᠬᠦᠯᠬᠦ ᠤᠳᠠᠰᠤ᠄ 15371862224      ᠪᠤᠭᠲᠠ ᠶᠢᠨ ᠭᠤᠤᠯ ᠰᠤᠮᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠢᠯᠡᠴᠢᠯᠡᠨ ᠮᠡᠳᠡᠬᠦᠯᠬᠦ ᠤᠳᠠᠰᠤ᠄ 18647908836                    ᠬᠦᠪᠡᠭᠡᠲᠦ ᠰᠢᠷ᠎ᠠ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ                               2020 ᠤᠨ ᠤ 10 ᠰᠠᠷ᠎ᠠ ᠶᠢᠨ 26 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号