︽ᠭᠤᠷᠪᠠᠨ ᠠᠯᠬᠤᠮ ᠢᠶᠠᠷ ᠪᠠᠳᠤᠯᠠᠬᠤ︾ ᠲᠥᠷᠦ ᠶᠢᠨ ᠪᠤᠳᠤᠯᠭ᠎ᠠ᠄ ︽ᠭᠤᠷᠪᠠᠨ ᠠᠯᠬᠤᠮ ᠢᠶᠠᠷ ᠪᠠᠳᠤᠯᠠᠬᠤ︾ | ᠲᠥᠷᠦ ᠶᠢᠨ ᠪᠤᠳᠤᠯᠭ᠎ᠠ ᠭᠡᠳᠡᠭ ᠨᠢ᠂ ᠲᠠᠩᠰᠠᠯᠠᠵᠤ ᠺᠠᠷᠲ ᠣᠯᠭᠤᠭᠰᠠᠨ ᠶᠠᠳᠠᠭᠤ ᠠᠷᠠᠳ ᠤᠨ ᠡᠮᠨᠡᠯᠭᠡ ᠳᠤ | ᠰᠠᠭᠤᠭᠰᠠᠨ ᠰᠦᠢᠳᠭᠡᠯ ᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ | ᠶᠢᠨ ᠠᠪᠤᠷᠠᠨ ᠲᠤᠰᠠᠯᠠᠬᠤ ᠵᠡᠷᠭᠡ ᠭᠤᠷᠪᠠᠨ ᠠᠯᠬᠤᠮ ᠢᠶᠠᠷ ᠴᠠᠶᠢᠷᠠᠭᠤᠯᠤᠨ ᠪᠤᠳᠤᠵᠤ ᠥᠭᠬᠦ ᠶᠢ ᠬᠡᠯᠡᠵᠦ ᠪᠤᠢ᠃ | ᠡᠮᠨᠡᠯᠭᠡ ᠳᠤ ᠰᠠᠭᠤᠭᠰᠠᠨ ᠰᠦᠢᠳᠭᠡᠯ ᠢ ᠴᠠᠶᠢᠷᠠᠭᠤᠯᠬᠤ᠄ ᠨᠢᠭᠡᠳᠦᠭᠡᠷ ᠠᠯᠬᠤᠮ᠂ ᠦᠨᠳᠦᠰᠦᠨ ᠡᠮᠨᠡᠯᠭᠡ ᠶᠢᠨ | ᠳᠠᠭᠠᠳᠬᠠᠯ ᠢᠶᠠᠷ ᠴᠠᠶᠢᠷᠠᠭᠤᠯᠤᠨ᠎ᠠ᠃ ᠬᠤᠶᠠᠳᠤᠭᠠᠷ ᠠᠯᠬᠤᠮ᠄ ᠦᠨᠳᠦᠰᠦᠨ ᠡᠮᠨᠡᠯᠭᠡ ᠶᠢᠨ ᠳᠠᠭᠠᠳᠬᠠᠯ ᠢᠶᠠᠷ | ᠴᠠᠶᠢᠷᠠᠭᠤᠯᠤᠭᠰᠠᠨ ᠤ ᠳᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ ᠦᠯᠡᠳᠡᠭᠰᠡᠨ ᠬᠡᠰᠡᠭ ᠨᠢ ᠬᠦᠨᠳᠦ | ᠡᠪᠡᠳᠴᠢᠨ ᠤ ᠲᠠᠭᠠᠳᠬᠠᠯ ᠢᠶᠠᠷ ᠴᠠᠶᠢᠷᠠᠭᠤᠯᠬᠤ ᠪᠠᠷᠢᠮᠵᠢᠶᠠᠨ ᠳᠤ ︵ᠶᠠᠳᠠᠭᠤ ᠬᠦᠮᠦᠰ ᠤᠨ ᠬᠦᠨᠳᠦ ᠡᠪᠡᠳᠴᠢᠨ ᠤ | ᠳᠠᠭᠠᠳᠬᠠᠯ ᠢᠶᠠᠷ ᠴᠠᠶᠢᠷᠠᠭᠤᠯᠬᠤ ᠪᠠᠷᠢᠮᠵᠢᠶ᠎ᠠ ᠨᠢ 7000 ᠲᠦᠭᠦᠷᠢᠭ︶ ᠬᠦᠷᠦᠭᠰᠡᠨ ᠪᠤᠯ 65% ᠤᠨ ᠬᠠᠷᠢᠴᠠᠯ | ᠢᠶᠠᠷ ᠴᠠᠶᠢᠷᠠᠭᠤᠯᠵᠤ ᠥᠭᠬᠦᠨ᠎ᠡ︔ ᠭᠤᠷᠪᠠᠳᠤᠭᠠᠷ ᠠᠯᠬᠤᠮ᠄ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ᠢᠶᠠᠷ ᠴᠠᠶᠢᠷᠠᠭᠠᠤᠯᠤᠭᠰᠠᠨ ᠤ ᠲᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ | ᠦᠯᠡᠳᠡᠭᠰᠡᠨ ᠬᠡᠰᠡᠭ ᠢ ᠨᠢ 70% ᠪᠠᠷ ᠴᠠᠶᠢᠷᠠᠭᠤᠯᠵᠤ ᠥᠭᠬᠦᠨ᠎ᠡ | ᠬᠤᠳᠠᠯᠳᠤᠭᠠᠨ ᠤ ᠨᠦᠬᠦᠪᠦᠷᠢ ᠲᠠᠭᠠᠳᠬᠠᠯ᠄ ᠲᠠᠭᠠᠳᠬᠠᠯ ᠤᠨ ᠬᠤᠭᠤᠴᠠᠭᠠᠨ ᠳᠤ ︽ᠭᠤᠷᠪᠠᠨ ᠠᠯᠬᠤᠮ ᠢᠶᠠᠷ | ᠪᠠᠳᠤᠯᠠᠬᠤ︾ ᠲᠦᠷᠦ ᠶᠢᠨ ᠪᠤᠳᠤᠯᠭ᠎ᠠ ᠶᠢ ᠬᠦᠷᠳᠡᠭᠰᠡᠨ ᠤ ᠲᠠᠷᠠᠭ᠎ᠠ᠂ ᠲᠤᠭᠳᠠᠭᠠᠯ ᠳᠤ ᠨᠡᠶᠢᠴᠡᠬᠦ ᠰᠦᠢᠳᠭᠡᠯ ᠤᠨ | ᠦᠯᠡᠳᠡᠭᠰᠡᠨ ᠬᠡᠰᠡᠭ ᠢ 75% ᠢᠶᠠᠷ ᠴᠠᠶᠢᠷᠠᠭᠤᠯᠵᠤ ᠥᠭᠬᠦᠨ᠎ᠡ᠃ | ᠶᠠᠳᠠᠭᠤ ᠬᠦᠮᠦᠰ ᠤᠨ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠭᠦ ᠪᠠᠷ ᠴᠠᠶᠢᠷᠠᠭᠤᠯᠬᠤ᠄ 30 ᠲᠥᠷᠦᠯ | ᠤᠨ ᠬᠦᠨᠳᠦ ᠡᠪᠡᠳᠴᠢᠨ ᠳᠤ ᠨᠡᠷᠪᠡᠭᠳᠡᠭᠰᠡᠨ ᠶᠠᠳᠠᠭᠤ ᠬᠦᠮᠦᠰ ᠤᠨ ︽ᠭᠤᠷᠪᠠᠨ ᠠᠯᠬᠤᠮ ᠢᠶᠠᠷ ᠪᠠᠳᠤᠯᠠᠬᠤ︾ | ᠲᠥᠷᠦ ᠶᠢᠨ ᠪᠤᠳᠤᠯᠭ᠎ᠠ ᠪᠠᠷ ᠴᠠᠶᠢᠷᠠᠭᠤᠯᠤᠭᠰᠠᠨ ᠤ ᠲᠠᠷᠠᠭᠠᠬᠢ ᠲᠤᠭᠳᠠᠭᠠᠯ ᠳᠤ ᠨᠡᠶᠢᠴᠡᠬᠦ ᠰᠦᠢᠳᠭᠡᠯ ᠤᠨ | ᠦᠯᠡᠳᠡᠭᠰᠡᠨ ᠬᠡᠰᠡᠭ ᠢ ᠳᠠᠩᠰᠠᠯᠠᠵᠤ ᠺᠠᠷᠲ ᠣᠯᠭᠤᠭᠰᠠᠨ ᠶᠠᠳᠠᠭᠤ ᠬᠦᠮᠦᠨ ᠠᠮᠠ ᠶᠢᠨ ᠡᠮᠴᠢᠯᠡᠭᠡ ᠶᠢᠨ ᠪᠠᠳᠤᠯᠠᠭ᠎ᠠ | ᠶᠢᠨ ᠰᠠᠭᠤᠷᠢ ᠮᠦᠩᠬᠦ ᠪᠠᠷ ᠳᠠᠬᠢᠨᠲᠠ ᠴᠠᠶᠢᠷᠠᠭᠤᠯᠤᠨ᠂ ᠴᠠᠶᠢᠷᠠᠭᠤᠯᠤᠭᠰᠠᠨ ᠬᠠᠷᠢᠴᠠᠯ ᠢ 90% ᠳᠤ ᠬᠦᠷᠬᠡᠬᠦ ᠶᠢ | ᠪᠠᠳᠤᠯᠠᠨ᠎ᠠ᠃ | ᠤᠳᠠᠭᠠᠨ ᠴᠢᠨᠠᠷᠲᠠᠢ ᠠᠷᠬᠠᠭ ᠡᠪᠡᠳᠴᠢᠨ ᠤ ᠰᠦᠢᠳᠭᠡᠯ ᠢ ᠴᠠᠶᠢᠷᠠᠭᠤᠯᠬᠤ᠄ ᠶᠠᠳᠠᠭᠤ ᠡᠪᠡᠳᠴᠢᠳᠡᠨ ᠤ | ᠤᠳᠠᠭᠠᠨ ᠴᠢᠨᠠᠷᠲᠠᠢ ᠠᠷᠬᠠᠭ ᠡᠪᠡᠳᠴᠢᠨ ᠤ ᠡᠬᠦᠳᠡᠨ ᠡᠮᠨᠡᠯᠭᠡ ᠶᠢᠨ ᠡᠮ ᠤᠨ ᠰᠦᠢᠳᠭᠡᠯ ᠢ ᠦᠨᠳᠦᠰᠦᠨ ᠡᠮᠨᠡᠯᠭᠡ | ᠶᠢᠨ ᠳᠠᠭᠠᠳᠬᠠᠯ ᠢᠶᠠᠷ ᠴᠠᠶᠢᠷᠠᠭᠤᠯᠤᠭᠰᠠᠨ ᠰᠠᠭᠤᠷᠢᠨ ᠲᠡᠭᠡᠷ᠎ᠡ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦᠨ | ᠠᠴᠠ 80% ᠬᠦᠷᠳᠡᠯ᠎ᠡ ᠨᠦᠬᠦᠪᠦᠷᠢᠯᠡᠨ᠎ᠡ᠃ ᠶᠠᠳᠠᠭᠤ ᠡᠪᠡᠳᠴᠢᠳᠡᠨ ᠤ ᠨᠢᠭᠡᠳᠦᠭᠡᠷ ᠲᠥᠷᠦᠯ ᠤᠨ ᠤᠳᠠᠭᠠᠨ | ᠴᠢᠨᠠᠷᠲᠠᠢ ᠠᠷᠬᠠᠭ ᠡᠪᠡᠳᠴᠢᠨ ᠢ ᠬᠠᠮᠤᠭ ᠶᠡᠭᠡ ᠳᠡᠭᠡᠨ 8000 ᠲᠦᠭᠦᠷᠢᠭ ᠴᠠᠶᠢᠷᠠᠭᠤᠯᠵᠤ᠂ ᠬᠤᠶᠠᠳᠤᠭᠠᠷ ᠲᠥᠷᠦᠯ | ᠤᠨ ᠤᠳᠠᠭᠠᠨ ᠴᠢᠨᠠᠷᠲᠠᠢ ᠠᠷᠬᠠᠭ ᠡᠪᠡᠳᠴᠢᠨ ᠢ ᠬᠠᠮᠤᠭ ᠶᠡᠭᠡ ᠳᠡᠭᠡᠨ 5000 ᠲᠦᠭᠦᠷᠢᠭ ᠴᠠᠶᠢᠷᠠᠭᠤᠯᠤᠨ᠎ᠠ᠃ | ᠬᠤᠰᠢᠭᠤᠨ ᠤ ᠲᠤᠭᠳᠠᠭᠰᠠᠨ ᠬᠤᠪᠢ ᠶᠢᠨ ᠮᠤᠩᠭᠤᠯ ᠬᠢᠲᠠᠳ ᠡᠬᠦᠳᠡᠨ ᠡᠮᠨᠡᠯᠭᠡ ᠶᠢᠨ ᠡᠮᠴᠢᠯᠡᠭᠡ ᠶᠢᠨ | ᠰᠦᠢᠳᠭᠡᠯ ᠢ ᠴᠠᠶᠢᠷᠠᠭᠤᠯᠬᠤ᠄ ᠶᠠᠳᠠᠭᠤ ᠬᠦᠮᠦᠨ ᠠᠮᠠ ᠶᠢᠨ ᠬᠤᠰᠢᠭᠤᠨ ᠤ ᠲᠤᠭᠳᠠᠭᠰᠠᠨ ᠬᠤᠪᠢ ᠶᠢᠨ ᠮᠤᠩᠭᠤᠯ | ᠬᠢᠲᠠᠳ ᠡᠬᠦᠳᠡᠨ ᠡᠮᠨᠡᠯᠭᠡ ᠶᠢᠨ ᠰᠦᠢᠳᠭᠡᠯ ᠢ ᠶᠠᠳᠠᠭᠤ ᠬᠦᠮᠦᠨ ᠠᠮᠠ ᠶᠢᠨ ᠡᠮᠴᠢᠯᠡᠭᠡ ᠶᠢᠨ ᠪᠠᠳᠤᠯᠠᠭ᠎ᠠ ᠶᠢᠨ | ᠰᠠᠭᠤᠷᠢ ᠮᠦᠩᠬᠦᠨ ᠠᠴᠠ 80% ᠶᠢᠨ ᠬᠠᠷᠢᠴᠠᠯ ᠢᠶᠠᠷ ᠨᠦᠬᠦᠪᠦᠷᠢᠯᠠᠵᠤ᠂ ᠵᠢᠯ ᠤᠨ ᠡᠴᠦᠰ ᠲᠤ ᠨᠢᠭᠡᠯᠡ ᠲᠡᠭᠡᠷ᠎ᠡ | ᠴᠠᠶᠢᠷᠠᠭᠤᠯᠤᠨ᠎ᠠ᠂ ᠬᠦᠮᠦᠨ ᠪᠦᠷᠢ ᠵᠢᠯ ᠳᠤ ᠬᠠᠮᠤᠭ ᠠᠷᠪᠢᠨ ᠳᠠᠭᠠᠨ 2000 ᠲᠦᠬᠦᠷᠢᠭ ᠴᠠᠶᠢᠷᠠᠭᠤᠯᠵᠤ ᠪᠤᠯᠤᠨ᠎ᠠ᠃ | ᠤᠳᠠᠭᠠᠨ ᠴᠢᠨᠠᠷᠲᠠᠢ ᠠᠷᠬᠠᠭ ᠡᠪᠡᠳᠴᠢᠨ ᠤ ᠲᠥᠷᠦᠯ᠄ ᠨᠢᠭᠡᠳᠦᠭᠡᠷ ᠲᠥᠷᠦᠯ ᠤᠨ ᠤᠳᠠᠭᠠᠨ ᠴᠢᠨᠠᠷᠲᠠᠢ ᠠᠷᠬᠠᠭ | ᠡᠪᠡᠳᠴᠢᠨ᠄ ᠲᠠᠷᠢᠬᠢᠨ ᠰᠠ ᠡᠪᠡᠳᠴᠢᠨ ᠤ ᠦᠯᠡᠳᠡᠭᠳᠡᠯ ᠠᠷᠬᠠᠭ᠂ ᠲᠠᠳᠠᠵᠤ ᠮᠡᠨᠡᠷᠡᠬᠤ ᠡᠪᠡᠳᠴᠢᠨ᠂ ᠠᠭᠰᠠᠭ᠎ᠠ | ᠡᠪᠡᠳᠴᠢᠨ᠂ ᠫᠠᠨ ᠶᠢᠨ ᠰᠧᠨ ᠡᠪᠡᠳᠴᠢᠨ᠂ ᠬᠦᠨᠳᠦ ᠰᠣᠯᠢᠶ᠎ᠠ ᠡᠪᠡᠳᠴᠢᠨ᠂ ᠰᠢᠨᠡᠳᠬᠦ ᠰᠠᠭᠠᠳ ᠤᠨ ᠴᠢᠨᠠᠷᠲᠠᠢ ᠴᠢᠰᠤ | ᠲᠤᠳᠠᠬᠤ᠂ ᠤᠳᠤᠳᠷᠠ ᠪᠦᠭᠡᠷ᠎ᠡ ᠶᠢᠨ ᠴᠢᠳᠠᠪᠦᠷᠢ ᠲᠤᠷᠤᠭᠰᠢᠯᠠᠭᠰᠠᠨ ︵ᠨᠡᠪᠴᠢᠬᠦᠯᠦᠨ ᠢᠯᠭᠠᠷᠠᠭᠤᠯᠬᠤ ᠵᠠᠰᠠᠯ ᠠᠴᠠ | ᠪᠤᠰᠤᠳ︶᠂ ᠬᠤᠤᠷᠲᠤ ᠬᠠᠪᠤᠳᠠᠷ ᠵᠡᠷᠭᠡ ᠪᠤᠯᠤᠨ᠎ᠠ᠃ ᠬᠤᠶᠠᠳᠤᠭᠠᠷ ᠲᠥᠷᠦᠯ ᠤᠨ ᠤᠳᠠᠭᠠᠨ ᠴᠢᠨᠠᠷᠲᠠᠢ ᠠᠷᠬᠠᠭ | ᠡᠪᠡᠳᠴᠢᠨ᠄ ᠰᠢᠬᠢᠷ ᠰᠢᠵᠢᠩ ᠡᠪᠡᠳᠴᠢᠨ ᠵᠢᠴᠢ ᠲᠠᠪᠬᠤᠴᠠᠭᠰᠠᠨ ᠡᠪᠡᠳᠴᠢᠨ᠂ ᠡᠯᠢᠭᠡᠨ ᠬᠠᠳᠠᠭᠤᠷᠠᠯ ᠤᠨ ᠡᠪᠡᠳᠴᠢᠨ᠂ | ᠵᠠᠷᠢᠮ ᠡᠪᠡᠳᠴᠢᠨ ᠤ ᠴᠢᠨᠠᠷᠲᠠᠢ ᠡᠪᠡᠳᠴᠢᠨ ᠤ ᠬᠤᠪᠢᠷᠠᠯᠲᠠ ᠠᠴᠠ ᠪᠤᠯᠤᠭᠰᠠᠨ ᠵᠢᠷᠦᠭᠡᠨ ᠡᠪᠡᠳᠴᠢᠨ᠂ ᠨᠡᠭᠡᠳᠡᠰᠦ | ᠶᠢᠨ ᠡᠪᠡᠳᠴᠢᠨ᠂ ᠬᠤᠶᠠᠳᠤᠭᠠᠷ ᠲᠡᠰ ᠠᠴᠠ ᠦᠨᠳᠦᠷ ᠴᠢᠰᠤᠨ ᠲᠠᠷᠤᠯᠳᠠ ᠶᠢᠨ ᠡᠪᠡᠳᠴᠢᠨ᠂ ᠬᠡᠬᠡᠯ ᠡᠪᠡᠳᠴᠢᠨ᠂ | ᠰᠦᠷᠢᠶ᠎ᠡ ᠡᠪᠡᠳᠴᠢᠨ᠂ ᠪᠠᠮᠪᠠᠢ ᠪᠤᠯᠴᠠᠷᠬᠠᠢ ᠶᠢᠨ ᠠᠵᠢᠯᠯᠠᠭ᠎ᠠ ᠲᠤᠷᠤᠶᠢᠳᠠᠭᠰᠠᠨ᠂ ᠠᠭᠤᠰᠬᠢᠨ ᠬᠡᠢ ᠬᠠᠪᠤᠩ᠂ | ᠬᠦᠳᠡᠯᠭᠡᠭᠡᠨᠳᠦ ᠴᠢᠨᠠᠷᠲᠠᠢ ᠡᠯᠢᠭᠡᠨ ᠥᠷᠪᠢᠰᠦᠯ᠂ ᠤᠳᠠᠭᠠᠨ ᠴᠢᠨᠠᠷᠲᠠᠢ ᠳᠤᠳᠤᠷ᠎ᠠ ᠪᠦᠭᠡᠷ᠎ᠡ ᠶᠢᠨ ᠥᠷᠪᠢᠰᠦᠯ᠂ ᠠᠯᠠᠭ | ᠮᠠᠷᠢᠶ᠎ᠠ ᠡᠪᠡᠳᠴᠢᠨ᠂ ᠹᠯᠦᠷ ᠤᠨ ᠬᠤᠤᠷᠳᠠᠯ ᠡᠪᠡᠳᠴᠢᠨ ᠵᠡᠷᠭᠡ ᠪᠤᠯᠤᠨ᠎ᠠ᠃ | 30 ᠲᠥᠷᠦᠯ ᠤᠨ ᠬᠦᠨᠳᠦ ᠡᠪᠡᠳᠴᠢᠨ᠄ ᠬᠡᠦᠬᠡᠳ ᠤᠨ ᠴᠢᠰᠤ ᠴᠠᠶᠢᠬᠤ ᠡᠪᠡᠳᠴᠢᠨ᠂ ᠬᠡᠦᠬᠡᠳ ᠤᠨ | ᠲᠥᠷᠦᠯᠬᠢ ᠵᠢᠷᠦᠬᠡᠨ ᠡᠪᠡᠳᠴᠢᠨ᠂ ᠬᠡᠦᠬᠡᠳ ᠤᠨ ᠪᠠᠮᠪᠠᠢ ᠪᠤᠯᠴᠢᠷᠬᠠᠢ ᠶᠢᠨ ᠬᠠᠪᠤᠳᠠᠷ᠂ ᠤᠳᠠᠭᠠᠨ ᠴᠢᠨᠠᠷᠲᠠᠢ ᠲᠦᠭᠵᠬᠦ | ᠬᠡᠯᠪᠡᠷᠢ ᠶᠢᠨ ᠠᠭᠤᠰᠬᠢᠨ ᠤ ᠬᠠᠪᠤᠳᠠᠷ᠂ ᠠᠭᠤᠰᠬᠢ ᠲᠤᠭᠤᠰᠤᠳᠠᠯ ᠡᠪᠡᠳᠴᠢᠨ᠂ ᠲᠦᠷᠬᠡᠨ ᠴᠢᠨᠠᠷᠲᠠᠢ ᠵᠢᠷᠤᠭᠡᠨ | ᠪᠤᠯᠴᠢᠩ ᠪᠢᠳᠡᠭᠦᠷᠡᠨ ᠦᠬᠦᠵᠢᠬᠦ᠂ ᠰᠡᠬᠦᠯᠴᠢ ᠶᠢᠨ ᠬᠤᠭᠤᠴᠠᠭᠠᠨ ᠤ ᠳᠤᠳᠤᠷ᠎ᠠ ᠪᠦᠭᠡᠷ᠎ᠡ ᠶᠢᠨ ᠠᠵᠢᠯᠯᠠᠭ᠎ᠠ | ᠲᠤᠷᠤᠶᠢᠳᠠᠭᠰᠠᠨ ᠡᠪᠡᠳᠴᠢᠨ᠂ ᠴᠢᠰᠤ ᠭᠤᠭᠤᠵᠢᠮᠠᠳᠠᠭᠠᠢ᠂ ᠴᠠᠭᠠᠨ ᠬᠠᠷᠠᠩ ᠡᠪᠡᠳᠴᠢᠨ᠂ ᠤᠷᠤᠭᠤᠯ ᠤᠨ ᠰᠡᠳᠡᠷᠭᠡᠢ᠂ | ᠤᠯᠠᠭᠠᠨ ᠬᠤᠭᠤᠯᠠᠢ ᠶᠢᠨ ᠦᠮᠡᠨ᠂ ᠠᠭᠤᠰᠬᠢᠨ ᠦᠮᠡᠨ᠂ ᠬᠤᠳᠤᠭᠤᠳᠤᠨ ᠤ ᠦᠮᠡᠨ᠂ ᠡᠯᠢᠭᠡᠨ ᠤ ᠦᠮᠡᠨ᠂ | ᠨᠤᠭᠤᠯᠠᠭᠤᠷ ᠬᠡᠳᠡᠰᠦᠨ ᠤ ᠦᠮᠡᠨ᠂ ᠰᠢᠯᠤᠭᠤᠨ ᠬᠡᠳᠡᠰᠦᠨ ᠤ ᠦᠮᠡᠨ᠂ ᠰᠠᠪᠠᠨ ᠤ ᠦᠮᠡᠨ᠂ ᠬᠦᠬᠦᠨ ᠤ ᠦᠮᠡᠨ᠂ | ᠰᠢᠭᠡᠰᠦᠨ ᠰᠦᠪᠡ ᠤᠷᠠᠭᠳᠠᠭᠰᠠᠨ᠂ ᠲᠠᠷᠢᠬᠢ ᠪᠢᠳᠡᠭᠦᠷᠡᠨ ᠦᠬᠦᠵᠢᠬᠦ᠂ ᠠᠶᠢᠽ ᠡᠪᠡᠳᠴᠢᠨ ᠤ ᠬᠠᠯᠳᠠᠪᠦᠷᠢᠯᠠᠯ᠂ ᠡᠮ | ᠲᠠᠭᠠᠭᠠᠮᠠᠭᠠᠢ ᠰᠦᠷᠢᠶ᠎ᠡ ᠡᠪᠡᠳᠴᠢᠨ᠂ ᠮᠡᠳᠡᠷᠡᠯ ᠤᠨ ᠡᠰ ᠤᠨ ᠬᠠᠪᠤᠳᠠᠷ᠂ ᠴᠢᠰᠤ ᠮᠢᠬᠠᠨ ᠤ ᠬᠠᠪᠤᠳᠠᠷ᠂ ᠲᠠᠪᠤᠰᠠᠩ ᠤᠨ | ᠦᠮᠡᠨ᠂ ᠦᠨᠳᠡᠭᠡᠪᠴᠢ ᠶᠢᠨ ᠦᠮᠡᠨ᠂ ᠪᠦᠭᠡᠷ᠎ᠡ ᠶᠢᠨ ᠦᠮᠡᠨ᠂ ᠬᠦᠨᠳᠦ ᠰᠤᠯᠢᠶ᠎ᠠ ᠡᠪᠡᠳᠴᠢᠨ᠂ ᠬᠡᠷᠡᠬᠦ ᠡᠪᠡᠳᠴᠢᠨ | ᠵᠡᠷᠭᠡ ᠪᠤᠯᠤᠨ᠎ᠠ᠃ |