ᠬᠥᠪᠡᠭᠡᠳᠦ ᠰᠢᠷ᠎ᠠ ᠬᠤᠰᠢᠭᠤ ︽ᠥᠪᠤᠷ ᠮᠤᠩᠭᠤᠯ ᠤᠨ ᠤᠯᠠᠮᠵᠢᠯᠠᠯᠳᠤ ᠴᠠᠭᠠᠨ ᠢᠳᠡᠭᠡᠨ ᠤ ᠰᠤᠶᠤᠯ ᠤᠨ ᠨᠤᠲᠤᠭ︾ ᠢᠶᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2020/11/10
     ᠤᠶᠢᠷ᠎ᠠ ᠳᠤ ᠥᠪᠥᠷ ᠮᠤᠩᠭᠤᠯ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠠᠴᠠ ᠲᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠥ᠂ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠯᠳᠠ ᠪᠠ ᠨᠤᠳᠠᠯᠠᠯᠳᠠ ᠬᠢᠬᠦ ᠪᠠᠷ ᠳᠠᠮᠵᠢᠨ᠂ ᠬᠥᠪᠡᠭᠡᠳᠥ ᠰᠢᠷ᠎ᠠ ᠬᠤᠰᠢᠭᠤ ᠶᠢ ︽ᠥᠪᠥᠷ ᠮᠤᠩᠭᠤᠯ ᠤᠨ ᠤᠯᠠᠮᠵᠢᠯᠠᠯᠳᠥ ᠴᠠᠭᠠᠨ ᠢᠳᠡᠭᠡᠨ ᠤ ᠰᠤᠶᠤᠯ ᠤᠨ ᠨᠤᠳᠤᠭ︾ ᠢᠶᠠᠷ ᠨᠡᠷᠡᠶᠢᠥᠡᠬᠦ ᠰᠢᠢᠳᠪᠥᠷᠢ ᠭᠠᠷᠭᠠᠵᠥ᠂ ᠤᠯᠠᠮᠵᠢᠯᠠᠯᠳᠥ ᠴᠠᠭᠠᠨ ᠢᠳᠡᠭᠡᠨ ᠤ ᠰᠤᠶᠤᠯ ᠢ ᠬᠠᠮᠠᠭᠠᠯᠠᠬᠤ ᠪᠠ ᠤᠯᠠᠮᠵᠢᠯᠠᠬᠤ ᠳᠤ ᠰᠢᠨ᠎ᠡ ᠬᠥᠴᠥᠨ ᠨᠡᠮᠡᠷᠢᠯᠡᠭᠰᠡᠨ ᠪᠠᠶᠢᠨ᠎ᠠ᠃      ᠴᠠᠭᠠᠨ ᠢᠳᠡᠭᠡᠨ ᠪᠤᠯ ᠮᠤᠩᠭᠤᠯᠴᠤᠳ ᠤᠨ ᠤᠯᠠᠮᠵᠢᠯᠠᠯᠳᠥ ᠢᠳᠡᠭᠡᠨ ᠤᠮᠳᠠᠭᠠᠨ ᠤ ᠰᠤᠶᠤᠯ ᠤᠨ ᠴᠢᠬᠤᠯᠠ ᠪᠥᠷᠢᠯᠳᠥᠬᠦᠨ ᠭᠡᠰᠡᠭ ᠶᠤᠮ᠃ ᠬᠥᠪᠡᠭᠡᠳᠥ ᠰᠢᠷ᠎ᠠ ᠬᠤᠰᠢᠭᠤ ᠮᠤᠩᠭᠤᠯ ᠥᠨᠳᠥᠰᠥᠳᠡᠨ ᠤ ᠴᠠᠭᠠᠨ ᠢᠳᠡᠭᠡᠨ ᠤ ᠰᠤᠶᠤᠯ ᠤᠨ ᠤᠬᠢ ᠰᠢᠮ᠎ᠡ ᠶᠢ ᠥᠪᠯᠡᠨ ᠤᠯᠠᠮᠵᠢᠯᠠᠵᠥ᠂ ᠴᠠᠭᠠᠨ ᠢᠳᠡᠭᠡᠨ ᠬᠢᠬᠦ ᠮᠡᠷᠭᠡᠵᠢᠯ ᠨᠢ ᠤᠨᠴᠠᠭᠠᠢ᠂ ᠥᠨᠥᠷ ᠠᠮᠲᠠ ᠪᠠᠷ ᠰᠠᠶᠢᠬᠠᠨ᠂ ᠰᠢᠮ᠎ᠡ ᠲᠡᠵᠢᠭᠡᠯ ᠡᠯᠪᠡᠭ ᠪᠠᠶᠢᠳᠠᠭ ᠢᠶᠠᠷ ᠢᠶᠠᠨ ᠳᠠᠶᠠᠭᠠᠷ ᠲᠤ ᠠᠯᠳᠠᠷᠰᠢᠭᠰᠠᠨ ᠶᠤᠮ᠃ ᠤᠶᠢᠷ᠎ᠠ ᠶᠢᠨ ᠵᠢᠯ ᠬᠥᠪᠡᠭᠡᠳᠥ ᠰᠢᠷ᠎ᠠ ᠬᠤᠰᠢᠭᠤ ᠨᠢ ᠲᠥᠪ᠂ ᠥᠪᠡᠷᠲᠡᠭᠡᠨ ᠵᠠᠰᠠᠬᠤ ᠤᠷᠤᠨ ᠪᠠ ᠠᠶᠢᠮᠠᠭ ᠤᠨ ᠰᠥ ᠰᠠᠭᠠᠯᠢ ᠶᠢᠨ ᠦᠢᠯᠡᠰ ᠢ ᠬᠥᠭᠵᠢᠬᠦᠯᠬᠦ ᠰᠢᠢᠳᠪᠥᠷᠢᠳᠥ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠥᠨᠵᠡᠭᠡᠢ ᠨᠠᠶᠢᠳᠠᠪᠤᠷᠢᠵᠢᠭᠤᠯᠵᠥ᠂ ᠥᠨᠳᠥᠰᠥᠳᠡᠨ ᠤ ᠤᠯᠠᠮᠵᠢᠯᠠᠯᠳᠥ ᠴᠠᠭᠠᠨ ᠢᠳᠡᠭᠡᠨ ᠤ ᠦᠢᠯᠡᠰ ᠢ ᠠᠷᠠᠳ ᠢᠶᠠᠨ ᠪᠠᠶᠠᠵᠢᠭᠤᠯᠬᠤ ᠪᠠ ᠶᠠᠳᠠᠭᠤ ᠶᠢ ᠳᠡᠳᠬᠦᠬᠦ ᠴᠢᠬᠤᠯᠠ ᠠᠵᠥ ᠦᠢᠯᠡᠰ ᠪᠤᠯᠭᠠᠨ ᠠᠳᠬᠤᠵᠥ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠲᠤᠭᠲᠠᠭᠠᠨ ᠬᠡᠷᠡᠭᠵᠢᠬᠦᠯᠵᠥ᠂ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠳᠠᠢ ᠬᠥᠭᠵᠢᠯᠳᠡ ᠶᠢ ᠠᠬᠢᠭᠤᠯᠵᠠᠢ᠃ ᠠᠵᠥ ᠦᠢᠯᠡᠰ ᠤᠨ ᠬᠥᠭᠵᠢᠯᠳᠡ ᠶᠢ ᠠᠬᠢᠭᠤᠯᠤᠭᠰᠠᠨ ᠰᠠᠭᠤᠷᠢᠨ ᠳᠡᠭᠡᠷ᠎ᠡ ᠲᠤᠰ ᠬᠤᠰᠢᠭᠤ ᠲᠠᠯ᠎ᠠ ᠨᠤᠳᠤᠭ ᠤᠨ ᠰᠤᠶᠤᠯ ᠤᠨ ᠠᠮᠢ ᠠᠬᠤᠢ ᠶᠢ ᠬᠠᠮᠠᠭᠠᠯᠠᠬᠤ ᠶᠢ ᠳᠡᠭᠡᠳᠥ ᠬᠡᠮᠵᠢᠶ᠎ᠡ ᠪᠠᠷ ᠬᠥᠨᠳᠥᠳᠬᠡᠨ᠂ ᠴᠠᠭᠠᠨ ᠢᠳᠡᠭᠡᠨ ᠤ ᠰᠤᠶᠤᠯ ᠤᠨ ᠤᠯᠠᠨ ᠲᠠᠯᠠᠳᠥ ᠴᠢᠨᠠᠷ ᠪᠠ ᠪᠠᠶᠠᠯᠢᠭ ᠴᠢᠨᠠᠷ ᠢ ᠤᠯᠠᠮ ᠠᠭᠤᠳᠠᠯᠯᠠᠵᠥ᠂ ᠤᠬᠢ ᠰᠠᠶᠢᠨ ᠥᠷ᠎ᠡ ᠠᠰᠢᠭ ᠤᠯᠤᠭᠰᠠᠨ ᠪᠠᠶᠢᠨ᠎ᠠ᠃     ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠬᠥᠪᠡᠭᠡᠳᠥ ᠰᠢᠷ᠎ᠠ ᠬᠤᠰᠢᠭᠤᠨ ᠤ ᠤᠯᠠᠮᠵᠢᠯᠠᠯᠳᠥ ᠴᠠᠭᠠᠨ ᠢᠳᠡᠭᠡᠨ ᠤ ᠦᠢᠯᠡᠰ ᠲᠥᠷᠭᠡᠨ ᠬᠥᠭᠵᠢᠯᠳᠡ ᠶᠢᠨ ᠱᠠᠳᠤᠨ ᠳᠤ ᠤᠷᠤᠵᠥ᠂ ᠤᠳᠤ ᠪᠥᠬᠦ ᠬᠤᠰᠢᠭᠤᠨ ᠳᠤ ᠲᠤᠮᠤ ᠳᠤᠮᠳᠠ ᠬᠡᠪᠴᠢᠶᠡᠨ ᠤ ᠴᠠᠭᠠᠨ ᠢᠳᠡᠭᠡᠨ ᠤ ᠠᠵᠥ ᠠᠬᠤᠶᠢᠯᠠᠯ 2᠂ ᠭᠠᠷ ᠦᠢᠯᠡᠳᠬᠡᠯ ᠤᠨ ᠭᠠᠵᠠᠷ 200 ᠰᠢᠬᠠᠮ ᠪᠤᠯᠵᠥ᠂ ᠡᠳᠥᠷ ᠲᠤ 40 ᠲᠤᠨ ᠰᠦ ᠪᠤᠯᠪᠠᠰᠤᠷᠠᠭᠤᠯᠤᠨ᠂ 40 ᠭᠠᠷᠤᠢ ᠵᠦᠢᠯ ᠤᠨ ᠴᠠᠭᠠᠨ ᠢᠳᠡᠭᠡᠨ ᠦᠢᠯᠡᠳᠪᠥᠷᠢᠯᠡᠨ ᠪᠤᠯᠪᠠᠰᠤᠷᠠᠭᠤᠯᠵᠥ᠂ ᠵᠢᠯ ᠤᠨ ᠦᠢᠯᠡᠳᠪᠥᠷᠢᠯᠡᠯ ᠤᠨ ᠥᠷᠳᠡᠭ ᠨᠢ 8000 ᠲᠥᠮᠡᠨ ᠲᠥᠬᠦᠷᠢᠭ ᠲᠤ ᠬᠥᠷᠴᠥ᠂ ᠴᠠᠭᠠᠨ ᠢᠳᠡᠭᠡᠨ ᠤ ᠦᠢᠯᠡᠰ ᠨᠢ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠴᠢᠬᠤᠯᠠ ᠠᠵᠥ ᠦᠢᠯᠡᠰ ᠪᠤᠯᠵᠦ ᠪᠤᠵᠠᠭᠠᠶᠢᠷᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号