ᠲᠡᠤᠬᠡ  ᠶᠢᠨ ᠤᠬᠠᠭᠠᠨ ᠤ ᠳ᠋ᠤᠺᠲ᠋ᠤᠷ  ᠰᠤᠳᠤᠪᠢᠯᠢᠭ᠌
ᠨᠡᠶᠢᠲᠡᠯᠡᠭᠰᠡᠨ ᠴᠠᠭ᠄
2020/11/12
    ᠲᠡᠤᠬᠡ ᠶᠢᠨ ᠤᠭᠠᠬᠠᠨ ᠤ ᠳ᠋ᠤᠺᠲ᠋ᠤᠷ ᠰᠤᠳᠤᠪᠢᠯᠢᠭ᠌ ︵᠎ 1962.6-  ︶ ᠦᠪᠦᠷ ᠮᠤᠩᠭᠤᠯ ᠤᠨ ᠬᠦᠪᠡᠭᠡᠲᠤ ᠰᠢᠷ᠎ᠠ ᠬᠤᠰᠢᠭᠤᠨ ᠤ ᠤᠤᠯ ᠤᠨ ᠪᠤᠭᠳᠠ ᠠᠭᠤᠯᠠ ᠨᠢᠭᠡᠳᠦᠯ ᠤᠨ ᠪᠤᠭᠳᠠ ᠶᠢᠨ ᠭᠤᠦᠯ ᠪᠠᠷᠢᠭᠠᠳᠠ ᠳᠤ᠂ ᠰᠢᠷᠠᠨᠤᠳ ᠤᠪᠤᠭᠲᠤ ᠠᠪᠤ ᠰᠤᠶᠤᠯᠲᠤ ᠪᠤᠯᠤᠨ ᠡᠵᠢ ᠤᠯᠠᠮ᠎ᠠ ᠶᠢᠨ ᠤᠤᠭᠠᠨ ᠬᠦᠪᠡᠭᠦᠨ ᠨᠢ ᠪᠤᠯᠤᠨ ᠵᠠᠶᠠᠭᠠᠵᠠᠢ᠃ ᠲᠡᠷᠡ ᠪᠠᠷ ᠪᠠᠭ᠎ᠠ ᠨᠠᠰᠤᠨ ᠠᠴᠠ ᠡᠷᠳᠡᠮ ᠰᠤᠷᠤᠯᠭ᠎ᠠ ᠳᠤ ᠰᠢᠮᠲᠠᠵᠦ᠂ 1978 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ ᠰᠢᠯᠭᠠᠭᠳᠠᠨ ᠤᠷᠤᠵᠠᠢ᠃ 1982 ᠤᠨ ᠳᠤ ᠶᠡᠭᠡ ᠰᠤᠷᠭᠠᠭᠤᠯᠢ ᠪᠠᠨ ᠲᠡᠭᠦᠰᠦᠭᠡᠳ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠤᠬᠡ ᠶᠢᠨ ᠤᠬᠠᠭᠠᠨ ᠤ ᠰᠠᠯᠪᠤᠷᠢ ᠳᠤ ᠦᠯᠡᠳᠡᠵᠦ ᠪᠠᠭᠰᠢᠯᠠᠪᠠ᠃ 1988 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠪᠦᠷ ᠮᠤᠩᠭᠤᠯ ᠤᠨ ᠤᠷᠴᠢᠨ ᠤᠳᠤ ᠦᠶ᠎ᠡ ᠶᠢᠨ ᠲᠡᠤᠬᠡ ᠰᠤᠳᠤᠯᠬᠤ ᠭᠠᠵᠠᠷ ᠲᠤ ᠠᠰᠫᠢᠷᠠᠨᠲ ᠢᠶᠠᠷ ᠰᠢᠯᠭᠠᠭᠳᠠᠨ ᠤᠷᠤᠵᠦ  ᠮᠤᠩᠭᠤᠯ ᠲᠡᠤᠬᠡ ᠶᠢᠨ ᠤᠬᠠᠭᠠᠨ ᠤ ᠮᠡᠷᠭᠡᠵᠢᠯ ᠢ ᠭᠤᠤᠯᠴᠢᠯᠠᠨ ᠰᠤᠷᠴᠤ ᠡᠵᠡᠮᠰᠢᠵᠠᠢ᠃ 1991 ᠤᠨ ᠳᠤ ᠰᠤᠷᠤᠯᠭ᠎ᠠ ᠲᠡᠭᠦᠰᠦᠭᠰᠡᠨ ᠤ ᠲᠠᠷᠠᠭ᠎ᠠ᠂ ᠮᠦᠨ ᠲᠤᠰ ᠰᠤᠳᠤᠯᠬᠤ ᠭᠠᠵᠠᠷ ᠲᠤ ᠪᠠᠨ ᠦᠯᠡᠳᠡᠵᠦ ᠡᠷᠳᠡᠮ ᠰᠢᠨᠵᠢᠯᠡᠭᠡᠨ ᠤ ᠠᠵᠢᠯ ᠪᠠ ᠵᠢᠭᠠᠨ ᠰᠤᠷᠭᠠᠯᠲᠠ ᠶᠢᠨ ᠠᠵᠢᠯ ᠬᠢᠭᠰᠡᠭᠡᠷ ᠢᠷᠡᠪᠡ᠃ ᠠᠵᠢᠯᠯᠠᠵᠦ ᠪᠠᠶᠢᠬᠤ ᠲᠤᠮᠲᠠ ᠪᠠᠨ 1997 ᠤᠨ ᠳᠤ ᠲᠤᠮᠲᠠᠲᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠴᠢᠩ ᠤᠯᠤᠰ ᠤᠨ ᠲᠡᠤᠬᠡ ᠰᠤᠳᠤᠯᠬᠤ ᠭᠠᠵᠠᠷ ᠲᠤ ᠳ᠋ᠤᠺᠲ᠋ᠤᠷᠠᠨᠲ ᠢᠶᠠᠷ ᠰᠢᠯᠭᠠᠭᠳᠠᠨ ᠤᠷᠤᠵᠦ᠂ 2000 ᠤᠨ ᠤ 6 ᠰᠠᠷ᠎ᠠ ᠳᠤ ᠲᠡᠤᠬᠡ ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠪᠠ᠃ 2015  ᠤᠨ ᠠᠴᠠ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠲᠤ ᠰᠤᠷᠭᠠᠭᠤᠯᠢ ᠶᠢᠨ ᠲᠡᠳ᠋ ᠵᠠᠬᠢᠷᠦᠯ ᠤᠨ ᠲᠤᠰᠢᠶᠠᠯ ᠢ ᠬᠠᠷᠢᠭᠤᠴᠠᠭᠰᠠᠨ ᠪᠠᠶᠢᠨ᠎ᠠ᠃     ᠰᠣᠳᠤᠪᠢᠯᠢᠭ᠌ ᠪᠠᠭᠰᠢ ᠭᠤᠤᠯᠳᠠᠭᠤ ᠤᠷᠴᠢᠨ ᠤᠳᠤ ᠦᠶ᠎ᠡ ᠶᠢᠨ ᠮᠤᠩᠭᠤᠯ ᠤᠨ ᠲᠡᠤᠬᠡ ᠶᠢᠨ ᠰᠤᠳᠤᠯᠭ᠎ᠠ ᠬᠢᠳᠡᠭ᠃ ᠲᠡᠷᠡ ᠲᠤᠲᠤᠮ ᠢᠶᠠᠨ ᠤᠷᠴᠢᠨ ᠦᠶ᠎ᠡ ᠶᠢᠨ ᠮᠤᠩᠭᠤᠯ ᠬᠤᠰᠢᠭᠤᠳ ᠤᠨ ᠲᠡᠤᠬᠡᠨ ᠲᠠᠩᠰᠠ ᠡᠪᠬᠡᠮᠡᠯ᠂ ᠪᠢᠴᠢᠭ ᠪᠠᠷᠢᠮᠲᠠ ᠶᠢ ᠨᠢᠭᠲᠠᠯᠠᠨ ᠰᠤᠳᠤᠯᠬᠤ᠂ ᠡᠮᠬᠢᠳᠭᠡᠨ ᠬᠡᠪᠯᠡᠭᠦᠯᠬᠦ ᠠᠵᠢᠯ ᠳᠤ ᠤᠯᠠᠨ ᠵᠢᠯ ᠵᠢᠳᠬᠦᠵᠦ᠂ ᠦᠯᠡᠮᠵᠢᠬᠡᠨ ᠪᠦᠲᠦᠭᠡᠯ ᠭᠠᠷᠭᠠᠭᠰᠠᠨ ᠪᠢᠯᠡ᠃ ᠲᠡᠷᠡ ᠪᠠᠷ ᠳ᠋ᠤᠺᠲ᠋ᠤᠷ ᠤᠨ ᠦᠭᠦᠯᠡᠯ ᠤᠨ ᠢᠶᠠᠨ ᠰᠠᠭᠤᠷᠢᠨ ᠲᠡᠭᠡᠷ᠎ᠡ ᠤᠯᠠᠮ ᠭᠦᠨᠵᠡᠭᠡᠢ ᠰᠤᠳᠤᠯᠭᠠᠨ ᠬᠢᠵᠦ᠂ ︽ᠮᠠᠨᠵᠦ ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠰᠢᠨᠵᠢᠶᠠᠩ᠂ ᠮᠤᠩᠭᠤᠯ᠂ ᠲᠦᠪᠡᠳ ᠲᠤ ᠬᠡᠷᠡᠭᠵᠢᠭᠦᠯᠦᠭᠰᠡᠨ ᠪᠤᠳᠤᠯᠭ᠎ᠠ ᠶᠢᠨ ᠰᠤᠳᠤᠯᠤᠯ︾ ᠭᠡᠬᠦ ᠲᠤᠰᠬᠠᠢ ᠰᠡᠳᠤᠪᠲᠤ ᠨᠤᠮ ᠬᠡᠪᠯᠡᠭᠦᠯᠪᠡ᠃ ᠲᠤᠰ ᠨᠤᠮ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠲᠦᠭᠡᠯ ᠤᠨ ᠵᠠᠰᠠᠭ ᠤᠨ ᠤᠷᠳᠤᠨ ᠤ ᠬᠤᠶᠠᠳᠤᠭᠠᠷ ᠲᠡᠰ ᠤᠨ ᠱᠠᠩᠨᠠᠯ ᠢ ᠬᠦᠷᠲᠡᠪᠡ᠃ ᠲᠡᠷᠡ ᠪᠠᠷ ᠪᠠᠰᠠ ᠮᠠᠨᠵᠦ ᠴᠢᠩ ᠤᠯᠤᠰ ᠤᠨ ᠰᠡᠭᠦᠯᠴᠢ ᠶᠢᠨ ᠦᠶ᠎ᠡ ᠶᠢᠨ ᠮᠤᠩᠭᠤᠯ ᠳᠤ ᠴᠢᠭᠯᠡᠭᠦᠯᠦᠭᠰᠡᠨ ᠪᠤᠳᠤᠯᠭ᠎ᠠ᠂ ᠺᠠᠲ᠋ᠤᠯᠢᠭ ᠱᠠᠰᠢᠨ ᠦᠪᠦᠷ ᠮᠤᠩᠭᠤᠯ ᠳᠤ ᠲᠡᠯᠭᠡᠷᠡᠭᠰᠡᠨ᠂ ᠬᠤᠲᠤᠩ ᠤᠨ ᠤᠷᠪᠠᠯᠭᠠᠨ ᠤ ᠶᠡᠭᠡ ᠵᠤᠤ ᠶᠢᠨ ᠴᠢᠭᠤᠯᠭᠠᠨ ᠳᠤ ᠦᠵᠡᠭᠦᠯᠦᠭᠰᠡᠨ ᠨᠦᠯᠦᠭᠡ᠂ ᠠᠷᠪᠠᠨ ᠭᠤᠷᠪᠠᠳᠤᠭᠠᠷ ᠲᠦᠷᠢ ᠶᠢᠨ ᠲᠠᠯᠠᠢ ᠯᠠᠮᠠ ᠬᠢᠭᠡᠳ ᠠᠷᠤ ᠮᠤᠩᠭᠤᠯ ᠤᠨ ᠤᠯᠤᠰ ᠲᠦᠷᠤ ᠶᠢᠨ ᠪᠠᠶᠢᠳᠠᠯ ᠤᠨ ᠬᠤᠪᠢᠷᠠᠯᠲᠠ᠂ ᠴᠠᠭᠠᠴᠢᠨ ᠢᠷᠭᠡᠳ ᠴᠠᠬᠠᠷ ᠲᠦᠮᠡᠳ ᠲᠤ ᠨᠤᠲᠤᠭᠰᠢᠭᠰᠠᠨ᠂ ᠮᠤᠩᠭᠤᠯ ᠬᠤᠰᠢᠭᠤ ᠨᠤᠭᠤᠳ ᠤᠨ ᠭᠠᠵᠠᠷ ᠰᠢᠷᠦᠢ ᠶᠢᠨ ᠠᠰᠠᠭᠤᠳᠠᠯ᠂ ᠮᠠᠨᠵᠦ ᠬᠢᠲᠠᠳ ᠰᠠᠶᠢᠳ ᠨᠠᠷ ᠤᠨ ᠮᠤᠩᠭᠤᠯ ᠢ ᠵᠠᠰᠠᠬᠤ ᠲᠤᠬᠠᠢ ᠠᠶᠢᠯᠠᠳᠬᠠᠯ᠂ ᠮᠤᠩᠭᠤᠯ ᠠᠷᠠᠳ ᠤᠨ ᠬᠤᠪᠢᠰᠬᠠᠯᠲᠤ ᠨᠠᠮ ᠪᠤᠯᠤᠨ ᠲᠤᠮᠲᠠᠲᠤ ᠤᠯᠤᠰ ᠤᠨ ᠭᠤᠮᠢᠨᠲᠠᠩ ᠨᠠᠮ ᠤᠨ ᠬᠠᠷᠢᠴᠠᠭ᠎ᠠ ᠵᠡᠷᠭᠡ ᠠᠳᠠᠯᠢ ᠪᠤᠰᠤ ᠶᠢᠨ ᠰᠡᠳᠦᠪ ᠢᠶᠠᠷ ᠰᠤᠳᠤᠯᠭ᠎ᠠ ᠬᠢᠵᠦ᠂ ᠳᠦᠴᠢ ᠰᠢᠬᠠᠮ ᠦᠭᠦᠯᠡᠯ ᠨᠡᠶᠢᠲᠡᠯᠡᠭᠦᠯᠵᠠᠢ᠃      ᠤᠶᠢᠷ᠎ᠠ ᠶᠢᠨ ᠠᠷᠪᠠᠭᠠᠳ ᠵᠢᠯ ᠳᠤ᠂ ᠮᠠᠨᠵᠦ ᠶᠢᠨ ᠦᠶ᠎ᠡ ᠳᠤ ᠪᠤᠢ ᠪᠤᠯᠤᠭᠰᠠᠨ ᠮᠤᠩᠭᠤᠯ ᠬᠤᠰᠢᠭᠤ ᠎ ᠨᠤᠭᠤᠳ ᠤᠨ ᠵᠠᠰᠠᠭ ᠶᠠᠮᠤᠨ ᠤ ᠲᠠᠩᠰᠠ ᠡᠪᠬᠡᠮᠡᠯ᠂ ᠮᠤᠩᠭᠤᠯ ᠤᠯᠤᠰ ᠲᠤ ᠬᠠᠳᠠᠭᠠᠯᠠᠭᠳᠠᠵᠤ ᠪᠤᠢ ᠲᠤᠲᠤᠭᠠᠲᠤ ᠮᠤᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠲᠡᠤᠬᠡᠨ ᠳᠤ ᠬᠤᠯᠪᠤᠭᠳᠠᠬᠤ ᠪᠠᠷᠢᠮᠲᠠ ᠪᠢᠴᠢᠭ᠂ ᠤᠷᠤᠰ ᠤᠨ ᠬᠤᠯᠪᠤᠭᠠᠨ ᠤ ᠪᠦᠭᠦᠳᠡ ᠨᠠᠶᠢᠷᠠᠮᠳᠠᠬᠤ ᠬᠠᠯᠢᠮᠠᠭ ᠤᠯᠤᠰ ᠲᠤ ᠬᠠᠳᠠᠭᠠᠯᠠᠭᠳᠠᠵᠤ ᠪᠤᠢ ᠲᠤᠳᠤ ᠦᠰᠦᠭ ᠤᠨ ᠲᠡᠤᠭᠡᠨ ᠮᠠᠲ᠋ᠧᠷᠢᠶᠠᠯ ᠢ ᠡᠮᠬᠢᠳᠭᠡᠬᠦ ᠤᠷᠴᠢᠭᠤᠯᠬᠤ ᠪᠠ ᠬᠡᠪᠯᠡᠭᠦᠯᠬᠦ ᠳᠤ ᠬᠦᠴᠦ ᠲᠠᠯᠪᠢᠨ ᠠᠵᠢᠯᠯᠠᠵᠠᠢ᠃      ᠰᠤᠳᠤᠪᠢᠯᠢᠭ᠌ ᠫᠷᠤᠹᠧᠰᠰᠤᠷ ᠬᠢᠴᠢᠶᠡᠯ ᠬᠦᠮᠦᠵᠢᠯ ᠪᠠ ᠰᠤᠳᠤᠯᠭᠠᠨ ᠤ ᠠᠵᠢᠯ ᠢ ᠬᠢᠬᠦ ᠶᠢᠨ ᠲᠠᠭᠠᠤ ᠭᠠᠳᠠᠭᠠᠲᠤ ᠲᠤᠲᠤᠭᠠᠲᠤ ᠶᠢᠨ ᠤᠯᠠᠨ ᠡᠷᠲᠡᠮᠲᠡᠳ ᠲᠠᠢ ᠬᠠᠷᠢᠯᠴᠠᠭ᠎ᠠ ᠬᠤᠯᠪᠤᠭ᠎ᠠ ᠪᠠᠶᠢᠭᠤᠯᠵᠦ᠂ ᠲᠤᠷᠤᠨ᠎ᠠ ᠥᠷᠦᠨ᠎ᠡ ᠶᠢᠨ ᠠᠳᠠᠯᠢ ᠪᠤᠰᠤ ᠤᠯᠤᠰ ᠤᠷᠤᠨ ᠢᠶᠠᠷ ᠤᠯᠠᠨᠲᠠ ᠠᠶᠢᠯᠴᠯᠠᠵᠦ᠂ ᠡᠷᠳᠡᠮ ᠰᠢᠨᠵᠢᠯᠡᠭᠡᠨ ᠤ ᠰᠢᠨ᠎ᠡ ᠰᠤᠷᠠᠭ ᠵᠠᠩᠭᠢ᠂ ᠰᠢᠨ᠎ᠡ ᠬᠡᠷᠡᠭᠯᠡᠭᠳᠡᠭᠦᠨ ᠢ ᠤᠯᠵᠦ ᠠᠪᠬᠤ ᠶᠢ ᠢᠮᠠᠭᠲᠠ ᠬᠢᠴᠢᠶᠡᠭᠰᠡᠭᠡᠷ ᠢᠷᠡᠪᠡ᠃ 2003 ᠤᠨ ᠠᠴᠠ 2005 ᠤᠨ ᠪᠤᠯᠲᠠᠯ᠎ᠠ ᠲᠡᠷᠡ ᠪᠠᠷ ᠶᠠᠫᠤᠨ ᠤᠯᠤᠰ ᠤᠨ ᠲᠤᠤᠺᠢᠤ᠋ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠽᠢᠶ᠎ᠠ ᠠᠹᠢᠷᠢᠺᠠ ᠶᠢᠨ ᠬᠡᠯᠡ ᠰᠤᠶᠤᠯ ᠰᠤᠳᠤᠯᠬᠤ ᠬᠦᠷᠢᠶᠡᠯᠡᠩ ᠳᠤ ᠭᠠᠳᠠᠭᠠᠲᠤ ᠠᠴᠠ ᠤᠷᠢᠭᠰᠠᠨ ᠤᠨᠴᠠᠭᠠᠢ ᠰᠤᠳᠤᠯᠤᠭᠠᠴᠢ ᠶᠢᠨ ᠬᠤᠪᠢ ᠪᠠᠷ ᠪᠦᠲᠦᠨ ᠬᠤᠶᠠᠷ ᠵᠢᠯ ᠠᠵᠢᠯᠯᠠᠵᠦ᠂ ᠶᠠᠫᠤᠨ ᠳᠤ ᠬᠠᠳᠠᠭᠠᠯᠠᠭᠳᠠᠵᠤ ᠪᠦᠬᠦᠢ ᠲᠡᠤᠭᠡᠨ ᠮᠠᠲ᠋ᠧᠷᠢᠶᠠᠯ ᠢ ᠠᠰᠢᠭᠯᠠᠨ ᠦᠪᠦᠷ ᠮᠤᠩᠭᠤᠯ ᠤᠨ ᠤᠷᠴᠢᠨ ᠦᠶ᠎ᠡ ᠶᠢᠨ ᠨᠡᠶᠢᠭᠡᠮ ᠤᠨ ᠬᠤᠪᠢᠷᠠᠯᠲᠠ ᠶᠢᠨ ᠲᠤᠬᠠᠢ ᠰᠤᠳᠤᠯᠭ᠎ᠠ ᠬᠢᠵᠠᠢ᠃ ᠪᠠᠰᠠ ᠳ᠋ᠠᠨᠮᠠᠷᠺ᠂ ᠠᠮᠧᠷᠢᠺᠠ᠂ ᠭᠧᠷᠮᠨᠨ᠂ ᠺᠠᠨᠠᠳᠠ᠂ ᠤᠷᠤᠰ ᠵᠡᠷᠭᠡ ᠤᠯᠤᠰ ᠤᠷᠤᠨ ᠳᠤ ᠬᠦᠷᠴᠦ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠳᠤ ᠤᠷᠤᠯᠴᠠᠨ ᠶᠠᠷᠢᠶ᠎ᠠ ᠢᠯᠡᠳᠭᠡᠯ ᠲᠠᠯᠪᠢᠵᠦ᠂ ᠭᠠᠲᠠᠭᠠᠲᠤ ᠶᠢᠨ ᠡᠷᠲᠡᠮᠲᠡᠳ ᠲᠠᠢ ᠡᠷᠳᠡᠮ ᠤᠨ ᠰᠢᠮ᠎ᠡ ᠶᠢ ᠬᠤᠪᠢᠶᠠᠯᠴᠠᠨ᠂ ᠮᠡᠳᠡᠯᠭᠡ ᠶᠢᠨ ᠴᠠᠷᠠᠭ᠎ᠠ ᠪᠠᠨ ᠦᠷᠭᠡᠳᠭᠡᠵᠠᠢ᠃ ᠡᠳᠦᠭᠡ ᠰᠤᠳᠤᠪᠢᠯᠢᠭ᠌ ᠫᠷᠤᠹᠧᠰᠰᠤᠷ ᠲᠤᠬᠠᠶᠢᠯᠠᠭᠰᠠᠨ ᠵᠠᠰᠠᠭ ᠵᠠᠬᠢᠷᠭᠠᠨ ᠤ ᠠᠵᠢᠯ᠂ ᠬᠢᠴᠢᠶᠡᠯ ᠬᠦᠮᠦᠵᠢᠯ᠂ ᠰᠤᠳᠤᠯᠭᠠᠨ ᠤ ᠡᠭᠦᠷᠭᠡ ᠪᠠᠨ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠶᠢᠨ ᠡᠷᠳᠡᠮ ᠰᠢᠨᠵᠢᠯᠡᠭᠡᠨ ᠤ ᠠᠵᠢᠯ ᠤᠨ ᠲᠤᠰᠢᠶᠠᠯ ᠢ ᠲᠠᠪᠬᠤᠷ ᠬᠠᠷᠢᠭᠤᠴᠠᠵᠦ᠂ ᠢᠯᠠᠩᠭᠤᠶ᠎ᠠ ᠮᠤᠩᠭᠤᠯ ᠲᠡᠤᠬᠡ ᠶᠢᠨ ᠰᠤᠳᠤᠯᠭᠠᠨ ᠤ ᠡᠷᠳᠡᠮ ᠰᠢᠨᠵᠢᠯᠡᠭᠡᠨ ᠤ ᠲᠤᠮᠤᠬᠠᠨ ᠬᠤᠷᠠᠯ ᠢ ᠵᠤᠬᠢᠶᠠᠨ ᠪᠠᠶᠢᠭᠤᠯᠵᠦ᠂ ᠮᠤᠩᠭᠤᠯ ᠤᠨ ᠲᠡᠤᠬᠡ ᠶᠢᠨ ᠰᠤᠳᠤᠯᠭᠠᠨ ᠤ ᠦᠢᠯᠡᠰ ᠢ ᠲᠡᠯᠭᠡᠷᠡᠭᠦᠯᠦᠨ ᠬᠦᠭᠵᠢᠭᠦᠯᠬᠦ ᠠᠵᠢᠯ ᠳᠤ ᠭᠦᠴᠦᠯᠡᠨ ᠵᠢᠳᠬᠦᠵᠦ ᠪᠤᠢ᠃
 
ᠢᠷᠡᠯᠲᠡ᠄ ︽ᠳ᠋ᠣᠺᠲ᠋ᠣᠷ ᠤᠨ ᠥᠯᠦᠭᠡᠢ ᠬᠦᠪᠡᠭᠡᠲᠦ ᠰᠢᠷ᠎ᠠ︾᠎ ᠠᠴᠠ ᠰᠡᠶᠢᠷᠡᠬᠦᠯᠪᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号