ᠬᠦᠪᠡᠭᠡᠲᠦ ᠰᠢᠷ᠎ᠠ ᠬᠤᠰᠢᠭᠤ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠠᠢ ᠪᠤᠯᠤᠯ᠎ᠠ
ᠨᠡᠶᠢᠲᠡᠯᠡᠭᠰᠡᠨ ᠴᠠᠭ᠄
2020/11/13
    11ᠰᠠᠷ᠎ᠠ ᠶᠢᠨ 11 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠨᠢ ᠵᠢᠩᠬᠢᠨᠢ ᠪᠠᠷ ᠠᠰᠢᠭᠯᠠᠯᠲᠠ ᠳᠤ ᠤᠷᠤᠵᠤ᠂ ᠬᠦᠪᠡᠭᠡᠲᠦ ᠰᠢᠷ᠎ᠠ ᠬᠤᠰᠢᠭᠤᠨ ᠳᠤ ᠶᠡᠷᠦᠩᠬᠡᠶᠢᠯᠡᠭᠰᠡᠨ ᠴᠢᠨᠠᠷᠲᠠᠢ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠪᠠᠶᠢᠬᠤ ᠦᠭᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠡᠢ᠃
      ᠴᠢᠶᠤᠤ ᠯᠢᠨ ᠵᠢᠶᠦ᠋ᠨ ᠤ ᠡᠵᠡᠩᠨᠡᠵᠦ ᠪᠠᠶᠢᠭ᠎ᠠ ᠰᠤᠷᠭᠤᠭ ᠴᠡᠴᠡᠭ ᠤᠨ ᠳᠡᠯᠭᠡᠬᠦᠷ ᠨᠢ ᠬᠠᠮᠤᠭ ᠡᠷᠲᠡ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠤ ᠤᠷᠤᠵᠤ ᠰᠠᠭᠤᠷᠢᠰᠢᠭᠰᠠᠨ ᠪᠦᠭᠡᠳ ᠡᠵᠡᠯᠡᠬᠦ ᠲᠠᠯᠠᠪᠠᠢ ᠨᠢ ᠴᠤ ᠬᠠᠮᠤᠭ ᠶᠡᠭᠡ ᠲᠡᠯᠭᠡᠬᠦᠷ ᠪᠤᠯᠤᠨ᠎ᠠ᠃ ᠪᠡᠯᠡ ᠮᠦᠩᠭᠦ ᠬᠦᠷᠦᠯᠴᠡᠬᠦ ᠦᠭᠡᠢ ᠠᠴᠠ ᠪᠤᠯᠵᠤ ᠴᠢᠶᠤᠤ ᠯᠢᠨ ᠵᠢᠶᠦ᠋ᠨ ᠦᠩᠭᠡᠷᠡᠭᠰᠡᠨ ᠭᠤᠷᠪᠠᠨ ᠵᠢᠯ ᠳᠤ ᠵᠡᠭᠡᠯᠢ ᠶᠢᠨ ᠵᠠᠬ᠎ᠠ ᠳᠤ ᠬᠤᠸᠠᠷ ᠴᠡᠴᠡᠭ ᠤᠨ ᠪᠤᠷᠤᠯᠠᠭᠤᠯᠭ᠎ᠠ ᠬᠢᠵᠤ ᠪᠠᠶᠢᠭᠰᠠᠨ ᠠᠴᠠ ᠪᠠᠨ ᠦᠨᠦᠳᠦᠷ ᠬᠤᠰᠢᠭᠤᠨ ᠤ ᠪᠠᠨ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠬᠦᠷ ᠲᠤ ᠨᠡᠬᠦᠨ ᠤᠷᠤᠭᠰᠠᠨ ᠨᠢ ᠲᠡᠭᠦᠨ ᠳᠤ ᠠᠪᠴᠤ ᠬᠡᠯᠡᠪᠡᠯ ᠲᠤᠩ ᠪᠠᠶᠠᠷᠲᠠᠢ ᠤᠴᠢᠷ ᠪᠠᠶᠢᠯ᠎ᠠ᠃     ︽ᠦᠨᠦᠳᠦᠷ ᠮᠠᠨ ᠤ ᠵᠠᠬ᠎ᠠ ᠳᠡᠯᠭᠡᠬᠦᠷ ᠨᠢ ᠠᠰᠢᠭᠯᠠᠯᠲᠠ ᠳᠤ ᠤᠷᠤᠵᠤ ᠲᠤᠩ ᠪᠠᠶᠠᠷᠯᠠᠵᠤ ᠪᠠᠶᠢᠨ᠎ᠠ᠃ ᠦᠩᠭᠡᠷᠡᠭᠰᠡᠨ ᠳᠤ ᠵᠡᠭᠡᠯᠢ ᠳᠡᠭᠡᠷ᠎ᠡ ᠬᠤᠸᠠᠷ ᠵᠢᠮᠢᠰ ᠬᠤᠳᠠᠯᠳᠤᠵᠤ ᠪᠠᠶᠢᠭᠰᠠᠨ᠂ ᠣᠷᠤᠯᠭ᠎ᠠ ᠣᠯᠣᠶ᠎ᠠ ᠭᠡᠪᠡᠯ ᠵᠢᠯ ᠤᠨ ᠲᠥᠷᠪᠡᠨ ᠤᠯᠠᠷᠢᠯ ᠳᠤ ᠬᠠᠯᠠᠭᠤᠨ ᠬᠦᠢᠲᠡᠨ᠂ ᠴᠠᠰᠤ ᠪᠤᠷᠤᠭᠠᠨ ᠳᠤ ᠬᠠᠯᠠᠰᠢᠷᠠᠯ ᠦᠭᠡᠢ ᠵᠤᠭᠰᠤᠬᠤ ᠯᠠ ᠬᠡᠷᠡᠭ᠃ ᠵᠠᠰᠠᠭ ᠤᠨ ᠣᠷᠳᠤᠨ ᠠᠴᠠ ᠪᠡᠯᠡ ᠤᠷᠤᠭᠤᠯᠵᠤ ᠪᠢᠳᠡᠨ ᠳᠤ ᠡᠶᠢᠮᠦ ᠶᠡᠭᠡ ᠲᠣᠯᠠᠭᠠᠨ ᠰᠠᠶᠢᠬᠠᠨ ᠵᠠᠬ᠎ᠠ ᠪᠠᠶᠢᠭᠤᠯᠵᠤ ᠦᠭᠬᠦᠯ᠎ᠡ᠃ ᠪᠢᠳᠡᠨ ᠠᠴᠠ ᠬᠤᠶᠠᠷ ᠵᠢᠯ ᠲᠦᠷᠢᠶᠡᠰᠦᠨ ᠮᠦᠩᠭᠦ ᠬᠤᠷᠢᠶᠠᠬᠤ ᠦᠬᠡᠢ ᠭᠡᠰᠡᠨ︾ ᠭᠡᠵᠦ ᠴᠢᠶᠤᠤ ᠯᠢᠨ ᠵᠢᠶᠦ᠋ᠨ ᠶᠠᠷᠢᠯ᠎ᠠ᠃
        ᠬᠦᠪᠡᠭᠡᠲᠦ ᠰᠢᠷ᠎ᠠ ᠬᠤᠰᠢᠭᠤᠨ ᠤ ᠣᠯᠠᠨ ᠲᠦᠮᠡᠨ ᠤ ᠬᠡᠷᠡᠭᠴᠡᠭᠡᠨ ᠳᠤ ᠨᠡᠶᠢᠴᠡᠬᠦᠯᠵᠦ᠂ ᠠᠷᠠᠳ ᠲᠥᠮᠡᠨ ᠤ ᠬᠦᠰᠡᠯ ᠡᠷᠡᠮᠵᠢᠯᠡᠯ ᠢ ᠰᠢᠢᠳᠪᠦᠷᠢᠯᠡᠬᠦ ᠵᠤᠷᠢᠯᠲᠠ ᠶᠢ ᠪᠠᠷᠢᠮᠳᠠᠯᠠᠵᠤ ᠪᠠᠶᠢᠭᠤᠯᠤᠭᠰᠠᠨ ᠡᠨᠡᠬᠦ ᠲᠥᠷᠦᠯ ᠵᠦᠢᠯ ᠨᠢ ᠨᠡᠶᠢᠲᠡ 1000 ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠵᠤ᠂ ᠪᠦᠬᠦ ᠲᠠᠯᠠᠪᠠᠢ ᠨᠢ 9917 ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 2700 ᠲᠡᠭᠰᠢ ᠲᠥᠷᠪᠡᠯᠵᠢᠨ ᠮᠧᠲᠷ ᠲᠤ ᠬᠦᠷᠴᠦ᠂ ᠬᠡᠷᠡᠯᠳᠦᠬᠦᠯᠭᠡ᠂ ᠰᠠᠯᠬᠢ ᠨᠡᠪᠳᠡᠷᠡᠬᠦᠯᠬᠦ᠂ ᠭᠠᠯ ᠤᠨᠳᠠᠷᠠᠭᠠᠬᠤ᠂ ᠬᠢᠨᠡᠨ ᠡᠵᠡᠮᠳᠡᠬᠦ ᠵᠡᠷᠭᠡ ᠲᠤᠨᠤᠭ ᠲᠦᠭᠦᠭᠡᠷᠦᠮᠵᠢ ᠶᠢ ᠢᠵᠢ ᠪᠦᠷᠢᠳᠦᠬᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠤᠳᠤᠬᠠᠨ ᠳᠤ ᠨᠡᠶᠢᠲᠡ 56 ᠳᠡᠯᠭᠡᠬᠦᠷ ᠡᠨᠡᠬᠦ ᠵᠠᠬ᠎ᠠ ᠳᠤ ᠰᠠᠭᠤᠷᠢᠰᠢᠭᠰᠠᠨ ᠪᠠᠶᠢᠨ᠎ᠠ᠃
         ᠰᠢᠨᠡᠪᠤᠯᠠᠭ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠨᠢ ᠲᠠᠷᠢᠶᠠᠯᠠᠩ ᠤᠨ ᠪᠦᠳᠦᠭᠡᠭᠳᠡᠬᠦᠨ᠂ ᠮᠠᠯ ᠤᠨ ᠠᠰᠢᠭ ᠰᠢᠮ᠎ᠡ᠂ ᠵᠢᠮᠢᠰ ᠨᠤᠭᠤᠭ᠎ᠠ ᠵᠡᠷᠭᠡ ᠶᠢ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠪᠠᠶᠢᠵᠤ᠂ ᠬᠦᠪᠡᠭᠡᠲᠦ ᠰᠢᠷ᠎ᠠ ᠬᠤᠰᠢᠭᠤᠨ ᠤ ᠵᠠᠭᠡᠯᠢ ᠳᠡᠭᠡᠷᠡᠬᠢ ᠰᠤᠯᠠ ᠬᠤᠳᠠᠯᠳᠤᠭ᠎ᠠ ᠶᠢ ᠪᠦᠬᠦᠨ ᠢ ᠨᠡᠭᠦᠯᠭᠡᠨ ᠰᠠᠭᠤᠷᠢᠰᠢᠭᠤᠯᠵᠤ᠂ ᠵᠠᠬ᠎ᠠ ᠲᠡᠯᠬᠡᠬᠦᠷ ᠤᠨ ᠡᠮᠬᠢ ᠵᠠᠮᠪᠠᠷᠠᠭ᠎ᠠ ᠦᠭᠡᠢ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠨ᠂ ᠮᠠᠯ ᠠᠵᠤ ᠠᠬᠤᠢ᠂ ᠲᠠᠷᠢᠶᠠᠯᠠᠩ ᠳᠤ ᠲᠤᠰᠠᠯᠠᠬᠤ ᠠᠵᠤ ᠠᠬᠤᠢ ᠶᠢᠨ ᠪᠦᠳᠦᠭᠡᠭᠳᠡᠬᠦᠨ ᠤ ᠡᠷᠬᠢᠯᠲᠡ ᠶᠢ ᠲᠦᠷᠭᠡᠳᠬᠡᠵᠦ᠂ ᠬᠦᠪᠡᠭᠡᠲᠦ ᠰᠢᠷ᠎ᠠ ᠬᠤᠰᠢᠭᠤᠨ ᠤ ᠬᠤᠲᠠ ᠪᠠᠯᠭᠠᠰᠤᠨ ᠤ ᠲᠦᠷᠢ ᠲᠦᠷᠬᠦ᠂ ᠵᠠᠮ ᠬᠠᠷᠢᠯᠴᠠᠭ᠎ᠠ ᠶᠢ ᠤᠯᠠᠮ ᠰᠠᠶᠢᠵᠢᠷᠠᠭᠤᠯᠵᠤ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠳᠦᠷ ᠳᠤᠳᠤᠮ ᠤᠨ ᠠᠮᠢᠳᠤᠷᠠᠯ ᠳᠤ ᠳᠦᠭᠦᠮ ᠦᠵᠡᠬᠦᠯᠦᠭᠰᠡᠨ ᠠᠷᠠᠳ ᠲᠤ ᠠᠰᠢᠭ ᠬᠦᠷᠳᠡᠭᠡᠭᠰᠡᠨ ᠢᠨᠵᠧᠨᠧᠷᠢᠩ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号