ᠪᠦᠬᠦ ᠪᠥᠮᠪᠥᠷᠴᠡᠭ ᠤᠨ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠵᠢᠩᠬᠢᠨᠢ ᠪᠠᠷ ᠲᠣᠭᠲᠠᠪᠠ
ᠨᠡᠶᠢᠲᠡᠯᠡᠭᠰᠡᠨ ᠴᠠᠭ᠄
2020/11/18
   ᠳᠥᠷᠪᠡᠳᠦᠭᠡᠷ ᠤᠳᠠᠭᠠᠨ ᠤ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠤᠨ ᠤᠳᠤᠷᠢᠳᠬᠤ ᠬᠥᠮᠦᠰ ᠤᠨ ᠬᠤᠷᠠᠯ 11 ᠳ᠋ᠦ᠋ᠭᠡᠷ ᠰᠠᠷ᠎ᠠ ᠶᠢᠨ 15᠎ ᠤ ᠡᠳᠦᠷ ᠬᠤᠷᠠᠯᠳᠤᠵᠤ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠠᠷᠪᠠᠨ ᠤᠯᠤᠰ ᠵᠢᠴᠢ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠳ᠋ᠷᠠᠯᠢᠶ᠎ᠠ᠂ ᠰᠢᠨ᠎ᠡ ᠽᠢᠯᠠᠨᠳ᠋ ᠵᠡᠷᠭᠡ 15 ᠤᠯᠤᠰ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶᠎ ᠲᠤ ᠵᠢᠩᠬᠢᠨᠢ ᠪᠠᠷ ᠭᠠᠷ ᠤᠨ ᠦᠰᠦᠭ ᠵᠢᠷᠤᠭᠰᠠᠨ ᠨᠢ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠵᠢᠩᠬᠢᠨᠢ ᠪᠠᠷ ᠲᠣᠭᠲᠠᠭᠰᠠᠨ ᠢ ᠬᠠᠷᠠᠭᠤᠯᠵᠤ ᠪᠠᠶᠢᠨ᠎ᠠ᠃ RCEP᠎ ᠲᠤ ᠭᠠᠷ ᠤᠨ ᠦᠰᠦᠭ ᠵᠢᠷᠤᠭᠰᠠᠨ ᠨᠢ ᠭᠠᠵᠠᠷ ᠣᠷᠣᠨ ᠤ ᠤᠯᠤᠰ ᠤᠳ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠠᠭᠠᠯᠠᠵᠤ ᠂ ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢ ᠪᠦᠳᠦᠭᠡᠨ ᠪᠠᠶᠢᠭᠤᠯᠬᠤ ᠴᠢᠬᠤᠯᠠ ᠨᠢᠭᠡ ᠠᠯᠬᠤᠮ ᠮᠥᠨ᠂ ᠲᠡᠷᠡ ᠨᠢ ᠣᠷᠣᠨ ᠪᠦᠰᠡ ᠶᠢᠨ ᠠᠵᠤ ᠠᠬᠤᠶ ᠶᠢᠨ ᠨᠢᠭᠡ ᠴᠤᠭᠴᠠᠵᠢᠯᠲᠠ ᠶᠢ ᠭᠦᠨᠵᠡᠭᠡᠶᠢᠷᠡᠭᠦᠯᠬᠦ᠂ ᠪᠦᠬᠦ ᠪᠥᠮᠪᠥᠷᠴᠡᠭ ᠤᠨ ᠠᠵᠤ ᠠᠬᠤᠶ ᠶᠢ ᠲᠣᠭᠲᠠᠪᠤᠷᠢᠵᠢᠭᠤᠯᠬᠤ ᠳᠤ ᠪᠡᠯᠭᠡ ᠲᠡᠮᠳᠡᠭ ᠤᠨ ᠴᠢᠨᠠᠷᠲᠠᠶ ᠠᠴᠢ ᠬᠤᠯᠪᠣᠭᠳᠠᠯ ᠲᠠᠢ ᠶᠤᠮ᠃
        ᠬᠡᠯᠡᠯᠴᠡᠭᠡᠷ ᠨᠢ 8 ᠵᠢᠯ ᠦᠷᠭᠦᠯᠵᠢᠯᠡᠪᠡ     ᠬᠡᠯᠡᠯᠴᠡᠭᠡᠷ ᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ 10 ᠤᠯᠤᠰ ᠠᠴᠠ ᠰᠠᠨᠠᠭᠠᠴᠢᠯᠠᠵᠤ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠳ᠋ᠷᠠᠯᠢᠶ᠎ᠠ᠂ ᠰᠢᠨ᠎ᠡ ᠽᠢᠯᠠᠨᠳ᠋᠂ ᠡᠨᠡᠳᠬᠡᠭ ᠵᠡᠷᠭᠡ 6 ᠶᠠᠷᠢᠯᠴᠠᠭᠠᠨ ᠤ ᠬᠠᠨᠢᠲᠠᠨ ᠤᠯᠤᠰ ᠢ ᠣᠷᠣᠯᠴᠠᠭᠤᠯᠬᠤ ᠪᠠᠷ ᠤᠷᠢᠵᠤ᠂ ᠪᠣᠭᠤᠮᠲᠠ ᠶᠢᠨ ᠭᠠᠶᠢᠯᠢ ᠵᠢᠴᠢ ᠪᠣᠭᠤᠮᠲᠠ ᠶᠢᠨ ᠭᠠᠶᠢᠯᠢ ᠶᠢᠨ ᠪᠤᠰᠤ ᠬᠤᠷᠢᠭ᠎ᠠ ᠶᠢ ᠪᠠᠭᠠᠰᠬᠠᠵᠦ᠂ 16 ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠤᠨ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠢ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠪᠠ᠃     ᠬᠡᠯᠡᠯᠴᠡᠭᠡᠷ ᠨᠢ 2012 ᠣᠨ ᠤ 11 ᠳ᠋ᠦ᠋ᠭᠡᠷ ᠰᠠᠷ᠎ᠠ ᠳᠤ ᠵᠢᠩᠬᠢᠨᠢ ᠪᠠᠷ ᠡᠬᠢᠯᠡᠵᠦ᠂ ᠳᠤᠮᠳᠠ ᠵᠢᠵᠢᠭ ᠠᠵᠤ ᠠᠬᠤᠶᠢᠯᠠᠯ᠂ ᠪᠡᠯᠡ ᠣᠷᠤᠭᠤᠯᠤᠯᠲᠠ᠂ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠡᠳ᠋ ᠪᠠᠷᠠᠭ᠎ᠠ ᠪᠣᠯᠣᠨ ᠦᠢᠯᠡᠴᠢᠯᠡᠭᠡᠨ ᠤ ᠠᠷᠠᠯᠵᠢᠶ᠎ᠠ ᠵᠡᠷᠭᠡ 10 ᠰᠢᠬᠠᠮ ᠬᠦᠷᠢᠶ᠎ᠡ ᠴᠠᠷᠠᠭᠠᠨ ᠳᠤ ᠬᠤᠯᠪᠣᠭᠳᠠᠵᠠᠢ᠃ 2019 ᠣᠨ ᠤ 11 ᠳ᠋ᠦ᠋ᠭᠡᠷ ᠰᠠᠷ᠎ᠠ ᠶᠢᠨ 4᠎ ᠤ ᠡᠳᠦᠷ᠂ ᠭᠤᠷᠪᠠᠳᠤᠭᠠᠷ ᠤᠳᠠᠭᠠᠨ ᠤ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭᠠᠨ ᠤ ᠬᠡᠯᠡᠯᠴᠡᠭᠡᠷ︾᠎ ᠤᠨ ᠤᠳᠤᠷᠢᠳᠬᠤ ᠬᠥᠮᠦᠰ ᠤᠨ ᠬᠤᠷᠠᠯ ᠠᠴᠠ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ 15 ᠪᠦᠷᠢᠯᠳᠦᠬᠦᠨ ᠤᠯᠤᠰ ᠪᠦᠬᠦ ᠲᠣᠪᠬᠢᠮᠠᠯ ᠤᠨ ᠬᠡᠯᠡᠯᠴᠡᠭᠡ ᠵᠢᠴᠢ ᠮᠥᠨ ᠴᠢᠨᠠᠷ ᠳᠡᠭᠡᠷᠡᠬᠢ ᠪᠤᠶ ᠪᠦᠬᠦᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠡᠯᠡᠯᠴᠡᠭᠡ ᠪᠠᠨ ᠳᠠᠭᠤᠰᠬᠠᠵᠤ ᠂ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢᠶᠠᠨ ᠡᠬᠢᠯᠡᠭᠦᠯᠪᠡ᠂ ᠡᠨᠡᠳᠬᠡᠭ ︽ᠴᠢᠬᠤᠯᠠ ᠠᠰᠠᠭᠤᠳᠠᠯ ᠬᠠᠷᠠᠬᠠᠨ ᠰᠢᠢᠳᠪᠦᠷᠢᠯᠡᠭᠳᠡᠭᠡ ᠥᠬᠡᠶ︾ ᠭᠡᠳ ᠲᠦᠷ ᠴᠠᠭ ᠬᠡᠯᠡᠯᠴᠡᠭᠡᠷ ᠲᠤ ᠤᠷᠤᠭᠰᠠᠨ ᠥᠬᠡᠶ᠃     ᠬᠡᠪᠴᠢᠶ᠎ᠡ ᠨᠢ ᠪᠦᠬᠦ ᠳᠡᠯᠡᠬᠡᠢ ᠳᠤ ᠬᠠᠮᠤᠭ ᠶᠡᠭᠡ     2018 ᠣᠨ ᠪᠣᠯᠲᠠᠯᠠᠬᠢ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠬᠡᠯᠡᠯᠴᠡᠭᠡᠷ ᠤᠨ 15 ᠪᠦᠷᠢᠯᠳᠦᠬᠦᠨ ᠤᠯᠤᠰ ᠨᠢ ᠪᠦᠬᠦ ᠪᠥᠮᠪᠥᠷᠴᠡᠭ ᠤᠨ ᠪᠠᠷᠤᠭ 23 ᠳ᠋ᠦᠩᠰᠢᠭᠤᠷ ᠬᠥᠮᠦᠨ ᠠᠮᠠ ᠶᠢ ᠬᠠᠮᠤᠷᠴᠤ᠂ ᠪᠦᠬᠦ ᠪᠥᠮᠪᠥᠷᠴᠡᠭ ᠤᠨ ᠬᠥᠮᠦᠨ ᠠᠮᠠ ᠶᠢᠨ 30%᠎ ᠶᠢ ᠡᠵᠡᠯᠡᠵᠡᠢ︔ GDP᠎ ᠶᠢᠨ ᠨᠡᠶᠢᠯᠡᠪᠦᠷᠢ ᠨᠢ 25 ᠲᠦᠮᠡᠨ ᠳ᠋ᠦᠩᠰᠢᠭᠤᠷ ᠳ᠋ᠣᠯᠯᠠᠷ ᠢ ᠳᠠᠪᠠᠵᠤ᠂ ᠪᠠᠭᠲᠠᠵᠤ ᠪᠠᠶᠢᠭ᠎ᠠ ᠣᠷᠣᠨ ᠪᠦᠰᠡ ᠨᠢ ᠳᠡᠯᠡᠬᠡᠢ ᠶᠢᠨ ᠬᠠᠮᠤᠭ ᠤᠨ ᠶᠡᠭᠡ ᠴᠢᠯᠥᠭᠡᠲᠦ ᠠᠷᠠᠯᠵᠢᠶᠠᠨ ᠤ ᠣᠷᠣᠨ ᠪᠣᠯᠣᠭᠰᠠᠨ ᠪᠠᠶᠢᠨ᠎ᠠ᠃     ᠣᠯᠠᠨ ᠵᠦᠢᠯ ᠤᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠪᠠ     ᠬᠡᠯᠡᠯᠴᠡᠭᠡᠷ ᠨᠢ ᠪᠦᠬᠦ ᠪᠥᠮᠪᠥᠷᠴᠡᠭ ᠤᠨ ᠠᠷᠠᠯᠵᠢᠶᠠᠨ ᠤ ᠬᠥᠭᠵᠢᠯᠲᠡ ᠶᠢᠨ ᠬᠠᠨᠳᠤᠰᠢ ᠶᠢ ᠴᠢᠩᠭ᠎ᠠ ᠮᠥᠷᠳᠡᠵᠦ᠂ ᠮᠠᠰᠢ ᠣᠯᠠᠨ ᠰᠢᠨ᠎ᠡ ᠠᠷᠠᠯᠵᠢᠶᠠᠨ ᠤ ᠬᠡᠯᠪᠡᠷᠢ ᠶᠢ ᠣᠷᠤᠭᠤᠯᠵᠠᠢ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠪᠣᠯ ᠳᠠᠷᠤᠶ ᠲᠡᠭᠦᠨ ᠤ ᠳᠣᠲᠣᠷᠠᠬᠢ ᠨᠢᠭᠡ ᠨᠢ ᠪᠣᠯᠤᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠠᠴᠠ ᠭᠠᠳᠠᠨ᠎ᠠ᠂ ᠬᠡᠯᠡᠯᠴᠡᠭᠡᠷ ᠲᠤ ᠪᠠᠰᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠥᠷᠢᠰᠥᠯᠳᠦᠭᠡᠨ ᠤ ᠲᠦᠷᠦ ᠶᠢᠨ ᠪᠣᠳᠣᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶᠢᠯᠠᠯ ᠵᠡᠷᠭᠡ ᠠᠭᠤᠯᠭ᠎ᠠ ᠶᠢ ᠪᠠᠭᠲᠠᠭᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠬᠡᠪᠴᠢᠶᠡᠨ ᠠᠴᠠ ᠳᠠᠪᠠᠵᠠᠶ᠃    
 
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号