ᠤᠯᠠᠮᠵᠢᠯᠠᠯ ᠬᠢᠭᠡᠳ ᠰᠢᠨᠡᠴᠢᠯᠡᠯ
ᠨᠡᠶᠢᠲᠡᠯᠡᠭᠰᠡᠨ ᠴᠠᠭ᠄
2020/11/2
             — ᠬᠦᠪᠡᠭᠡᠲᠦ ᠰᠢᠷ᠎ᠠ ᠬᠤᠰᠢᠭᠤᠨ ᠤ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠦᠭᠵᠢᠯᠲᠡ ᠶᠢᠨ ᠲᠤᠬᠠᠢ     ᠴᠢᠩ ᠤᠯᠤᠰ ᠤᠨ ᠦᠶ᠎ᠡ ᠳᠤ ᠬᠦᠪᠡᠭᠡᠲᠦ ᠰᠢᠷ᠎ᠠ ᠬᠤᠰᠢᠭᠤ ᠨᠢ ᠬᠠᠭᠠᠨ ᠤ ᠣᠷᠳᠤᠨ ᠤ ᠮᠠᠯᠵᠢᠯ ᠤᠨ ᠲᠠᠯᠠᠪᠠᠢ ᠬᠡᠮᠡᠭᠳᠡᠵᠦ᠂ ᠣᠷᠳᠤᠨ ᠳᠤ ᠴᠠᠭᠠᠨ ᠢᠳᠡᠭᠡᠨ ᠡᠳ᠋ᠰᠢᠬᠦᠯᠵᠦ ᠥᠭᠳᠡᠭ ᠰᠠᠭᠤᠷᠢᠨ ᠭᠠᠵᠠᠷ ᠪᠠᠶᠢᠭᠰᠠᠨ ᠪᠠᠶᠢᠨ᠎ᠠ᠃ ᠰᠢᠨ᠎ᠡ ᠡᠷᠡᠨ ᠳᠤ ᠮᠠᠯ ᠠᠵᠤ ᠠᠬᠤᠢ ᠪᠠᠷ ᠲᠤᠯᠭᠠᠭᠤᠷᠢ ᠠᠵᠤ ᠦᠢᠯᠡᠰ ᠢᠶᠠᠨ ᠪᠤᠯᠭᠠᠭᠰᠠᠨ ᠲᠤᠰ ᠬᠤᠰᠢᠭᠤ ᠨᠢ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠰᠢᠨ᠎ᠡ ᠶᠢ ᠡᠬᠦᠳᠦᠨ ᠬᠦᠭᠵᠢᠬᠦᠯᠬᠦ ᠵᠡᠷᠭᠡ ᠲᠠᠯ᠎ᠠ ᠪᠠᠷ ᠮᠦᠨ ᠤᠯᠠᠠᠮᠵᠢᠯᠠᠯ ᠢᠶᠠᠨ ᠡᠷᠬᠢᠮᠯᠡᠵᠦ᠂ ᠰᠢᠨᠡᠴᠢᠯᠡᠯ ᠢ ᠡᠷᠢᠯᠬᠢᠯᠡᠨ ᠬᠦᠭᠵᠢᠭᠰᠡᠭᠡᠷ ᠪᠠᠶᠢᠨ᠎ᠠ᠃     ᠲᠠᠪᠤᠨ ᠬᠤᠰᠢᠭᠤ ᠮᠠᠯ ᠳᠠᠭᠠᠨ ᠲᠦᠰᠢᠭᠯᠡᠵᠦ ᠠᠵᠤ ᠠᠮᠢᠳᠤᠷᠠᠯ ᠢᠶᠠᠨ ᠦᠭᠡᠳᠡᠯᠡᠬᠦᠯᠵᠦ᠂ ᠦᠦᠬᠡ ᠲᠡᠦᠬᠡ ᠪᠠᠨ ᠪᠢᠴᠢᠭᠯᠡᠵᠦ ᠢᠷᠡᠭᠰᠡᠨ ᠮᠤᠩᠭᠤᠯᠴᠤᠳ ᠤᠨ ᠬᠤᠪᠢ ᠳᠤ ᠠᠪᠴᠤ ᠬᠡᠯᠡᠪᠡᠯ ᠴᠠᠭᠠᠨ ᠢᠳᠡᠭᠡ ᠨᠢ ᠤᠯᠠᠮᠵᠢᠯᠠᠯᠲᠤ ᠠᠵᠤ ᠠᠬᠤᠢ ᠲᠠᠢ ᠬᠤᠯᠪᠤᠭᠳᠠᠬᠤ ᠨᠡᠷ᠎ᠡ ᠲᠤᠮᠢᠶ᠎ᠠ ᠪᠤᠯᠠᠬᠤ ᠪᠦᠭᠡᠳ ᠮᠤᠩᠭᠤᠯ ᠵᠠᠩ ᠦᠢᠯᠡ᠂ ᠰᠤᠶᠤᠯ ᠲᠠᠢ ᠴᠤ ᠬᠤᠯᠪᠤᠭᠳᠠᠬᠤ ᠴᠢᠬᠤᠯᠠ ᠨᠢᠭᠡ ᠠᠭᠤᠯᠬᠤᠨ ᠪᠤᠯᠵᠤ ᠪᠠᠶᠢᠳᠠᠭ᠃ ᠤᠶᠢᠷ᠎ᠠ ᠶᠢᠨ ᠵᠢᠯ ᠳᠤ᠂ ᠬᠦᠪᠡᠭᠡᠲᠦ ᠰᠢᠷ᠎ᠠ ᠬᠤᠰᠢᠭᠤ ᠎ ᠨᠢ ᠦᠨᠳᠦᠰᠦᠳᠡᠨ ᠤ ᠤᠨᠴᠠᠯᠢᠭ ᠪᠠ ᠣᠷᠤᠨ ᠨᠤᠲᠤᠭ ᠤᠨ ᠤᠨᠴᠠᠯᠢᠭ ᠢ ᠬᠠᠷᠠᠭᠤᠯᠤᠭᠰᠠᠨ᠂ ᠴᠠᠬᠠᠷ ᠴᠠᠭᠠᠨ ᠢᠳᠡᠭᠡᠨ ᠤ ᠰᠤᠶᠤᠯ ᠪᠠ ᠴᠠᠭᠠᠨ ᠢᠳᠡᠭᠡᠨ ᠤ ᠠᠵᠤ ᠦᠢᠯᠡᠰ ᠢ ᠬᠦᠭᠵᠢᠬᠦᠯᠬᠦ ᠪᠠᠷ ᠬᠠᠷᠠᠯᠲᠠ ᠪᠤᠯᠭᠠᠵᠤ᠂ ᠮᠠᠯᠴᠢᠳ ᠤᠨ ᠴᠠᠭᠠᠨ ᠢᠳᠡᠭᠡᠨ ᠤ ᠦᠢᠯᠡᠰ ᠡᠷᠬᠢᠯᠡᠬᠦ ᠤᠷᠮ᠎ᠠ ᠢᠳᠡᠪᠬᠢᠵᠢᠯ ᠢ ᠳᠠᠶᠢᠴᠢᠯᠠᠨ᠂ ᠴᠠᠭᠠᠨ ᠢᠳᠡᠭᠡᠨ ᠤ ᠠᠵᠤ ᠦᠢᠯᠡᠰᠵᠢᠨ ᠬᠦᠭᠵᠢᠬᠦ ᠳᠤ ᠰᠢᠨ᠎ᠡ ᠵᠠᠮ ᠢ ᠬᠠᠶᠢᠵᠤ ᠦᠭᠴᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号