ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ | ᠠᠴᠠ ᠤᠢᠢᠯᠠᠭᠠᠭᠰᠠᠨ ᠢᠶᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ | ᠪᠠᠷᠢᠮᠵᠢᠶ᠎ᠠ ᠶᠢᠨ ᠲᠤᠷᠰᠢᠯᠲᠠ ᠶᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ᠂ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠦᠳᠦᠮᠵᠢᠲᠡᠢ ᠳᠡᠭᠡᠭᠰᠢᠯᠡᠭᠦᠯᠵᠦ᠂ ᠠᠷᠠᠳ ᠣᠯᠠᠨ ᠤ | ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠪᠡ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢᠨ | ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠦᠪᠤᠷ ᠮᠤᠩᠭᠤᠯ ᠣᠷᠣᠨ ᠤ ᠠᠩᠬᠠᠳᠠᠭᠴᠢ ᠪᠦᠯᠦᠭ | ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ ᠬᠡᠷᠡᠭᠯᠡᠬᠦ ᠬᠡᠪᠴᠢᠶ᠎ᠡ ᠨᠢ ᠨᠡᠯᠢᠶᠡᠳ ᠥᠷᠭᠡᠨ᠂ ᠵᠠᠬ᠎ᠠ | ᠳᠡᠯᠭᠡᠭᠦᠷ ᠤᠨ ᠥᠷᠢᠰᠥᠯᠳᠦᠭᠡᠨ ᠨᠡᠯᠢᠶᠡᠳ ᠴᠢᠩᠭ᠎ᠠ ᠱᠡᠹᠽᠥᠯᠡᠨ ︵CEFAZOLIN︶ ᠲᠠᠷᠢᠯᠭ᠎ᠠ ᠶᠢᠨ ᠡᠮ᠂ | ᠾᠯᠣᠷᠲᠤ ᠨᠠᠲᠷᠢ ᠶᠢᠨ ᠲᠠᠷᠢᠯᠭ᠎ᠠ ᠶᠢᠨ ᠡᠮ ᠪᠣᠯᠤᠨ ᠦᠵᠦᠮ ᠤᠨ ᠰᠢᠬᠢᠷ ᠤᠨ ᠲᠠᠷᠢᠯᠭ᠎ᠠ ᠶᠢᠨ ᠡᠮ ᠵᠡᠷᠭᠡ 3 | ᠵᠥᠢᠯ ᠤᠨ ᠡᠮ ᠤᠨ 8 ᠬᠡᠪ ᠪᠠᠷᠢᠮᠵᠢᠶ᠎ᠠ ᠶᠢ ᠰᠣᠩᠭᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ | ᠪᠠᠷᠢᠮᠵᠢᠶ᠎ᠠ ᠶᠢ ᠲᠣᠭᠲᠠᠭᠠᠵᠤ᠂ ᠶᠡᠬᠡᠩᠬᠢ ᠲᠤᠭᠠᠨ ᠤ ᠣᠯᠠᠨᠲ᠋ᠦ᠋ᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ | ᠬᠦᠷᠲᠡᠭᠡᠬᠦ ᠶᠢ ᠦᠨᠡᠨᠬᠦ ᠪᠠᠲᠤᠯᠠᠪᠠ᠃ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠲᠠᠯ᠎ᠠ ᠪᠠᠷ᠂ ᠡᠮᠴᠢᠯᠡᠭᠡᠨ ᠤ | ᠪᠠᠶᠢᠭᠤᠯᠤᠮᠵᠢ ᠶᠢᠨ ᠬᠡᠷᠡᠭᠯᠡᠬᠦ ᠦᠨ᠎ᠡ ᠬᠠᠩᠰᠢ ᠨᠢ ᠳᠥᠯᠥᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠡᠮ ᠤᠨ ᠵᠥᠢᠯ ᠢ | ᠡᠪᠡᠳᠴᠢᠲᠡᠨ ᠪᠣᠳᠠᠲᠠᠶ ᠦᠨ᠎ᠡ ᠬᠠᠩᠰᠢ ᠪᠠᠷ ᠳᠥᠯᠥᠨ᠎ᠡ︔ ᠬᠡᠷᠡᠭᠯᠡᠬᠦ ᠦᠨ᠎ᠡ ᠬᠠᠩᠰᠢ ᠨᠢ ᠲᠣᠭᠠᠴᠠᠭ᠎ᠠ ᠬᠢᠬᠦ | ᠪᠠᠷᠢᠮᠵᠢᠶ᠎ᠠ ᠠᠴᠠ ᠥᠨᠳᠥᠷ ᠡᠮ ᠤᠨ ᠵᠥᠢᠯ ᠢ ᠡᠪᠡᠳᠴᠢᠲᠡᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ | ᠪᠠᠷᠢᠮᠵᠢᠶ᠎ᠠ ᠶᠣᠰᠣᠭᠠᠷ ᠥᠭᠴᠦ᠂ ᠲᠣᠭᠠᠴᠠᠭ᠎ᠠ ᠬᠢᠬᠦ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠡᠮᠴᠢᠯᠡᠭᠡᠨ ᠤ | ᠪᠠᠶᠢᠭᠤᠯᠤᠮᠵᠢ ᠥᠪᠡᠷ ᠢᠶᠠᠨ ᠲᠦᠯᠦᠨ᠎ᠡ᠃ ᠡᠭᠦᠨ ᠤ ᠬᠠᠮᠲᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠢ ᠳᠠᠭᠠᠵᠤ᠂ | ᠲᠤᠷᠰᠢᠯᠲᠠ ᠶᠢᠨ ᠲᠥᠷᠥ ᠶᠢᠨ ᠪᠤᠲᠤᠯᠭ᠎ᠠ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠲᠤᠭᠲᠠᠭᠠᠪᠠ᠃ ᠨᠢᠭᠡ ᠵᠢᠯ ᠤᠨ ᠲᠤᠷᠰᠢ᠂ ᠪᠥᠬᠦ ᠣᠷᠣᠨ ᠤ 14 ᠨᠢᠭᠡᠳᠦᠯᠲᠡᠶ ᠲᠦᠯᠦᠪᠯᠡᠭᠰᠡᠨ ᠭᠠᠵᠠᠷ ᠣᠷᠣᠨ | ᠴᠥᠮ ᠲᠤᠷᠰᠢᠯᠲᠠ ᠶᠢᠨ ᠴᠢᠭ ᠤᠨ ᠡᠮ ᠤᠨ ᠵᠥᠢᠯ ᠢ ᠬᠤᠳᠠᠯᠳᠤᠨ ᠠᠪᠴᠤ ᠬᠡᠷᠡᠭᠯᠡᠭᠡᠳ᠂ ᠵᠢᠯ ᠤᠨ ᠬᠤᠳᠠᠯᠳᠤᠨ | ᠠᠪᠤᠭᠰᠠᠨ ᠵᠣᠭᠤᠰ ᠤᠨ ᠲᠤᠭ᠎ᠠ ᠨᠡᠶᠢᠲᠡ18724.52 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 20347.2 ᠲᠦᠮᠡᠨ ᠲᠥᠭᠦᠷᠢᠭ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 52. | 08%ᠪᠠᠭᠤᠷᠠᠪᠠ︔ ᠵᠢᠯ ᠤᠨ ᠬᠤᠳᠠᠯᠳᠤᠨ ᠠᠪᠤᠭᠰᠠᠨ ᠬᠡᠮᠵᠢᠶ᠎ᠡ ᠨᠡᠶᠢᠲᠡ 6716.8 ᠲᠦᠮᠡᠨ ᠰᠢᠷᠬᠡᠭ ᠪᠠᠶᠢᠵᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1920.21 ᠲᠦᠮᠡ ᠪᠠᠭᠠᠰᠴᠤ᠂ ᠠᠳᠠᠯᠢ | ᠬᠤᠭᠤᠴᠠᠭᠠᠨ ᠤ ᠬᠢ ᠠᠴᠠ 22.23% ᠪᠠᠭᠤᠷᠠᠪᠠ︔ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠡᠶᠢᠲᠡ 2234.94 ᠲᠦᠮᠡᠨ ᠲᠥᠭᠦᠷᠢᠭ ᠪᠠᠶᠢᠨ᠎ᠠ᠃ ᠵᠢᠯ ᠤᠨ | ᠬᠤᠳᠠᠯᠳᠤᠨ ᠠᠪᠬᠤ ᠵᠣᠭᠤᠰ ᠤᠨ ᠲᠤᠭ᠎ᠠ ᠢᠯᠡᠳᠲᠡ ᠳᠣᠷᠣᠭᠰᠢᠯᠠᠵᠤ᠂ ᠡᠪᠡᠳᠴᠢᠲᠡᠨ ᠤ ᠡᠮ ᠤᠨ ᠵᠠᠷᠤᠳᠠᠯ ᠤᠨ | ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠡᠮᠴᠢᠯᠡᠭᠡᠨ ᠤᠲ᠋ᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ | ᠶᠡᠬᠡᠪᠡᠷ ᠪᠠᠭᠠᠰᠬᠠᠪᠠ᠃ ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ ᠶᠢ | ᠬᠡᠷᠡᠭᠵᠢᠭᠦᠯᠦᠭᠰᠡᠨ ᠤ ᠰᠡᠭᠦᠯᠡᠷ᠂ ᠠᠳᠠᠯᠢ ᠲᠥᠷᠥᠯ ᠤᠨ ᠡᠮ ᠤᠨ ᠳᠣᠲᠣᠷ᠎ᠠ᠂ ᠠᠷᠠᠯᠵᠢᠶᠠᠨ ᠤ ᠨᠢᠭᠡᠴᠡ ᠶᠢᠨ ᠦᠨᠡᠲᠡᠢ | ᠡᠮ ᠢ ᠬᠤᠳᠠᠯᠳᠤᠨ ᠠᠪᠬᠤ ᠬᠡᠮᠵᠢᠶ᠎ᠡ ᠢᠯᠡᠳᠲᠡ ᠪᠠᠭᠤᠷᠠᠵᠦ᠂ ᠶᠠᠰᠤ ᠴᠢᠨᠠᠷ ᠪᠣᠯᠤᠨ ᠬᠠᠩᠭᠠᠯᠭ᠎ᠠ ᠶᠢ ᠪᠠᠲᠤᠯᠠᠭᠰᠠᠨ | ᠰᠠᠭᠤᠷᠢᠨ ᠳᠡᠭᠡᠷ᠎ᠡ᠂ ᠡᠮᠴᠢᠯᠡᠭᠡᠨ ᠤ ᠪᠠᠶᠢᠭᠤᠯᠤᠮᠵᠢ ᠪᠣᠯᠤᠨ ᠡᠪᠡᠳᠴᠢᠲᠡᠨ ᠡᠮ ᠢ ᠵᠦᠶ ᠵᠣᠬᠢᠰᠲᠠᠶ ᠬᠡᠷᠡᠭᠯᠡᠬᠦ | ᠳᠠᠳᠬᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠡᠮ ᠤᠨ ᠵᠥᠢᠯ ᠤᠨ ᠦᠨ᠎ᠡ ᠬᠠᠩᠰᠢ ᠶᠢᠨ ᠵᠦᠶ ᠵᠤᠬᠢᠰᠵᠢᠯ ᠢ | ᠠᠬᠢᠭᠤᠯᠪᠠ᠃ | |