ᠤᠮᠠᠷᠠᠳᠤ ᠬᠠᠭᠠᠰ ᠪᠦᠮᠪᠦᠷᠴᠡᠭ ᠡᠪᠤᠯ ᠤᠨ ᠤᠯᠠᠷᠢᠯ ᠳᠤ ᠤᠷᠤᠵᠤ᠂ ᠠᠭᠠᠷ ᠤᠨ ᠲᠤᠯᠠᠭᠠᠨ ᠲᠠᠰᠤᠷᠠᠯᠳᠠ ᠦᠬᠡᠢ | ᠪᠠᠭᠤᠷᠠᠬᠤ ᠶᠢ ᠲᠠᠭᠠᠯᠳᠤᠨ᠂ ᠰᠤᠳᠤᠯᠤᠬᠴᠢᠳ ᠠᠴᠠ ᠰᠢᠨ᠎ᠠ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠴᠢᠨᠠᠬᠰᠢᠳᠠ | ᠰᠢᠷᠤᠬᠦᠰᠴᠤ ᠮᠡᠳᠡᠬᠦ ᠪᠤᠯᠤᠯᠴᠠᠭ᠎ᠠ ᠲᠠᠢ᠂ ᠡᠨᠡ ᠨᠢ ᠡᠪᠡᠳᠴᠢᠨ ᠤ ᠸᠢᠷᠦ᠋ᠰ ᠤᠨ ᠲᠤᠰ ᠪᠠᠶ᠎ᠠ ᠶᠢᠨ ᠤᠨᠴᠠᠯᠢᠬ᠂ | ᠬᠦᠮᠤᠰ ᠤᠨ ᠨᠡᠶᠢᠬᠡᠮ ᠤᠨ ᠶᠠᠪᠤᠯᠴᠠᠭ᠎ᠠ ᠶᠢᠨ ᠤᠨᠴᠠᠯᠢᠬ ᠵᠡᠷᠬᠡ ᠤᠯᠠᠨ ᠡᠯᠧᠮᠧᠨ᠋ᠲ ᠲᠠᠢ ᠬᠤᠯᠪᠤᠬᠳᠠᠯ ᠲᠠᠢ ᠬᠡᠵᠤ | ᠰᠠᠨᠠᠭᠤᠯᠪᠠ᠃ ᠮᠠᠰᠢ ᠤᠯᠠᠨ ᠠᠮᠢᠰᠬᠤᠯ ᠤᠨ ᠵᠠᠮ ᠤᠨ ᠡᠪᠡᠳᠴᠢᠨ ᠤ ᠸᠢᠷᠦ᠋ᠰ ᠡᠪᠤᠯ ᠲᠡᠯᠬᠡᠷᠡᠵᠤ ᠵᠤᠨ ᠠᠷᠢᠯᠬᠤ | ᠪᠠᠶᠢᠳᠠᠯ ᠲᠠᠢ ᠪᠠᠶᠢᠳᠠᠬ᠃ ᠠᠩᠭ᠍ᠯᠢ ᠶᠢᠨ ︽ᠪᠠᠶᠢᠭᠠᠯᠢ︾ ᠰᠡᠳᠬᠦᠯ ᠤᠨ ᠰᠦᠯᠵᠢᠶᠠᠨ ᠤ ᠦᠷᠳᠡᠭᠡ ᠤᠢᠢᠷ᠎ᠠ ᠶᠢᠨ | ᠡᠳᠤᠷ ᠤᠨ ᠨᠢᠭᠡᠨ ᠵᠠᠳᠠᠯᠤᠯᠳᠠ ᠶᠢᠨ ᠦᠬᠦᠯᠡᠯ ᠳᠡᠭᠡᠨ ᠤᠯᠠᠨ ᠰᠤᠳᠤᠯᠭᠠᠨ ᠤ ᠬᠦᠮᠤᠰ ᠤᠨ ᠦᠵᠡᠯᠳᠠ ᠠᠴᠠ ᠡᠰᠢ | ᠲᠠᠳᠠᠵᠤ ᠬᠡᠯᠡᠬᠦ ᠳᠡᠭᠡᠨ᠂ ᠤᠳᠤᠬᠠᠨ ᠤ ᠡᠵᠡᠮᠰᠢᠭᠰᠡᠨ ᠮᠡᠳᠡᠭᠡ ᠵᠠᠩᠬᠢ ᠠᠴᠠ ᠦᠵᠡᠪᠡᠯ᠂ ᠰᠢᠨ᠎ᠠ ᠲᠢᠳᠢᠮᠯᠢᠭ | ᠸᠢᠷᠦ᠋ᠰ ᠨᠢ ᠬᠠᠯᠳᠠᠪᠤᠷᠢᠳᠦ ᠳᠠᠬᠰᠢᠭᠤᠷ ᠤᠨ ᠡᠪᠡᠳᠴᠢᠨ ᠤᠸᠢᠷᠦ᠋ᠰ ᠰᠢᠭ ᠤᠯᠠᠷᠢᠯ ᠤᠨ ᠴᠢᠨᠠᠷᠳᠠᠢ ᠲᠡᠯᠬᠡᠷᠡᠬᠦ | ᠸᠢᠷᠦ᠋ᠰ ᠪᠤᠯᠬᠤ ᠪᠠᠷ ᠮᠠᠭᠠᠳᠯᠠᠬᠤ ᠨᠢ ᠲᠡᠩᠳᠡᠬᠦᠤ ᠡᠷᠳᠡ ᠪᠠᠶᠢᠨ᠎ᠠ᠂ ᠬᠡᠪᠡᠴᠤ ᠡᠪᠤᠯ ᠤᠨ ᠤᠯᠠᠷᠢᠯ ᠳᠤ ᠠᠭᠠᠷ ᠤᠨ | ᠲᠤᠯᠠᠭᠠᠨ ᠪᠠᠭᠤᠷᠠᠬᠤ ᠨᠢ ᠸᠢᠷᠦ᠋ᠰ ᠤᠨ ᠲᠡᠯᠬᠡᠷᠡᠬᠦ ᠳᠤ ᠨᠤᠴᠤᠭᠰᠠᠠ ᠭᠠᠯ ᠲᠡᠬᠡᠷ᠎ᠠ ᠲᠤᠰᠤ ᠨᠡᠮᠡᠭᠰᠡᠡ ᠰᠢᠭ ᠪᠠᠶᠢᠵᠤ᠂ | ᠢᠷᠡᠬᠡᠳᠤᠢ ᠶᠢᠨ ᠬᠡᠳᠤᠨ ᠰᠠᠷ᠎ᠠ ᠳᠤ ᠤᠮᠠᠷᠠᠳᠤ ᠬᠠᠭᠠᠰ ᠪᠦᠮᠪᠦᠷᠴᠡᠭ ᠤᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠠᠵᠢᠯ ᠨᠡᠩ ᠬᠠᠳᠠᠭᠤ ᠪᠡᠷᠬᠡ ᠪᠤᠯᠤᠨ᠎ᠠ ᠬᠡᠵᠡᠢ᠃ ᠠᠮᠧᠷᠢᠺᠠ ᠶᠢᠨ ᠰᠲ᠋ᠠᠨᠹᠦᠷᠳ᠋ ᠶᠡᠭᠡ ᠰᠤᠷᠭᠠᠭᠤᠯᠢ ᠶᠢᠨ | ᠪᠢᠴᠢᠯ ᠠᠮᠢᠳᠤ ᠪᠤᠳᠠᠰ ᠤᠨ ᠡᠷᠳᠡᠮᠳᠡᠨ ᠳ᠋ᠠᠶᠢᠸᠢᠰ · ᠯᠸᠢᠢᠷᠮᠠᠨ ᠤ ᠦᠵᠡᠬᠦ ᠪᠠᠷ᠂ ᠰᠢᠨ᠎ᠠ ᠲᠢᠳᠢᠮᠯᠢᠭ ᠸᠢᠷᠦ᠋ᠰ ᠨᠢ | ᠢᠷᠡᠬᠦ ᠬᠡᠳᠤᠨ ᠰᠠᠷ᠎ᠠ ᠳᠤ ︽ᠢᠳᠡᠪᠬᠢᠯᠢᠭ ᠬᠤᠭᠤᠴᠠᠭᠠᠨ︾ ᠳᠤ ᠤᠷᠤᠬᠤ ᠪᠤᠯᠤᠨ᠎ᠠ᠃ ᠤᠯᠠᠮ ᠠᠴᠠ ᠤᠯᠠᠨ | ᠬᠡᠷᠡᠴᠢ ᠳᠤ ᠢᠯᠡᠷᠡᠬᠦᠯᠦᠭᠰᠡᠨ ᠢᠶᠠᠷ᠂ ᠡᠪᠤᠯ ᠤᠨ ᠤᠯᠠᠷᠢᠯ ᠤᠨ ᠠᠭᠠᠷ ᠤᠨ ᠲᠤᠯᠠᠭᠠᠨ ᠤ ᠪᠠᠭᠤᠷᠠᠯᠳᠠ ᠨᠢ ᠰᠢᠨ᠎ᠠ | ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠨᠡᠩ ᠶᠡᠭᠡ ᠬᠡᠪᠴᠢᠶ᠎ᠠ ᠪᠠᠷ ᠥᠷᠪᠢᠰᠦᠨ | ᠲᠡᠯᠬᠡᠷᠡᠬᠦ ᠶᠢ ᠠᠬᠢᠭᠤᠯᠵᠤ ᠮᠡᠳᠡᠨ᠎ᠠ ᠬᠡᠵᠡᠢ᠃ | ᠤᠳᠤᠬᠠᠨ ᠳᠤ ᠲᠤᠷᠰᠢᠯᠳᠠ ᠶᠢᠨ ᠲᠠᠰᠤᠬ ᠤᠨ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠰᠢᠨ᠎ᠠ ᠲᠢᠳᠢᠮᠯᠢᠭ | ᠸᠢᠷᠦ᠋ᠰ ᠨᠢ ᠬᠠᠭᠤᠷᠠᠢ᠂ ᠬᠦᠢᠳᠡᠨ ᠤᠷᠴᠢᠨ ᠲᠤᠭᠤᠷᠢᠨ ᠳᠤ᠂ ᠢᠯᠠᠩᠭᠤᠶ᠎ᠠ ᠨᠠᠷᠠᠨ ᠤ ᠬᠡᠷᠡᠯ ᠰᠢᠭᠤᠳ ᠲᠤᠰᠬᠤ | ᠦᠬᠡᠢ ᠤᠷᠴᠢᠨ ᠲᠤᠭᠤᠷᠢᠨ ᠳᠤ ᠠᠮᠠᠷᠬᠠᠨ ᠦᠷᠡᠵᠢᠨ ᠠᠮᠢᠳᠤᠷᠠᠨ᠎ᠠ᠃ ᠠᠮᠧᠷᠢᠺᠠ ᠶᠢᠨ ᠫᠠᠷᠢᠨᠰᠳᠦ᠋ᠨ ᠶᠡᠭᠡ | ᠰᠤᠷᠭᠠᠭᠤᠯᠢ ᠶᠢᠨ ᠠᠮᠢᠳᠤ ᠪᠤᠳᠠᠰ ᠤᠨ ᠡᠷᠳᠡᠮᠳᠡᠨ ᠳ᠋ᠢᠯᠦ᠋ᠨ · ᠮᠧᠯᠢᠰ᠂ ᠤᠮᠠᠷᠠᠳᠤ ᠬᠠᠭᠠᠰ ᠪᠦᠮᠪᠦᠷᠴᠡᠭ ᠤᠨ ᠡᠪᠤᠯ | ᠤᠨ ᠤᠯᠠᠷᠢᠯ ᠳᠤ᠂ ᠬᠡᠷ ᠢᠶᠠᠨ ᠲᠤᠯᠠᠭᠠᠯᠠᠬᠤ ᠵᠡᠷᠬᠡ ᠠᠴᠠ ᠪᠤᠯᠵᠤ ᠬᠡᠷ ᠳᠤᠳᠤᠷᠠᠬᠢ ᠲᠤᠯᠠᠭᠠᠨ ᠤ ᠬᠡᠮᠵᠢᠶ᠎ᠠ 20 | ᠭᠷᠡᠳᠦ᠋ᠰ ᠤᠨ ᠤᠷᠴᠢᠮ ᠪᠠᠶᠢᠵᠤ᠂ ᠭᠡᠷ ᠳᠤᠳᠤᠷᠠᠬᠢ ᠠᠭᠤᠷ ᠠᠮᠢᠰᠬᠤᠯ ᠬᠠᠭᠤᠷᠠᠢ᠂ ᠵᠢᠪᠠᠷ ᠨᠡᠪᠳᠡᠷᠡᠬᠦ ᠨᠦᠬᠦᠴᠠᠯ ᠮᠠᠭᠤ | ᠪᠤᠯᠵᠤ᠂ ︽ᠡᠪᠤᠯ ᠤᠯᠠᠷᠢᠯ ᠤᠨ ᠬᠡᠷ ᠳᠤᠳᠤᠷᠠᠬᠢ ᠨᠦᠬᠦᠴᠠᠯ ᠨᠢ ᠸᠢᠷᠦ᠋ᠰ ᠤᠨ ᠲᠤᠭᠳᠠᠪᠤᠷᠢᠳᠤ ᠴᠢᠨᠠᠷ ᠲᠤ ᠲᠦᠢᠯ | ᠤᠨ ᠠᠰᠢᠬᠳᠠᠢ ᠪᠤᠯᠳᠠᠬ︾ ᠬᠡᠵᠤ ᠵᠠᠳᠠᠯᠤᠨ ᠬᠡᠯᠡᠪᠡ᠃ ᠬᠡᠳᠦ᠋ᠢᠪᠡᠷ ᠤᠯᠠᠷᠢᠯ ᠤᠨ ᠬᠤᠪᠢᠷᠠᠯᠳᠠ ᠶᠢᠨ ᠡᠯᠧᠮᠧᠨ᠋ᠲ ᠨᠢ | ᠰᠢᠨ᠎ᠠ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠢ ᠠᠬᠢᠭᠤᠯᠬᠤ ᠪᠤᠯᠪᠠᠴᠤ᠂ ᠢᠷᠡᠬᠡᠳᠤᠢ ᠶᠢᠨ ᠨᠢᠬᠡ ᠬᠤᠭᠤᠴᠠᠭᠠᠨ ᠳᠤ | ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠲᠡᠯᠬᠡᠷᠡᠬᠦ ᠶᠢᠨ ᠭᠤᠤᠯ ︽ᠠᠬᠢᠭᠤᠯᠤᠬᠴᠢ︾ | ᠨᠢ ᠮᠦᠨ ᠯᠠ ᠬᠢᠯᠪᠠᠷᠬᠠᠨ ᠬᠠᠯᠳᠠᠪᠤᠷᠢᠯᠠᠬᠤ ᠬᠦᠮᠤᠰ ᠪᠤᠯᠤᠨ᠎ᠠ ᠬᠡᠵᠤ ᠲᠤᠰᠬᠠᠢ ᠮᠡᠷᠬᠡᠵᠢᠯᠳᠠᠳ ᠵᠢᠭᠠᠵᠤ ᠭᠠᠷᠭᠠᠪᠠ᠃ | ᠫᠡᠷᠢᠨᠰᠳᠦ᠋ᠨ ᠶᠡᠭᠡ ᠰᠤᠷᠭᠠᠭᠤᠯᠢ ᠶᠢᠨ ᠲᠠᠬᠤᠯ ᠡᠪᠡᠳᠴᠢᠨ ᠤ ᠡᠷᠳᠡᠮᠳᠡᠨ ᠯᠸᠢᠢᠴᠢᠶ᠋ᠮᠧᠷ · ᠪᠸᠢᠢᠺᠧ᠂ ᠤᠳᠤᠬᠠᠨ ᠳᠤ | ᠦᠯᠡᠮᠵᠢ ᠤᠯᠠᠨ ᠬᠦᠮᠤᠰ ᠲᠤ ᠰᠢᠨ᠎ᠠ ᠲᠢᠳᠢᠮᠯᠢᠭ ᠸᠢᠷᠦ᠋ᠰ ᠠᠮᠠᠷᠬᠠᠨ ᠬᠠᠯᠳᠠᠪᠤᠷᠢᠯᠠᠵᠤ ᠪᠠᠶᠢᠨ᠎ᠠ᠃ ᠡᠨᠡ ᠨᠢ ᠤᠳᠠᠯ | ᠦᠬᠡᠢ ᠵᠤᠨ ᠤ ᠤᠯᠠᠷᠢᠯ ᠳᠤ ᠤᠷᠤᠬᠤ ᠡᠮᠤᠨᠡᠳᠤ ᠬᠠᠭᠠᠰ ᠪᠦᠮᠪᠦᠷᠴᠡᠭ ᠤᠨ ᠤᠯᠤᠰ ᠲᠤ ᠠᠪᠴᠤ ᠬᠡᠯᠡᠭᠰᠡᠨ ᠴᠤ | ᠬᠦᠮᠤᠰ ᠰᠡᠷᠡᠮᠵᠢ ᠪᠠᠨ ᠦᠯᠤ ᠰᠤᠯᠠᠷᠠᠭᠤᠯᠵᠤ ᠪᠤᠯᠬᠤ ᠶᠢ ᠬᠠᠷᠠᠭᠤᠯᠵᠤ ᠪᠠᠶᠢᠨ᠎ᠠ ᠬᠡᠵᠤ ᠬᠡᠯᠡᠪᠡ᠃ |