ᠬᠤᠶᠠᠳᠤᠭᠠᠷ ᠬᠤᠭᠤᠴᠠᠭᠠᠨ ᠤ ᠪᠦᠬᠦ ᠣᠷᠤᠨ ᠤ ᠤᠯᠠᠭᠠᠨᠮᠦ᠋ᠴᠢᠷ ᠤᠨ ᠰᠢᠨ᠎ᠡ ᠬᠦᠮᠦᠨ ᠰᠢᠨ᠎ᠡ ᠪᠦᠳᠦᠭᠡᠯ ᠤᠨ ᠤᠷᠤᠯᠳᠤᠭᠠᠨ ᠳᠤ ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠲᠥᠷᠪᠡᠨ ᠮᠦᠩᠭᠦᠨ ᠮᠧᠳᠡᠯ ᠲᠣᠰᠣᠯ᠎ᠠ
ᠨᠡᠶᠢᠲᠡᠯᠡᠭᠰᠡᠨ ᠴᠠᠭ᠄
2020/11/25
   11ᠳ᠋ᠦ᠋ᠭᠡᠷ ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠤᠯᠠᠭᠠᠨᠬᠠᠳᠠ ᠳᠤ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ ᠪᠦᠬᠦ ᠣᠷᠤᠨ ᠤ ᠤᠯᠠᠭᠠᠨᠮᠦ᠋ᠴᠢᠷ ᠤᠨ ᠰᠢᠨ᠎ᠡ ᠬᠦᠮᠦᠨ ᠰᠢᠨ᠎ᠡ ᠪᠦᠳᠦᠭᠡᠯ ᠤᠨ ᠤᠷᠤᠯᠳᠤᠭᠠᠨ ᠳᠤ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ ᠲᠠᠭᠤᠤ ︽ᠴᠠᠰᠤ ᠴᠠᠭᠠᠨ ᠴᠠᠮᠴᠠ︾᠂ ᠬᠦᠭᠵᠢᠮᠳᠡᠬᠦ ᠶᠢᠨ ᠨᠠᠶᠢᠷᠠᠯ ︽ᠬᠤᠪᠢᠰ ᠤᠨ ᠤᠶᠠᠩᠭᠠᠯᠠᠯ︾᠂ ᠭᠤᠷᠪᠠᠯᠠᠯ ᠪᠦᠵᠢᠭ ︽ᠬᠦᠬᠦᠷ︾ ᠭᠡᠬᠦ ᠪᠦᠳᠦᠭᠡᠯ ᠨᠢ ᠲᠤᠰ ᠲᠤᠰ ᠮᠦᠩᠭᠦᠨ ᠮᠧᠳᠡᠯ ᠬᠦᠷᠳᠡᠪᠡ᠃    ᠲᠤᠰ ᠤᠳᠠᠭᠠᠨ ᠤ ᠤᠷᠤᠯᠳᠤᠭᠠᠨ ᠳᠤ ᠪᠦᠬᠦ ᠣᠷᠤᠨ ᠤ ᠡᠯ᠎ᠡ ᠠᠶᠢᠮᠠᠭ ᠬᠤᠲᠠ ᠶᠢᠨ ᠤᠯᠠᠭᠠᠨᠮᠦ᠋ᠴᠢᠷ ᠤᠨ 488 ᠪᠦᠳᠦᠭᠡᠯ ᠠᠴᠠ 98 ᠪᠦᠳᠦᠭᠡᠯ ᠰᠤᠩᠭᠤᠭᠳᠠᠨ ᠰᠢᠢᠳᠪᠦᠷᠢᠲᠦ ᠤᠷᠤᠯᠳᠤᠭᠠᠨ ᠤᠷᠤᠯᠴᠠᠵᠤ᠂ ᠮᠠᠨ ᠤ ᠤᠯᠠᠭᠠᠨᠮᠦ᠋ᠴᠢᠷ ᠤᠨ ᠤᠷᠠᠨ ᠪᠦᠳᠦᠭᠡᠯ ᠨᠢ ᠥᠪᠡᠷᠮᠢᠴᠡ ᠤᠨᠴᠠᠯᠢᠭ ᠲᠠᠢ ᠲᠠᠭᠤᠤ᠂ ᠭᠤᠴᠤ ᠰᠠᠶᠢᠬᠠᠨ ᠤᠷᠠᠨ ᠪᠦᠵᠢᠭ ᠢᠶᠠᠷ ᠢᠶᠠᠨ ᠬᠢᠨᠠᠭᠴᠢ ᠦᠵᠡᠭᠴᠢᠳ ᠤᠨ ᠪᠠᠭ᠋ᠠᠷᠬᠠᠯ ᠢ ᠲᠠᠳᠠᠵᠤ ᠤᠷᠤᠯᠳᠤᠭᠠᠨ ᠤ ᠦᠨᠳᠦᠷ ᠠᠮᠵᠢᠯᠲᠠ ᠶᠢ ᠤᠯᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号