ᠬᠦᠪᠡᠭᠡᠲᠦ ᠰᠢᠷ᠎ᠠ ᠬᠤᠰᠢᠭᠤ ᠴᠡᠷᠢᠭ ᠠᠴᠠ ᠬᠠᠯᠠᠭᠳᠠᠭᠰᠠᠳ ᠤᠨ ᠦᠢᠯᠡᠰ ᠡᠷᠬᠢᠯᠡᠬᠦ ᠶᠢ ᠢᠳᠡᠪᠬᠢᠳᠡᠢ ᠲᠡᠮᠵᠢᠪᠡ
ᠨᠡᠶᠢᠲᠡᠯᠡᠭᠰᠡᠨ ᠴᠠᠭ᠄
2020/11/25
    ᠬᠦᠪᠡᠭᠡᠲᠦ ᠰᠢᠷ᠎ᠠ ᠬᠤᠰᠢᠭᠤ ᠴᠡᠷᠢᠭ ᠠᠴᠠ ᠬᠠᠯᠠᠭᠳᠠᠭᠰᠠᠳ ᠢ ︽ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠥᠮᠡᠨ ᠣᠯᠠᠨ ᠢᠶᠠᠷ ᠢᠶᠠᠨ ᠰᠢᠨ᠎ᠡ ᠶᠢ ᠡᠬᠦᠳᠬᠦ︾ ᠦᠢᠯᠡᠳᠦᠯᠭᠡ ᠳᠤ ᠤᠷᠤᠯᠴᠠᠭᠤᠯᠤᠨ᠂ ᠴᠡᠷᠢᠭ ᠠᠴᠠ ᠬᠠᠯᠠᠭᠳᠠᠭᠰᠠᠳ ᠤᠨ ᠥᠪᠡᠷ ᠤᠨ ᠥᠷᠳᠡᠭ ᠢ ᠢᠯᠡᠷᠡᠬᠦᠯᠵᠦ ᠪᠣᠢ᠃     ᠡᠨᠡ ᠵᠢᠯ ᠤᠨ 4 ᠰᠠᠷ᠎ᠠ ᠳᠤ ᠪᠠᠶᠢᠭᠤᠯᠤᠭᠳᠠᠭᠰᠠᠨ ᠬᠦᠪᠡᠭᠡᠲᠦ ᠰᠢᠷ᠎ᠠ ᠬᠤᠰᠢᠭᠤᠨ ᠤ ︽ᠳᠠᠶᠢᠴᠢᠳ︾ ᠬᠤᠣᠷ ᠬᠦᠨᠦᠭᠡᠯᠲᠦ ᠠᠮᠢᠳᠤ ᠪᠤᠳᠠᠰ ᠢ ᠰᠡᠷᠭᠡᠶᠢᠯᠡᠨ ᠤᠰᠠᠳᠬᠠᠬᠤ ᠦᠢᠯᠡᠴᠢᠯᠡᠭᠡᠨ ᠤ ᠬᠢᠵᠠᠭᠠᠷᠲᠤ ᠺᠤᠮᠫᠠᠨᠢ ᠪᠣᠯ ᠴᠡᠷᠢᠭ ᠠᠴᠠ ᠬᠠᠯᠠᠭᠳᠠᠨ ᠨᠣᠲᠤᠭ ᠲᠠᠭᠠᠨ ᠪᠤᠴᠠᠨ ᠢᠷᠡᠭᠰᠡᠨ ᠠᠯᠳᠠᠷᠲᠤ᠂ ᠬᠠᠳᠠ ᠵᠡᠷᠭᠡ 7 ᠵᠠᠯᠠᠭᠤ ᠶᠢᠨ ᠬᠠᠮᠲᠤ ᠪᠠᠷ ᠡᠷᠬᠢᠯᠡᠭᠰᠡᠨ ᠺᠤᠮᠫᠠᠨᠢ ᠶᠤᠮ᠃ ᠲᠤᠰ ᠺᠤᠮᠫᠠᠨᠢ ᠨᠢ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠰ ᠡᠷᠬᠢᠯᠡᠬᠦ ᠶᠢ ᠳᠡᠮᠵᠢᠬᠦ ᠬᠠᠮᠢᠶᠠᠲᠠᠢ ᠲᠥᠷᠦ ᠶᠢᠨ ᠪᠤᠳᠣᠯᠭ᠎ᠠ ᠶᠢᠨ ᠠᠵᠠ ᠲᠣᠬᠢᠶᠠᠯ ᠢᠶᠠᠷ ᠬᠤᠰᠢᠭᠤᠨ ᠤ ᠦᠢᠡᠯᠰ ᠴᠤᠭᠴᠠᠯᠠᠬᠤ ᠬᠦᠷᠢᠶᠡᠯᠡᠩ ᠳᠤ ᠦᠨ᠎ᠡ ᠲᠦᠯᠦᠪᠦᠷᠢ ᠦᠬᠡᠢ ᠡᠵᠡᠩᠨᠡᠯᠲᠡ ᠶᠢᠨ ᠲᠠᠯᠠᠪᠤᠷ ᠲᠠᠢ ᠪᠤᠯᠤᠭᠰᠠᠨ ᠢᠶᠠᠷ ᠪᠠᠷᠠᠬᠤ ᠦᠭᠡᠢ ᠬᠠᠮᠢᠶᠠᠲᠠᠢ ᠰᠠᠯᠠᠭ᠎ᠠ ᠮᠦᠴᠢᠷ ᠨᠢ ᠲᠡᠳᠡᠨ ᠢ ᠬᠠᠪᠰᠤᠷᠤᠨ ᠢᠳᠡᠪᠬᠢᠳᠡᠢ ᠠᠵᠢᠯ ᠬᠠᠷᠢᠴᠠᠨ ᠥᠭᠬᠦ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠡᠷᠭᠡ ᠠᠷᠭ᠎ᠠ ᠪᠠᠷᠢᠯ ᠢᠶᠠᠷ ᠳᠡᠮᠵᠢᠯᠭᠡ ᠦᠵᠡᠬᠦᠯᠵᠡᠢ᠃     ᠲᠤᠰ ᠺᠤᠮᠫᠠᠨᠢ ᠨᠢ ᠲᠢᠳᠢᠮᠯᠢᠭ ᠠᠭᠤᠰᠬᠢᠨ ᠥᠷᠪᠢᠰᠦᠯ ᠠᠴᠠ ᠤᠷᠢᠳᠴᠢᠯᠠᠨ ᠰᠡᠷᠭᠡᠶᠢᠯᠡᠬᠦ ᠠᠷᠢᠭᠤᠳᠬᠠᠯ ᠬᠢᠬᠦ ᠪᠠ ᠲᠥᠷᠪᠡᠨ ᠬᠤᠣᠷᠲᠠᠨ ︵ᠢᠯᠠᠭ᠎ᠠ᠂ ᠰᠢᠮᠠᠭᠤᠯ᠂ ᠵᠣᠣᠮ᠎ᠠ ᠬᠤᠷᠤᠬᠠᠢ᠂ ᠬᠤᠯᠤᠭᠠᠨ᠎ᠠ︶ ᠢ ᠤᠰᠠᠳᠬᠠᠬᠤ ᠵᠡᠷᠭᠡ ᠠᠵᠢᠯ ᠢ ᠬᠢᠵᠤ᠂ ︽ᠰᠢᠳᠤᠷᠭᠤ᠂ ᠬᠢᠴᠢᠶᠡᠩᠬᠦᠢ᠂ ᠦᠷ᠎ᠡ ᠠᠰᠢᠭᠲᠠᠢ᠂ ᠰᠢᠨᠡᠴᠢᠯᠡᠬᠦ︾ ᠬᠦᠭᠵᠢᠯᠲᠡ ᠶᠢᠨ ᠵᠠᠷᠴᠢᠮ ᠢ ᠪᠠᠷᠢᠮᠳᠠᠯᠠᠨ᠂ ᠴᠡᠷᠢᠭ ᠬᠦᠮᠦᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠣᠬᠤᠷᠬᠠᠨ ᠬᠡᠳᠦᠨ ᠰᠠᠷ᠎ᠠ ᠶᠢᠨ ᠬᠤᠭᠤᠴᠠᠭᠠᠨ ᠳᠤ ᠰᠤᠷᠭᠠᠭᠤᠯᠢ᠂ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠵᠡᠷᠭᠡ ᠭᠠᠵᠠᠷ ᠲᠤ ᠦᠨ᠎ᠡ ᠲᠦᠯᠦᠪᠦᠷᠢ ᠦᠭᠡᠢ ᠠᠷᠢᠭᠤᠳᠬᠠᠬᠤ ᠦᠢᠯᠡᠴᠢᠯᠡᠭᠡ ᠬᠠᠩᠭᠠᠵᠠᠢ᠃     ︽ᠰᠦᠨ ᠳᠠᠯᠠᠢ︾ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠤᠮᠫᠠᠨᠢ ᠪᠣᠯ ᠬᠦᠪᠡᠭᠡᠲᠦ ᠰᠢᠷ᠎ᠠ ᠬᠤᠰᠢᠭᠤᠨ ᠤ ᠴᠡᠷᠢᠭ ᠠᠴᠠ ᠬᠠᠯᠠᠭᠳᠠᠭᠰᠠᠨ ᠴᠡᠷᠢᠭ ᠦᠯᠵᠡᠶᠢᠪᠠᠭᠠᠲᠤᠷ ᠤᠨ ᠬᠤᠶᠠᠷ ᠣᠶᠤᠲᠠᠨ ᠨᠠᠶᠢᠵᠠ  ᠲᠠᠢ ᠪᠠᠨ ᠬᠠᠮᠳᠤᠷᠠᠨ ᠪᠠᠶᠢᠭᠤᠯᠤᠭᠰᠠᠨ ᠺᠤᠮᠫᠠᠨᠢ ᠪᠠᠶᠢᠵᠤ᠂ ᠭᠤᠣᠯᠳᠠᠭᠤ ᠬᠤᠳᠠᠯᠳᠤᠭᠠᠨ ᠤ ᠲᠠᠪᠴᠠᠩ ᠲᠡᠭᠡᠷ᠎ᠡ ᠪᠠᠨ ᠨᠣᠲᠤᠭ ᠤᠨ ᠢᠶᠠᠨ ᠴᠠᠭᠠᠨ ᠢᠳᠡᠭᠡ᠂ ᠦᠨᠳᠦᠰᠦᠳᠡᠨ ᠤ ᠣᠨᠴᠠᠯᠢᠭᠲᠤ ᠪᠦᠳᠦᠭᠡᠭᠳᠡᠬᠦᠨ ᠪᠠ ᠦᠬᠡᠷ ᠬᠤᠨᠢᠨ ᠤ ᠮᠢᠬ᠎ᠠ ᠶᠢ ᠪᠤᠷᠤᠯᠠᠭᠤᠯᠵᠤ ᠪᠤᠢ᠃ ᠲᠤᠰ ᠺᠤᠮᠫᠠᠨᠢ ᠨᠢ ᠬᠤᠰᠢᠭᠤᠨ ᠤ ᠦᠢᠯᠡᠰ ᠪᠤᠰᠬᠠᠬᠤ ᠶᠢ ᠳᠡᠮᠵᠢᠬᠦ 10 ᠲᠥᠮᠡᠨ ᠲᠦᠭᠦᠷᠢᠭ ᠤᠨ ᠵᠢᠭᠡᠯᠡᠯᠭᠡ ᠶᠢ ᠬᠦᠷᠳᠡᠵᠦ᠂ ᠦᠢᠯᠡᠰ ᠡᠷᠬᠢᠯᠡᠭᠰᠡᠨ ᠠᠩᠬᠠᠨ ᠤ ᠱᠠᠳᠤᠨ ᠤ ᠡᠷᠬᠢᠯᠲᠡ ᠶᠢᠨ ᠪᠡᠯᠡ ᠮᠦᠩᠭᠦᠨ ᠤ ᠠᠰᠠᠭᠤᠳᠠᠯ ᠢᠶᠠᠨ ᠰᠢᠢᠳᠪᠦᠷᠢᠯᠡᠵᠡᠢ᠃     ᠣᠷᠴᠢᠮ ᠤᠨ ᠵᠢᠯ ᠤᠨ ᠲᠤᠷᠰᠢ᠂ ᠬᠦᠪᠡᠭᠡᠲᠦ ᠰᠢᠷ᠎ᠠ ᠬᠤᠰᠢᠭᠤ ᠪᠦᠬᠦ ᠬᠤᠰᠢᠭᠤᠨ ᠤ ᠠᠵᠢᠯ ᠤᠯᠤᠭᠠᠲᠤᠢ ᠬᠠᠯᠠᠭᠳᠠᠭᠰᠠᠨ ᠴᠡᠷᠢᠭ ᠢ ᠪᠦᠷᠢᠳᠭᠡᠨ᠂ ᠴᠡᠷᠢᠭ ᠠᠴᠠ ᠬᠠᠯᠠᠭᠳᠠᠭᠰᠠᠳ ᠤᠨ ᠰᠤᠷᠠᠭ ᠵᠠᠩᠭᠢ ᠶᠢᠨ ᠬᠦᠮᠦᠷᠭᠡ ᠶᠢ ᠪᠠᠶᠢᠭᠤᠯᠵᠤ᠂ ᠠᠵᠢᠯ ᠣᠯᠭᠤᠯᠲᠠ ᠶᠢᠨ ᠪᠤᠯᠪᠠᠰᠤᠷᠠᠯ ᠬᠦᠷᠳᠡᠭᠡᠵᠦ᠂ ᠴᠡᠷᠢᠭ ᠠᠴᠠ ᠬᠠᠯᠠᠭᠳᠠᠭᠰᠠᠳ ᠳᠤ ᠠᠵᠢᠯ ᠣᠯᠭᠤᠬᠤ ᠶᠢ ᠠᠬᠢᠭᠤᠯᠵᠤ᠂ ᠦᠢᠯᠡᠰ ᠡᠷᠬᠢᠯᠡᠭᠴᠢᠳ ᠲᠤ ᠠᠵᠢᠯᠯᠠᠬᠤ ᠭᠠᠵᠠᠷ ᠬᠠᠩᠭᠠᠬᠤ᠂ ᠦᠢᠯᠡᠰ ᠪᠤᠰᠬᠠᠬᠤ ᠵᠢᠭᠡᠯᠡᠯᠭᠡ ᠣᠯᠭᠤᠬᠤ ᠵᠡᠷᠭᠡ ᠠᠷᠭ᠎ᠠ ᠪᠠᠷᠢᠯ ᠢᠶᠠᠷ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠶᠢ ᠬᠦᠴᠦᠳᠡᠢ ᠳᠡᠮᠵᠢᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠲᠣᠷᠭᠠᠨ ᠨᠤᠲᠤᠭ ᠬᠦᠪᠡᠭᠡᠲᠦ ᠰᠢᠷ᠎ᠠ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号