ᠬᠥᠪᠡᠭᠡᠲᠦ ᠰᠢᠷ᠎ᠠ ᠬᠤᠰᠢᠭᠤ ᠥᠨᠳᠥᠷ ᠬᠡᠪ ᠪᠣᠯᠪᠠᠰᠤᠷᠠᠯ ᠲᠠᠢ ᠮᠠᠯᠴᠢᠳ ᠢ ᠬᠦᠮᠦᠵᠢᠬᠦᠯᠬᠦ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/11/25
     ᠤᠢᠢᠷ᠎ᠠ ᠳᠤ᠂ ᠬᠥᠪᠡᠭᠡᠲᠦ ᠰᠢᠷ᠎ᠠ ᠬᠤᠰᠢᠭᠤ 2020 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠳ ᠢ ᠬᠦᠮᠦᠵᠢᠬᠦᠯᠬᠦ ᠪᠣᠯᠪᠠᠰᠤᠷᠠᠯ ᠶᠠᠪᠤᠭᠳᠠᠭᠤᠯᠪᠠ᠃      ᠲᠤᠰ ᠤᠳᠠᠭᠠᠨ ᠤ ᠪᠤᠯᠪᠠᠰᠤᠷᠠᠯ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ᠂ ᠨᠠᠮ ᠤᠨ ᠰᠤᠷᠭᠠᠭᠤᠯᠢ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠦᠪᠡᠭᠡᠳᠦ ᠰᠢᠷ᠎ᠠ ᠬᠤᠰᠢᠭᠤᠨ ᠤ ᠮᠠᠯ ᠠᠵᠤ ᠠᠬᠤᠶ ᠶᠢᠨ ᠠᠵᠢᠯᠯᠠᠬᠤ ᠥᠷᠲᠡᠭᠡ᠂ ᠠᠵᠤ ᠠᠬᠤᠶ ᠶᠢᠨ ᠬᠠᠮᠢᠶᠠᠷᠤᠯᠲᠠ ᠶᠢᠨ ᠥᠷᠲᠡᠭᠡ ᠵᠡᠷᠭᠡ ᠭᠠᠵᠠᠷ ᠤᠨ ᠯᠧᠺᠲ᠋ᠣᠷ ᠢ ᠤᠷᠢᠵᠤ᠂ ᠲᠡᠵᠢᠭᠡᠯ ᠪᠣᠷᠳᠤᠭ᠎ᠠ ᠨᠠᠶᠢᠷᠠᠭᠤᠯᠬᠤ ᠮᠡᠷᠭᠡᠵᠢᠯ ᠪᠠ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠦᠳᠦᠮᠵᠢᠳᠡᠢ ᠵᠤᠯᠭᠠᠭᠤᠯᠬᠤ᠂ ᠮᠠᠯᠴᠢᠨ ᠲᠠᠷᠢᠶᠠᠴᠢᠳ ᠤᠨ ᠬᠡᠪ ᠴᠢᠨᠠᠷ ᠢ ᠲᠡᠭᠡᠭᠰᠢᠯᠡᠬᠦᠯᠵᠦ ᠮᠠᠯᠵᠢᠬᠤ ᠲᠠᠷᠢᠶᠠᠯᠠᠬᠤ ᠣᠷᠣᠨ ᠤ ᠤᠳᠤᠬᠢᠴᠢᠯᠠᠯᠳᠠ ᠶᠢ ᠪᠡᠶᠡᠯᠡᠭᠦᠯᠬᠦ᠂ ᠴᠠᠬᠠᠷ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠮᠠᠯ ᠠᠵᠤ ᠠᠬᠤᠢ ᠶᠢᠨ ᠰᠡᠳᠬᠢᠴᠡ ᠵᠢᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠳᠠᠩᠰᠠ ᠪᠣᠳᠣᠵᠤ ᠮᠠᠯ ᠮᠠᠯᠵᠢᠬᠤ ᠵᠢᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠩᠨᠡᠯᠳᠡ ᠬᠠᠮᠢᠶᠠᠷᠤᠯᠳᠠ ᠵᠡᠷᠭᠡ ᠠᠭᠤᠯᠭ᠎ᠠ ᠪᠠᠷ ᠶᠠᠪᠤᠭᠳᠠᠵᠦ᠂ ᠪᠦᠬᠦ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠳᠠᠨ᠂ ᠭᠠᠴᠠᠭᠠᠨ ᠤ ᠬᠤᠶᠠᠷ ᠪᠠᠭ ᠤᠨ ᠪᠦᠷᠢᠯᠳᠦᠬᠦᠨ᠂ ᠡᠮᠡᠭᠳᠡᠶᠢᠴᠤᠳ ᠤᠨ ᠬᠤᠯᠪᠤᠭᠠᠳᠦ ᠬᠤᠷᠠᠯ ᠤᠨ ᠭᠡᠰᠢᠬᠦᠨ ᠵᠡᠷᠭᠡ ᠨᠡᠶᠢᠳᠡ 110 ᠬᠦᠮᠦᠨ ᠪᠤᠯᠪᠠᠰᠤᠷᠠᠯ ᠳᠤ ᠤᠷᠤᠯᠴᠠᠨ᠂ ᠪᠤᠯᠪᠠᠰᠤᠷᠠᠯ ᠨᠢ 11 ᠰᠠᠷ ᠎ᠠ ᠶᠢᠨ 11 ᠤ ᠡᠳᠦᠷ ᠠᠴᠠ 16 ᠤ ᠡᠳᠤᠷ ᠬᠦᠷᠳᠡᠯ᠎ᠡ ᠶᠠᠪᠤᠭᠳᠠᠪᠠ᠃      ᠬᠦᠪᠡᠭᠡᠳᠦ ᠰᠢᠷ᠎ᠠ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠳ ᠢ ᠬᠥᠮᠦᠵᠢᠭᠦᠯᠬᠦ ᠠᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢᠨ ᠲᠣᠭᠤᠷᠢᠨ ᠳᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠦ᠂ ᠮᠠᠯᠴᠢᠨ ᠲᠠᠷᠢᠶᠠᠴᠢᠨ ᠤ ᠮᠡᠳᠡᠯᠭᠡ ᠤᠷ᠎ᠠ ᠴᠢᠳᠠᠪᠤᠷᠢ ᠶᠢᠨ ᠬᠡᠷᠡᠭᠴᠡᠭᠡ ᠶᠢ ᠬᠠᠩᠭᠠᠬᠤ ᠪᠠᠷ ᠭᠤᠣᠯ ᠪᠣᠯᠭᠠᠵᠤ᠂ ᠪᠤᠯᠪᠠᠰᠤᠷᠠᠭᠤᠯᠤᠨ ᠬᠦᠮᠦᠵᠢᠬᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠳᠠᠯᠢ ᠪᠤᠰᠤ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠶᠢ ᠦᠨᠳᠦᠰᠦᠯᠡᠨ᠂ ᠲᠤᠬᠠᠶ ᠶᠢᠨ ᠭᠠᠵᠠᠷ ᠲᠤ ᠨᠢ ᠬᠥᠮᠦᠵᠢᠭᠦᠯᠬᠦ᠂ ᠮᠡᠷᠭᠡᠵᠢᠯ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠠᠵᠤ ᠦᠢᠯᠡᠰ᠂ ᠳᠡᠰ ᠳᠠᠪᠬᠤᠷᠭ᠎ᠠ᠂ ᠱᠠᠲᠤ ᠦᠶ᠎ᠡ ᠬᠤᠪᠢᠶᠠᠨ ᠥᠨᠳᠥᠷ ᠬᠡᠪ ᠪᠤᠯᠪᠠᠰᠤᠷᠠᠯ ᠲᠠᠢ ᠮᠠᠯᠴᠢᠳ ᠢ ᠬᠦᠮᠦᠵᠢᠬᠦᠯᠵᠦ᠂ ᠮᠠᠯᠴᠢᠳ ᠤᠨ ᠮᠡᠷᠭᠡᠵᠢᠯ ᠤᠨ ᠪᠣᠯᠪᠠᠰᠤᠷᠠᠯ ᠪᠣᠯᠤᠨ ᠰᠤᠷᠤᠯᠭ᠎ᠠ ᠶᠢᠨ ᠨᠠᠮᠲᠠᠷ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ ᠪᠤᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号