ᠬᠦᠪᠡᠭᠡᠳᠦ ᠰᠢᠷ᠎ᠠ ᠬᠤᠰᠢᠭᠤ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠦ ᠦᠢᠯᠡᠳᠦᠯᠭᠡ ᠳᠤ ᠰᠠᠶᠢᠳᠤᠷ ᠭᠡᠷᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2020/11/25
     ᠤᠶᠢᠷ᠎ᠠ ᠶᠢᠨ ᠡᠳᠦᠷ᠂ ᠬᠦᠪᠡᠭᠡᠳᠦ ᠰᠢᠷ᠎ᠠ ᠬᠤᠰᠢᠭᠤ ᠠᠶᠢᠮᠠᠭ ᠤᠨ ᠨᠠᠮ ᠤᠨ ᠰᠤᠷᠭᠠᠭᠤᠯᠢ ᠠᠴᠠ ᠲᠤᠰᠬᠠᠢ ᠪᠠᠭᠰᠢ ᠵᠠᠯᠠᠵᠤ᠂ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢᠨ ᠲᠤᠭᠤᠷᠢᠨ ᠳᠤ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠪᠠᠳᠤᠯᠠᠬᠤ ᠲᠤᠬᠠᠢ ᠲᠤᠰᠬᠠᠢ ᠰᠡᠳᠤᠪᠳᠦ ᠲᠠᠶᠢᠯᠤᠮᠵᠢ ᠬᠢᠭᠰᠡᠨ ᠪᠠᠶᠢᠨ᠎ᠠ᠃      ︽ᠪᠤᠬᠢᠷᠳᠤᠯ ᠦᠬᠡᠢ ᠬᠦᠭᠵᠢᠯᠳᠡ ᠶᠢ ᠠᠬᠢᠭᠤᠯᠵᠤ᠂ ᠬᠦᠮᠦᠨ ᠪᠠᠶᠢᠭᠠᠯᠢ ᠶᠢᠨ ᠡᠶ᠎ᠡ ᠨᠠᠶᠢᠷᠠᠮᠳᠠᠭᠤ ᠬᠠᠮᠳᠤᠪᠠᠷ ᠤᠷᠤᠰᠢᠬᠤ ᠶᠢ ᠠᠬᠢᠭᠤᠯᠬᠤ︾ ᠪᠤᠯ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠲᠤᠷᠠᠳᠤᠭᠰᠠᠨ 12 ᠲᠠᠯ᠎ᠠ ᠶᠢᠨ ᠴᠢᠬᠤᠯᠠ ᠡᠬᠦᠷᠬᠡ ᠶᠢᠨ ᠲᠤᠳᠤᠷᠠᠬᠢ ᠨᠢᠬᠡ ᠨᠢ ᠶᠤᠮ᠃ ᠮᠦᠨ ᠴᠦ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠡᠷᠬᠡᠪᠰᠢ ᠪᠠᠷᠢᠮᠳᠠᠯᠠᠬᠤ ᠬᠠᠮᠤᠭ ᠦᠨᠳᠦᠰᠦᠨ᠂ ᠬᠠᠮᠤᠭ ᠤᠷᠢᠳᠠᠯ ᠨᠦᠬᠦᠴᠡᠯ ᠪᠤᠯᠤᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠬᠦᠪᠡᠭᠡᠳᠦ ᠰᠢᠷ᠎ᠠ ᠬᠤᠰᠢᠭᠤ ᠠᠮᠢ ᠠᠬᠤᠢ ᠶᠢ ᠬᠠᠮᠠᠭᠠᠯᠠᠬᠤ᠂ ᠠᠮᠢ ᠠᠬᠤᠢ ᠶᠢ ᠰᠡᠷᠬᠦᠬᠡᠬᠦ ᠠᠵᠢᠯ ᠢ ᠠᠵᠤ ᠠᠬᠤᠢ ᠨᠡᠶᠢᠬᠡᠮ ᠤᠨ ᠬᠦᠭᠵᠢᠯᠳᠡ ᠲᠠᠢ ᠤᠷᠭᠠᠨᠢᠭ ᠢᠶᠠᠷ ᠤᠶᠠᠯᠳᠤᠭᠤᠯᠤᠨ᠂ 2018 ᠤᠨ ᠳᠤ ᠪᠤᠭᠳᠠ ᠶᠢᠨ ᠭᠤᠤᠯ ᠰᠤᠮᠤ ᠶᠢᠨ ᠤᠩᠭᠤᠴᠠ ᠭᠠᠴᠠᠭᠠᠨ ᠳᠤ ᠪᠠᠶᠢᠭ᠎ᠠ ᠤᠤᠯ ᠤᠨ ᠴᠢᠯᠠᠭᠤ ᠮᠠᠯᠳᠠᠵᠤ ᠪᠠᠶᠢᠭᠰᠠᠨ ᠬᠠᠶᠠᠭᠳᠠᠮᠠᠯ ᠪᠠᠭᠤᠷᠢ ᠵᠢᠴᠢ ᠡᠷᠬᠢᠨ ᠲᠤᠭᠤᠷᠢᠨ ᠢ ᠨᠢ ᠪᠠᠭᠳᠠᠭᠠᠭᠰᠠᠨ 1 ᠲᠦᠮᠡᠨ ᠬᠠᠪᠳᠠᠭᠠᠢ ᠲᠦᠷᠪᠡᠯᠵᠢᠨ ᠮᠧᠲᠷ ᠬᠠᠶᠠᠭᠳᠠᠮᠠᠯ ᠭᠠᠵᠠᠷ ᠢ ᠲᠠᠬᠢᠨ ᠠᠰᠢᠭᠯᠠᠨ᠂ ᠰᠤᠷᠤᠯᠴᠠᠯᠭ᠎ᠠ᠂ ᠦᠢᠯᠡᠳᠦᠯᠬᠡ᠂ ᠰᠤᠳᠤᠯᠭ᠎ᠠ ᠶᠢ ᠨᠢᠬᠡ ᠴᠤᠭᠴᠠᠵᠢᠭᠤᠯᠤᠭᠰᠠᠨ ︽ᠰᠤᠷᠤᠨ᠎ᠠ︾ ᠵᠤᠰᠠᠯᠠᠩ ᠪᠠᠶᠢᠭᠤᠯᠵᠤ᠂ ᠬᠦᠮᠦᠨ ᠠᠷᠠᠳ ᠲᠤ ᠤᠶᠤᠨ ᠤ ᠰᠢᠮ᠎ᠡ ᠬᠠᠩᠭᠠᠵᠤ ᠪᠠᠶᠢᠨ᠎ᠠ᠃ ᠡᠬᠦᠨ ᠢᠶᠠᠷ ᠪᠠᠷᠠᠬᠤ ᠦᠬᠡᠢ᠂ ᠲᠤᠰ ᠬᠤᠰᠢᠭᠤ ᠪᠠᠰᠠ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡ ᠪᠠᠨ ᠠᠵᠤ ᠦᠢᠯᠡᠰᠵᠢᠬᠦᠯᠦᠨ ᠬᠥᠭᠵᠢᠬᠦᠯᠵᠥ᠂ ᠬᠡᠷᠡᠭᠯᠡᠭᠴᠢᠳ ᠤᠨ ᠲᠠᠭᠠᠰᠢᠶᠠᠯ ᠳᠤ ᠬᠦᠷᠭᠡᠵᠥ᠂ ᠠᠮᠢ ᠠᠬᠤᠢ ᠶᠢᠨ ᠬᠠᠮᠠᠭᠠᠯᠠᠯᠳᠠ᠂ ᠰᠤᠶᠤᠯ ᠤᠨ ᠵᠠᠯᠭᠠᠮᠵᠢᠯᠠᠯ᠂ ᠠᠵᠤ ᠠᠬᠤᠢ ᠶᠢᠨ ᠬᠦᠭᠵᠢᠯᠳᠡ ᠶᠢᠨ ᠭᠤᠷᠮᠤᠰᠤᠨ ᠡᠷᠴᠢᠮ ᠢᠶᠠᠷ ᠰᠢᠨ᠎ᠡ ᠡᠷᠢᠨ ᠤ ᠤᠷᠤᠨ ᠨᠤᠲᠤᠭ ᠤᠨ ᠬᠥᠭᠵᠢᠯᠲᠡ ᠪᠠᠨ ᠠᠬᠢᠭᠤᠯᠵᠥ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号