ᠬᠦᠪᠡᠬᠡᠳᠦ ᠰᠢᠷ᠎ᠠ ᠬᠤᠰᠢᠭᠤ ᠵᠢᠷᠭᠤᠳᠤᠭᠠᠷ ᠪᠦᠯᠦᠭ ︽ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ︾ ᠪᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2020/11/25
      ᠤᠢᠢᠷ᠎ᠠ ᠶᠢᠨ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠨᠢᠬᠡᠳᠦᠮᠡᠯ ᠹᠷᠤᠨᠲ ᠤᠨ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠬᠦᠬᠡᠬᠤᠳᠠ ᠶᠢᠨ ᠰᠢᠨ᠎ᠡ ᠬᠤᠳᠠ ᠲᠤᠭᠤᠷᠢᠭ ᠵᠡᠷᠬᠡ 75 ᠭᠠᠵᠠᠷ ᠤᠷᠤᠨ ᠪᠤᠯᠤᠨ ᠪᠠᠶᠢᠭᠤᠯᠭ᠎ᠠ ᠨᠢᠬᠡᠴᠢ ᠶᠢ ᠵᠢᠷᠭᠤᠳᠤᠭᠠᠷ ᠪᠦᠯᠦᠭ ︽ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ︾ ᠪᠠᠷ ᠨᠡᠷᠡᠶᠢᠳᠴᠦ᠂ ᠮᠠᠨ ᠤ ᠠᠶᠢᠮᠠᠭ ᠠᠴᠠ ᠬᠦᠪᠡᠬᠡᠳᠦ ᠰᠢᠷ᠎ᠠ ᠬᠤᠰᠢᠭᠤ ᠲᠤᠰ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃       ᠤᠷᠴᠢᠮ ᠤᠨ ᠵᠢᠯ ᠠᠴᠠ ᠨᠠᠭᠠᠰᠢ᠂ ᠬᠦᠪᠡᠬᠡᠳᠦ ᠰᠢᠷ᠎ᠠ ᠬᠤᠰᠢᠭᠤ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠢ ᠲᠦᠪ ᠴᠢᠩᠭ᠎ᠠ ᠬᠡᠷᠡᠭᠵᠢᠬᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠦ᠂ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤᠬᠠᠮᠰᠠᠷ ᠠᠴᠠ ᠪᠠᠨ ᠦᠨᠳᠦᠰᠦᠳᠡᠨ ᠤ ᠪᠦᠯᠬᠦᠮᠳᠡᠯ ᠢ ᠡᠷᠬᠢᠮᠯᠡᠨ᠂ ᠪᠦᠬᠦ ᠬᠤᠰᠢᠭᠤᠨ ᠳᠤ ᠦᠨᠳᠦᠰᠦᠳᠡᠨ ᠪᠦᠯᠬᠦᠮᠳᠡᠭᠰᠡᠨ᠂ ᠠᠵᠤ ᠠᠬᠤᠢ ᠬᠦᠭᠵᠢᠭᠰᠡᠨ᠂ ᠨᠡᠶᠢᠬᠡᠮ ᠡᠶ᠎ᠡ ᠵᠤᠬᠢᠴᠠᠩᠭᠤᠢ᠂ ᠠᠷᠠᠳ ᠲᠦᠮᠡᠨ ᠵᠤᠯ ᠵᠢᠷᠭᠠᠯᠳᠠᠢ ᠪᠠᠶᠢᠳᠠᠯ ᠢᠯᠡᠷᠡᠵᠠᠢ᠃ 2014 ᠤᠨ ᠳᠤ ᠬᠦᠪᠡᠬᠡᠳᠦ ᠰᠢᠷ᠎ᠠ ᠬᠤᠰᠢᠭᠤᠨ ᠤ ᠲᠠᠪᠤᠰᠤᠨᠭᠤᠤᠯ ᠭᠠᠴᠠᠭ᠎ᠠ ︽ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠠᠮᠳᠤ ᠨᠢᠬᠡᠴᠢ︾ ᠪᠠᠷ ᠬᠦᠬᠢᠬᠦᠯᠦᠭᠳᠡᠵᠦ᠂ 2019 ᠤᠨ ᠳᠤ ᠬᠦᠪᠡᠬᠡᠳᠦ ᠰᠢᠷ᠎ᠠ ᠬᠤᠰᠢᠭᠤᠨ ᠤ ᠬᠠᠰᠢᠶᠠᠳᠤ ᠨᠡᠶᠢᠬᠡᠮ ᠲᠤᠭᠤᠷᠢᠭ ᠨᠢ ᠲᠦᠷᠪᠡᠳᠦᠬᠡᠷ ᠪᠦᠯᠦᠭ ︽ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠴᠤᠭᠴᠠᠯᠠᠨ ᠪᠠᠶᠢᠭᠤᠯᠬᠤ ᠵᠢᠱᠢᠶ᠎ᠡ ᠦᠵᠡᠬᠦᠯᠬᠦ ᠨᠢᠬᠡᠴᠢ︾ ᠪᠠᠷ ᠨᠡᠷᠡᠶᠢᠳᠦᠭᠳᠡᠭᠰᠡᠨ ᠶᠤᠮ᠃       ᠬᠦᠪᠡᠬᠡᠳᠦ ᠰᠢᠷ᠎ᠠ ᠬᠤᠰᠢᠭᠤ ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠡᠭᠬᠦ ᠶᠢ ᠢᠳᠡᠪᠬᠢᠳᠠᠢ ᠡᠷᠡᠮᠡᠯᠵᠡᠯᠡᠵᠦ᠂ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠦᠢᠯᠡᠰ ᠪᠤᠰᠬᠠᠨ ᠪᠠᠶᠠᠵᠢᠨ ᠴᠢᠨᠡᠬᠡᠯᠢᠭᠵᠢᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠢᠢᠷᠠᠭᠤᠯᠬᠤ᠂ ᠦᠨᠳᠦᠰᠦᠳᠡᠨ ᠤ ᠰᠤᠶᠤᠯ ᠢ ᠤᠯᠠᠮᠵᠢᠯᠠᠨ ᠬᠦᠭᠵᠢᠬᠦᠯᠬᠦ ᠵᠡᠷᠬᠡ ᠲᠠᠯ᠎ᠠ ᠳᠤ ᠪᠡᠯᠡ ᠤᠷᠤᠭᠤᠯᠵᠤ᠂ ᠪᠦᠬᠦ ᠬᠤᠰᠢᠭᠤᠨ ᠤ 3.1 ᠲᠦᠮᠡᠨ ᠡᠯ᠎ᠡ ᠦᠨᠳᠦᠰᠦᠳᠡᠨ ᠤ ᠤᠯᠠᠨ ᠲᠦᠮᠡᠨ ᠳᠤ ᠠᠰᠢᠭ ᠬᠦᠷᠳᠡᠬᠡᠵᠦ᠂ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠤᠭᠰᠠᠨ ᠪᠠᠶᠢᠨ᠎ᠠ᠃ 2016 ᠤᠨ — 2018 ᠤᠨ ᠬᠦᠷᠳᠡᠯ᠎ᠡ᠂ ᠪᠦᠬᠦ ᠬᠤᠰᠢᠭᠤᠨ ᠳᠤ ᠨᠡᠶᠢᠳᠡ 930 ᠲᠦᠮᠡᠨ ᠲᠦᠬᠦᠷᠢᠭ ᠤᠨ ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠡᠭᠬᠦ ᠶᠢᠨ ᠲᠦᠷᠦᠯ ᠵᠦᠢᠯ ᠢ ᠲᠤᠬᠢᠷᠠᠭᠤᠯᠵᠤ᠂ ᠭᠠᠴᠠᠭ᠎ᠠ ᠲᠤᠰᠬᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠦᠨᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ ᠵᠡᠷᠬᠡ ᠠᠵᠤ ᠦᠢᠯᠡᠰ ᠤᠨ ᠬᠦᠭᠵᠢᠯᠳᠡ ᠶᠢ ᠭᠤᠤᠯᠳᠠᠯᠭ᠎ᠠ ᠲᠠᠢ ᠲᠡᠮᠵᠢᠵᠦ᠂ ᠭᠠᠴᠠᠭ᠎ᠠ ᠲᠤᠰᠬᠤᠨ ᠤ ᠰᠠᠭᠤᠷᠢ ᠲᠦᠬᠦᠬᠡᠷᠦᠮᠵᠢ ᠶᠢ ᠰᠠᠶᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号