ᠬᠦᠯᠦᠰᠦᠨ ᠲᠠᠷᠢᠶᠠᠴᠢᠨ ᠤ ᠴᠠᠯᠢᠩ ᠢ ᠦᠷᠢᠳᠦᠭᠰᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠠ
ᠨᠡᠶᠢᠲᠡᠯᠡᠭᠰᠡᠨ ᠴᠠᠭ᠄
2020/11/25
   ᠲᠦᠷᠦ ᠶᠢᠨ ᠶᠠᠪᠤᠳᠠᠯ ᠤᠨ ᠬᠤᠷᠢᠶ᠎ᠠ ᠶᠢᠨ ᠭᠦᠯᠦᠰᠦᠨ ᠲᠠᠷᠢᠶᠠᠴᠢᠨ ᠤ ᠴᠠᠯᠢᠩ ᠢ ᠦᠷᠢᠳᠦᠭᠰᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠭᠡᠷ ᠠᠴᠠ 2020 ᠤᠨ ᠤ 11 ᠰᠠᠷ᠎ᠠ ᠶᠢᠨ 6 ᠤ ᠡᠳᠦᠷ ᠠᠴᠠ 2021 ᠤᠨ ᠤ ᠴᠠᠭᠠᠨ ᠰᠠᠷ᠎ᠠ ᠪᠤᠯᠳᠠᠯ᠎ᠠ᠂ ᠭᠦᠯᠦᠰᠦᠨ ᠲᠠᠷᠢᠶᠠᠴᠢᠨ ᠤ ᠴᠠᠯᠢᠩ ᠢ ᠦᠷᠢᠳᠦᠭᠰᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠦ ᠡᠪᠦᠯ ᠤᠨ ᠤᠯᠠᠷᠢᠯ ᠤᠨ ᠲᠤᠰᠬᠠᠢ ᠲᠦᠷᠦᠯ ᠤᠨ ᠠᠵᠢᠯᠯᠠᠭ᠎ᠠ ᠦᠷᠨᠢᠭᠦᠯᠭᠦ ᠪᠠᠷ ᠪᠠᠶᠢᠨ᠎ᠠ᠃    ᠭᠦᠯᠦᠰᠦᠨ ᠲᠠᠷᠢᠶᠠᠴᠢᠨ ᠤ ᠴᠠᠯᠢᠩ ᠢ ᠦᠷᠢᠳᠦᠭᠰᠡᠨ ᠭᠡᠷᠡᠭ ᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠴᠠᠯᠢᠩ ᠦᠷᠢᠳᠦᠭᠰᠡᠨ ᠴᠢᠬᠤᠯᠠ ᠶᠡᠭᠡ ᠨᠡᠶᠢᠳᠡᠯᠢᠭ ᠭᠡᠷᠡᠭ ᠢ ᠳ᠋ᠤᠭᠠᠷᠯᠠᠵᠦ ᠱᠠᠯᠠᠪᠳᠠᠭᠤᠯᠤᠨ ᠰᠢᠢᠳᠪᠦᠷᠢᠯᠡᠵᠦ᠂ ᠴᠠᠯᠢᠩ ᠦᠷᠢᠳᠦᠭᠰᠡᠨ ᠠᠰᠠᠭᠤᠳᠠᠯ ᠢ ᠰᠢᠢᠳᠪᠦᠷᠢᠯᠡᠭᠦ ᠦᠭᠡᠢ ᠪᠤᠯ ᠲᠠᠩᠰᠠ ᠴᠠᠶᠢᠷᠠᠭᠤᠯᠵᠦ ᠦᠭᠭᠦ ᠦᠭᠡᠢ ᠵᠠᠷᠴᠢᠮ ᠢ ᠡᠷᠡᠰ ᠪᠠᠷᠢᠮᠳᠠᠯᠠᠨ᠎ᠠ ᠭᠡᠯ᠎ᠠ᠃    ᠡᠯ᠎ᠠ ᠭᠠᠵᠠᠷ ᠤᠷᠤᠨ ᠤ ᠬᠢᠨ ᠡᠷᠭᠡᠪᠰᠢ ᠴᠠᠯᠢᠩ ᠦᠷᠢᠳᠦᠵᠦ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠲᠤᠳᠤᠯᠠᠭᠰᠠᠨ ᠪᠠᠶᠢᠳᠠᠯ ᠳᠤ᠂ 2020 ᠤᠨ ᠤ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠢᠨᠵᠧᠨᠧᠷᠢᠩ ᠤᠨ ᠲᠦᠷᠦᠯ ᠵᠦᠢᠯ᠂ ᠤᠯᠤᠰ ᠤᠨ ᠦᠮᠴᠢᠯᠠᠯᠳᠦ ᠠᠵᠤ ᠠᠬᠤᠢᠢᠯᠠᠯ ᠤᠨ ᠲᠦᠷᠦᠯ ᠵᠦᠢᠯ ᠵᠢᠴᠢ ᠵᠠᠰᠠᠭ ᠤᠨ ᠤᠷᠳᠦᠨ ᠬᠢᠭᠡᠳ ᠨᠡᠶᠢᠭᠡᠮ ᠤᠨ ᠪᠡᠯᠡ ᠮᠦᠡᠭᠭᠦ ᠶᠢᠨ ᠬᠠᠮᠳᠤᠷᠠᠯᠴᠠᠭᠠᠨ ᠤ ᠲᠦᠷᠦᠯ ᠵᠦᠢᠯ ᠤᠨ ᠭᠦᠯᠦᠰᠦᠨ ᠲᠠᠷᠢᠶᠠᠴᠢᠨ ᠤ ᠴᠠᠯᠢᠩ ᠢ ᠦᠷᠢᠳᠦᠭᠰᠡᠨ ᠭᠡᠷᠡᠭ ᠢ 2020 ᠤᠨ ᠤ ᠵᠢᠯ ᠤᠨ ᠰᠡᠭᠦᠯᠴᠢ ᠠᠴᠠ ᠡᠮᠦᠨ᠎ᠠ ᠪᠦᠭᠦᠨ ᠢ ᠰᠢᠢᠳᠪᠦᠷᠢᠯᠡᠵᠦ᠂ ᠡᠭᠦᠨ ᠠᠴᠠ ᠪᠤᠰᠤᠳ ᠴᠠᠯᠢᠩ ᠦᠷᠢᠳᠦᠭᠰᠡᠨ ᠭᠡᠷᠡᠭ ᠢ 2021 ᠤᠨ ᠤ ᠴᠠᠭᠠᠨ ᠰᠠᠷ᠎ᠠ ᠠᠴᠠ ᠡᠮᠦᠨ᠎ᠠ ᠰᠢᠢᠳᠪᠦᠷᠢᠯᠡᠭᠦ ᠭᠡᠷᠡᠭᠳᠠᠢ᠃     ᠴᠠᠯᠢᠩ ᠦᠷᠢᠳᠦᠭᠰᠡᠨ ᠠᠰᠠᠭᠤᠳᠠᠯ ᠲᠤᠪᠤᠶᠢᠮ᠎ᠠ ᠭᠠᠵᠠᠷ ᠤᠷᠤᠨ ᠳᠤ ᠤᠳᠤᠷᠢᠳᠬᠤ ᠲᠤᠭᠤᠢᠢᠯᠠᠩ ᠤᠨ ᠠᠯᠪᠠᠨ ᠭᠡᠷ ᠤᠨ ᠬᠢᠨ ᠭᠦᠴᠦᠨ ᠢᠶᠠᠨ ᠵᠤᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠨᠢ ᠱᠠᠯᠠᠪᠳᠠᠭᠤᠯᠤᠨ ᠭᠦᠢᠴᠡᠳᠭᠡᠵᠦ᠂ ᠢᠯᠡ ᠪᠠᠷ ᠪᠠᠶᠢᠴᠠᠭᠠᠵᠦ ᠲᠠᠯᠳᠠ ᠪᠠᠷ ᠰᠤᠷᠪᠤᠯᠵᠢᠯᠠᠬᠤ ᠪᠠ ᠰᠤᠭᠤᠴᠢᠨ ᠪᠠᠶᠢᠴᠠᠭᠠᠵᠦ ᠬᠢᠨᠠᠨ ᠪᠤᠳᠤᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠵᠤᠬᠢᠶᠠᠨ ᠪᠠᠶᠢᠭᠤᠯᠬᠤ ᠠᠵᠢᠯ ᠢ ᠪᠤᠳᠠᠳᠠᠶᠢᠵᠢᠭᠤᠯᠤᠭᠰᠠᠨ ᠦᠭᠡᠢ ᠨᠢᠭᠡᠴᠢ ᠪᠠ ᠬᠠᠷᠢᠭᠤᠴᠠᠯᠭᠠᠳᠠᠨ ᠠᠴᠠ ᠬᠠᠤᠯᠢ ᠲᠤᠭᠳᠠᠭᠠᠯ ᠢᠶᠠᠷ ᠬᠠᠷᠢᠭᠤᠴᠠᠯᠭ᠎ᠠ ᠨᠡᠭᠡᠮᠵᠢᠯᠡᠨ᠎ᠠ ᠭᠡᠵᠠᠢ᠃
 
ᠢᠷᠡᠯᠲᠡ᠄ ᠥᠪᠦᠷ ᠮᠤᠩᠭᠤᠯ ᠤᠨ ᠡᠳᠦᠷ ᠤᠨ ᠰᠣᠨᠢᠨ ᠤ ᠮᠤᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号