ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ | ᠴᠢᠩᠭᠠᠷᠠᠭᠤᠯᠵᠦ᠂ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠲᠦᠷᠢᠮ | ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ᠬᠤᠪᠢ ᠬᠦᠮᠤᠨ ᠤ ᠮᠦᠩᠭᠦᠨ ᠭᠦᠢᠯᠭᠡᠭᠡᠨ ᠤ | ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠭᠢ | ᠶᠢᠨ ᠲᠦᠷᠢᠮ ᠲᠤᠭᠲᠠᠭᠠᠯ ᠠᠵᠢᠯ ᠤᠨ ᠲᠦᠯᠦᠪᠯᠡᠭᠡ ᠳᠤ ᠤᠷᠤᠭᠤᠯᠵᠦ᠂ ︽ᠲᠤᠮᠳᠠᠳᠤ ᠤᠯᠤᠰ ᠤᠨ ᠠᠷᠠᠳ ᠤᠨ | ᠪᠠᠩᠭᠢ ᠶᠢᠨ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠡᠷᠡᠭᠵᠢᠭᠦᠯᠬᠦ ᠠᠷᠭ᠎ᠠ︾ | ᠶᠢ11ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ ᠨᠢ ᠤᠤᠯ ᠤᠨ | ᠪᠠᠶᠢᠭᠰᠠᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮ ᠤᠨ ᠰᠠᠭᠤᠷᠢᠨ ᠳᠡᠭᠡᠷ᠎ᠡ᠂ | ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ᠂ ᠬᠡᠷᠡᠭᠯᠡᠬᠦ᠂ ᠬᠠᠮᠢᠶᠠᠷᠬᠤ᠂ ᠬᠠᠳᠠᠭᠠᠯᠠᠬᠤ ᠪᠠ ᠨᠢᠭᠤᠴᠠ ᠶᠢ | ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ | ᠰᠤᠷᠠᠭ ᠵᠠᠩᠭᠢ ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋ ᠬᠦᠷᠦᠩᠭᠡ ᠶᠢᠨ | ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠦᠩᠭᠦᠨ ᠭᠦᠢᠯᠭᠡᠭᠡᠨ ᠤ | ᠰᠤᠯᠢᠯᠴᠠᠭᠠᠨ ᠤ ᠰᠤᠷᠠᠭ ᠵᠠᠩᠭᠢ ᠪᠤᠯᠤᠨ ᠬᠤᠪᠢ ᠬᠦᠮᠤᠨ ᠤ ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ | ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ | ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ | ᠲᠤᠯᠠᠳᠠ᠂ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠳᠤ ᠲᠤᠤᠷᠠᠬᠢ ᠲᠤᠯᠤᠭᠠᠨ | ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ ᠪᠠᠩᠭᠢ ᠰᠠᠨᠠᠭᠤᠯᠵᠦ ᠪᠠᠶᠢᠨ᠎ᠠ᠃ | ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ ᠪᠠᠨ ᠰᠠᠶᠢᠳᠤᠷ ᠬᠠᠮᠢᠶᠠᠷᠬᠤ | ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔ | ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ | ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠤ | ᠭᠠᠳᠠᠨ᠎ᠠ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠲᠤᠷ᠎ᠠ ᠪᠠᠷ ᠢᠶᠠᠨ ᠦᠯᠡᠳᠡᠭᠡᠵᠦ ᠪᠤᠯᠬᠤ | ᠦᠭᠡᠢ︔ | ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠳᠤᠳᠤᠷ᠎ᠠ ᠦᠪᠡᠷ ᠢᠶᠠᠨ ᠭᠦᠢᠴᠡᠳᠭᠡᠬᠦ | ᠬᠡᠷᠡᠭᠲᠡᠢ᠂ ᠲᠠᠨᠢᠯ ᠪᠤᠰᠤ ᠬᠦᠮᠤᠨ ᠪᠤᠶᠤ ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ ᠬᠦᠮᠤᠨ ᠤ ᠰᠤᠷᠠᠭ ᠵᠠᠩᠭᠢ | ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔ | ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ ᠲᠤᠬᠠᠶᠢᠯᠠᠭᠰᠠᠨ | ᠠᠵᠢᠯ ᠭᠦᠢᠴᠡᠳᠭᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ ᠲᠤᠲᠤᠷᠬᠠᠶᠢᠯᠠᠬᠤ ᠬᠡᠷᠡᠭᠲᠡᠢ︔ | ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ ᠶᠢᠨ | ᠺᠠᠷᠲ ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠲᠠᠷᠤᠢ ᠳᠤᠨᠢ ᠦᠭᠡᠶᠢᠭᠢᠬᠦ ᠴᠢᠬᠤᠯᠠᠲᠠᠢ ᠮᠦᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ ᠪᠤᠯᠬᠤ ᠦᠭᠡᠢ︔ | | ᠵᠢᠷᠭᠤᠭ᠎ᠠ ᠳᠤ ᠢᠷᠡᠯ ᠨᠢ ᠲᠤᠳᠤ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ | ᠪᠤᠯᠤᠨ ᠲᠤᠲᠤᠷᠬᠠᠢ ᠪᠤᠰᠤ ᠬᠤᠯᠪᠤᠭᠠᠰᠤ ᠶᠢ ᠲᠤᠷᠠᠪᠠᠷ ᠢᠶᠠᠨ ᠲᠤᠪᠰᠢᠵᠦ ᠪᠤᠯᠬᠤ ᠦᠭᠡᠢ᠂ ᠢᠷᠡᠯ ᠨᠢ ᠲᠤᠲᠤ ᠦᠭᠡᠢ | ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠤᠮᠧᠷ ᠦᠭᠡᠢ | WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ | ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ | ᠳᠠᠷᠤᠶᠢᠬᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃ |