ᠬᠦᠪᠡᠭᠡᠲᠦ ᠰᠢᠷ᠎ᠠ ᠬᠤᠰᠢᠭᠤ ᠪᠦᠬᠦ ᠠᠶᠢᠮᠠᠭ ᠤᠨ ᠠᠰᠤᠷᠤ ᠬᠦᠭᠵᠢᠮᠳᠡᠬᠦ ᠵᠢᠱᠢᠶ᠎ᠡ ᠦᠵᠡᠬᠦᠯᠬᠦ ᠪᠤᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2020/11/3
      ᠶᠡᠷᠥᠩᠭᠡᠢ ᠱᠦᠵᠢ ᠱᠢ ᠶᠢᠨ ᠫᠢᠩ ᠤᠨ ᠴᠦᠬᠡᠨ ᠲᠤᠭᠠᠳᠤ ᠦᠨᠳᠦᠰᠦᠳᠡᠨ ᠤ ᠪᠤᠳᠠᠰ ᠤᠨ ᠪᠤᠰᠤ ᠰᠤᠶᠤᠯ ᠤᠨ ᠥᠪ ᠤᠨ ᠲᠤᠬᠠᠢ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠠᠰᠤᠷᠤ ᠶᠢᠨ ᠤᠯᠠᠮᠵᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠮᠠᠭᠠᠯᠠᠨ ᠤᠯᠠᠮᠵᠢᠯᠠᠬᠤ ᠪᠠ ᠬᠦᠭᠵᠢᠮᠳᠡᠬᠦ ᠬᠢᠷᠢ ᠬᠡᠮᠵᠢᠶ᠎ᠡ ᠶᠢ ᠲᠠᠰᠤᠷᠠᠯᠲᠠ ᠦᠬᠡᠢ ᠲᠡᠭᠡᠭᠰᠢᠯᠡᠬᠦᠯᠬᠦ ᠶᠢᠨ ᠲᠤᠯᠠᠲᠠ᠂ 2020 ᠣᠨ ᠤ 10 ᠰᠠᠷ᠎ᠠ ᠶᠢᠨ 26᠎ ᠤ ᠡᠳᠦᠷ᠂ ᠬᠦᠪᠡᠭᠡᠲᠦ ᠰᠢᠷ᠎ᠠ ᠬᠤᠰᠢᠭᠤ ᠨᠢ ᠪᠦᠬᠦ ᠠᠶᠢᠮᠠᠭ ᠤᠨ ᠠᠰᠤᠷᠤ ᠬᠦᠭᠵᠢᠮᠳᠡᠬᠦ ᠵᠢᠱᠢᠶ᠎ᠡ ᠦᠵᠡᠬᠦᠯᠬᠦ ᠪᠤᠯᠤᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃ ᠲᠤᠰ ᠤᠳᠠᠭᠠᠨ ᠤ ᠪᠤᠯᠪᠠᠰᠤᠷᠠᠯ ᠢ ᠰᠢᠯᠢ ᠶᠢᠨ ᠭᠤᠣᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠠᠴᠠ ᠭᠤᠣᠯᠯᠠᠨ ᠡᠷᠬᠢᠯᠡᠵᠦ᠂ ᠬᠦᠪᠡᠭᠡᠲᠦ ᠰᠢᠷ᠎ᠠ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠪᠠ ᠬᠦᠪᠡᠭᠡᠲᠦ ᠰᠢᠷ᠎ᠠ ᠬᠤᠰᠢᠭᠤᠨ ᠤ ᠰᠤᠶᠤᠯ ᠤᠨ ᠣᠷᠳᠤᠨ ᠠᠴᠠ ᠲᠠᠭᠠᠭᠠᠴᠢᠯᠠᠨ ᠡᠷᠬᠢᠯᠡᠵᠦ᠂ ᠪᠦᠬᠦ ᠠᠶᠢᠮᠠᠭ ᠤᠨ ᠡᠯ᠎ᠡ ᠬᠤᠰᠢᠭᠤ ᠬᠤᠲᠠ ᠵᠢᠴᠢ ᠵᠢᠨᠢᠩ ᠤᠨ ᠪᠠᠭᠰᠢ ᠶᠢᠨ ᠲᠡᠭᠡᠳᠦ ᠰᠤᠷᠭᠠᠭᠤᠯᠢ ᠶᠢᠨ ᠲᠠᠭᠤᠤ ᠬᠦᠭᠵᠢᠮᠳᠡᠬᠦ ᠶᠢᠨ ᠲᠡᠭᠡᠳᠦ ᠰᠤᠷᠭᠠᠭᠤᠯᠢ ᠶᠢᠨ ᠪᠠᠭᠰᠢ ᠵᠡᠷᠭᠡ 70 ᠭᠠᠷᠤᠢ ᠬᠦᠮᠦᠨ ᠨᠡᠷ᠎ᠡ ᠮᠡᠳᠡᠬᠦᠯᠦᠨ ᠤᠷᠤᠯᠴᠠᠵᠤ᠂ ᠪᠤᠯᠪᠠᠰᠤᠷᠠᠯ ᠤᠨ ᠬᠤᠭᠤᠴᠠᠭ᠎ᠠ 6 ᠡᠳᠦᠷ ᠦᠷᠬᠦᠯᠵᠢᠯᠡᠬᠦ ᠪᠤᠯᠤᠨ᠎ᠠ᠃ ᠡᠬᠢᠯᠡᠯᠲᠡ ᠶᠢᠨ ᠶᠤᠰᠤᠯᠠᠯ ᠢ ᠬᠦᠪᠡᠭᠡᠲᠦ ᠰᠢᠷ᠎ᠠ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠲᠠᠷᠤᠭ᠎ᠠ ᠬᠤᠤᠰᠪᠠᠶᠠᠷ ᠨᠦᠬᠦᠷ ᠡᠷᠬᠢᠯᠡᠵᠦ᠂ ᠰᠢᠯᠢ ᠶᠢᠨ ᠭᠤᠣᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠳᠡᠳ᠋ ᠲᠠᠷᠤᠭ᠎ᠠ ᠰᠡᠴᠡᠨᠪᠠᠭᠠᠲᠤᠷ᠂ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠳᠡᠳ᠋ ᠬᠤᠰᠢᠭᠤ ᠲᠠᠷᠤᠭ᠎ᠠ ᠲᠤᠯᠭᠠᠭᠤᠷᠢ ᠨᠦᠬᠦᠷ ᠡᠬᠢᠯᠡᠯᠲᠡ ᠶᠢᠨ ᠶᠤᠰᠤᠯᠠᠯ ᠳᠤ ᠤᠷᠤᠯᠴᠠᠵᠤ ᠶᠠᠷᠢᠶ᠎ᠠ ᠲᠠᠯᠪᠢᠵᠠᠢ᠃       ︽ᠠᠰᠤᠷᠤ︾ ᠪᠣᠯ ᠮᠤᠩᠭᠤᠯ ᠦᠨᠳᠦᠰᠦᠳᠡᠨ ᠤ ᠤᠯᠠᠮᠵᠢᠯᠠᠯᠲᠤ ᠠᠶ᠎ᠠ ᠲᠠᠭᠤᠤ ᠶᠤᠮ᠃ ᠲᠡᠷᠡ ᠨᠢ ᠲᠥᠪ ᠶᠡᠬᠡᠮᠰᠦᠭ᠂ ᠢᠷᠠᠭᠤ ᠡᠭᠡᠰᠢᠭᠯᠢᠭ᠂ ᠲᠡᠬᠦᠯᠳᠡᠷᠵᠢᠬᠦᠯᠬᠦ ᠵᠢᠪᠬᠤᠭᠠᠳᠤ ᠤᠨᠴᠠᠯᠢᠭ ᠢᠶᠠᠷ ᠢᠶᠠᠨ ᠲᠤᠮᠳᠠᠳᠤ ᠶᠢᠨ ᠦᠨᠳᠦᠰᠦᠳᠡᠨ ᠤ ᠰᠢᠯᠢᠳᠡᠭ ᠰᠤᠶᠤᠯ ᠤᠨ ᠨᠢᠭᠡ ᠪᠤᠯᠤᠭᠰᠠᠨ ᠶᠤᠮ᠃       ᠮᠤᠩᠭᠤᠯ ᠦᠨᠳᠦᠰᠦᠳᠡᠨ ᠤ ᠤᠯᠠᠮᠵᠢᠯᠠᠯᠲᠤ ᠰᠤᠶᠤᠯ ᠤᠷᠠᠯᠢᠭ ᠤᠨ ᠣᠬᠢ ᠰᠣᠳᠣ ᠰᠤᠩᠭᠤᠳᠠᠭ ᠤᠷᠠᠯᠢᠭ ᠠᠰᠤᠷᠤ ᠠᠶᠠᠯᠭᠤ ᠨᠢ ᠬᠦᠪᠡᠭᠡᠲᠦ ᠰᠢᠷ᠎ᠠ ᠬᠤᠰᠢᠭᠤᠨ ᠳᠤ ᠨᠡᠯᠢᠶᠡᠳ ᠪᠦᠷᠢᠨ ᠪᠦᠳᠦᠨ ᠥᠪᠯᠡᠭᠳᠡᠨ ᠤᠯᠠᠮᠵᠢᠯᠠᠭᠳᠠᠵᠤ᠂ ᠲᠦᠬᠡᠮᠡᠯᠵᠢᠨ ᠳᠡᠯᠭᠡᠷᠡᠭᠰᠡᠨ ᠢᠶᠠᠷ᠂ 2014 ᠣᠨ ᠳᠤ ᠣᠯᠠᠮᠵᠢᠯᠠᠯᠲᠤ ᠲᠠᠭᠤᠤ ᠬᠦᠭᠵᠢᠮᠳᠡᠬᠦ ᠠᠰᠤᠷᠤ ᠠᠶᠠᠯᠭᠤ ᠨᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠦᠯᠦᠭᠡᠯᠡᠬᠦ ᠴᠢᠨᠠᠷᠲᠠᠢ ᠨᠡᠷᠡᠰ ᠲᠤ ᠪᠦᠷᠢᠳᠬᠡᠬᠦᠯᠵᠦ᠂ 2019 ᠣᠨ ᠳᠤ ᠤᠯᠤᠰ ᠤᠨ ᠰᠤᠶᠤᠯ ᠪᠠ ᠵᠢᠭᠤᠯᠴᠢᠯᠠᠯ ᠤᠨ ᠶᠠᠮᠤᠨ ᠠᠴᠠ ᠬᠦᠪᠡᠭᠡᠲᠦ ᠰᠢᠷ᠎ᠠ ᠬᠤᠰᠢᠭᠤ ᠶᠢ ︽ᠲᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠨᠤᠲᠤᠭ — ᠠᠰᠤᠷᠤ ᠠᠶᠠᠯᠭᠤ ᠶᠢᠨ ᠦᠯᠦᠭᠡᠢ︾ ᠭᠡᠮᠡᠬᠦ ᠠᠯᠳᠠᠷ ᠴᠤᠯᠠ ᠶᠢ ᠣᠯᠭᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号