10 ᠰᠠᠷ᠎ᠠ ᠶᠢᠨ 12 ᠤ ᠡᠳᠦᠷ᠂ ᠣᠩᠭᠤᠨ ᠠᠭᠤᠯᠠ ᠰᠣᠮᠣ ᠳᠤᠯᠤᠳᠤᠭᠠᠷ ᠤᠳᠠᠭᠠᠨ ᠤ ᠪᠦᠬᠦ ᠤᠯᠤᠰ ᠤᠨ | ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ | ᠰᠣᠮᠣᠨ ᠤ ᠪᠦᠬᠦ ᠺᠠᠳ᠋ᠷ ᠠᠵᠢᠯᠲᠠᠳ ᠵᠢᠴᠢ ᠡᠯ᠎ᠡ ᠭᠠᠴᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯᠲᠠᠨ᠂ | ᠵᠢᠯᠤᠭᠤᠳᠤᠭᠴᠢ ᠨᠠᠷ ᠬᠤᠷᠠᠯ ᠳᠤ ᠤᠷᠤᠯᠴᠠᠵᠤ᠂ ᠳᠡᠳ᠋ ᠰᠣᠮᠣᠨ ᠲᠠᠷᠤᠭ᠎ᠠ ᠠᠷᠤᠤᠬᠠᠨ ᠬᠤᠷᠠᠯ ᠡᠷᠬᠢᠯᠡᠵᠦ᠂ ᠬᠤᠰᠢᠭᠤ | ᠲᠤᠭ᠎ᠠ ᠪᠦᠷᠢᠳᠬᠡᠯ ᠤᠨ ᠲᠤᠪᠴᠢᠶᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ | ᠠᠵᠢᠯᠲᠠᠨ ᠬᠤᠷᠠᠯ ᠳᠤ ᠤᠷᠤᠯᠴᠠᠨ ᠪᠤᠯᠪᠠᠰᠤᠷᠠᠯ ᠬᠢᠵᠤ ᠵᠢᠯᠤᠭᠤᠳᠪᠠ᠃ | ᠬᠤᠷᠠᠯ ᠳᠡᠭᠡᠷ᠎ᠡ᠂ ᠳᠡᠳ᠋ ᠰᠤᠮᠤᠨ ᠳᠠᠷᠤᠭ᠎ᠠ ᠠᠷᠤᠤᠬᠠᠨ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠪᠠᠶᠢᠴᠠᠭᠠᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠡᠷᠦᠬᠡ ᠳᠤ | ᠤᠷᠤᠵᠤ ᠪᠠᠶᠢᠴᠠᠭᠠᠨ ᠪᠦᠷᠢᠳᠬᠡᠬᠦ ᠠᠵᠢᠯ ᠤᠨ ᠠᠩᠬᠠᠷᠬᠤ ᠵᠦᠢᠯ᠂ ᠶᠠᠪᠤᠴᠠ ᠠᠯᠬᠤᠮ ᠲᠠᠷᠠᠭ᠎ᠠ ᠵᠡᠷᠭᠡ ᠶᠢ ᠰᠠᠨᠠᠭᠤᠯᠪᠠ᠃ | ᠬᠤᠰᠢᠭᠤ ᠲᠤᠭ᠎ᠠ ᠪᠦᠷᠢᠳᠬᠡᠯ ᠤᠨ ᠲᠤᠪᠴᠢᠶᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ | ᠭᠡᠷ ᠤᠨ ᠠᠵᠢᠯᠲᠠᠨ ᠠᠴᠠ᠂ ᠠᠵᠢᠯ ᠤᠨ ᠳᠤᠮᠳᠠ ᠤᠷᠤᠰᠢᠵᠤ ᠮᠡᠳᠡᠬᠦ ᠠᠰᠠᠭᠤᠳᠠᠯ᠂ ᠰᠢᠰᠲ᠋ᠧᠮ ᠢ ᠬᠡᠷᠡᠭᠯᠡᠬᠦ ᠨᠠᠷᠢᠨ | ᠵᠠᠷᠴᠢᠮ ᠵᠡᠷᠭᠡ ᠲᠠᠯ᠎ᠠ ᠪᠠᠷ ᠨᠢᠮᠪᠠᠢ ᠲᠠᠶᠢᠯᠪᠦᠷᠢᠯᠠᠵᠤ᠂ ᠪᠤᠳᠠᠳᠠᠢ ᠬᠡᠷᠡᠭᠯᠡᠯᠲᠡ ᠶᠢᠨ ᠵᠢᠱᠢᠶ᠎ᠡ ᠦᠵᠡᠬᠦᠯᠵᠦ᠂ ᠲᠤᠭ᠎ᠠ | ᠨᠣᠷᠮ᠎ᠠ ᠶᠢᠨ ᠵᠥᠪ ᠤᠨᠤᠪᠴᠢᠲᠠᠢ ᠶᠢ ᠪᠠᠳᠤᠯᠠᠬᠤ ᠶᠢ ᠲᠦᠯᠬᠢᠨ ᠠᠬᠢᠭᠤᠯᠵᠠᠢ᠃ | ᠬᠤᠷᠠᠯ ᠠᠴᠠ ᠱᠠᠭᠠᠷᠳᠠᠭᠰᠠᠨ ᠨᠢ᠂ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠨᠢᠭᠡ ᠤᠳᠠᠭᠠᠨ ᠤ | ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠮᠦᠨ᠂ ᠬᠦᠨᠳᠦ ᠴᠢᠬᠤᠯᠠ ᠠᠯᠤᠰ | ᠬᠡᠳᠦ ᠶᠢᠨ ᠠᠴᠢ ᠬᠤᠯᠪᠤᠭᠳᠠᠯ ᠲᠠᠢ᠃ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠠᠭᠤᠷᠢ | ᠴᠢᠨᠠᠷᠲᠠᠢ ᠠᠰᠠᠭᠤᠳᠠᠯ ᠳᠤ ᠬᠤᠯᠪᠤᠭᠳᠠᠨ᠎ᠠ᠂ ᠲᠥᠷᠦ ᠶᠢᠨ ᠪᠣᠳᠤᠯᠭ᠎ᠠ᠂ ᠨᠡᠶᠢᠭᠡᠮ ᠤᠨ ᠪᠠᠳᠤᠯᠠᠭ᠎ᠠ ᠶᠢ ᠲᠤᠭᠳᠠᠭᠠᠬᠤ ᠪᠠ | ᠲᠡᠬᠦᠯᠳᠡᠷᠵᠢᠬᠦᠯᠬᠦ ᠶᠢᠨ ᠦᠨᠳᠦᠰᠦᠯᠡᠯ᠂ ᠠᠵᠤ ᠠᠬᠤᠢ ᠶᠢᠨ ᠦᠨᠳᠦᠷ ᠦᠷ᠎ᠡ ᠠᠰᠢᠭᠲᠤ ᠬᠦᠭᠵᠢᠯᠲᠡ ᠶᠢ | ᠠᠬᠢᠭᠤᠯᠬᠤ ᠶᠢᠨ ᠳᠤᠳᠤᠭᠠᠳᠤ ᠱᠠᠭᠠᠷᠳᠠᠯᠭ᠎ᠠ ᠪᠤᠯᠤᠨ᠎ᠠ᠃ ᠬᠤᠷᠠᠯ ᠳᠤ ᠤᠷᠤᠯᠴᠠᠭᠰᠠᠳ ᠨᠢ ᠡᠷᠬᠡᠪᠰᠢ ᠲᠡᠭᠡᠳᠦ | ᠬᠡᠮᠵᠢᠶ᠎ᠡ ᠪᠠᠷ ᠬᠦᠨᠳᠦᠳᠭᠡᠨ ᠦᠵᠡᠵᠦ᠂ ᠤᠳᠤᠷᠢᠳᠤᠯᠭ᠎ᠠ ᠪᠠᠨ ᠴᠢᠩᠭᠠᠳᠬᠠᠨ᠂ ᠦᠷᠭᠡᠨ ᠢᠶᠠᠷ ᠤᠬᠠᠭᠤᠯᠵᠤ᠂ | ᠨᠡᠶᠢᠭᠡᠮ ᠤᠨ ᠬᠦᠴᠦᠨ ᠢ ᠵᠤᠬᠢᠶᠠᠨ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠳᠡᠢ ᠤᠷᠤᠯᠴᠠᠬᠤ | ᠬᠡᠷᠡᠭᠳᠡᠢ᠃ | ᠬᠤᠷᠠᠯ ᠤᠨ ᠲᠠᠷᠠᠭ᠎ᠠ᠂ ᠤᠩᠭᠤᠨ ᠠᠭᠤᠯᠠ ᠰᠣᠮᠣ ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ 45 | ᠨᠡᠷ᠎ᠡ ᠨᠡᠶᠢᠲᠡᠮ ᠪᠠᠶᠢᠴᠠᠭᠠᠯᠲᠠ ᠶᠢᠨ ᠠᠵᠢᠯᠲᠠᠨ᠂ ᠵᠢᠯᠤᠭᠤᠳᠤᠭᠴᠢ ᠨᠠᠷ ᠨᠢᠭᠡᠳᠦᠯᠲᠡᠢ ᠦᠨᠡᠮᠯᠡᠯ ᠢᠶᠠᠨ ᠵᠡᠬᠦᠵᠦ | ᠠᠵᠢᠯ ᠤᠨ ᠪᠠᠶᠢᠷᠢᠨ ᠳᠠᠭᠠᠨ ᠭᠠᠷᠴᠤ᠂ ᠭᠠᠴᠠᠭᠠᠨ ᠳᠤ ᠣᠴᠢᠵᠤ᠂ ᠡᠷᠦᠬᠡ ᠲᠠᠷᠠᠭᠠᠯᠠᠨ ᠲᠠᠩᠰᠠᠯᠠᠨ ᠲᠡᠮᠳᠡᠭᠯᠡᠵᠦ᠂ | ᠪᠠᠶᠢᠴᠠᠭᠠᠨ ᠪᠦᠷᠢᠳᠭᠡᠬᠦ ᠠᠵᠢᠯ ᠢᠶᠠᠨ ᠡᠬᠢᠯᠡᠬᠦᠯᠦᠭᠰᠡᠨ ᠪᠠᠶᠢᠨ᠎ᠠ᠃ | ᠤᠳᠤᠬᠠᠨ ᠳᠤ᠂ ᠤᠩᠭᠤᠨ ᠠᠭᠤᠯᠠ ᠰᠣᠮᠣ ᠳᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ | ᠨᠠᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠶᠠᠭ ᠰᠠᠶᠢᠬᠠᠨ ᠶᠠᠪᠤᠭᠳᠠᠵᠤ᠂ ᠪᠦᠬᠦ ᠲᠠᠯ᠎ᠠ ᠪᠠᠷ | ᠪᠠᠶᠢᠳᠠᠯ ᠢ ᠣᠶᠢᠯᠠᠭᠠᠨ ᠲᠡᠮᠳᠡᠭᠯᠡᠵᠦ᠂ ᠠᠵᠢᠯ ᠢᠶᠠᠨ ᠪᠦᠬᠦ ᠲᠠᠯ᠎ᠠ ᠪᠠᠷ ᠡᠬᠢᠯᠡᠬᠦᠯᠬᠦ ᠳᠤ ᠪᠠᠲᠤ ᠰᠠᠭᠤᠷᠢ ᠲᠠᠯᠪᠢᠪᠠ᠃ |