ᠪᠠᠶᠠᠨᠲᠠᠯ᠎ᠠ ᠪᠠᠯᠭᠠᠰᠤ ᠲᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠢ ᠪᠦᠬᠦ ᠲᠠᠯ᠎ᠠ ᠪᠠᠷ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2020/11/3
   10 ᠰᠠᠷ᠎ᠠ ᠶᠢᠨ 11 ᠤ ᠡᠳᠦᠷ ᠤᠨ ᠲᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠡᠬᠢᠯᠡᠭᠰᠡᠨ ᠠᠴᠠ ᠨᠠᠭᠠᠰᠢ᠂ ᠮᠠᠨ ᠤ ᠪᠠᠯᠭᠠᠰᠤᠨ ᠤ 11 ᠨᠠᠷ᠎ᠡ ᠵᠢᠯᠤᠭᠤᠳᠤᠭᠴᠢ ᠪᠠ 46 ᠨᠡᠷ᠎ᠡ ᠪᠠᠶᠢᠴᠠᠭᠠᠨ ᠪᠦᠷᠢᠳᠬᠡᠬᠦ ᠠᠵᠢᠯᠲᠠᠨ ᠨᠢ ᠲᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠤᠨ ᠱᠠᠭᠠᠷᠳᠠᠯᠭ᠎ᠠ ᠶᠤᠰᠤᠭᠠᠷ᠂ ᠪᠠᠯᠭᠠᠰᠤᠨ ᠤ 21 ᠰᠠᠭᠤᠭᠠᠯᠢ ᠲᠤᠭᠤᠷᠢᠭ᠂ ᠡᠬᠦᠨ ᠳᠤ ᠪᠠᠯᠭᠠᠰᠤᠨ ᠤ ᠪᠠᠶᠢᠭ᠎ᠠ ᠭᠠᠵᠠᠷ᠂ ᠬᠠᠷᠢᠶᠠᠯᠠᠭᠳᠠᠬᠤ ᠠᠭᠤᠷᠬᠠᠢ ᠶᠢᠨ ᠣᠷᠤᠨ ᠤ ᠰᠠᠭᠤᠭᠠᠯᠢ ᠡᠷᠦᠬᠡ ᠳᠤ ᠬᠦᠨᠵᠡᠭᠡᠶᠢᠷᠡᠨ᠂ ᠲᠠᠩᠰᠠᠯᠠᠨ ᠪᠦᠷᠢᠳᠬᠡᠬᠦ ᠠᠵᠢᠯ ᠥᠷᠨᠢᠬᠦᠯᠦᠭᠰᠡᠨ ᠪᠠᠶᠢᠨ᠎ᠠ᠃    ᠪᠤᠯᠪᠠᠰᠤᠷᠠᠯ ᠢᠶᠠᠷ ᠳᠠᠮᠵᠢᠨ᠂ ᠵᠢᠯᠤᠭᠤᠳᠤᠭᠴᠢ ᠵᠢᠴᠢ ᠪᠠᠶᠢᠴᠠᠭᠠᠨ ᠪᠦᠷᠢᠳᠭᠡᠬᠦ ᠠᠵᠢᠯᠲᠠᠨ ᠨᠢ ᠬᠦᠮᠦᠨ ᠠᠮᠠ ᠶᠢ ᠲᠠᠩᠰᠠᠯᠠᠨ ᠪᠦᠷᠢᠳᠭᠡᠬᠦ ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠪᠦᠬᠦ ᠲᠠᠯ᠎ᠠ ᠪᠠᠷ ᠡᠵᠡᠮᠰᠢᠵᠦ᠂ ᠡᠯ᠎ᠡ ᠭᠠᠴᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠬᠦᠯᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠠᠶᠢᠯᠪᠦᠷᠢᠯᠠᠨ ᠤᠬᠠᠭᠤᠯᠬᠤ ᠵᠡᠷᠭᠡ ᠣᠯᠠᠨ ᠠᠷᠭ᠎ᠠ ᠬᠡᠯᠪᠡᠷᠢ ᠪᠠᠷ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠨ ᠪᠦᠷᠢᠳᠬᠡᠬᠦ ᠠᠵᠢᠯ ᠢ ᠲᠦᠯᠬᠢᠨ ᠠᠬᠢᠭᠤᠯᠤᠭᠰᠠᠨ ᠪᠠᠶᠢᠨ᠎ᠠ᠃
    10 ᠰᠠᠷ᠎ᠠ ᠶᠢᠨ 26 ᠤ ᠡᠳᠦᠷ ᠪᠤᠯᠲᠠᠯ᠎ᠠ᠂ ᠪᠦᠬᠦ ᠪᠠᠯᠭᠠᠰᠤᠨ ᠤ 2492 ᠡᠷᠦᠬᠡ 7739 ᠬᠦᠮᠦᠨ ᠶᠢ ᠪᠠᠶᠢᠴᠠᠭᠠᠨ ᠪᠦᠷᠢᠳᠬᠡᠵᠦ᠂ ᠡᠬᠦᠨ ᠳᠤ 21 ᠭᠠᠴᠠᠭᠠᠨ ᠤ ᠡᠷᠦᠬᠡ ᠳᠤ ᠤᠷᠤᠵᠤ ᠪᠠᠶᠢᠴᠠᠭᠠᠨ ᠪᠦᠷᠢᠳᠬᠡᠬᠦ ᠠᠵᠢᠯ ᠢ ᠪᠡᠶᠡᠯᠡᠬᠦᠯᠵᠦ ᠲᠠᠭᠤᠰᠬᠠᠪᠠ᠃
 
ᠢᠷᠡᠯᠲᠡ᠄ ᠪᠠᠶᠠᠨᠲᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号