ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠲᠤᠰᠬᠠᠢ ᠲᠠᠯᠠᠪᠠᠢ ᠲᠤᠭᠯᠠᠯᠲᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2020/11/30
    ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠲᠣᠭᠯᠠᠭᠴᠢᠳ ᠲᠤ ᠬᠠᠷᠢᠭᠤ ᠵᠠᠬᠢᠳᠠᠯ ᠢᠯᠡᠭᠡᠭᠰᠡᠨ ᠭᠤᠷᠪᠠᠨ ᠵᠢᠯ ᠤᠨ ᠣᠢ ᠶᠢ ᠲᠤᠬᠢᠶᠠᠯᠳᠤᠭᠤᠯᠵᠤ᠂ ᠰᠢᠯᠢ ᠶᠢᠨ ᠭᠤᠣᠯ ᠤᠨ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠲᠤ ᠵᠣᠷᠢᠭᠤᠯᠤᠭᠰᠠᠨ ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠲᠤᠰᠬᠠᠢ ᠲᠠᠯᠠᠪᠠᠢ ᠲᠤᠭᠯᠠᠯᠲᠠ ᠶᠢ 11 ᠰᠠᠷ᠎ᠠ ᠶᠢᠨ 26᠎ ᠤ ᠤᠷᠤᠢ ᠬᠤᠰᠢᠭᠤ ᠮᠡᠳᠡᠭᠡ ᠵᠠᠩᠭᠢᠵᠢᠭᠤᠯᠤᠯᠲᠠ ᠶᠢᠨ ᠲᠥᠪ ᠲᠤ ᠰᠢᠩᠭᠡᠭᠡᠨ ᠦᠢᠯᠡᠳᠦᠭᠰᠡᠨ ᠪᠠᠶᠢᠨ᠎ᠠ᠃     ᠦᠳᠡᠰᠢᠯᠡᠭᠡ ᠨᠢ ᠲᠠᠭᠤᠤ᠂ ᠪᠦᠵᠢᠭ᠂ ᠬᠦᠭᠵᠢᠮᠳᠡᠬᠦ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠲᠣᠭᠯᠠᠯᠲᠠ ᠶᠢ ᠪᠠᠭᠳᠠᠭᠠᠵᠤ᠂ ᠬᠠᠮᠲᠤ ᠶᠢᠨ ᠨᠠᠶᠢᠷᠠᠯ ︽ᠠᠰᠤᠷᠤ ᠶᠢᠨ ᠦᠨᠳᠦᠷ︾᠂ ᠡᠮᠡᠭᠳᠡᠢ ᠶᠢᠨ ᠨᠠᠶᠢᠷᠠᠯ ︽ᠠᠭᠤᠤ ᠨᠠᠮ ᠤᠨ ᠢᠪᠡᠭᠡᠯ︾᠂ ᠬᠠᠮᠲᠤ ᠶᠢᠨ ᠪᠦᠵᠢᠭ ︽ᠮᠣᠷᠢᠲᠤ ᠴᠡᠷᠢᠭ︾᠂ ︽ᠪᠦᠮᠪᠦᠭᠡᠷᠡᠢ︾ ᠵᠡᠷᠭᠡ ᠣᠨᠴᠠᠯᠢᠭ ᠲᠤᠪᠤᠶᠢᠮ᠎ᠠ ᠲᠤᠭᠯᠠᠯᠲᠠ ᠪᠠᠷ ᠪᠦᠷᠢᠯᠳᠦᠵᠦ᠂ ᠪᠦᠬᠦᠶᠢᠯᠡ ᠲᠣᠭᠯᠠᠯᠲᠠ ᠨᠢ ᠠᠭᠤᠯᠭ᠎ᠠ ᠪᠠᠷ ᠡᠯᠪᠡᠭ ᠪᠠᠶᠠᠯᠢᠭ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠴᠤᠭ ᠵᠢᠪᠬᠤᠭ᠎ᠠ ᠶᠢ ᠬᠠᠷᠠᠭᠤᠯᠵᠤ ᠴᠢᠳᠠᠭᠰᠠᠨ ᠪᠠᠶᠢᠨ᠎ᠠ᠃     ᠮᠠᠨ ᠤ ᠤᠯᠠᠭᠠᠨᠮᠦ᠋ᠴᠢᠷ ᠨᠢ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠪᠤᠳᠠᠳᠤ ᠠᠮᠢᠳᠤᠷᠠᠯ ᠳᠤ ᠬᠦᠨᠵᠡᠭᠡᠶᠢᠷᠡᠨ᠂ ᠮᠠᠯᠴᠢᠨ ᠲᠥᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨᠡᠴᠢᠯᠡᠯᠲᠡ ᠶᠢ ᠠᠬᠢᠭᠤᠯᠵᠤ᠂ ᠠᠷᠠᠳ ᠲᠥᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠤᠶᠢᠷᠠᠳᠤᠭᠰᠠᠨ᠂ ᠦᠨᠳᠦᠰᠦᠳᠡᠨ ᠤ ᠪᠦᠯᠬᠦᠮᠳᠡᠯ ᠢ ᠨᠢᠭᠲᠠᠷᠠᠭᠤᠯᠬᠤ ᠰᠢᠯᠢᠳᠡᠭ ᠰᠠᠶᠢᠬᠠᠨ ᠤᠷᠠᠨ ᠪᠦᠳᠦᠭᠡᠯ ᠨᠦᠭᠦᠳ ᠢ ᠵᠤᠬᠢᠶᠠᠨ ᠪᠦᠳᠦᠭᠡᠵᠦ᠂ ᠡᠬᠡ ᠣᠷᠤᠨ ᠤ ᠤᠮᠠᠷᠠᠲᠤ ᠬᠢᠯᠢ ᠶᠢᠨ ᠥᠷᠨᠢᠬᠦᠨ ᠬᠦᠭᠵᠢᠯᠲᠡ ᠳᠤ ᠴᠢᠬᠤᠯᠠ ᠬᠤᠪᠢ ᠨᠡᠮᠡᠷᠢ ᠪᠠᠨ ᠦᠵᠡᠬᠦᠯᠵᠦ ᠪᠠᠶᠢᠭ᠎ᠠ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠲᠤᠷᠭᠠᠨ ᠨᠤᠲᠤᠭ ᠬᠦᠪᠡᠭᠡᠲᠦ ᠰᠢᠷ᠎ᠠ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号