ᠰᠢ ᠶᠢᠨ ᠫᠢᠩ ᠶᠡᠷᠦᠩᠭᠡᠢ ᠱᠦᠵᠢ ᠶᠢᠨ ᠤᠯᠠᠭᠠᠨᠮᠦ᠋ᠴᠢᠷ ᠤᠨ ᠲᠣᠭᠯᠠᠭᠴᠢᠳ ᠲᠤ ᠬᠠᠷᠢᠭᠤ ᠵᠠᠬᠢᠳᠠᠯ ᠢᠯᠡᠭᠡᠭᠰᠡᠨ | ᠭᠤᠷᠪᠠᠨ ᠵᠢᠯ ᠤᠨ ᠣᠢ ᠶᠢ ᠲᠤᠬᠢᠶᠠᠯᠳᠤᠭᠤᠯᠵᠤ᠂ ᠰᠢᠯᠢ ᠶᠢᠨ ᠭᠤᠣᠯ ᠤᠨ ᠤᠯᠠᠭᠠᠨᠮᠦ᠋ᠴᠢᠷ ᠤᠨ ᠤᠷᠠᠯᠢᠭ ᠤᠨ | ᠨᠠᠶᠢᠷ ᠲᠤ ᠵᠣᠷᠢᠭᠤᠯᠤᠭᠰᠠᠨ ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠲᠤᠰᠬᠠᠢ ᠲᠠᠯᠠᠪᠠᠢ | ᠲᠤᠭᠯᠠᠯᠲᠠ ᠶᠢ 11 ᠰᠠᠷ᠎ᠠ ᠶᠢᠨ 26 ᠤ ᠤᠷᠤᠢ ᠬᠤᠰᠢᠭᠤ ᠮᠡᠳᠡᠭᠡ ᠵᠠᠩᠭᠢᠵᠢᠭᠤᠯᠤᠯᠲᠠ ᠶᠢᠨ ᠲᠥᠪ ᠲᠤ ᠰᠢᠩᠭᠡᠭᠡᠨ | ᠦᠢᠯᠡᠳᠦᠭᠰᠡᠨ ᠪᠠᠶᠢᠨ᠎ᠠ᠃ | ᠦᠳᠡᠰᠢᠯᠡᠭᠡ ᠨᠢ ᠲᠠᠭᠤᠤ᠂ ᠪᠦᠵᠢᠭ᠂ ᠬᠦᠭᠵᠢᠮᠳᠡᠬᠦ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠲᠣᠭᠯᠠᠯᠲᠠ ᠶᠢ | ᠪᠠᠭᠳᠠᠭᠠᠵᠤ᠂ ᠬᠠᠮᠲᠤ ᠶᠢᠨ ᠨᠠᠶᠢᠷᠠᠯ ︽ᠠᠰᠤᠷᠤ ᠶᠢᠨ ᠦᠨᠳᠦᠷ︾᠂ ᠡᠮᠡᠭᠳᠡᠢ ᠶᠢᠨ ᠨᠠᠶᠢᠷᠠᠯ ︽ᠠᠭᠤᠤ ᠨᠠᠮ ᠤᠨ | ᠢᠪᠡᠭᠡᠯ︾᠂ ᠬᠠᠮᠲᠤ ᠶᠢᠨ ᠪᠦᠵᠢᠭ ︽ᠮᠣᠷᠢᠲᠤ ᠴᠡᠷᠢᠭ︾᠂ ︽ᠪᠦᠮᠪᠦᠭᠡᠷᠡᠢ︾ ᠵᠡᠷᠭᠡ ᠣᠨᠴᠠᠯᠢᠭ ᠲᠤᠪᠤᠶᠢᠮ᠎ᠠ | ᠲᠤᠭᠯᠠᠯᠲᠠ ᠪᠠᠷ ᠪᠦᠷᠢᠯᠳᠦᠵᠦ᠂ ᠪᠦᠬᠦᠶᠢᠯᠡ ᠲᠣᠭᠯᠠᠯᠲᠠ ᠨᠢ ᠠᠭᠤᠯᠭ᠎ᠠ ᠪᠠᠷ ᠡᠯᠪᠡᠭ ᠪᠠᠶᠠᠯᠢᠭ᠂ ᠰᠢᠨ᠎ᠡ ᠴᠠᠭ | ᠦᠶ᠎ᠡ ᠶᠢᠨ ᠤᠯᠠᠭᠠᠨᠮᠦ᠋ᠴᠢᠷ ᠤᠨ ᠴᠤᠭ ᠵᠢᠪᠬᠤᠭ᠎ᠠ ᠶᠢ ᠬᠠᠷᠠᠭᠤᠯᠵᠤ ᠴᠢᠳᠠᠭᠰᠠᠨ ᠪᠠᠶᠢᠨ᠎ᠠ᠃ | ᠮᠠᠨ ᠤ ᠤᠯᠠᠭᠠᠨᠮᠦ᠋ᠴᠢᠷ ᠨᠢ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠪᠤᠳᠠᠳᠤ ᠠᠮᠢᠳᠤᠷᠠᠯ ᠳᠤ ᠬᠦᠨᠵᠡᠭᠡᠶᠢᠷᠡᠨ᠂ | ᠮᠠᠯᠴᠢᠨ ᠲᠥᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨᠡᠴᠢᠯᠡᠯᠲᠡ ᠶᠢ ᠠᠬᠢᠭᠤᠯᠵᠤ᠂ ᠠᠷᠠᠳ ᠲᠥᠮᠡᠨ ᠤ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠤᠶᠢᠷᠠᠳᠤᠭᠰᠠᠨ᠂ ᠦᠨᠳᠦᠰᠦᠳᠡᠨ ᠤ ᠪᠦᠯᠬᠦᠮᠳᠡᠯ ᠢ ᠨᠢᠭᠲᠠᠷᠠᠭᠤᠯᠬᠤ | ᠰᠢᠯᠢᠳᠡᠭ ᠰᠠᠶᠢᠬᠠᠨ ᠤᠷᠠᠨ ᠪᠦᠳᠦᠭᠡᠯ ᠨᠦᠭᠦᠳ ᠢ ᠵᠤᠬᠢᠶᠠᠨ ᠪᠦᠳᠦᠭᠡᠵᠦ᠂ ᠡᠬᠡ ᠣᠷᠤᠨ ᠤ ᠤᠮᠠᠷᠠᠲᠤ ᠬᠢᠯᠢ ᠶᠢᠨ | ᠥᠷᠨᠢᠬᠦᠨ ᠬᠦᠭᠵᠢᠯᠲᠡ ᠳᠤ ᠴᠢᠬᠤᠯᠠ ᠬᠤᠪᠢ ᠨᠡᠮᠡᠷᠢ ᠪᠠᠨ ᠦᠵᠡᠬᠦᠯᠵᠦ ᠪᠠᠶᠢᠭ᠎ᠠ ᠶᠤᠮ᠃ |