ᠪᠣᠭᠳᠠ ᠶᠢᠨ ᠭᠤᠣᠯ ᠰᠣᠮᠣ ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠲᠤᠰᠬᠠᠢ ᠰᠡᠳᠦᠪᠳᠦ ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020/11/30
    ᠪᠦᠬᠦ ᠰᠣᠮᠣᠨ ᠤ ᠺᠠᠳ᠋ᠷ ᠣᠯᠠᠨ ᠲᠥᠮᠡᠨ ᠤ ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠲᠤᠬᠠᠢ ᠦᠵᠡᠯ ᠤᠬᠠᠮᠰᠠᠷ ᠢ ᠪᠠᠬᠢᠵᠢᠬᠦᠯᠬᠦ ᠲᠤᠬᠠᠢ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠦᠨᠡᠨᠬᠦ ᠴᠢᠩᠭᠠᠳᠬᠠᠵᠤ᠂ ᠦᠨᠳᠦᠰᠦᠳᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠬᠤ ᠶᠢᠨ ᠲᠤᠯᠠᠳᠠ᠂ 11 ᠰᠠᠷ᠎ᠠ ᠶᠢᠨ 27 ᠤ ᠡᠳᠦᠷ᠂ ᠪᠣᠭᠳᠠ ᠶᠢᠨ ᠭᠤᠣᠯ ᠰᠣᠮᠣ ᠨᠢ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠲᠤᠰᠬᠠᠢ ᠰᠡᠳᠦᠪᠳᠦ ᠪᠤᠯᠪᠠᠰᠤᠷᠠᠯ ᠤᠨ ᠠᠩᠭᠢ ᠡᠷᠬᠢᠯᠡᠪᠡ᠃ ᠪᠤᠯᠪᠠᠰᠤᠷᠠᠯ ᠳᠤ᠂ ᠰᠢᠯᠢ ᠶᠢᠨ ᠭᠤᠣᠯ ᠠᠶᠢᠮᠠᠭ ᠤᠨ ᠦᠨᠳᠦᠰᠦᠳᠡᠨ ᠤᠨ ᠤᠨᠤᠯ ᠪᠤᠯᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠫᠷᠤᠹᠧᠰᠰᠤᠷ ᠡᠷᠳᠡᠨᠢᠪᠠᠶᠠᠷ ᠪᠠᠭᠰᠢ ᠶᠢ ᠵᠠᠯᠠᠵᠤ ᠲᠠᠶᠢᠯᠤᠮᠵᠢ ᠬᠢᠯᠭᠡᠵᠦ᠂ ᠬᠤᠰᠢᠭᠤ ᠨᠠᠮ ᠤᠨ ᠬᠤᠷᠢᠶᠠᠨ ᠤ ᠰᠤᠷᠭᠠᠭᠤᠯᠢ ᠶᠢᠨ ᠵᠠᠬᠢᠷᠤᠯ ᠸᠠᠩ ᠬᠠᠢ ᠶᠢᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠩᠭᠤᠭᠤᠯᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠨᠠᠷᠠᠨᠳᠤᠶᠠᠭ᠎ᠠ ᠪᠤᠯᠪᠠᠰᠤᠷᠠᠯ ᠳᠤ ᠤᠷᠤᠯᠴᠠᠵᠤ ᠵᠢᠭᠠᠨ ᠵᠢᠯᠤᠭᠤᠳᠤᠯᠭ᠎ᠠ ᠬᠢᠪᠡ᠃     ᠲᠤᠰ ᠤᠳᠠᠭᠠᠨ ᠤ ᠪᠤᠯᠪᠠᠰᠤᠷᠠᠯ ᠨᠢ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠭᠤᠣᠯ ᠰᠡᠳᠦᠪ ᠤᠨ ᠲᠤᠭᠤᠷᠢᠨ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠭᠦᠯᠡᠯᠲᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠪᠤᠯᠪᠠᠰᠤᠷᠠᠯ ᠳᠤ ᠤᠷᠤᠯᠴᠠᠭᠰᠠᠨ ᠪᠦᠬᠦ ᠨᠦᠬᠦᠳ ᠲᠤ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠤᠨ ᠵᠤᠭᠰᠤᠯᠲᠠ᠂ ᠦᠵᠡᠯᠲᠡ ᠶᠢ ᠬᠦᠨᠵᠡᠭᠡᠢ ᠣᠶᠢᠯᠠᠭᠠᠭᠤᠯᠵᠤ᠂ ᠤᠨᠤᠪᠴᠢᠲᠠᠢ ᠡᠵᠡᠮᠰᠢᠬᠦᠯᠵᠦ᠂ ᠬᠤᠶᠢᠰᠢᠳᠠ ᠶᠢᠨ ᠦᠨᠳᠦᠰᠦᠳᠡᠨ ᠤ ᠠᠵᠢᠯ ᠢ ᠰᠠᠶᠢᠲᠤᠷ ᠥᠷᠨᠢᠬᠦᠯᠬᠦ ᠳᠤ ᠦᠵᠡᠯ ᠰᠠᠨᠠᠭᠠᠨ ᠤ ᠰᠠᠭᠤᠷᠢ ᠶᠢ ᠲᠠᠯᠪᠢᠪᠠ᠃     ᠪᠤᠯᠪᠠᠰᠤᠷᠠᠯ ᠳᠤ᠂ 21 ᠭᠠᠴᠠᠭᠠᠨ ᠤ ︽ᠬᠤᠶᠠᠷ ᠪᠠᠭ︾ ᠤᠨ ᠪᠦᠬᠦ ᠭᠡᠰᠢᠬᠦᠳ᠂ ᠬᠤᠰᠢᠭᠤ᠂ ᠰᠣᠮᠣ ᠱᠠᠳᠤᠨ ᠤ ᠲᠥᠯᠦᠭᠡᠯᠡᠭᠴᠢ᠂ ᠨᠠᠮ ᠤᠨ ᠲᠥᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠬᠡᠰᠢᠬᠦᠨ᠂ ᠨᠠᠮ ᠤᠨ ᠭᠡᠰᠢᠬᠦᠨ ᠭᠤᠣᠯᠳᠠᠯᠭᠠᠲᠤ ᠡᠷᠦᠬᠡ᠂ ᠰᠣᠮᠣᠨ ᠤ ᠪᠦᠬᠦ ᠺᠠᠳ᠋ᠷ ᠠᠵᠢᠯᠲᠠᠨ ᠨᠡᠶᠢᠲᠡ ᠵᠠᠭᠤᠭᠠᠳ ᠬᠦᠮᠦᠨ ᠤᠷᠤᠯᠴᠠᠵᠠᠢ᠃
 
ᠢᠷᠡᠯᠲᠡ᠄ ᠪᠣᠭᠳᠠ ᠶᠢᠨ ᠭᠤᠣᠯ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号