ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠭᠡᠯ ᠤᠨ ᠪᠠᠭᠤᠳᠠᠯ ᠤᠨ ᠠᠶᠠᠨᠴᠢᠳ ᠢ ᠵᠦᠭᠡᠭᠡᠪᠦᠷᠢᠯᠡᠭᠰᠡᠨ ᠬᠡᠮᠵᠢᠶ᠎ᠡ ᠨᠢ 1000 ᠬᠦᠮᠦᠨ ᠤᠳᠠᠭ᠎ᠠ ᠶᠢ ᠲᠠᠪᠠᠪᠠ
ᠨᠡᠶᠢᠲᠡᠯᠡᠭᠰᠡᠨ ᠴᠠᠭ᠄
2020/11/4
     ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠭᠡᠯ ᠤᠨ ᠪᠠᠭᠤᠳᠠᠯ ᠨᠢ 9 ᠰᠠᠷ᠎ᠠ ᠶᠢᠨ 3 ᠳᠤ ᠠᠶᠠᠯᠠᠯ ᠢᠶᠠᠨ ᠡᠬᠢᠯᠡᠭᠰᠡᠨ ᠠᠴᠠ ᠨᠠᠭᠠᠰᠢ᠂ ᠨᠡᠶᠢᠲᠡ 237 ᠤᠳᠠᠭ᠎ᠠ ᠨᠢᠰᠴᠤ᠂ ᠠᠶᠠᠨᠴᠢᠳ ᠢ ᠵᠦᠭᠡᠭᠡᠪᠦᠷᠢᠯᠡᠭᠰᠡᠨ ᠬᠡᠮᠵᠢᠶ᠎ᠡ ᠨᠢ 1060 ᠬᠥᠮᠦᠨ ᠤᠳᠠᠭ᠎ᠠ ᠶᠢ ᠳᠠᠪᠠᠵᠠᠢ᠃      ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠨᠢ ᠬᠥᠪᠡᠭᠡᠲᠦ ᠰᠢᠷ᠎ᠠ ᠬᠤᠰᠢᠭᠤ = ᠰᠢᠯᠢ ᠶᠢᠨ ᠬᠤᠲᠠ᠂ ᠪᠡᠭᠡᠵᠢᠩ ᠤᠨ ᠮᠢ ᠶᠦᠨ = ᠬᠥᠪᠡᠭᠡᠲᠦ ᠰᠢᠷ᠎ᠠ ᠬᠤᠰᠢᠭᠤ = ᠰᠢᠯᠢ ᠶᠢᠨ ᠬᠤᠲᠠ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠳᠡᠷᠡᠬᠦᠯᠵᠠᠢ᠃ ᠡᠭᠦᠨ ᠤ ᠬᠠᠮᠲᠤ ᠥᠷᠭᠡᠨ ᠣᠯᠠᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠨᠢᠰᠬᠡᠯ ᠤᠨ ᠪᠠᠭᠤᠳᠠᠯ ᠨᠢ ᠠᠭᠠᠷ ᠤᠨ ᠠᠶᠠᠯᠠᠯ ᠤᠨ ᠺᠤᠮᠫᠠᠨᠢ ᠲᠠᠢ ᠢᠳᠡᠪᠬᠢᠲᠡᠢ ᠬᠠᠷᠢᠯᠴᠠᠵᠤ᠂ 10 ᠰᠠᠷ᠎ᠠ ᠶᠢᠨ 23 ᠤ ᠡᠳᠦᠷ ᠠᠴᠠ ᠡᠬᠢᠯᠡᠨ ᠪᠡᠭᠡᠵᠢᠩ ᠤᠨ ᠮᠢ ᠶᠦᠨ = ᠬᠥᠪᠡᠭᠡᠲᠦ ᠰᠢᠷ᠎ᠠ ᠬᠤᠰᠢᠭᠤ = ᠰᠢᠯᠢ ᠶᠢᠨ ᠬᠤᠲᠠ ᠶᠢᠨ ᠣᠶᠢᠷ᠎ᠠ ᠵᠠᠮ ᠤᠨ ᠲᠡᠬᠡᠬᠡᠪᠦᠷᠢ ᠶᠢᠨ ᠡᠭᠡᠯᠵᠢ ᠶᠢᠨ ᠨᠢᠰᠬᠡᠯ ᠢ ᠭᠠᠷᠠᠭ ᠳᠤ ᠨᠢᠭᠡ ᠤᠳᠠᠭ᠎ᠠ ᠨᠢᠰᠴᠦ ᠪᠠᠶᠢᠭᠰᠠᠨ ᠢ ᠡᠳᠦᠷ ᠪᠦᠷᠢ ᠨᠢᠰᠬᠦ ᠪᠠᠷ ᠲᠣᠬᠢᠷᠠᠭᠤᠯᠵᠠᠢ᠃ ᠣᠳᠣᠬᠠᠨ ᠳᠤ ᠬᠥᠪᠡᠭᠡᠲᠦ ᠰᠢᠷ᠎ᠠ ᠬᠤᠰᠢᠭᠤ = ᠬᠥᠬᠡᠬᠤᠲᠠ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠲᠦᠯᠦᠪᠯᠡᠵᠦ᠂ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠨᠢᠰᠬᠡᠯ ᠤᠨ ᠪᠠᠭᠤᠳᠠᠯ ᠨᠢ ᠲᠥᠪ᠂ ᠤᠷᠤᠨ᠂ ᠠᠶᠢᠮᠠᠭ ᠲᠤ ᠬᠠᠷᠢᠯᠴᠠᠨ ᠨᠡᠪᠳᠡᠷᠡᠯᠴᠡᠬᠦ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号