ᠬᠥᠪᠡᠭᠡᠳᠦ ᠰᠢᠷ᠎ᠠ ᠬᠤᠰᠢᠭᠤᠨ ᠤ ︽ᠠᠩᠭᠢᠷ︾ ᠴᠠᠭᠠᠨ ᠢᠳᠡᠭᠡᠨ ᠤ ᠳᠡᠯᠭᠡᠭᠦᠷ ᠥᠪᠤᠷ ᠮᠤᠩᠭᠤᠯ ᠤᠨ ᠸᠧᠢ ᠳ᠋ᠦᠸᠧ ᠯᠢ ᠬᠡᠳᠦ ᠳᠡᠯᠭᠡᠭᠦᠷ ᠲᠠᠢ ᠪᠤᠷᠤᠯᠠᠭᠤᠯᠭ᠎ᠠ ᠶᠢᠨ ᠬᠡᠷ᠎ᠡ ᠲᠤᠭᠳᠠᠯ᠎ᠠ
ᠨᠡᠶᠢᠲᠡᠯᠡᠭᠰᠡᠨ ᠴᠠᠭ᠄
2020/11/4
    10 ᠰᠠᠷ᠎ᠠ ᠶᠢᠨ 17 ᠤ ᠡᠳᠦᠷ ᠪᠦᠭᠦ ᠤᠷᠤᠨ ᠤ ᠤᠯᠠᠮᠵᠢᠯᠠᠯᠳᠦ ᠴᠠᠭᠠᠨ ᠢᠳᠡᠭᠡᠨ ᠤ ᠲᠡᠯᠭᠡᠨ ᠦᠵᠡᠭᠦᠯᠭᠡ ᠵᠢᠴᠢ ᠰᠦᠯᠵᠢᠶᠡᠨ ᠲᠡᠭᠡᠷᠡᠭᠢ ᠪᠠ ᠤᠯᠠᠮᠵᠢᠯᠠᠯᠳᠦ ᠠᠷᠭ᠎ᠠ ᠪᠠᠷ ᠪᠤᠷᠤᠯᠠᠭᠤᠯᠬᠤ ᠵᠦᠪᠳᠡᠯᠴᠡᠭᠡᠷ ᠲᠤᠬᠳᠠᠬᠤ ᠶᠤᠰᠤᠯᠠᠯ ᠭᠦᠪᠡᠭᠡᠳᠦ ᠰᠢᠷ᠎ᠠ ᠬᠤᠰᠢᠭᠤᠨ ᠤ ᠪᠡᠶ᠎ᠠ ᠶᠢᠨ ᠲᠠᠮᠢᠷ ᠤᠨ ᠤᠷᠳᠤᠨ ᠳᠤ ᠶᠠᠪᠤᠬᠳᠠᠵᠦ᠂ ᠤᠯᠠᠮᠵᠢᠯᠠᠯᠳᠦ ᠴᠠᠭᠠᠨ ᠢᠳᠡᠭᠡᠨ ᠢ ᠤᠯᠠᠨ ᠲᠦᠮᠡᠨ ᠳᠤ ᠲᠠᠨᠢᠯᠴᠠᠭᠤᠯᠵᠦ ᠤᠬᠠᠭᠤᠯᠪᠠ᠃     ᠲᠡᠯᠭᠡᠨ ᠦᠵᠡᠭᠦᠯᠭᠡ ᠳᠤ ᠲᠤᠤᠷ ᠰᠦᠯᠵᠢᠶ᠎ᠠ᠂ ᠵᠠᠭᠤᠴᠢᠯᠠᠭᠤᠷ ᠢ ᠠᠰᠢᠬᠯᠠᠵᠦ ᠴᠠᠭᠠᠨ ᠢᠳᠡᠭᠡᠨ ᠤ ᠪᠤᠷᠤᠯᠠᠭᠤᠯᠭ᠎ᠠ ᠶᠢ ᠠᠬᠢᠭᠤᠯᠬᠤ ᠡᠭᠦᠳᠡᠨ ᠠᠴᠠ ᠪᠦᠭᠦ ᠤᠷᠤᠨ ᠠᠴᠠ ᠰᠦᠯᠵᠢᠶᠡᠨ ᠤ ᠤᠳᠤᠳ ᠢ ᠤᠷᠢᠨ ᠤᠬᠠᠭᠤᠯᠭ᠎ᠠ ᠲᠠᠨᠢᠯᠴᠠᠭᠤᠯᠭ᠎ᠠ ᠬᠢᠭᠰᠡᠨ ᠪᠦᠭᠡᠳ ᠭᠦᠪᠡᠭᠡᠳᠦ ᠰᠢᠷ᠎ᠠ ᠬᠤᠰᠢᠭᠤᠨ ᠤ ᠢᠷᠭᠤᠢ᠂ ᠰᠡᠴᠡᠨ᠂ ᠰᠤᠯᠤᠩᠭ᠎ᠠ ᠵᠡᠷᠭᠡ ᠪᠤᠷᠤᠯᠠᠭᠤᠯᠤᠭᠴᠢ ᠰᠢᠭᠤᠳ ᠨᠡᠪᠳᠡᠷᠡᠭᠦᠯᠭᠡ ᠪᠠᠷ ᠤᠯᠠᠮᠵᠢᠯᠠᠯᠳᠦ ᠴᠠᠭᠠᠨ ᠢᠳᠡᠭᠡᠨ ᠢᠶᠠᠨ ᠤᠯᠠᠨ ᠲᠦᠮᠡᠨ ᠳᠤ ᠲᠠᠨᠢᠯᠴᠠᠭᠤᠯᠪᠠ᠃     ᠭᠦᠪᠡᠭᠡᠳᠦ ᠰᠢᠷ᠎ᠠ ᠬᠤᠰᠢᠭᠤᠨ ᠤ ᠠᠩᠭᠢᠷ ᠴᠠᠭᠠᠨ ᠢᠳᠡᠭᠡᠨ ᠤ ᠲᠡᠯᠭᠡᠭᠦᠷ ᠨᠢ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠦᠪᠤᠷ ᠮᠤᠩᠭᠤᠯ ᠤᠨ ᠸᠧᠢ ᠳ᠋ᠦᠸᠧ ᠯᠢ ᠭᠡᠳᠦ ᠲᠡᠯᠭᠡᠭᠦᠷ ᠲᠠᠢ ︽ᠤᠯᠠᠮᠵᠢᠯᠠᠯᠳᠦ ᠴᠠᠭᠠᠨ ᠢᠳᠡᠭᠡᠨ ᠤ ᠪᠦᠳᠦᠭᠡᠭᠳᠡᠭᠦᠨ ᠢ ᠭᠡᠳᠦ ᠲᠡᠯᠭᠡᠭᠦᠷ ᠲᠤ ᠤᠷᠤᠭᠤᠯᠤᠨ ᠪᠤᠷᠤᠯᠠᠭᠤᠯᠬᠤ ᠬᠠᠮᠳᠤᠷᠠᠯᠴᠠᠭ᠎ᠠ ᠶᠢᠨ ᠰᠠᠨᠠᠭᠤᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠠᠢ᠃     ᠤᠳᠤᠬᠠᠨ ᠳᠤ᠂ ᠭᠦᠪᠡᠭᠡᠳᠦ ᠰᠢᠷ᠎ᠠ ᠬᠤᠰᠢᠭᠤᠨ ᠳᠤ ᠤᠯᠠᠮᠵᠢᠯᠠᠯᠳᠦ ᠴᠠᠭᠠᠨ ᠢᠳᠡᠭᠡᠨ ᠦᠢᠯᠡᠳᠪᠦᠷᠢᠯᠡᠭᠦ ᠠᠵᠦ ᠠᠬᠤᠢᠢᠯᠠᠯ ᠪᠠ ᠭᠡᠷᠡᠴᠢ ᠦᠨᠡᠮᠯᠡᠯ ᠪᠦᠷᠢᠨ ᠭᠠᠷ ᠦᠢᠯᠡᠳᠭᠡᠯ ᠤᠨ ᠭᠠᠵᠠᠷ ᠨᠡᠶᠢᠳᠡ 160 ᠪᠠᠶᠢᠵᠦ᠂ ᠠᠵᠢᠯᠴᠢᠨ ᠤ ᠲᠤᠭ᠎ᠠ 2000 ᠶᠢ ᠲᠠᠪᠠᠵᠦ᠂ ᠵᠢᠯ ᠳᠤ 1.4 ᠲᠦᠮᠡᠨ ᠲᠤᠨ ᠰᠦ᠂ 1100 ᠲᠤᠨ ᠴᠠᠭᠠᠨ ᠢᠳᠡᠭᠡᠨ ᠪᠤᠯᠪᠠᠰᠤᠷᠠᠭᠤᠯᠵᠦ᠂ ᠦᠢᠯᠡᠳᠭᠦᠨ ᠤ ᠦᠷᠳᠡᠭ 8000 ᠲᠦᠮᠡᠨ ᠲᠦᠭᠦᠷᠢᠭ ᠢ ᠲᠠᠪᠠᠵᠦ᠂ ᠤᠯᠠᠮᠵᠢᠯᠠᠯᠳᠦ ᠴᠠᠭᠠᠨ ᠢᠳᠡᠭᠡᠨ ᠦᠢᠯᠡᠳᠪᠦᠷᠢᠯᠡᠵᠦ ᠪᠤᠷᠤᠯᠠᠭᠤᠯᠬᠤ ᠠᠵᠦ ᠦᠢᠯᠡᠰ ᠨᠢ ᠨᠢᠭᠡᠨᠳᠡ ᠠᠷᠠᠳ ᠢ ᠪᠠᠶᠠᠵᠢᠭᠤᠯᠬᠤ ᠪᠠ ᠶᠠᠳᠠᠭᠤ ᠶᠢ ᠲᠡᠳᠭᠦᠭᠦ ᠭᠤᠤᠯᠯᠠᠬᠤ ᠠᠵᠦ ᠦᠢᠯᠡᠰ ᠪᠤᠯᠤᠬᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠣᠣᠯ ᠤᠨ ᠡᠳᠦᠷ ᠦᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号